ᠤᠯᠠᠭᠠᠨᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ᠲᠠᠷᠬᠠᠭᠠᠭᠰᠠᠨ 〔2023〕 | 10 ᠳ᠋ᠤᠭᠠᠷ ᠲᠣᠭᠠᠲᠤ | ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠶᠢᠨ ᠬᠡᠷᠡᠭ ᠡᠷᠬᠢᠯᠡᠬᠦ ᠭᠠᠵᠠᠷ᠂ ᠬᠤᠲᠠ ᠶᠢᠨ | ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ᠂ ᠰᠡᠷᠭᠡᠨ ᠣᠲᠣ ᠦᠶ᠎ᠡ ᠶᠢᠨ ᠲᠠᠷᠢᠶᠠᠯᠠᠩ ᠤᠨ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ ᠳᠤ᠄ | ᠬᠤᠲᠠ ᠶᠢᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠤᠯᠠᠭᠠᠨᠬᠤᠲᠠ ᠶᠢᠨ ᠬᠥᠳᠡᠭᠡ | ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠬᠡᠷᠡᠭᠯᠡᠬᠦ ᠡᠷᠬᠡ ᠵᠢᠴᠢ ᠭᠡᠷ ᠪᠠᠶᠢᠰᠢᠩ ᠤᠨ ᠥᠮᠴᠢᠯᠡᠯ ᠤᠨ | ᠡᠷᠬᠡ ᠶᠢᠨ ᠪᠠᠷᠢᠴᠠᠭᠠᠲᠤ ᠵᠢᠭᠡᠯᠡᠯᠭᠡ ᠶᠢᠨ ᠬᠠᠮᠢᠶᠠᠷᠤᠯᠲᠠ ᠶᠢᠨ ᠠᠷᠭ᠎ᠠ︾ ᠶᠢ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ | ᠪᠣᠳᠠᠲᠠᠢ ᠲᠠᠢ ᠪᠠᠨ ᠤᠶᠠᠯᠳᠤᠭᠤᠯᠤᠨ᠂ ᠨᠠᠷᠢᠨ ᠬᠢᠨᠠᠮᠠᠭᠠᠢ ᠰᠠᠶᠢᠳᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠠᠷᠠᠢ᠃ | | 2023 ᠣᠨ ᠤ 2 ᠰᠠᠷ᠎ᠠ ᠶᠢᠨ 15 ᠤ ᠡᠳᠤᠷ | | ᠤᠯᠠᠭᠠᠨᠬᠤᠲᠠ ᠶᠢᠨ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠢ ᠬᠡᠷᠡᠭᠯᠡᠬᠦ ᠡᠷᠬᠡ ᠵᠢᠴᠢ ᠭᠡᠷ | ᠪᠠᠶᠢᠰᠢᠩ ᠤᠨ ᠥᠮᠴᠢᠯᠡᠯ ᠤᠨ ᠡᠷᠬᠡ ᠶᠢ ᠪᠠᠷᠢᠴᠠᠭᠠᠯᠠᠨ ᠵᠢᠭᠡᠯᠡᠯᠭᠡ ᠲᠠᠯᠪᠢᠬᠤ ᠬᠠᠮᠢᠶᠠᠷᠤᠯᠲᠠ ᠶᠢᠨ ᠠᠷᠭ᠎ᠠ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠬᠥᠳᠡᠭᠡ ᠲᠣᠰᠬᠤᠨ ᠤ ᠮᠥᠩᠭᠦᠨ ᠭᠦᠢᠯᠭᠡᠭᠡᠨ ᠤ ᠥᠭᠡᠷᠡᠴᠢᠯᠡᠯᠲᠡ ᠶᠢᠨ ᠠᠯᠬᠤᠴᠠ ᠶᠢ | ᠲᠦᠷᠭᠡᠳᠭᠡᠵᠤ᠂ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠢ ᠬᠡᠷᠡᠭᠯᠡᠬᠦ ᠡᠷᠬᠡ ᠵᠢᠴᠢ ᠭᠡᠷ | ᠪᠠᠶᠢᠰᠢᠩ ᠤᠨ ᠥᠮᠴᠢᠯᠡᠯ ᠤᠨ ᠡᠷᠬᠡ ᠶᠢᠨ ᠪᠠᠷᠢᠴᠠᠭᠠᠲᠤ ᠵᠢᠭᠡᠯᠡᠯᠭᠡ ᠶᠢᠨ ᠠᠵᠢᠯ ᠢ ᠬᠠᠤᠯᠢ ᠶᠣᠰᠣᠭᠠᠷ ᠯᠠᠪᠳᠠᠭᠤᠨ | ᠪᠥᠭᠡᠳ ᠵᠢᠷᠤᠮᠵᠢᠭᠤᠨ ᠰᠠᠶᠢᠳᠤᠷ ᠬᠢᠵᠤ᠂ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠵᠦ᠂ ︽ᠳᠤᠮᠳᠠᠳᠤ | ᠤᠯᠤᠰ ᠤᠨ ᠠᠷᠠᠳ ᠤᠨ ᠪᠠᠩᠬᠢ ᠲᠥᠪ ᠤᠨ ᠲᠠᠷᠢᠶᠠᠯᠠᠩ ᠤᠨ ᠠᠯᠪᠠᠨ ᠲᠢᠩᠬᠢᠮ ᠲᠠᠷᠢᠶᠠᠯᠠᠩ ᠬᠥᠳᠡᠭᠡ | ᠲᠣᠰᠬᠤᠨ ᠤ ᠶᠠᠮᠤᠨ ᠡᠳ᠋ ᠤᠨ ᠵᠠᠰᠠᠭ ᠤᠨ ᠶᠠᠮᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ | ᠵᠥᠪᠯᠡᠯ ᠤᠨ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢᠨ ᠬᠥᠭᠵᠢᠯᠲᠡ ᠶᠢ | ᠮᠥᠩᠭᠦᠨ ᠬᠦᠢᠯᠭᠡᠭᠡ ᠪᠠᠷ ᠲᠠᠮᠵᠢᠬᠦ ᠲᠤᠬᠠᠢ ᠰᠠᠨᠠᠯ ︵ᠶᠢᠨ ᠹᠠ 〔2021〕 133 ᠳ᠋ᠤᠭᠠᠷ ᠲᠣᠭᠠᠲᠤ︶ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ | ᠬᠤᠷᠢᠶᠠᠨ ᠤ ᠠᠯᠪᠠᠨ ᠲᠢᠩᠬᠢᠮ ᠤᠨ ︽ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠳᠦᠷᠢᠮ ᠤᠨ | ᠥᠭᠡᠷᠡᠴᠢᠯᠡᠯᠲᠡ ᠶᠢᠨ ᠲᠤᠷᠰᠢᠯᠲᠠ ᠶᠢ ᠭᠦᠨᠵᠡᠭᠡᠶᠢᠷᠡᠭᠦᠯᠬᠦ ᠲᠥᠰᠥᠯ︾ ︵ᠲᠢᠩᠬᠢᠮ ᠥᠰᠥᠭ ﹇2020﹈ 18 | ᠳ᠋ᠤᠭᠠᠷ ᠲᠣᠭᠠᠲᠤ︶ ︽ᠪᠥᠬᠦ ᠤᠯᠤᠰ ᠤᠨ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠳᠦᠷᠢᠮ ᠤᠨ | ᠥᠭᠡᠷᠡᠴᠢᠯᠡᠯᠲᠡ ᠶᠢᠨ ᠲᠤᠷᠰᠢᠯᠲᠠ ᠶᠢᠨ ᠬᠡᠷᠡᠭᠵᠢᠭᠦᠯᠬᠦ ᠲᠥᠰᠥᠯ ᠢ ᠮᠡᠳᠡᠭᠦᠯᠦᠨ ᠬᠦᠷᠭᠡᠬᠦ ᠲᠤᠬᠠᠢ ᠮᠡᠳᠡᠭᠳᠡᠯ︾ ︵ | ᠥᠪᠥᠷ ᠲᠠᠷᠢᠶᠠᠯᠠᠩ ᠮᠠᠯ ᠠᠵᠤ ᠠᠬᠤᠢ ᠬᠠᠮᠲᠤᠷᠠᠨ ᠲᠠᠷᠬᠠᠭᠠᠭᠰᠠᠨ ﹇2020﹈ 287 ᠳ᠋ᠤᠭᠠᠷ ᠲᠣᠭᠠᠲᠤ︶ ︽ | ᠤᠯᠠᠭᠠᠨᠬᠤᠲᠠ ᠶᠢᠨ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠳᠦᠷᠢᠮ ᠤᠨ ᠥᠭᠡᠷᠡᠴᠢᠯᠡᠯᠲᠡ ᠶᠢᠨ | ᠲᠤᠷᠰᠢᠯᠲᠠ ᠶᠢᠨ ᠬᠡᠷᠡᠭᠵᠢᠭᠦᠯᠬᠦ ᠲᠥᠰᠥᠯ︾ ︵ᠠᠯᠪᠠᠨ ᠲᠠᠷᠬᠠᠭᠠᠭᠰᠠᠨ ﹇2021﹈ 32 ᠳ᠋ᠤᠭᠠᠷ ᠲᠣᠭᠠᠲᠤ︶ | ᠵᠡᠷᠭᠡ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠦᠨᠳᠤᠰᠤᠯᠡᠨ ᠮᠠᠨ ᠤ ᠬᠤᠲᠠ ᠶᠢᠨ ᠪᠣᠳᠠᠲᠠᠢ ᠲᠠᠢ ᠪᠠᠨ | ᠤᠶᠠᠯᠳᠤᠭᠤᠯᠤᠨ᠂ ᠲᠣᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠬᠥᠳᠡᠭᠡ ᠲᠣᠰᠬᠤᠨ ᠤ ᠣᠷᠣᠨ ᠰᠠᠭᠤᠴᠠ ᠶᠢᠨ | ᠭᠠᠵᠠᠷ ᠢ ᠬᠡᠷᠡᠭᠯᠡᠬᠦ ᠡᠷᠬᠡ ᠵᠢᠴᠢ ᠭᠡᠷ ᠪᠠᠶᠢᠰᠢᠩ ᠤᠨ ᠥᠮᠴᠢᠯᠡᠯ ᠤᠨ ᠡᠷᠬᠡ ᠶᠢᠨ ᠪᠠᠷᠢᠴᠠᠭᠠᠲᠤ ᠵᠢᠭᠡᠯᠡᠯᠭᠡ ᠭᠡᠳᠡᠭ ᠨᠢ | ᠣᠷᠣᠨ ᠰᠠᠭᠤᠴᠠ ᠶᠢᠨ ᠭᠠᠵᠠᠷ ᠤᠨ ᠥᠮᠴᠢᠯᠡᠯ ᠤᠨ ᠡᠷᠬᠡ ᠶᠢᠨ ᠰᠢᠨᠵᠢ ᠴᠢᠨᠠᠷ ᠢ ᠬᠤᠪᠢᠷᠠᠭᠤᠯᠬᠤ ᠦᠭᠡᠢ ᠤᠷᠢᠲᠠᠯ | ᠳᠣᠣᠷ᠎ᠠ᠂ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠢ ᠬᠡᠷᠡᠭᠯᠡᠬᠦ ᠡᠷᠬᠡ ᠵᠢᠴᠢ ᠭᠡᠷ ᠪᠠᠶᠢᠰᠢᠩ ᠤᠨ | ᠥᠮᠴᠢᠯᠡᠯ ᠤᠨ ᠡᠷᠬᠡ ᠪᠠᠷ ᠪᠠᠷᠢᠴᠠᠭ᠎ᠠ ᠪᠣᠯᠭᠠᠵᠤ᠂ ᠪᠠᠩᠬᠢ ᠠᠴᠠ ᠨᠥᠬᠦᠴᠡᠯ ᠳᠤ ᠨᠡᠶᠢᠴᠡᠬᠦ ᠲᠠᠷᠢᠶᠠᠴᠢᠨ ᠤ ᠣᠷᠣᠨ | ᠰᠠᠭᠤᠴᠠ ᠶᠢᠨ ᠥᠮᠴᠢᠯᠡᠭᠴᠢ ᠳᠤ ᠲᠠᠯᠪᠢᠭᠰᠠᠨ᠂ ᠪᠣᠯᠵᠣᠨ ᠲᠣᠭᠲᠠᠭᠰᠠᠨ ᠬᠤᠭᠤᠴᠠᠭᠠᠨ ᠳᠣᠲᠣᠷ᠎ᠠ ᠡᠬᠡ ᠬᠦᠦ ᠶᠢ | ᠨᠢ ᠪᠤᠴᠠᠭᠠᠬᠤ ᠵᠢᠭᠡᠯᠡᠯᠭᠡ ᠶᠢ ᠵᠢᠭᠠᠵᠤ ᠪᠠᠶᠢᠨ᠎ᠠ᠃ | ᠬᠤᠶᠠᠳᠤᠭᠠᠷ ᠪᠦᠯᠦᠭ ᠵᠢᠭᠡᠯᠡᠯᠭᠡ ᠶᠢᠨ ᠵᠠᠷᠴᠢᠮ᠂ ᠡᠳᠡᠭᠡᠳ ᠬᠢᠭᠡᠳ ᠨᠥᠬᠦᠴᠡᠯ | ᠭᠤᠷᠪᠠᠳᠤᠭᠠᠷ ᠵᠦᠢᠯ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠢ ᠬᠡᠷᠡᠭᠯᠡᠬᠦ ᠡᠷᠬᠡ ᠵᠢᠴᠢ ᠭᠡᠷ | ᠪᠠᠶᠢᠰᠢᠩ ᠤᠨ ᠥᠮᠴᠢᠯᠡᠯ ᠤᠨ ᠡᠷᠬᠡ ᠶᠢᠨ ᠪᠠᠷᠢᠴᠠᠭᠠᠲᠤ ᠵᠢᠭᠡᠯᠡᠯᠭᠡ ᠶᠢ ︽ᠬᠠᠤᠯᠢ ᠶᠣᠰᠣᠭᠠᠷ ᠡᠮᠬᠢ ᠵᠢᠷᠤᠮ ᠲᠠᠢ᠂ | ᠪᠡᠶ᠎ᠡ ᠪᠠᠨ ᠳᠠᠭᠠᠭᠠᠵᠤ ᠰᠠᠶᠢᠨ ᠳᠤᠷ᠎ᠠ ᠠᠴᠠ ᠪᠠᠨ᠂ ᠯᠠᠪᠳᠠᠭᠤᠨ ᠢᠶᠠᠷ ᠠᠬᠢᠭᠤᠯᠵᠤ᠂ ᠲᠦᠭᠰᠢᠭᠦᠷᠢ ᠶᠢ ᠡᠵᠡᠮᠳᠡᠵᠦ | ᠪᠣᠯᠬᠤ︾ ᠱᠠᠭᠠᠷᠳᠠᠯᠭ᠎ᠠ ᠶᠣᠰᠣᠭᠠᠷ ᠨᠡᠭᠡᠭᠡᠨ ᠡᠷᠬᠢᠯᠡᠨ᠎ᠡ᠃ | ︵ᠨᠢᠭᠡ︶ ᠬᠠᠤᠯᠢ ᠶᠣᠰᠣᠭᠠᠷ ᠡᠮᠬᠢ ᠵᠢᠷᠤᠮ ᠲᠠᠢ ᠪᠠᠶᠢᠬᠤ ᠬᠡᠷᠡᠭᠲᠡᠢ᠃ ᠤᠯᠤᠰ ᠤᠨ ᠬᠤᠷᠸ᠎ᠠ ᠲᠥᠷᠥ ᠶᠢᠨ | ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠬᠤᠪᠢᠷᠠᠯᠲᠠ ᠶᠢ ᠰᠠᠯᠤᠯ ᠦᠭᠡᠢ ᠳᠠᠭᠠᠵᠤ᠂ ᠬᠤᠯᠪᠣᠭᠳᠠᠯ | ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠴᠢᠩᠭ᠎ᠠ ᠵᠢᠷᠤᠮᠯᠠᠨ᠂ | ᠬᠠᠮᠢᠶᠠᠷᠤᠯᠲᠠ ᠶᠢᠨ ᠠᠷᠭ᠎ᠠ ᠶᠢ ᠦᠷᠭᠦᠯᠵᠢᠯᠡᠨ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠬᠠᠤᠯᠢ ᠶᠣᠰᠣᠭᠠᠷ | ᠦᠨᠳᠦᠰᠦ ᠪᠠᠷᠢᠮᠲᠠ ᠲᠠᠢ᠂ ᠵᠢᠷᠤᠮᠯᠠᠬᠤ ᠳᠦᠷᠢᠮ ᠲᠠᠢ ᠪᠣᠯᠭᠠᠵᠤ᠂ ᠬᠥᠳᠡᠭᠡ ᠲᠣᠰᠬᠤᠨ ᠤ ᠣᠷᠣᠨ ᠰᠠᠭᠤᠴᠠ ᠶᠢᠨ | ᠭᠠᠵᠠᠷ ᠢ ᠬᠡᠷᠡᠭᠯᠡᠬᠦ ᠡᠷᠬᠡ ᠵᠢᠴᠢ ᠭᠡᠷ ᠪᠠᠶᠢᠰᠢᠩ ᠤᠨ ᠥᠮᠴᠢᠯᠡᠯ ᠤᠨ ᠡᠷᠬᠡ ᠶᠢᠨ ᠪᠠᠷᠢᠴᠠᠭᠠᠲᠤ ᠵᠢᠭᠡᠯᠡᠯᠭᠡ ᠶᠢᠨ | ᠲᠤᠬᠠᠶᠢᠯᠠᠭᠰᠠᠨ ᠠᠵᠢᠯ ᠢ ᠵᠢᠷᠤᠮᠵᠢᠭᠤᠯᠤᠨ ᠥᠷᠨᠢᠭᠦᠯᠬᠦ ᠬᠡᠷᠡᠭᠲᠡᠢ᠃ | ︵ᠬᠤᠶᠠᠷ︶ ᠡᠵᠡᠨ ᠮᠡᠳᠡᠵᠦ ᠰᠠᠶᠢᠨ ᠳᠤᠷ᠎ᠠ ᠠᠴᠠ ᠪᠠᠨ ᠪᠠᠶᠢᠬᠤ ᠬᠡᠷᠡᠭᠳᠡᠢ᠃ ᠲᠠᠷᠢᠶᠠᠴᠢᠳ ᠤᠨ ᠬᠦᠰᠡᠯ | ᠰᠠᠨᠠᠭ᠎ᠠ ᠶᠢ ᠦᠨᠡᠨ ᠬᠦ ᠬᠦᠨᠳᠦᠳᠬᠡᠵᠦ᠂ ᠲᠠᠷᠢᠶᠠᠴᠢᠳ ᠤᠨ ᠣᠷᠣᠨ ᠰᠠᠭᠤᠴᠠ ᠶᠢᠨ ᠦᠨᠳᠦᠰᠦᠨ ᠡᠷᠬᠡ ᠠᠰᠢᠭ | ᠨᠥᠯᠥᠭᠡᠯᠡᠭᠳᠡᠬᠦ ᠦᠭᠡᠢ ᠪᠠᠶᠢᠬᠤ ᠶᠢ ᠦᠨᠡᠨ ᠬᠦ ᠪᠠᠲᠤᠯᠠᠭᠰᠠᠨ ᠤᠷᠢᠲᠠᠯ ᠳᠣᠣᠷ᠎ᠠ᠂ ᠲᠠᠷᠢᠶᠠᠴᠢᠳ ᠡᠵᠡᠨ ᠮᠡᠳᠡᠵᠦ | ᠰᠠᠶᠢᠨ ᠳᠤᠷ᠎ᠠ ᠠᠴᠠ ᠪᠠᠨ ᠵᠢᠭᠡᠯᠡᠯᠭᠡ ᠭᠤᠶᠤᠴᠢᠯᠠᠬᠤ ᠪᠠ ᠪᠠᠷᠢᠴᠠᠭᠠᠯᠠᠬᠤ ᠶᠢ ᠲᠣᠭᠲᠠᠭᠠᠵᠤ᠂ ᠲᠠᠷᠢᠶᠠᠴᠢᠳ ᠲᠤ | ᠪᠠᠶᠢᠳᠠᠯ ᠢ ᠨᠢ ᠭᠦᠢᠴᠡᠳ ᠣᠶᠢᠯᠠᠭᠠᠭᠤᠯᠵᠤ ᠠᠰᠢᠭ ᠬᠦᠷᠲᠡᠭᠡᠬᠦ ᠬᠡᠷᠡᠭᠲᠡᠢ᠃ | ︵ᠭᠤᠷᠪᠠ︶ ᠯᠠᠪᠳᠠᠭᠤᠨ ᠢᠶᠠᠷ ᠠᠬᠢᠭᠤᠯᠬᠤ ᠬᠡᠷᠡᠭᠳᠡᠢ᠃ ᠬᠥᠳᠡᠭᠡ ᠲᠣᠰᠬᠤᠨ ᠤ ᠣᠷᠣᠨ ᠰᠠᠭᠤᠴᠠ ᠶᠢᠨ | ᠭᠠᠵᠠᠷ ᠢ ᠬᠡᠷᠡᠭᠯᠡᠬᠦ ᠡᠷᠬᠡ ᠵᠢᠴᠢ ᠭᠡᠷ ᠪᠠᠶᠢᠰᠢᠩ ᠤᠨ ᠥᠮᠴᠢᠯᠡᠯ ᠤᠨ ᠡᠷᠬᠡ ᠶᠢᠨ ᠡᠷᠬᠡ ᠠᠰᠢᠭ ᠢ ᠰᠠᠶᠢᠲᠤᠷ | ᠬᠠᠮᠠᠭᠠᠯᠠᠬᠤ᠂ ᠰᠠᠶᠢᠲᠤᠷ ᠪᠡᠶᠡᠯᠡᠭᠦᠯᠬᠦ᠂ ᠰᠠᠶᠢᠲᠤᠷ ᠬᠥᠭᠵᠢᠭᠦᠯᠬᠦ ᠪᠠᠷ ᠡᠭᠦᠰᠬᠡᠯ ᠪᠠ ᠲᠡᠭᠦᠰᠬᠡᠯ ᠪᠣᠯᠭᠠᠵᠤ᠂ ᠬᠥᠳᠡᠭᠡ | ᠲᠣᠰᠬᠤᠨ ᠤ ᠣᠷᠣᠨ ᠰᠠᠭᠤᠴᠠ ᠶᠢᠨ ᠪᠡᠷᠢᠴᠠᠭᠠᠨ ᠤ ᠪᠡᠯᠡ ᠲᠣᠬᠢᠷᠠᠭᠤᠯᠭ᠎ᠠ ᠶᠢᠨ ᠰᠢᠨᠵᠢ ᠴᠢᠨᠠᠷ ᠢ ᠪᠦᠲᠦᠮᠵᠢᠲᠡᠢ | ᠠᠮᠢᠳᠤᠯᠢᠭᠵᠢᠭᠤᠯᠵᠤ᠂ ᠲᠠᠷᠢᠶᠠᠯᠠᠩ ᠤᠨ ᠣᠳᠣᠬᠢᠴᠢᠯᠠᠯᠲᠠ ᠶᠢᠨ ᠬᠥᠭᠵᠢᠯᠲᠡ ᠪᠠ ᠲᠠᠷᠢᠶᠠᠴᠢᠳ ᠤᠨ ᠣᠷᠣᠯᠭ᠎ᠠ ᠶᠢᠨ | ᠨᠡᠮᠡᠭᠳᠡᠯ ᠢ ᠠᠬᠢᠭᠤᠯᠬᠤ ᠬᠡᠷᠡᠭᠲᠡᠢ᠃ | ︵ᠳᠥᠷᠪᠡ︶ ᠲᠦᠭᠰᠢᠭᠦᠷᠢ ᠶᠢ ᠡᠵᠡᠮᠳᠡᠵᠦ ᠪᠣᠯᠬᠤ ᠬᠡᠷᠡᠭᠳᠡᠢ᠃ ᠪᠣᠳᠠᠲᠠᠢ ᠲᠠᠢ ᠪᠠᠨ ᠤᠶᠠᠯᠳᠤᠭᠤᠯᠤᠨ᠂ ᠵᠠᠬ᠎ᠠ | ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ᠂ ᠢᠲᠡᠭᠡᠮᠵᠢ ᠶᠢᠨ ᠣᠷᠴᠢᠨ ᠲᠣᠭᠤᠷᠢᠨ ᠵᠡᠷᠭᠡ ᠪᠠᠶᠢᠳᠠᠯ ᠢ ᠭᠦᠢᠴᠡᠳ | ᠪᠠᠶᠢᠴᠠᠭᠠᠨ ᠰᠤᠳᠤᠯᠵᠤ ᠦᠨᠡᠯᠡᠨ ᠵᠢᠱᠢᠵᠦ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠲᠡᠭᠦᠯᠳᠡᠷᠵᠢᠭᠦᠯᠦᠨ᠂ ᠲᠤᠬᠠᠶᠢᠯᠠᠭᠰᠠᠨ ᠠᠵᠢᠯ ᠤᠨ ᠡᠮᠬᠢ ᠵᠢᠷᠤᠮ ᠲᠠᠢ ᠥᠷᠨᠢᠬᠦ ᠶᠢ ᠦᠨᠡᠨ ᠬᠦ ᠪᠠᠲᠤᠯᠠᠬᠤ ᠬᠡᠷᠡᠭᠲᠡᠢ᠃ | | ᠳᠥᠷᠪᠡᠳᠦᠭᠡᠷ ᠵᠦᠢᠯ ᠵᠢᠭᠡᠯᠡᠯᠭᠡ ᠶᠢᠨ ᠡᠲᠡᠭᠡᠳ᠃ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠢ | ᠬᠡᠷᠡᠭᠯᠡᠬᠦ ᠡᠷᠬᠡ ᠵᠢᠴᠢ ᠭᠡᠷ ᠪᠠᠶᠢᠰᠢᠩ ᠤᠨ ᠥᠮᠴᠢᠯᠡᠯ ᠤᠨ ᠡᠷᠬᠡ ᠶᠢᠨ ᠪᠠᠷᠢᠴᠠᠭᠠᠲᠤ ᠵᠢᠭᠡᠯᠡᠯᠭᠡ ᠶᠢᠨ | ᠦᠢᠯᠡᠴᠢᠯᠡᠭᠡᠨ ᠤ ᠡᠳᠡᠭᠡᠳ ᠪᠣᠯ ᠭᠤᠣᠯᠳᠠᠭᠤ ᠳᠠᠷᠢᠵᠤ ᠲᠡᠵᠢᠭᠡᠨ ᠦᠷᠡᠵᠢᠭᠦᠯᠬᠦ ᠦᠢᠯᠡᠰ ᠢ ᠡᠷᠬᠢᠯᠡᠵᠦ ᠪᠠᠶᠢᠭ᠎ᠠ | ᠲᠤᠰᠬᠠᠢ ᠲᠣᠮᠣ ᠡᠷᠦᠬᠡ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ᠂ ᠬᠥᠳᠡᠭᠡ ᠲᠣᠰᠬᠤᠨ ᠤ ᠬᠤᠪᠢ ᠶᠢᠨ | ᠦᠢᠯᠡᠳᠪᠦᠷᠢ ᠬᠤᠳᠠᠯᠳᠤᠭᠠᠨ ᠤ ᠡᠷᠦᠬᠡ᠂ ᠲᠠᠷᠢᠶᠠᠴᠢᠨ ᠤ ᠲᠤᠰᠬᠠᠢ ᠬᠤᠷᠰᠢᠶ᠎ᠠ ᠵᠢᠴᠢ ᠪᠦᠷᠢᠯᠳᠦᠭᠦᠨ ᠪᠣᠯᠣᠨ᠎ᠠ᠃ | ᠣᠷᠣᠨ ᠰᠠᠭᠤᠴᠠ ᠶᠢᠨ ᠭᠠᠵᠠᠷ ᠢ ᠬᠡᠷᠡᠭᠯᠡᠬᠦ ᠡᠷᠬᠡ ᠵᠢᠴᠢ ᠭᠡᠷ ᠪᠠᠶᠢᠰᠢᠩ ᠤᠨ ᠥᠮᠴᠢᠯᠡᠯ ᠤᠨ ᠡᠷᠬᠡ ᠪᠠᠷ | ᠪᠠᠷᠢᠴᠠᠭᠠᠯᠠᠨ ᠳᠠᠭᠠᠭᠠᠯᠲᠠ ᠬᠢᠬᠦ ᠠᠷᠭ᠎ᠠ ᠮᠠᠶ᠋ᠢᠭ ᠢᠶᠠᠷ ᠭᠤᠶᠤᠴᠢᠯᠠᠭᠰᠠᠨ ᠮᠥᠷᠲᠡᠭᠡᠨ ᠤᠯᠠᠭᠠᠨᠬᠤᠲᠠ ᠶᠢᠨ ᠬᠠᠤᠯᠢ | ᠶᠣᠰᠣᠭᠠᠷ ᠣᠯᠭᠤᠭᠰᠠᠨ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠲᠠᠢ ᠡᠷᠬᠡᠲᠦ ᠬᠥᠮᠥᠨ᠃ | ᠲᠠᠪᠤᠳᠤᠭᠠᠷ ᠵᠦᠢᠯ ᠭᠤᠶᠤᠴᠢᠯᠠᠭᠴᠢ ᠨᠢ ᠪᠠᠩᠬᠢ ᠶᠢᠨ ᠢᠲᠡᠭᠡᠮᠵᠢᠲᠦ ᠵᠢᠭᠡᠯᠡᠯᠭᠡ ᠶᠢᠨ ᠦᠨᠳᠦᠰᠦᠨ | ᠳᠦᠷᠢᠮ ᠤᠨ ᠱᠠᠭᠠᠷᠳᠠᠯᠭ᠎ᠠ ᠶᠢᠨ ᠨᠥᠬᠦᠴᠡᠯ ᠳᠤ ᠨᠡᠶᠢᠴᠡᠬᠦ ᠠᠴᠠ ᠭᠠᠳᠠᠨ᠎ᠠ ᠪᠠᠰᠠ ᠳᠣᠣᠷᠠᠬᠢ ᠨᠥᠬᠦᠴᠡᠯ ᠤᠳ ᠢ | ᠪᠦᠷᠢᠯᠳᠦᠭᠦᠯᠦᠭᠰᠡᠨ ᠪᠠᠶᠢᠬᠤ ᠬᠡᠷᠡᠭᠲᠡᠢ᠄ | ︵ᠨᠢᠭᠡ︶ ᠢᠲᠡᠭᠡᠮᠵᠢ ᠶᠢᠨ ᠲᠠᠯ᠎ᠠ ᠪᠠᠷ ᠮᠠᠭᠤ ᠲᠡᠮᠳᠡᠭᠯᠡᠯ ᠦᠭᠡᠢ᠃ | ︵ᠬᠤᠶᠠᠷ︶ ᠪᠠᠷᠢᠴᠠᠭᠠᠯᠠᠬᠤ ᠳᠤ ᠬᠡᠷᠡᠭᠯᠡᠬᠦ ᠣᠷᠣᠨ ᠰᠠᠭᠤᠴᠠ ᠶᠢᠨ ᠭᠠᠵᠠᠷ ᠢ ᠬᠡᠷᠡᠭᠯᠡᠬᠦ ᠡᠷᠬᠡ ᠵᠢᠴᠢ ᠭᠡᠷ | ᠪᠠᠶᠢᠰᠢᠩ ᠤᠨ ᠥᠮᠴᠢᠯᠡᠯ ᠤᠨ ᠡᠷᠬᠡ ᠳᠤ ᠬᠠᠷᠢᠶᠠᠯᠠᠯ ᠤᠨ ᠡᠷᠬᠡ ᠶᠢᠨ ᠵᠢᠭᠤᠷᠠᠯᠳᠤᠭᠠᠨ ᠪᠠᠶᠢᠬᠤ ᠦᠭᠡᠢ ᠂ ᠦᠯᠦ | ᠬᠥᠳᠡᠯᠬᠦ ᠬᠥᠷᠥᠩᠭᠡ ᠶᠢ ᠳᠠᠩᠰᠠᠯᠠᠬᠤ ᠪᠠᠶᠢᠭᠤᠯᠤᠮᠵᠢ ᠶᠢᠨ ᠣᠯᠭᠤᠭᠰᠠᠨ ᠡᠷᠬᠡ ᠶᠢᠨ ᠬᠠᠷᠢᠶᠠᠯᠠᠯ ᠤᠨ ᠦᠨᠡᠮᠯᠡᠯ ᠲᠠᠢ | ᠪᠠᠶᠢᠵᠤ᠂ ᠭᠠᠵᠠᠷ ᠰᠢᠷᠣᠢ ᠲᠠᠲᠠᠪᠤᠷᠢᠯᠠᠨ ᠨᠤᠷᠠᠭᠠᠵᠤ ᠨᠡᠭᠦᠯᠭᠡᠬᠦ ᠬᠡᠪᠴᠢᠶᠡᠨ ᠳᠤ ᠣᠷᠣᠭᠤᠯᠤᠭᠰᠠᠨ ᠦᠭᠡᠢ᠃ | ︵ᠭᠤᠷᠪᠠ︶ ᠲᠠᠷᠢᠶᠠᠴᠢᠨ ᠤ ᠣᠷᠣᠨ ᠰᠠᠭᠤᠴᠠ ᠶᠢ ᠪᠠᠷᠢᠴᠠᠭᠠᠯᠠᠬᠤ ᠳᠤ ᠬᠡᠷᠡᠭᠯᠡᠬᠦ ᠠᠴᠠ ᠭᠠᠳᠠᠨ᠎ᠠ᠂ ᠵᠣᠭᠤᠰ | ᠵᠢᠭᠡᠯᠡᠭᠴᠢ ᠨᠢ ᠪᠤᠰᠤᠳ ᠤᠷᠲᠤ ᠬᠤᠭᠤᠴᠠᠭᠠᠨ ᠤ ᠲᠣᠭᠲᠠᠪᠤᠷᠢᠲᠠᠢ ᠣᠷᠣᠨ ᠰᠠᠭᠤᠴᠠ ᠶᠢᠨ ᠭᠠᠵᠠᠷ ᠲᠠᠢ ᠪᠠᠶᠢᠬᠤ | ᠬᠡᠷᠡᠭᠲᠡᠢ ᠪᠥᠭᠡᠳ ᠬᠤᠯᠪᠣᠭᠳᠠᠯ ᠪᠦᠬᠦᠢ ᠭᠡᠷᠡᠴᠢᠯᠡᠬᠦ ᠮᠠᠲ᠋ᠧᠷᠢᠶᠠᠯ ᠢ ᠬᠠᠩᠭᠠᠵᠤ ᠴᠢᠳᠠᠬᠤ ᠬᠡᠷᠡᠭᠲᠡᠢ᠃ | ︵ᠳᠥᠷᠪᠡ︶ ᠪᠠᠶᠢᠭ᠎ᠠ ᠭᠠᠵᠠᠷ ᠤᠨ ᠭᠠᠴᠠᠭ᠎ᠠ ᠲᠤᠰᠬᠤᠨ ᠤ ᠣᠷᠣᠨ ᠰᠠᠭᠤᠴᠠ ᠶᠢᠨ ᠭᠠᠵᠠᠷ ᠢ ᠬᠡᠷᠡᠭᠯᠡᠬᠦ ᠡᠷᠬᠡ | ᠵᠢᠴᠢ ᠭᠡᠷ ᠪᠠᠶᠢᠰᠢᠩ ᠤᠨ ᠥᠮᠴᠢᠯᠡᠯ ᠤᠨ ᠡᠷᠬᠡ ᠶᠢ ᠬᠠᠮᠲᠤ ᠳᠤᠨᠢ ᠪᠠᠷᠢᠴᠠᠭᠠᠯᠠᠬᠤ ᠵᠢᠴᠢ ᠰᠢᠢᠳᠪᠦᠷᠢᠯᠡᠬᠦ ᠶᠢ | ᠪᠢᠴᠢᠭ ᠢᠶᠠᠷ ᠵᠥᠪᠰᠢᠶᠡᠷᠡᠭᠰᠡᠨ ᠪᠢᠴᠢᠭ ᠤᠨ ᠭᠡᠷᠡᠴᠢ ᠪᠠᠶᠢᠬᠤ ᠬᠡᠷᠡᠭᠳᠡᠢ᠃ | ︵ᠲᠠᠪᠤ︶ ᠬᠠᠮᠲᠤ ᠪᠠᠷ ᠥᠮᠴᠢᠯᠡᠬᠦ ᠲᠠᠷᠢᠶᠠᠴᠢᠨ ᠤ ᠣᠷᠣᠨ ᠰᠠᠭᠤᠴᠠ ᠪᠠᠷ ᠪᠠᠷᠢᠴᠠᠭᠠᠯᠠᠬᠤ ᠳᠤ ᠬᠥᠷᠪᠡᠯ᠂ | ᠪᠤᠰᠤᠳ ᠬᠠᠮᠲᠤ ᠪᠠᠷ ᠥᠮᠴᠢᠯᠡᠭᠴᠢ ᠶᠢᠨ ᠪᠢᠴᠢᠭ ᠤᠨ ᠵᠥᠪᠰᠢᠶᠡᠷᠡᠯ ᠢ ᠣᠯᠬᠤ ᠬᠡᠷᠡᠭᠲᠡᠢ᠃ | ᠭᠤᠷᠪᠠᠳᠤᠭᠠᠷ ᠪᠦᠯᠦᠭ ᠵᠢᠭᠡᠯᠡᠯᠭᠡ ᠶᠢᠨ ᠬᠡᠷᠡᠭᠴᠡᠭᠡ᠂ ᠲᠤᠭ᠎ᠠ ᠬᠡᠮᠵᠢᠶ᠎ᠡ᠂ ᠬᠤᠭᠤᠴᠠᠭ᠎ᠠ᠂ ᠬᠦᠦ ᠮᠦᠩᠬᠦ ᠶᠢᠨ | ᠨᠤᠷᠮ᠎ᠠ᠂ ᠵᠣᠭᠤᠰ ᠪᠤᠴᠠᠭᠠᠬᠤ ᠠᠷᠭ᠎ᠠ ᠮᠠᠶ᠋ᠢᠭ ᠃ | ᠵᠢᠷᠭᠤᠳᠤᠭᠠᠷ ᠵᠦᠢᠯ ᠵᠢᠭᠡᠯᠡᠯᠭᠡ ᠶᠢᠨ ᠬᠡᠷᠡᠭᠴᠡᠭᠡ᠃ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠢ | ᠬᠡᠷᠡᠭᠯᠡᠬᠦ ᠡᠷᠬᠡ ᠵᠢᠴᠢ ᠭᠡᠷ ᠪᠠᠶᠢᠰᠢᠩ ᠤᠨ ᠥᠮᠴᠢᠯᠡᠯ ᠤᠨ ᠡᠷᠬᠡ ᠶᠢᠨ ᠪᠠᠷᠢᠴᠠᠭᠠᠲᠤ ᠵᠢᠭᠡᠯᠡᠯᠭᠡ ᠶᠢ ᠲᠠᠷᠢᠶᠠᠯᠠᠩ ᠮᠠᠯ | ᠠᠵᠤ ᠠᠬᠤᠢ ᠪᠤᠶᠤ ᠲᠠᠷᠢᠶᠠᠯᠠᠩ ᠮᠠᠯ ᠠᠵᠤ ᠠᠬᠤᠢ ᠶᠢᠨ ᠬᠠᠮᠢᠶ᠎ᠠ ᠪᠦᠬᠦᠢ ᠠᠵᠤ ᠦᠢᠯᠡᠰ ᠤᠨ ᠦᠢᠯᠡᠳᠪᠦᠷᠢᠯᠡᠯ | ᠡᠵᠡᠩᠨᠡᠯᠲᠡ ᠶᠢᠨ ᠠᠵᠢᠯᠯᠠᠭ᠎ᠠ ᠳᠤ ᠲᠡᠷᠢᠭᠦᠨ ᠳᠤ ᠬᠡᠷᠡᠭᠯᠡᠬᠦ ᠬᠡᠷᠡᠭᠳᠡᠢ᠃ | ᠳᠣᠯᠣᠳᠤᠭᠠᠷ ᠵᠦᠢᠯ ᠵᠢᠭᠡᠯᠡᠯᠭᠡ ᠶᠢᠨ ᠲᠤᠭ᠎ᠠ ᠬᠡᠮᠵᠢᠶ᠎ᠡ᠃ ᠬᠥᠳᠡᠭᠡ ᠲᠣᠰᠬᠤᠨ ᠤ ᠣᠷᠣᠨ ᠰᠠᠭᠤᠴᠠ ᠶᠢᠨ | ᠭᠠᠵᠠᠷ ᠢ ᠬᠡᠷᠡᠭᠯᠡᠬᠦ ᠡᠷᠬᠡ ᠵᠢᠴᠢ ᠭᠡᠷ ᠪᠠᠶᠢᠰᠢᠩ ᠤᠨ ᠥᠮᠴᠢᠯᠡᠯ ᠤᠨ ᠡᠷᠬᠡ ᠶᠢᠨ ᠪᠠᠷᠢᠴᠠᠭᠠᠲᠤ ᠵᠢᠭᠡᠯᠡᠯᠭᠡ ᠶᠢᠨ ᠲᠤᠭ᠎ᠠ | ᠬᠡᠮᠵᠢᠶ᠎ᠡ ᠶᠢ ᠵᠣᠭᠤᠰ ᠵᠢᠭᠡᠯᠡᠭᠴᠢ ᠶᠢᠨ ᠪᠣᠳᠠᠲᠠᠢ ᠪᠡᠯᠡ ᠮᠥᠩᠭᠦ ᠶᠢᠨ ᠬᠡᠷᠡᠭᠴᠡᠭᠡ᠂ ᠬᠥᠷᠥᠩᠭᠡ ᠢᠲᠡᠭᠡᠮᠵᠢ ᠶᠢᠨ | ᠪᠠᠶᠢᠳᠠᠯ᠂ ᠥᠷᠢ ᠲᠥᠯᠥᠬᠦ ᠴᠢᠳᠠᠪᠤᠷᠢ ᠶᠢ ᠶᠡᠷᠦᠩᠬᠡᠶᠢᠯᠡᠨ ᠪᠣᠳᠣᠯᠬᠢᠯᠠᠬᠤ ᠬᠡᠷᠡᠭᠲᠡᠢ ᠪᠥᠭᠡᠳ ᠭᠡᠷ ᠪᠠᠶᠢᠰᠢᠩ ᠤᠨ | ᠬᠡᠷᠡᠭᠴᠡᠭᠡ᠂ ᠭᠡᠷ ᠪᠠᠶᠢᠰᠢᠩ ᠤᠨ ᠣᠨ ᠵᠢᠯ᠂ ᠦᠨᠡᠯᠡᠨ ᠵᠢᠱᠢᠭᠰᠡᠨ ᠦᠷᠳᠡᠭ᠂ ᠣᠷᠣᠨ ᠰᠠᠭᠤᠴᠠ ᠶᠢᠨ ᠭᠠᠵᠠᠷ ᠤᠨ | ᠪᠠᠶᠢᠳᠠᠯ ᠵᠡᠷᠭᠡ ᠬᠦᠴᠦᠨ ᠵᠦᠢᠯ ᠢ ᠦᠨᠳᠦᠰᠦᠯᠡᠨ ᠵᠦᠢ ᠵᠣᠬᠢᠰᠲᠠᠢ ᠪᠠᠷ ᠲᠣᠭᠲᠠᠭᠠᠬᠤ ᠬᠡᠷᠡᠭᠲᠡᠢ᠃ | ᠨᠠᠢᠮᠠᠳᠤᠭᠠᠷ ᠵᠦᠢᠯ ᠵᠢᠭᠡᠯᠡᠯᠭᠡ ᠶᠢᠨ ᠬᠤᠭᠤᠴᠠᠭ᠎ᠠ᠃ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠢ | ᠬᠡᠷᠡᠭᠯᠡᠬᠦ ᠡᠷᠬᠡ ᠵᠢᠴᠢ ᠭᠡᠷ ᠪᠠᠶᠢᠰᠢᠩ ᠤᠨ ᠥᠮᠴᠢᠯᠡᠯ ᠤᠨ ᠡᠷᠬᠡ ᠶᠢᠨ ᠪᠠᠷᠢᠴᠠᠭᠠᠲᠤ ᠵᠢᠭᠡᠯᠡᠯᠭᠡ ᠶᠢᠨ ᠬᠤᠭᠤᠴᠠᠭ᠎ᠠ ᠶᠢ | ᠦᠢᠯᠡᠳᠪᠦᠷᠢᠯᠡᠯ ᠤᠨ ᠬᠡᠷᠡᠭᠴᠡᠭᠡ᠂ ᠡᠵᠡᠩᠨᠡᠯᠲᠡ ᠶᠢᠨ ᠦᠶᠡᠯᠡᠯ ᠪᠠ ᠪᠡᠯᠡᠨ ᠵᠣᠭᠤᠰ ᠤᠨ ᠭᠦᠢᠯᠭᠡᠭᠡ ᠵᠡᠷᠭᠡ ᠬᠦᠴᠦᠨ | ᠵᠦᠢᠯ ᠢ ᠦᠨᠳᠦᠰᠦᠯᠡᠨ ᠵᠤᠬᠢᠰᠳᠠᠢ ᠲᠤᠭᠳᠠᠭᠠᠬᠤ ᠬᠡᠷᠡᠭᠳᠡᠢ᠃ | ᠶᠢᠰᠦᠳᠦᠭᠡᠷ ᠵᠦᠢᠯ ᠵᠢᠭᠡᠯᠡᠯᠭᠡ ᠶᠢᠨ ᠬᠦᠦ ᠮᠦᠩᠬᠦ ᠶᠢᠨ ᠨᠤᠷᠮ᠎ᠠ᠃ ᠬᠥᠳᠡᠭᠡ ᠲᠣᠰᠬᠤᠨ ᠤ ᠣᠷᠣᠨ | ᠰᠠᠭᠤᠴᠠ ᠶᠢᠨ ᠭᠠᠵᠠᠷ ᠢ ᠬᠡᠷᠡᠭᠯᠡᠬᠦ ᠡᠷᠬᠡ ᠵᠢᠴᠢ ᠭᠡᠷ ᠪᠠᠶᠢᠰᠢᠩ ᠤᠨ ᠥᠮᠴᠢᠯᠡᠯ ᠤᠨ ᠡᠷᠬᠡ ᠶᠢᠨ ᠪᠠᠷᠢᠴᠠᠭᠠᠲᠤ | ᠵᠢᠭᠡᠯᠡᠯᠭᠡ ᠶᠢ ᠲᠤᠷᠰᠢᠨ ᠬᠡᠷᠡᠭᠵᠢᠭᠦᠯᠬᠦ ᠬᠤᠭᠤᠴᠠᠭᠠᠨ ᠳᠤ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ | ᠵᠢᠭᠡᠯᠡᠯᠭᠡ ᠶᠢᠨ ᠬᠦᠦ ᠮᠥᠩᠭᠦ ᠶᠢᠨ ᠨᠤᠷᠮ᠎ᠠ ᠶᠢ ᠲᠤᠰ ᠪᠡᠶ᠎ᠡ ᠶᠢᠨ ᠡᠵᠡᠩᠨᠡᠯᠲᠡ ᠶᠢᠨ ᠥᠪᠡᠷ ᠤᠨ ᠦᠷᠳᠡᠭ ᠵᠢᠴᠢ | ᠲᠦᠭᠰᠢᠭᠦᠷᠢ ᠶᠢ ᠡᠵᠡᠮᠳᠡᠬᠦ ᠬᠡᠮᠵᠢᠶ᠎ᠡ ᠶᠢ ᠦᠨᠳᠦᠰᠦᠯᠡᠨ ᠶᠡᠷᠦᠩᠬᠡᠶᠢᠯᠡᠨ ᠲᠣᠭᠲᠠᠭᠠᠨ᠎ᠠ᠂ ᠭᠡᠪᠡᠴᠦ ᠠᠳᠠᠯᠢ | ᠲᠦᠷᠦᠯ ᠤᠨ ᠬᠡᠷᠡᠭᠯᠡᠭᠴᠢ ᠶᠢᠨ ᠵᠢᠭᠡᠯᠡᠯᠭᠡ ᠶᠢᠨ ᠨᠡᠮᠡᠬᠦᠷᠢ ᠬᠦᠤ ᠮᠦᠩᠬᠦ ᠶᠢᠨ ᠨᠤᠷᠮ᠎ᠠ ᠠᠴᠠ ᠬᠡᠳᠤᠷᠡᠬᠦᠯᠵᠤ ᠪᠤᠯᠬᠤ | ᠦᠭᠡᠢ᠃ | ᠠᠷᠪᠠᠳᠤᠭᠠᠷ ᠵᠦᠢᠯ ᠵᠣᠭᠤᠰ ᠪᠤᠴᠠᠭᠠᠬᠤ ᠠᠷᠭ᠎ᠠ ᠮᠠᠶ᠋ᠢᠭ᠃ ᠪᠠᠩᠬᠢ ᠶᠢᠨ ᠲᠣᠭᠲᠠᠭᠠᠭᠰᠠᠨ ᠬᠡᠯᠪᠡᠷᠢ ᠪᠠᠷ | ᠬᠡᠷᠡᠭᠵᠢᠭᠦᠯᠦᠨ᠎ᠡ᠃ | ᠳᠥᠷᠪᠡᠳᠦᠭᠡᠷ ᠪᠦᠯᠦᠭ ᠪᠡᠷᠢᠴᠠᠭᠠᠨ ᠤ ᠳᠠᠭᠠᠭᠠᠯᠲᠠ ᠶᠢᠨ ᠬᠠᠮᠢᠶᠠᠷᠤᠯᠲᠠ | ᠠᠷᠪᠠᠨ ᠨᠢᠭᠡᠳᠦᠭᠡᠷ ᠵᠦᠢᠯ ᠵᠣᠭᠤᠰ ᠵᠢᠭᠡᠯᠡᠭᠴᠢ ᠨᠢ ᠪᠠᠷᠢᠴᠠᠭ᠎ᠠ ᠲᠣᠭᠲᠠᠭᠠᠬᠤ ᠪᠠᠷ ᠪᠠᠶᠢᠭ᠎ᠠ ᠬᠥᠳᠡᠭᠡ | ᠲᠣᠰᠬᠤᠨ ᠤ ᠣᠷᠣᠨ ᠰᠠᠭᠤᠴᠠ ᠶᠢᠨ ᠭᠠᠵᠠᠷ ᠢ ᠬᠡᠷᠡᠭᠯᠡᠬᠦ ᠡᠷᠬᠡ ᠵᠢᠴᠢ ᠭᠡᠷ ᠪᠠᠶᠢᠰᠢᠩ ᠤᠨ ᠥᠮᠴᠢᠯᠡᠯ ᠤᠨ | ᠡᠷᠬᠡ ᠶᠢᠨ ᠡᠷᠬᠡᠲᠦ ᠬᠥᠮᠥᠨ ᠪᠤᠶᠤ ᠬᠠᠮᠲᠤ ᠪᠠᠷ ᠥᠮᠴᠢᠯᠡᠭᠴᠢ ᠪᠠᠶᠢᠬᠤ ᠬᠡᠷᠡᠭᠲᠡᠢ᠃ | ᠠᠷᠪᠠᠨ ᠬᠤᠶᠠᠳᠤᠭᠠᠷ ᠵᠦᠢᠯ ᠳᠣᠣᠷ᠎ᠠ ᠵᠢᠭᠰᠠᠭᠠᠭᠰᠠᠨ ᠬᠥᠳᠡᠭᠡ ᠲᠣᠰᠬᠤᠨ ᠤ ᠣᠷᠣᠨ ᠰᠠᠭᠤᠴᠠ ᠶᠢᠨ | ᠭᠠᠵᠠᠷ ᠢ ᠬᠡᠷᠡᠭᠯᠡᠬᠦ ᠡᠷᠬᠡ ᠵᠢᠴᠢ ᠭᠡᠷ ᠪᠠᠶᠢᠰᠢᠩ ᠤᠨ ᠥᠮᠴᠢᠯᠡᠯ ᠤᠨ ᠡᠷᠬᠡ ᠶᠢ ᠪᠠᠷᠢᠴᠠᠭᠠᠯᠠᠬᠤ ᠪᠠᠷ ᠲᠣᠭᠲᠠᠭᠠᠵᠤ | ᠪᠣᠯᠬᠤ ᠦᠭᠡᠢ᠄ | ︵ᠨᠢᠭᠡ︶ ᠡᠷᠬᠡ ᠶᠢᠨ ᠬᠠᠷᠢᠶᠠᠯᠠᠯ ᠨᠢ ᠲᠣᠳᠣᠷᠬᠠᠢ ᠦᠭᠡᠢ ᠪᠤᠶᠤ ᠮᠠᠷᠭᠤᠭᠠᠨ ᠲᠠᠢ ᠪᠠᠶᠢᠬᠤ᠃ | ︵ᠬᠤᠶᠠᠷ︶ ᠬᠠᠤᠯᠢ ᠴᠠᠭᠠᠵᠠ ᠬᠠᠤᠯᠢ ᠲᠣᠭᠲᠠᠭᠠᠯ ᠳᠤ ᠪᠠᠷᠢᠴᠠᠭᠠᠯᠠᠵᠤ ᠪᠣᠯᠬᠤ ᠦᠭᠡᠢ ᠪᠤᠶᠤ ᠭᠦᠢᠯᠭᠡᠭᠡ᠂ | ᠰᠢᠯᠵᠢᠭᠦᠯᠦᠨ ᠥᠭᠬᠦ ᠶᠢ ᠴᠠᠭᠠᠵᠠᠯᠠᠭᠰᠠᠨ᠃ | ︵ᠭᠤᠷᠪᠠ︶ ᠲᠤᠬᠠᠢ ᠶᠢᠨ ᠭᠠᠵᠠᠷ ᠤᠨ ᠵᠠᠰᠠᠭ ᠤᠨ ᠣᠷᠳᠣᠨ ᠠᠴᠠ ᠨᠤᠷᠠᠭᠠᠵᠤ ᠨᠡᠭᠦᠯᠭᠡᠬᠦ | ᠲᠥᠯᠦᠪᠵᠢᠭᠦᠯᠭᠡ ᠶᠢᠨ ᠬᠡᠪᠴᠢᠶᠡᠨ ᠳᠤ ᠣᠷᠣᠭᠤᠯᠤᠭᠰᠠᠨ᠃ | ︵ᠲᠦᠷᠪᠡ︶ ᠪᠤᠰᠤᠳ ᠬᠡᠯᠪᠡᠷᠢ ᠳᠤ ᠬᠢᠵᠠᠭᠠᠷᠯᠠᠭᠳᠠᠭᠰᠠᠨ᠃ | ᠠᠷᠪᠠᠨ ᠭᠤᠷᠪᠠᠳᠤᠭᠠᠷ ᠵᠦᠢᠯ ᠪᠠᠷᠢᠴᠠᠭᠠᠯᠠᠬᠤ ᠨᠤᠷᠮ᠎ᠠ᠃ ᠪᠠᠩᠬᠢ ᠨᠢ ᠵᠣᠭᠤᠰ ᠵᠢᠭᠡᠯᠡᠭᠴᠢ ᠶᠢᠨ ᠬᠥᠷᠥᠩᠭᠡ | ᠢᠲᠡᠭᠡᠮᠵᠢ ᠶᠢᠨ ᠪᠠᠶᠢᠳᠠᠯ᠂ ᠥᠷᠢ ᠲᠥᠯᠥᠬᠦ ᠴᠢᠳᠠᠪᠤᠷᠢ᠂ ᠪᠡᠷᠢᠴᠠᠭᠠᠨ ᠤ ᠡᠳ᠋ ᠤᠨ ᠭᠠᠵᠠᠷ ᠵᠦᠢ ᠶᠢᠨ ᠪᠠᠶᠢᠷᠢᠯᠠᠯ᠂ | ᠵᠠᠬ᠎ᠠ ᠳᠡᠯᠭᠡᠭᠦᠷ ᠤᠨ ᠦᠨ᠎ᠡ ᠬᠠᠩᠰᠢ᠂ ᠪᠡᠷᠢᠴᠠᠭᠠᠨ ᠤ ᠡᠷᠬᠡ ᠶᠢ ᠪᠡᠶᠡᠯᠡᠭᠦᠯᠬᠦ ᠳᠤ ᠬᠦᠴᠢᠷ ᠬᠢᠯᠪᠠᠷ ᠤᠨ ᠬᠡᠮᠵᠢᠶ᠎ᠡ ᠪᠠ | ᠵᠢᠭᠡᠯᠡᠯᠭᠡ ᠶᠢᠨ ᠬᠤᠭᠤᠴᠠᠭ᠎ᠠ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ ᠪᠠᠶᠢᠭᠠᠳ ᠵᠦᠢ | ᠵᠣᠬᠢᠰᠲᠠᠢ ᠪᠠᠷ ᠲᠣᠭᠲᠠᠭᠠᠨ᠎ᠠ᠃ | ᠠᠷᠪᠠᠨ ᠳᠥᠷᠪᠡᠳᠦᠭᠡᠷ ᠵᠤᠶᠢᠯ ᠪᠠᠷᠢᠴᠠᠭᠠᠨ ᠤ ᠡᠳ᠋ ᠢ ᠦᠨᠡᠯᠡᠨ ᠵᠢᠱᠢᠬᠦ ᠳᠤ ᠥᠪᠡᠰᠦᠪᠡᠨ ᠦᠨᠡᠯᠡᠬᠦ᠂ ᠬᠤᠶᠠᠷ | ᠲᠠᠯ᠎ᠠ ᠪᠠᠷ ᠢᠶᠠᠨ ᠵᠥᠪᠳᠡᠯᠴᠡᠬᠦ ᠪᠠ ᠭᠤᠷᠪᠠᠳᠠᠭᠢ ᠡᠲᠡᠭᠡᠳ ᠤᠨ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢ | ᠦᠨᠡᠯᠡᠨ ᠵᠢᠱᠢᠬᠦ ᠪᠠᠶᠢᠭᠤᠯᠤᠮᠵᠢ ᠳᠤ ᠨᠠᠶᠢᠳᠠᠵᠤ ᠦᠨᠡᠯᠡᠨ ᠵᠢᠱᠢᠭᠦᠯᠬᠦ ᠵᠡᠷᠭᠡ ᠠᠷᠭ᠎ᠠ ᠮᠠᠶ᠋ᠢᠭ ᠢ ᠠᠪᠴᠤ᠂ ᠭᠡᠷ | ᠪᠠᠶᠢᠰᠢᠩ ᠤᠨ ᠥᠮᠴᠢᠯᠡᠯ ᠤᠨ ᠡᠷᠬᠡ ᠵᠢᠴᠢ ᠣᠷᠣᠨ ᠰᠠᠭᠤᠴᠠ ᠶᠢᠨ ᠭᠠᠵᠠᠷ ᠢ ᠬᠡᠷᠡᠭᠯᠡᠬᠦ ᠡᠷᠬᠡ ᠶᠢᠨ ᠦᠷᠳᠡᠭ ᠢ | ᠲᠣᠭᠲᠠᠭᠠᠵᠤ ᠪᠣᠯᠣᠨ᠎ᠠ᠃ ᠦᠨ᠎ᠡ ᠬᠠᠩᠰᠢ ᠶᠢ ᠦᠨᠡᠯᠡᠨ ᠵᠢᠱᠢᠬᠦ ᠳᠤ ᠭᠡᠷ ᠪᠠᠶᠢᠰᠢᠩ ᠤᠨ ᠭᠠᠵᠠᠷ ᠵᠦᠢ ᠶᠢᠨ | ᠪᠠᠶᠢᠷᠢᠯᠠᠯ᠂ ᠪᠦᠲᠦᠴᠡ᠂ ᠬᠡᠷᠡᠭᠴᠡᠭᠡ᠂ ᠭᠡᠷ ᠪᠠᠶᠢᠰᠢᠩ ᠤᠨ ᠣᠨ ᠵᠢᠯ ᠪᠠ ᠪᠡᠯᠡᠨ ᠵᠣᠭᠤᠰ ᠪᠣᠯᠭᠠᠬᠤ ᠴᠢᠳᠠᠪᠤᠷᠢ | ᠵᠡᠷᠭᠡ ᠪᠤᠰᠤᠳᠴᠢ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠬᠤ ᠬᠡᠷᠡᠭᠲᠡᠢ᠃ | ᠪᠡᠷᠢᠴᠠᠭᠠᠨ ᠤ ᠥᠷᠲᠡᠭ ᠢ ᠲᠣᠭᠲᠠᠭᠠᠬᠤ ᠡᠩ ᠤᠨ ᠵᠠᠷᠴᠢᠮ᠄ ᠣᠳᠣᠬᠠᠨ ᠳᠤ᠂ ᠮᠠᠨ ᠤ ᠬᠤᠲᠠ ᠶᠢᠨ ᠬᠥᠳᠡᠭᠡ | ᠲᠣᠰᠬᠤᠨ ᠤ ᠣᠷᠣᠨ ᠰᠠᠭᠤᠴᠠ ᠶᠢᠨ ᠡᠳ᠋ ᠬᠥᠷᠥᠩᠭᠡ ᠶᠢᠨ ᠦᠮᠴᠢᠯᠡᠯ ᠤᠨ ᠡᠷᠭᠡ ᠶᠢ ᠰᠢᠯᠵᠢᠬᠦᠯᠬᠦ ᠵᠠᠬ᠎ᠠ ᠳᠡᠯᠭᠡᠭᠦᠷ | ᠬᠠᠷᠠᠬᠠᠨ ᠪᠠᠶᠢᠭᠤᠯᠤᠭᠳᠠᠭᠠᠳᠤᠢ᠂ ᠪᠡᠷᠢᠴᠠᠭᠠᠨ ᠤ ᠡᠳ᠋ ᠤᠨ ᠥᠷᠲᠡᠭ ᠢ ᠭᠤᠣᠯᠳᠠᠭᠤ ᠲᠠᠷᠢᠶᠠᠴᠢᠨ ᠤ ᠣᠷᠣᠨ | ᠰᠠᠭᠤᠴᠠ ᠶᠢᠨ ᠡᠳ᠋ ᠬᠥᠷᠥᠩᠭᠡ ᠶᠢᠨ ᠪᠠᠷᠢᠯᠭ᠎ᠠ ᠶᠢᠨ ᠥᠪᠡᠷ ᠤᠨ ᠥᠷᠲᠡᠭ ᠢᠶᠠᠷ ᠯᠠᠪᠯᠠᠯᠲᠠ ᠪᠣᠯᠭᠠᠨ᠎ᠠ᠂ | ᠣᠳᠣᠬᠠᠨ ᠳᠤ ᠮᠠᠨ ᠤ ᠬᠤᠲᠠ ᠶᠢᠨ ᠬᠥᠳᠡᠭᠡ ᠲᠣᠰᠬᠤᠨ ᠤ ᠭᠡᠷ ᠪᠠᠶᠢᠰᠢᠩ ᠤᠨ ᠪᠠᠷᠢᠯᠭ᠎ᠠ ᠶᠢᠨ ᠥᠪᠡᠷ ᠤᠨ | ᠥᠷᠲᠡᠭ ᠢ ᠦᠨᠡᠯᠡᠨ ᠵᠢᠱᠢᠬᠦ ᠥᠷᠲᠡᠭ ᠢ ᠭᠤᠷᠪᠠᠳᠠᠭᠢ ᠡᠲᠡᠭᠡᠳ ᠤᠨ ᠦᠨᠡᠯᠡᠨ ᠵᠢᠱᠢᠬᠦ ᠺᠣᠮᠫᠠᠨᠢ ᠪᠠᠷ ᠪᠠᠷᠢᠮᠵᠢᠶ᠎ᠠ | ᠪᠣᠯᠭᠠᠨ᠎ᠠ᠃ ᠵᠢᠭᠡᠯᠡᠯᠭᠡ ᠶᠢᠨ ᠲᠤᠭ᠎ᠠ ᠬᠡᠮᠵᠢᠶ᠎ᠡ = ᠭᠡᠷ ᠪᠠᠶᠢᠰᠢᠩ ᠤᠨ ᠪᠠᠷᠢᠯᠭ᠎ᠠ ᠶᠢᠨ ᠥᠪᠡᠷ ᠤᠨ ᠥᠷᠳᠡᠭ × | ᠪᠠᠷᠢᠯᠭ᠎ᠠ ᠶᠢᠨ ᠲᠠᠯᠠᠪᠠᠢ × ᠪᠠᠷᠢᠴᠠᠭᠠᠯᠠᠬᠤ ᠨᠤᠷᠮ᠎ᠠ᠃ | ᠠᠷᠪᠠᠨ ᠲᠠᠪᠤᠳᠤᠭᠠᠷ ᠵᠦᠢᠯ ᠵᠢᠭᠡᠯᠡᠯᠭᠡ ᠶᠢᠨ ᠪᠡᠷᠢᠴᠠᠭᠠᠨ ᠤ ᠭᠡᠷ᠎ᠡ ᠲᠣᠭᠲᠠᠭᠠᠭᠰᠠᠨ ᠤ ᠲᠠᠷᠠᠭ᠎ᠠ᠂ ᠪᠠᠩᠬᠢ ᠨᠢ | ᠪᠠᠷᠢᠴᠠᠭᠠᠯᠠᠭᠴᠢ ᠲᠠᠢ ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠥᠪ ᠲᠤ ᠭᠡᠷ ᠪᠠᠶᠢᠰᠢᠩ ᠤᠨ | ᠥᠮᠴᠢᠯᠡᠯ ᠤᠨ ᠡᠷᠬᠡ ᠵᠢᠴᠢ ᠣᠷᠣᠨ ᠰᠠᠭᠤᠴᠠ ᠶᠢᠨ ᠭᠠᠵᠠᠷ ᠢ ᠬᠡᠷᠡᠭᠯᠡᠬᠦ ᠡᠷᠬᠡ ᠶᠢ ᠪᠠᠷᠢᠴᠠᠭᠠᠯᠠᠬᠤ | ᠳᠠᠩᠰᠠᠯᠠᠯᠲᠠ ᠶᠢᠨ ᠭᠠᠷ ᠭᠦᠢᠴᠡᠳᠬᠡᠯ ᠬᠢᠬᠦ ᠶᠢᠨ ᠬᠠᠮᠲᠤ ᠬᠤᠯᠪᠣᠭᠳᠠᠯ ᠪᠦᠬᠦᠢ ᠭᠡᠷᠡᠴᠢᠯᠡᠬᠦ ᠮᠠᠲ᠋ᠧᠷᠢᠶᠠᠯ ᠢ ᠣᠯᠬᠤ | ᠬᠡᠷᠡᠭᠲᠡᠢ᠃ | ᠠᠷᠪᠠᠨ ᠵᠢᠷᠭᠤᠳᠤᠭᠠᠷ ᠵᠦᠢᠯ ᠵᠣᠭᠤᠰ ᠵᠢᠭᠡᠯᠡᠭᠴᠢ ᠬᠡᠷᠪᠡ ᠪᠡᠷᠢᠴᠠᠭᠠᠨ ᠤ ᠡᠳ᠋ ᠢᠶᠠᠨ ᠬᠤᠪᠢᠷᠠᠭᠤᠯᠬᠤ ᠳᠤ | ᠬᠥᠷᠪᠡᠯ᠂ ᠵᠣᠭᠤᠰ ᠵᠢᠭᠡᠯᠡᠭᠦᠯᠦᠭᠴᠢ ᠳᠤ ᠭᠤᠶᠤᠴᠢᠯᠠᠯ ᠭᠠᠷᠭᠠᠵᠤ᠂ ᠵᠣᠭᠤᠰ ᠵᠢᠭᠡᠯᠡᠭᠦᠯᠦᠭᠴᠢ ᠶᠢᠨ ᠪᠢᠴᠢᠭ ᠤᠨ | ᠵᠥᠪᠰᠢᠶᠡᠷᠡᠯ ᠢ ᠣᠯᠣᠭᠰᠠᠨ ᠤ ᠲᠠᠷᠠᠭ᠎ᠠ᠂ ᠬᠤᠯᠪᠣᠭᠳᠠᠯ ᠪᠦᠬᠦᠢ ᠪᠡᠷᠢᠴᠠᠭᠠᠨ ᠤ ᠡᠳ᠋ ᠢ ᠬᠤᠪᠢᠷᠠᠭᠤᠯᠬᠤ ᠭᠠᠷ | ᠭᠦᠢᠴᠡᠳᠬᠡᠯ ᠬᠢᠬᠦ ᠬᠡᠷᠡᠭᠲᠡᠢ᠃ ᠬᠤᠪᠢᠷᠠᠭᠤᠯᠤᠭᠰᠠᠨ ᠤ ᠳᠠᠷᠠᠭᠠᠬᠢ ᠪᠡᠷᠢᠴᠠᠭᠠᠨ ᠤ ᠡᠳ᠋ ᠤᠨ ᠥᠷᠲᠡᠭ ᠨᠢ ᠤᠤᠯ ᠤᠨ | ᠪᠡᠷᠢᠴᠠᠭᠠᠨ ᠤ ᠡᠳ᠋ ᠤᠨ ᠥᠷᠲᠡᠭ ᠠᠴᠠ ᠳᠣᠣᠷ᠎ᠠ ᠪᠠᠶᠢᠵᠤ ᠪᠣᠯᠬᠤ ᠦᠭᠡᠢ ᠮᠥᠷᠲᠡᠭᠡᠨ ᠡᠷᠬᠡᠪᠰᠢ ᠬᠠᠤᠯᠢ ᠶᠣᠰᠣᠨ ᠤ | ᠬᠦᠴᠦᠨ ᠪᠦᠬᠦᠢ ᠪᠡᠷᠢᠴᠠᠭᠠᠨ ᠤ ᠳᠠᠩᠰᠠᠯᠠᠯᠲᠠ ᠶᠢᠨ ᠭᠠᠷ ᠭᠦᠢᠴᠡᠳᠬᠡᠯ ᠬᠢᠭᠰᠡᠨ ᠤ ᠳᠠᠷᠠᠭ᠎ᠠ᠂ ᠤᠤᠯ ᠤᠨ ᠬᠥᠳᠡᠭᠡ | ᠲᠣᠰᠬᠤᠨ ᠤ ᠣᠷᠣᠨ ᠰᠠᠭᠤᠴᠠ ᠶᠢᠨ ᠭᠠᠵᠠᠷ ᠢ ᠬᠡᠷᠡᠭᠯᠡᠬᠦ ᠡᠷᠬᠡ ᠵᠢᠴᠢ ᠭᠡᠷ ᠪᠠᠶᠢᠰᠢᠩ ᠤᠨ ᠥᠮᠴᠢᠯᠡᠯ ᠤᠨ | ᠡᠷᠬᠡ ᠶᠢᠨ ᠪᠡᠷᠢᠴᠠᠭᠠᠨ ᠤ ᠳᠠᠩᠰᠠᠯᠠᠯᠲᠠ ᠶᠢ ᠬᠦᠴᠦᠨ ᠦᠭᠡᠢ ᠪᠣᠯᠭᠠᠬᠤ ᠬᠡᠷᠡᠭᠲᠡᠢ᠃ | ᠲᠠᠪᠤᠳᠤᠭᠠᠷ ᠪᠦᠯᠦᠭ ᠵᠢᠭᠡᠯᠡᠯᠭᠡ ᠲᠠᠯᠪᠢᠭᠰᠠᠨ ᠤ ᠳᠠᠷᠠᠭᠠᠬᠢ ᠬᠠᠮᠢᠶᠠᠷᠤᠯᠲᠠ ᠵᠢᠴᠢ ᠲᠦᠭᠰᠢᠭᠦᠷᠢ ᠶᠢ | ᠰᠡᠷᠭᠡᠶᠢᠯᠡᠨ ᠡᠵᠡᠮᠳᠡᠬᠦ | ᠠᠷᠪᠠᠨ ᠳᠣᠯᠣᠳᠤᠭᠠᠷ ᠵᠦᠢᠯ ᠵᠢᠭᠡᠯᠡᠭᠦᠯᠦᠭᠰᠡᠨ ᠤ ᠳᠠᠷᠠᠭᠠᠬᠢ ᠬᠠᠮᠢᠶᠠᠷᠤᠯᠲᠠ᠃ ᠪᠠᠩᠬᠢ ᠶᠢᠨ ᠵᠢᠭᠡᠯᠡᠯᠭᠡ | ᠲᠠᠯᠪᠢᠭᠰᠠᠨ ᠤ ᠳᠠᠷᠠᠭᠠᠬᠢ ᠬᠠᠮᠢᠶᠠᠷᠤᠯᠲᠠ ᠶᠢᠨ ᠲᠣᠭᠲᠠᠭᠠᠯ ᠪᠣᠯᠣᠨ ᠭᠡᠷ᠎ᠡ ᠶᠢᠨ ᠪᠣᠯᠵᠤᠭ᠎ᠠ ᠶᠢ ᠴᠢᠩᠭ᠎ᠠ ᠵᠢᠷᠤᠮᠯᠠᠨ | ᠵᠢᠭᠡᠯᠡᠯᠭᠡ ᠲᠠᠯᠪᠢᠭᠰᠠᠨ ᠤ ᠳᠠᠷᠠᠭᠠᠬᠢ ᠬᠠᠮᠢᠶᠠᠷᠤᠯᠲᠠ ᠶᠠᠪᠤᠭᠤᠯᠵᠤ᠂ ᠬᠥᠳᠡᠭᠡ ᠲᠣᠰᠬᠤᠨ ᠤ ᠣᠷᠣᠨ ᠰᠠᠭᠤᠴᠠ ᠶᠢᠨ | ᠭᠠᠵᠠᠷ ᠢ ᠬᠡᠷᠡᠭᠯᠡᠬᠦ ᠡᠷᠬᠡ ᠵᠢᠴᠢ ᠭᠡᠷ ᠪᠠᠶᠢᠰᠢᠩ ᠤᠨ ᠥᠮᠴᠢᠯᠡᠯ ᠤᠨ ᠡᠷᠬᠡ ᠶᠢᠨ ᠪᠡᠷᠢᠴᠠᠭᠠᠨ ᠤ ᠲᠠᠩᠰᠠ ᠡᠪᠬᠡᠮᠡᠯ ᠢ | ᠪᠠᠶᠢᠭᠤᠯᠤᠨ ᠲᠡᠭᠦᠯᠳᠡᠷᠵᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠬᠠᠷᠢᠭᠤ ᠰᠤᠷᠪᠤᠯᠵᠢᠯᠠᠨ᠂ ᠲᠤᠬᠠᠢ ᠶᠢᠨ | ᠭᠠᠵᠠᠷ ᠲᠤᠨᠢ ᠪᠠᠶᠢᠴᠠᠭᠠᠨ ᠦᠵᠡᠵᠦ᠂ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠬᠤᠪᠢᠷᠠᠯᠲᠠ ᠵᠢᠴᠢ | ᠵᠣᠭᠤᠰ ᠵᠢᠭᠡᠯᠡᠭᠴᠢ ᠶᠢᠨ ᠡᠵᠡᠩᠨᠡᠯᠲᠡ ᠶᠢᠨ ᠣᠷᠣᠯᠭ᠎ᠠ ᠳᠤ ᠤᠴᠠᠷᠠᠭᠤᠯᠤᠭᠰᠠᠨ ᠨᠥᠯᠥᠭᠡ ᠶᠢ ᠨᠢᠭᠲᠠ ᠠᠩᠬᠠᠷᠴᠤ᠂ | ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠢ | ᠬᠡᠷᠡᠭᠯᠡᠬᠦ ᠡᠷᠬᠡ ᠵᠢᠴᠢ ᠭᠡᠷ ᠪᠠᠶᠢᠰᠢᠩ ᠤᠨ ᠥᠮᠴᠢᠯᠡᠯ ᠤᠨ ᠡᠷᠬᠡ ᠶᠢᠨ ᠪᠡᠷᠢᠴᠠᠭᠠᠨ ᠤ ᠵᠢᠭᠡᠯᠡᠯᠭᠡ ᠶᠢᠨ | ᠲᠦᠭᠰᠢᠭᠦᠷᠢ ᠶᠢ ᠠᠷᠭᠠᠴᠠᠭᠠᠬᠤ ᠬᠡᠷᠡᠭᠲᠡᠢ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠭᠠᠴᠠᠭ᠎ᠠ ᠲᠣᠰᠬᠤᠨ | ᠯᠤᠭ᠎ᠠ ᠬᠢᠨᠠᠯᠲᠠ ᠬᠠᠮᠢᠶᠠᠷᠤᠯᠲᠠ ᠶᠢᠨ ᠬᠠᠮᠲᠤᠷᠠᠯᠴᠠᠭ᠎ᠠ ᠶᠢᠨ ᠵᠥᠪᠯᠡᠯᠴᠡᠭᠡᠷ ᠲᠣᠭᠲᠠᠵᠤ᠂ ᠭᠠᠴᠠᠭ᠎ᠠ ᠲᠣᠰᠬᠤᠨ ᠨᠢ | ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠢᠲᠡᠭᠡᠮᠵᠢᠲᠦ ᠵᠢᠭᠡᠯᠡᠯᠭᠡ ᠶᠢᠨ | ᠲᠦᠭᠰᠢᠭᠦᠷᠢ ᠶᠢ ᠰᠡᠷᠭᠡᠶᠢᠯᠡᠬᠦ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠬᠠᠮᠲᠤᠪᠠᠷ ᠪᠠᠶᠢᠭᠤᠯᠬᠤ ᠬᠡᠷᠡᠭᠲᠡᠢ᠃ | ᠠᠷᠪᠠᠨ ᠨᠠᠢᠮᠠᠳᠤᠭᠠᠷ ᠵᠦᠢᠯ ᠲᠦᠭᠰᠢᠬᠦᠷᠢ ᠶᠢ ᠤᠷᠢᠳᠴᠢᠯᠠᠨ ᠰᠡᠷᠡᠮᠵᠢᠯᠡᠭᠦᠯᠬᠦ ᠳᠦᠷᠢᠮ ᠪᠠ ᠬᠦᠨᠳᠦ ᠶᠡᠭᠡ | ᠲᠦᠭᠰᠢᠭᠦᠷᠢ ᠶᠢᠨ ᠳᠣᠬᠢᠶ᠎ᠠ ᠶᠢ ᠮᠡᠳᠡᠭᠦᠯᠬᠦ ᠳᠦᠷᠢᠮ ᠢ ᠪᠠᠶᠢᠭᠤᠯᠤᠨ᠎ᠠ᠃ ᠵᠣᠭᠤᠰ ᠵᠢᠭᠡᠯᠡᠬᠦ ᠬᠤᠭᠤᠴᠠᠭ᠎ᠠ ᠬᠢᠵᠠᠭᠠᠷ | ᠤᠨ ᠳᠣᠲᠣᠷ᠎ᠠ᠂ ᠳᠣᠣᠷ᠎ᠠ ᠵᠢᠭᠰᠠᠭᠠᠭᠰᠠᠨ ᠪᠠᠶᠢᠳᠠᠯ ᠭᠠᠷᠴᠤ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠶᠢᠨ ᠠᠮᠤᠷ | ᠲᠦᠪᠰᠢᠨ ᠢ ᠰᠦᠷᠳᠡᠭᠦᠯᠦᠭᠰᠡᠨ ᠪᠠᠶᠢᠪᠠᠯ᠂ ᠲᠣᠭᠲᠠᠭᠠᠯ ᠶᠣᠰᠣᠭᠠᠷ ᠴᠠᠭ ᠲᠤᠬᠠᠢ ᠳᠤᠨᠢ ᠤᠷᠢᠳᠴᠢᠯᠡᠨ | ᠰᠡᠷᠡᠮᠵᠢᠯᠡᠭᠦᠯᠬᠦ ᠪᠠ ᠮᠡᠳᠡᠭᠦᠯᠬᠦ ᠶᠢᠨ ᠬᠠᠮᠲᠤ ᠲᠦᠭᠰᠢᠭᠦᠷᠢ ᠶᠢ ᠡᠵᠡᠮᠳᠡᠬᠦ ᠪᠠ ᠡᠶᠡᠳᠡᠬᠦᠯᠬᠦ ᠵᠣᠬᠢᠴᠠᠩᠭᠤᠢ ᠠᠷᠭ᠎ᠠ | ᠬᠡᠮᠵᠢᠶ᠎ᠡ ᠠᠪᠬᠤ ᠬᠡᠷᠡᠭᠲᠡᠢ᠃ | ︵ᠨᠢᠭᠡ︶ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠳᠤ ᠬᠤᠪᠢᠷᠠᠯᠲᠠ ᠭᠠᠷᠤᠭᠰᠠᠨ ᠠᠴᠠ | ᠪᠣᠯᠵᠤ ᠪᠠᠷᠢᠴᠠᠭᠠᠯᠠᠭᠰᠠᠨ ᠪᠠᠷᠠᠭᠠᠨ ᠤ ᠭᠦᠢᠯᠭᠡᠭᠡᠨ ᠤ ᠡᠷᠬᠡ ᠶᠢ ᠬᠤᠪᠢᠷᠠᠭᠤᠯᠬᠤ ᠡᠷᠬᠡ ᠶᠢ ᠬᠢᠵᠠᠭᠠᠷᠯᠠᠵᠤ᠂ | ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠳᠤ ᠠᠰᠢᠭ ᠦᠭᠡᠢ ᠨᠥᠯᠥᠭᠡ ᠦᠵᠡᠭᠦᠯᠦᠭᠰᠡᠨ᠃ | ︵ᠬᠤᠶᠠᠷ︶ ᠬᠦᠨᠳᠦ ᠶᠡᠭᠡ ᠪᠠᠶᠢᠭᠠᠯᠢ ᠶᠢᠨ ᠭᠠᠮᠰᠢᠭ ᠤᠨ ᠬᠡᠷᠡᠭ ᠭᠠᠷᠴᠤ᠂ ᠪᠡᠷᠢᠴᠠᠭᠠᠨ ᠤ ᠡᠳ᠋ ᠤᠨ ᠦᠷᠳᠡᠭ | ᠪᠤᠶᠤ ᠦᠢᠯᠡᠳᠪᠦᠷᠢᠯᠡᠯ ᠡᠵᠡᠩᠨᠡᠯᠲᠡ ᠳᠤ ᠬᠦᠨᠳᠦ ᠶᠡᠭᠡ ᠨᠥᠯᠥᠭᠡ ᠦᠵᠡᠭᠦᠯᠦᠭᠰᠡᠨ᠃ | ︵ᠭᠤᠷᠪᠠ︶ ᠪᠠᠷᠢᠴᠠᠭᠠᠯᠠᠭᠰᠠᠨ ᠭᠡᠷ ᠬᠥᠷᠥᠩᠭᠡ ᠶᠢ ᠨᠤᠷᠠᠭᠠᠵᠤ ᠨᠡᠭᠦᠯᠭᠡᠬᠦ ᠬᠡᠪᠴᠢᠶᠡᠨ ᠳᠤ ᠣᠷᠣᠭᠤᠯᠤᠭᠰᠠᠨ | ᠪᠤᠶᠤ ᠪᠠᠶᠢᠴᠠᠭᠠᠨ ᠪᠢᠲᠡᠭᠦᠮᠵᠢᠯᠡᠭᠰᠡᠨ᠂ ᠵᠣᠭᠤᠰ ᠵᠢᠭᠡᠯᠡᠭᠴᠢ ᠨᠢ ᠪᠠᠰᠠ ᠪᠤᠰᠤᠳ ᠬᠠᠤᠯᠢ ᠶᠣᠰᠣᠨ ᠤ᠂ ᠭᠦᠢᠴᠡᠳ | ᠦᠷᠳᠡᠭ ᠤᠨ ᠳᠠᠭᠠᠭᠠᠯᠲᠠ ᠬᠠᠩᠭᠠᠵᠤ ᠴᠢᠳᠠᠭᠰᠠᠨ ᠦᠭᠡᠢ ᠠᠴᠠ ᠪᠣᠯᠵᠤ ᠵᠣᠭᠤᠰ ᠵᠢᠭᠡᠯᠡᠭᠦᠯᠦᠭᠴᠢ ᠶᠢᠨ | ᠠᠪᠴᠠᠭ᠎ᠠ ᠶᠢ ᠨᠥᠯᠥᠭᠡᠯᠡᠵᠦ ᠮᠡᠳᠡᠨ᠎ᠡ᠃ | ︵ᠲᠦᠷᠪᠡ︶ ᠵᠣᠭᠤᠰ ᠵᠢᠭᠡᠯᠡᠭᠴᠢ ᠨᠢ ᠲᠤᠰ ᠭᠠᠵᠠᠷ ᠲᠤ ᠪᠤᠶᠤ ᠪᠦᠬᠦ ᠭᠡᠷ ᠢᠶᠠᠷ ᠢᠶᠠᠨ ᠲᠤᠰ ᠬᠠᠷᠢᠶ᠎ᠠ | ᠣᠷᠣᠨ ᠠᠴᠠ ᠪᠠᠨ ᠨᠡᠭᠦᠵᠦ ᠶᠠᠪᠤᠭᠠᠳ ᠤᠳᠠᠵᠤ ᠪᠠᠶᠢᠬᠤ᠃ | ︵ᠲᠠᠪᠤ︶ ᠵᠣᠭᠤᠰ ᠵᠢᠭᠡᠯᠡᠭᠴᠢ ᠨᠢ ᠵᠢᠭᠤᠷᠠᠯᠳᠤᠭᠠᠨ ᠳᠤ ᠬᠤᠯᠪᠣᠭᠳᠠᠨ᠂ ᠢᠲᠡᠭᠡᠮᠵᠢᠲᠦ ᠵᠢᠭᠡᠯᠡᠯᠭᠡ ᠶᠢᠨ ᠪᠡᠯᠡ | ᠮᠥᠩᠭᠦ ᠶᠢᠨ ᠠᠮᠤᠷ ᠲᠦᠪᠰᠢᠨ ᠢ ᠨᠥᠯᠥᠭᠡᠯᠡᠵᠦ ᠮᠡᠳᠡᠬᠦ᠃ | ︵ᠵᠢᠷᠭᠤᠭ᠎ᠠ︶ ᠵᠢᠭᠡᠯᠡᠯᠭᠡ ᠶᠢᠨ ᠲᠦᠭᠰᠢᠭᠦᠷᠢ ᠶᠢ ᠨᠡᠮᠡᠭᠳᠡᠭᠦᠯᠬᠦ ᠳᠤ ᠬᠦᠷᠦᠭᠦᠯᠦᠭᠰᠡᠨ ᠪᠤᠰᠤᠳ ᠪᠠᠶᠢᠳᠠᠯ᠃ | ᠠᠷᠪᠠ ᠶᠢᠰᠦᠳᠦᠭᠡᠷ ᠵᠦᠢᠯ ᠬᠡᠷᠪᠡ ᠬᠦᠨᠳᠦ ᠶᠡᠭᠡ ᠪᠠᠶᠢᠭᠠᠯᠢ ᠶᠢᠨ ᠭᠠᠮᠰᠢᠭ ᠪᠤᠶᠤ ᠬᠦᠨᠳᠦ ᠶᠡᠭᠡ ᠬᠢᠵᠢᠭ ᠤᠨ | ᠪᠠᠶᠢᠳᠠᠯ ᠳᠤ ᠲᠤᠯᠭᠠᠷᠠᠭᠠᠳ ᠵᠢᠭᠡᠯᠡᠯᠭᠡ ᠪᠠᠨ ᠪᠤᠴᠠᠭᠠᠬᠤ ᠬᠤᠭᠤᠴᠠᠭ᠎ᠠ ᠨᠢ ᠲᠤᠯᠤᠭᠠᠳ ᠪᠤᠴᠠᠭᠠᠬᠤ ᠶᠢᠨ ᠠᠷᠭ᠎ᠠ | ᠦᠭᠡᠢ ᠪᠣᠯᠤᠭᠰᠠᠨ ᠪᠣᠯᠪᠠᠴᠤ ᠮᠥᠨ ᠬᠦ ᠬᠡᠪ ᠤᠨ ᠦᠢᠯᠡᠳᠪᠦᠷᠢᠯᠡᠯ ᠡᠵᠡᠩᠨᠡᠯᠲᠡ ᠶᠢᠨ ᠴᠢᠳᠠᠪᠤᠷᠢ ᠲᠠᠢ ᠪᠠᠶᠢᠪᠠᠯ᠂ | ᠳᠠᠭᠠᠭᠠᠯᠲᠠ ᠬᠢᠬᠦ ᠠᠷᠭ᠎ᠠ ᠬᠡᠮᠵᠢᠶ᠎ᠡ ᠪᠠᠨ ᠠᠯᠳᠠᠬᠤ ᠦᠭᠡᠢ ᠵᠢᠴᠢ ᠥᠷᠳᠡᠭ ᠨᠢ ᠪᠠᠭᠤᠷᠠᠬᠤ ᠦᠭᠡᠢ ᠪᠠᠶᠢᠳᠠᠯ ᠳᠣᠣᠷ᠎ᠠ | ᠂ ᠬᠢᠨᠠᠨ ᠬᠠᠷᠭᠤᠭᠤᠯᠵᠤ ᠵᠥᠪᠰᠢᠶᠡᠷᠡᠭᠦᠯᠦᠭᠰᠡᠨ ᠤ ᠲᠠᠷᠠᠭ᠎ᠠ ᠬᠤᠭᠤᠴᠠᠭ᠎ᠠ ᠶᠢ ᠤᠷᠲᠤᠳᠬᠠᠬᠤ ᠪᠤᠶᠤ ᠵᠢᠭᠡᠯᠡᠯᠭᠡ ᠶᠢ | ᠦᠷᠭᠦᠯᠵᠢᠯᠡᠭᠦᠯᠵᠦ ᠪᠣᠯᠣᠨ᠎ᠠ᠃ | ᠬᠤᠷᠢᠳᠤᠭᠠᠷ ᠵᠦᠢᠯ ᠰᠢᠭᠦᠬᠦ ᠬᠤᠷᠢᠶ᠎ᠠ ᠠᠴᠠ ᠲᠠᠷᠢᠶᠠᠴᠢᠨ ᠤ ᠣᠷᠣᠨ ᠰᠠᠭᠤᠴᠠ ᠶᠢᠨ ᠪᠡᠷᠢᠴᠠᠭᠠᠨ ᠤ ᠡᠷᠬᠡ ᠶᠢ | ᠳᠡᠮᠵᠢᠬᠦ ᠦᠭᠡᠢ ᠭᠡᠰᠡᠨ ᠲᠠᠰᠤᠯᠤᠯᠲᠠ ᠭᠠᠷᠴᠤ᠂ ᠪᠡᠷᠢᠴᠠᠭᠠᠨ ᠤ ᠡᠷᠬᠡ ᠶᠢ ᠪᠡᠶᠡᠯᠡᠭᠦᠯᠬᠦ ᠳᠤ ᠬᠦᠴᠢᠷᠳᠡᠯ | ᠤᠴᠠᠷᠠᠭᠤᠯᠤᠭᠰᠠᠨ᠂ ᠡᠰᠡᠬᠦᠯ᠎ᠡ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠢ ᠬᠡᠷᠡᠭᠯᠡᠬᠦ ᠡᠷᠬᠡ ᠵᠢᠴᠢ | ᠭᠡᠷ ᠪᠠᠶᠢᠰᠢᠩ ᠤᠨ ᠥᠮᠴᠢᠯᠡᠯ ᠤᠨ ᠡᠷᠬᠡ ᠶᠢᠨ ᠪᠡᠷᠢᠴᠠᠭᠠᠨ ᠤ ᠵᠢᠭᠡᠯᠡᠯᠭᠡ ᠶᠢᠨ ᠡᠷᠡᠭᠦᠯ ᠪᠤᠰᠤ ᠨᠣᠷᠮ᠎ᠠ ᠨᠢ 3% | ᠠᠴᠠ ᠬᠡᠲᠦᠷᠡᠭᠰᠡᠨ ᠰᠠᠯᠪᠤᠷᠢ ᠪᠠᠶᠢᠭᠤᠯᠤᠮᠵᠢ ᠳᠤ ᠲᠣᠰ ᠵᠦᠢᠯ ᠤᠨ ᠲᠤᠬᠠᠶᠢᠯᠠᠭᠰᠠᠨ ᠠᠵᠢᠯ ᠢ ᠥᠷᠨᠢᠭᠦᠯᠬᠦ ᠶᠢ ᠲᠦᠷ | ᠵᠣᠭᠰᠣᠭᠠᠨ᠎ᠠ᠃ | ᠵᠢᠷᠭᠤᠳᠤᠭᠠᠷ ᠪᠦᠯᠦᠭ ᠪᠡᠷᠢᠴᠠᠭᠠᠨ ᠤ ᠡᠳ᠋ ᠢ ᠰᠢᠢᠳᠪᠦᠷᠢᠯᠡᠬᠦ | ᠬᠤᠷᠢᠨ ᠨᠢᠭᠡᠳᠦᠭᠡᠷ ᠵᠦᠢᠯ ᠵᠢᠭᠡᠯᠡᠯᠭᠡ ᠶᠢᠨ ᠬᠤᠭᠤᠴᠠᠭ᠎ᠠ ᠨᠢ ᠲᠤᠯᠤᠭᠰᠠᠨ ᠤ ᠳᠠᠷᠠᠭ᠎ᠠ᠂ ᠵᠣᠭᠤᠰ ᠵᠢᠭᠡᠯᠡᠭᠴᠢ | ᠦᠨᠡᠬᠡᠷ ᠵᠢᠭᠡᠯᠡᠯᠭᠡ ᠪᠠᠨ ᠪᠤᠴᠠᠭᠠᠬᠤ ᠴᠢᠳᠠᠯ ᠦᠭᠡᠢ ᠪᠤᠶᠤ ᠪᠣᠯᠵᠤᠭ᠎ᠠ ᠬᠠᠤᠯᠢ ᠶᠣᠰᠣᠭᠠᠷ ᠪᠡᠷᠢᠴᠠᠭᠠᠨ ᠤ ᠡᠷᠬᠡ ᠪᠠᠨ | ᠬᠡᠷᠡᠭᠵᠢᠭᠦᠯᠬᠦ ᠴᠢᠬᠤᠯᠠ ᠲᠠᠢ ᠪᠠᠶᠢᠳᠠᠯ ᠭᠠᠷᠴᠤ᠂ ᠵᠣᠭᠤᠰ ᠵᠢᠭᠡᠯᠡᠭᠦᠯᠦᠭᠴᠢ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ᠂ ᠲᠤᠬᠠᠢ ᠶᠢᠨ ᠭᠠᠵᠠᠷ ᠤᠨ ᠵᠠᠰᠠᠭ ᠤᠨ ᠣᠷᠳᠣᠨ ᠲᠠᠢ ᠬᠠᠮᠵᠢᠯᠴᠠᠨ ᠲᠠᠷᠢᠶᠠᠴᠢᠳ ᠤᠨ ᠣᠷᠣᠰᠢᠨ | ᠰᠠᠭᠤᠬᠤ ᠦᠨᠳᠦᠰᠦᠨ ᠡᠷᠬᠡ ᠶᠢ ᠪᠠᠲᠤᠯᠠᠭᠰᠠᠨ ᠤᠷᠢᠲᠠᠯ ᠳᠣᠣᠷ᠎ᠠ᠂ ᠵᠢᠭᠡᠯᠡᠯᠭᠡ ᠶᠢ ᠳᠠᠬᠢᠨ ᠵᠣᠬᠢᠶᠠᠨ ᠪᠠᠶᠢᠭᠤᠯᠬᠤ᠂ | ᠳᠡᠰ ᠳᠠᠷᠠᠭ᠎ᠠ ᠪᠠᠷ ᠲᠥᠯᠥᠬᠦ᠂ ᠭᠡᠷ ᠬᠥᠷᠥᠩᠭᠡ ᠶᠢ ᠬᠤᠪᠢᠷᠠᠭᠤᠯᠤᠨ ᠬᠤᠳᠠᠯᠳᠤᠬᠤ ᠪᠤᠶᠤ ᠦᠨ᠎ᠡ ᠬᠠᠶᠠᠨ | ᠬᠤᠳᠠᠯᠳᠤᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠪᠡᠷᠢᠴᠠᠭᠠᠨ ᠤ ᠡᠳ᠋ ᠢ ᠰᠢᠢᠳᠪᠦᠷᠢᠯᠡᠬᠦ ᠬᠡᠷᠡᠭᠲᠡᠢ᠂ | ᠪᠡᠷᠢᠴᠠᠭᠠᠨ ᠤ ᠡᠳ᠋ ᠢ ᠰᠢᠢᠳᠪᠦᠷᠢᠯᠡᠭᠰᠡᠨ ᠠᠰᠢᠭ ᠣᠷᠣᠯᠭ᠎ᠠ ᠶᠢ ᠵᠣᠭᠤᠰ ᠵᠢᠭᠡᠯᠡᠭᠦᠯᠦᠭᠴᠢ ᠠᠴᠠ ᠤᠷᠢᠳ ᠢᠶᠠᠷ | ᠲᠥᠯᠥᠪᠦᠷᠢ ᠣᠯᠬᠤ ᠬᠡᠷᠡᠭᠲᠡᠢ᠃ ᠪᠠᠷᠢᠴᠠᠭᠠᠯᠠᠭᠰᠠᠨ ᠲᠠᠷᠢᠶᠠᠴᠢᠨ ᠤ ᠣᠷᠣᠨ ᠰᠠᠭᠤᠴᠠ ᠶᠢ ᠬᠤᠪᠢᠷᠠᠭᠤᠯᠤᠨ | ᠬᠤᠳᠠᠯᠳᠤᠬᠤ ᠪᠤᠶᠤ ᠦᠨ᠎ᠡ ᠬᠠᠶᠠᠵᠤ ᠬᠤᠳᠠᠯᠳᠤᠬᠤ ᠳᠤ᠂ ᠰᠢᠯᠵᠢᠭᠦᠯᠦᠨ ᠠᠪᠤᠭᠴᠢ ᠶᠢᠨ ᠬᠦᠷᠢᠶ᠎ᠡ ᠬᠡᠪᠴᠢᠶ᠎ᠡ ᠶᠢ | ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠲᠦᠷᠦ ᠶᠢᠨ ᠶᠠᠪᠤᠳᠠᠯ ᠤᠨ ᠬᠤᠷᠢᠶᠠᠨ ᠤ | ᠲᠣᠭᠲᠠᠭᠠᠭᠰᠠᠨ ᠬᠦᠷᠢᠶ᠎ᠡ ᠬᠡᠪᠴᠢᠶᠡᠨ ᠳᠤ ᠬᠢᠵᠠᠭᠠᠷᠯᠠᠬᠤ ᠬᠡᠷᠡᠭᠲᠡᠢ᠃ | ᠬᠤᠷᠢᠨ ᠬᠤᠶᠠᠳᠤᠭᠠᠷ ᠵᠦᠢᠯ ᠵᠣᠭᠤᠰ ᠵᠢᠭᠡᠯᠡᠭᠴᠢ ᠲᠠᠢ ᠰᠠᠨᠠᠯ ᠨᠢᠭᠡᠳᠴᠦ ᠪᠠᠷᠢᠴᠠᠭᠠᠯᠠᠭᠰᠠᠨ ᠲᠠᠷᠢᠶᠠᠴᠢᠨ ᠤ | ᠣᠷᠣᠨ ᠰᠠᠭᠤᠴᠠ ᠶᠢ ᠰᠢᠢᠳᠪᠦᠷᠢᠯᠡᠬᠦ ᠶᠢᠨ ᠠᠷᠭ᠎ᠠ ᠦᠭᠡᠢ ᠪᠠᠶᠢᠪᠠᠯ᠂ ᠭᠡᠷ᠎ᠡ ᠶᠢᠨ ᠪᠣᠯᠵᠣᠯ ᠢ ᠦᠨᠳᠦᠰᠦᠯᠡᠨ᠂ ᠴᠠᠭ | ᠲᠤᠬᠠᠢ ᠳᠤᠨᠢ ᠠᠷᠠᠳ ᠤᠨ ᠰᠢᠭᠦᠬᠦ ᠬᠤᠷᠢᠶᠠᠨ ᠳᠤ ᠵᠠᠭᠠᠯᠳᠤᠬᠤ ᠬᠡᠷᠡᠭᠲᠡᠢ᠃ | ᠳᠣᠯᠣᠳᠤᠭᠠᠷ ᠪᠦᠯᠦᠭ ᠲᠠᠭᠠᠯᠳᠤᠭᠤᠯᠤᠭᠰᠠᠨ ᠳᠦᠷᠢᠮ | ᠬᠤᠷᠢᠨ ᠭᠤᠷᠪᠠᠳᠤᠭᠠᠷ ᠵᠦᠢᠯ ᠲᠤᠰ ᠠᠷᠭ᠎ᠠ ᠶᠢᠨ ᠰᠢᠢᠳᠪᠦᠷᠢᠯᠡᠵᠦ ᠳᠠᠭᠤᠰᠤᠭᠠᠳᠤᠢ ᠵᠦᠢᠯ ᠤᠳ ᠢ | ᠪᠠᠩᠬᠢ ᠶᠢᠨ ᠬᠠᠮᠢᠶ᠎ᠠ ᠪᠦᠬᠦᠢ ᠢᠲᠡᠭᠡᠮᠵᠢᠲᠦ ᠵᠢᠭᠡᠯᠡᠯᠭᠡ ᠶᠢᠨ ᠬᠠᠮᠢᠶᠠᠷᠤᠯᠲᠠ ᠶᠢᠨ ᠳᠦᠷᠢᠮ ᠤᠨ ᠶᠣᠰᠣᠭᠠᠷ | ᠬᠡᠷᠡᠭᠵᠢᠭᠦᠯᠦᠨ᠎ᠡ᠃ | ᠬᠤᠷᠢᠨ ᠳᠥᠷᠪᠡᠳᠦᠭᠡᠷ ᠵᠦᠢᠯ ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ 30 ᠡᠳᠦᠷ ᠤᠨ | ᠲᠠᠷᠠᠭ᠎ᠠ ᠬᠡᠷᠡᠭᠵᠢᠭᠦᠯᠦᠨ᠎ᠡ᠃ | ᠬᠢᠳᠠᠳ ᠠᠭᠤᠯᠭ᠎ᠠ ᠶᠢ ᠤᠯᠠᠭᠠᠨᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ ᠠᠴᠠ | ᠦᠵᠡᠭᠡᠷᠡᠢ︕ | ᠤᠯᠠᠭᠠᠨᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2023 ᠣᠨ ᠤ 2 ᠰᠠᠷ᠎ᠠ ᠶᠢᠨ 15 ᠤ ᠡᠳᠦᠷ ᠲᠠᠷᠤᠮᠠᠯᠯᠠᠨ ᠲᠠᠷᠬᠠᠭᠠᠪᠠ | | |