ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠵᠤ ᠠᠬᠤᠶ ᠮᠡᠷᠭᠡᠵᠢᠯ ᠤᠨ ᠨᠡᠭᠡᠭᠡᠨ ᠬᠦᠭᠵᠢᠭᠦᠯᠤᠯᠳᠠ ᠶᠢᠨ ᠲᠣᠭᠤᠷᠢᠭ ᠤᠨ ᠬᠤᠪᠢᠶᠠᠷᠢ ᠲᠣᠪᠴᠢᠶ᠎ᠠ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠵᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ︾ ᠲᠤᠰᠬᠠᠶ ᠰᠡᠳᠦᠪᠲᠦ ᠨᠠᠮ ᠤᠨ ᠬᠢᠴᠢᠶᠡᠯᠯᠡᠭᠡ
ᠨᠡᠶᠢᠲᠡᠯᠡᠭᠰᠡᠨ ᠴᠠᠭ᠄
2023/8/16
   ᠦᠨᠳᠦᠰᠦᠲᠡᠨ ᠤ ᠠᠵᠢᠯ ᠢ ᠪᠦᠬᠦ ᠲᠠᠯ᠎ᠠ ᠪᠠᠷ ᠭᠦᠨᠵᠡᠭᠡᠶᠢᠷᠡᠭᠦᠯᠤᠨ ᠪᠣᠳᠠᠲᠠᠶᠢᠵᠢᠭᠤᠯᠵᠤ᠂ ᠺᠠᠳ᠋ᠷ ᠠᠵᠢᠯᠳᠠᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠠᠵᠢᠯᠯᠠᠭ᠎ᠠ ᠶᠢᠨ ᠤᠬᠠᠮᠰᠠᠷ ᠢ ᠳᠡᠭᠡᠭᠰᠢᠯᠡᠭᠦᠯᠬᠦ ᠪᠠᠷ ᠤᠶᠢᠷ᠎ᠠ ᠶᠢᠨ ᠡᠳᠦᠷ᠂ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠵᠤ ᠠᠬᠤᠢ ᠮᠡᠷᠭᠡᠵᠢᠯ ᠤᠨ ᠨᠡᠭᠡᠭᠡᠨ ᠬᠥᠭᠵᠢᠭᠦᠯᠤᠯᠳᠠ ᠶᠢᠨ ᠲᠣᠭᠤᠷᠢᠭ ᠤᠨ ᠬᠤᠪᠢᠶᠠᠷᠢ ᠲᠣᠪᠴᠢᠶ᠎ᠠ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ︾ ᠲᠤᠰᠬᠠᠢ ᠰᠡᠳᠦᠪᠲᠦ ᠨᠠᠮ ᠤᠨ ᠬᠢᠴᠢᠶᠡᠯᠯᠡᠭᠡ ᠬᠢᠪᠡ᠃    ᠲᠤᠰ ᠤᠳᠠᠭᠠᠨ ᠤ ᠲᠤᠰᠬᠠᠢ ᠰᠡᠳᠦᠪᠲᠦ ᠨᠠᠮ ᠤᠨ ᠬᠢᠴᠢᠶᠡᠯᠯᠡᠭᠡ ᠳᠤ᠂ ᠮᠠᠨ ᠤ ᠠᠶᠢᠮᠠᠭ ᠤᠨ ᠦᠨᠳᠦᠰᠦᠲᠡᠨ ᠤ ᠣᠷᠣᠨ ᠪᠦᠰᠡ ᠶᠢᠨ ᠦᠨᠳᠦᠰᠦᠨ ᠪᠠᠶᠢᠳᠠᠯ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠶᠢ ᠳᠤᠷᠠᠳᠤᠨ ᠭᠠᠷᠭᠠᠭᠰᠠᠨ ᠶᠠᠪᠤᠴᠠ᠂ ᠳᠥᠷᠪᠡᠨ ᠬᠠᠷᠢᠴᠠᠭ᠎ᠠ ᠶᠢ ᠤᠨᠤᠴᠢᠳᠠᠢ ᠡᠵᠡᠮᠳᠡᠬᠦ᠂ ᠲᠠᠪᠤ ᠶᠢ ᠮᠡᠳᠡᠷᠡᠬᠦ ᠵᠡᠷᠭᠡ ᠳᠥᠷᠪᠡᠨ ᠠᠭᠤᠯᠭ᠎ᠠ ᠶᠢᠨ ᠳᠤᠭᠤᠷᠢᠨ ᠳᠤ᠂ ᠤᠳᠤᠷᠢᠳᠬᠤ ᠺᠠᠳ᠋ᠷ ᠲᠦᠷᠦᠭᠦᠯᠡᠨ ᠶᠠᠷᠢᠬᠤ ᠪᠠᠷ ᠳᠠᠮᠵᠢᠨ᠂ ᠬᠤᠪᠢᠶᠠᠷᠢ ᠲᠣᠪᠴᠢᠶ᠎ᠠ ᠶᠢᠨ ᠪᠦᠬᠦ ᠺᠠᠳ᠋ᠷ ᠢ ᠬᠥᠲᠥᠯᠤᠨ ᠵᠢᠯᠣᠭᠤᠳᠴᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠶᠢᠨ ᠪᠠᠶᠠᠯᠢᠭ ᠠᠭᠤᠯᠤᠭᠳᠠᠬᠤᠨ ᠪᠠ ᠬᠦᠨᠵᠡᠭᠡᠢ ᠠᠴᠢ ᠬᠤᠯᠪᠣᠭᠳᠠᠯ ᠢ ᠲᠠᠨᠢᠭᠤᠯᠵᠤ᠂ ᠳᠤᠮᠳᠠᠳᠤ ᠶᠢᠨ ᠦᠨᠳᠦᠰᠦᠲᠡᠨ ᠪᠣᠯ ᠴᠢᠰᠤ ᠮᠢᠬᠠᠨ ᠤ ᠪᠠᠷᠢᠯᠳᠤᠯᠭ᠎ᠠ ᠲᠠᠢ ᠬᠠᠮᠲᠤ ᠶᠢᠨ ᠴᠣᠭᠴᠠ ᠮᠥᠨ ᠭᠡᠳᠡᠭ ᠢ ᠤᠶᠢᠯᠠᠭᠠᠭᠤᠯᠵᠠᠢ᠃    ᠨᠠᠮ ᠤᠨ ᠬᠢᠴᠢᠶᠡᠯᠯᠡᠭᠡ ᠶᠢᠨ ᠳᠠᠷᠠᠭ᠎ᠠ᠂ ᠪᠠᠶᠢᠭᠤᠯᠭ᠎ᠠ ᠶᠢᠨ ᠺᠠᠳ᠋ᠷᠴᠤᠳ ᠢᠲᠡᠭᠡᠯ ᠵᠣᠷᠢᠭ ᠢᠶᠠᠨ ᠪᠠᠲᠤᠳᠬᠠᠵᠤ᠂ ᠡᠬᠡ ᠤᠯᠤᠰ ᠤᠨ ᠨᠢᠭᠡᠳᠦᠯ᠂ ᠦᠨᠳᠦᠰᠦᠲᠡᠨ ᠤ ᠪᠦᠯᠬᠦᠮᠳᠡᠯ ᠪᠠ ᠨᠡᠶᠢᠭᠡᠮ ᠤᠨ ᠡᠶ᠎ᠡ ᠨᠠᠶᠢᠷᠠᠮᠳᠠᠭᠤ ᠲᠣᠭᠲᠠᠭᠤᠨ ᠢ ᠦᠨᠡᠨ ᠬᠦ ᠬᠠᠮᠠᠭᠠᠯᠠᠵᠤ᠂ ᠨᠠᠮ ᠤᠨ ᠤᠳᠤᠷᠢᠳᠤᠯᠭ᠎ᠠ ᠶᠢ ᠦᠨᠳᠦᠰᠦᠲᠡᠨ ᠤ ᠪᠦᠯᠬᠦᠮᠳᠡᠯ ᠢ ᠠᠬᠢᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠠᠵᠢᠯ ᠤᠨ ᠪᠦᠬᠦ ᠶᠠᠪᠤᠴᠠ ᠪᠠ ᠡᠯ᠎ᠡ ᠲᠠᠯ᠎ᠠ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠵᠡᠯ ᠰᠠᠨᠠᠭᠠᠨ ᠳᠠᠭᠠᠨ ᠠᠭᠤᠰᠬᠠᠨ᠂ ᠦᠢᠯᠡ ᠠᠵᠢᠯᠯᠠᠭ᠎ᠠ ᠳᠡᠭᠡᠷ᠎ᠡ ᠪᠠᠨ ᠬᠤᠪᠢᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠶᠢ ᠦᠨᠡᠨ ᠬᠦ ᠭᠦᠨᠵᠡᠭᠡᠢ ᠨᠠᠷᠢᠯᠢᠭ ᠪᠣᠳᠠᠲᠠᠢ ᠬᠢᠵᠦ᠂ ᠬᠤᠪᠢᠶᠠᠷᠢ ᠲᠣᠪᠴᠢᠶ᠎ᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠭᠦᠨᠵᠡᠭᠡᠶᠢᠷᠡᠭᠦᠯᠤᠨ ᠬᠦᠭᠵᠢᠭᠦᠯᠤᠨ᠎ᠠ ᠭᠡᠵᠤ ᠢᠯᠡᠳᠭᠡᠵᠡᠭᠡᠯ᠎ᠡ᠃            ︵ ᠨᠠᠮᠤᠷᠵᠢᠨ  ︶
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号