︽ᠤᠯᠠᠭᠠᠨᠬᠤᠲᠠ ᠶᠢᠨ ᠬᠥᠳᠡᠭᠡ ᠲᠣᠰᠬᠤᠨ ᠤ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠪᠠᠷᠢᠴᠠᠭᠠᠯᠠᠨ ᠲᠠᠩᠰᠠᠯᠠᠬᠤ ᠨᠠᠷᠢᠨ ᠳᠦᠷᠢᠮ︾ ᠢ ᠳᠠᠷᠤᠮᠠᠯᠯᠠᠨ ᠲᠠᠷᠬᠠᠭᠠᠬᠤ ᠲᠤᠬᠠᠢ ᠤᠯᠠᠭᠠᠨᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/8/18
   ᠤᠯᠠᠭᠠᠨᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ᠲᠠᠷᠬᠠᠭᠠᠭᠰᠠᠨ 〔2023〕 8 ᠳ᠋ᠤᠭᠠᠷ ᠲᠣᠭᠠᠲᠤ    ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠶᠢᠨ ᠬᠡᠷᠡᠭ ᠡᠷᠬᠢᠯᠡᠬᠦ ᠭᠠᠵᠠᠷ᠂ ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ᠂ ᠰᠡᠷᠭᠡᠨ ᠣᠲᠣ ᠦᠶ᠎ᠡ ᠶᠢᠨ ᠲᠠᠷᠢᠶᠠᠯᠠᠩ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠳᠤ᠄    ︽ᠤᠯᠠᠭᠠᠨᠬᠤᠲᠠ ᠶᠢᠨ ᠬᠥᠳᠡᠭᠡ ᠲᠣᠰᠬᠤᠨ ᠤ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠪᠠᠷᠢᠴᠠᠭᠠᠯᠠᠨ ᠳᠠᠩᠰᠠᠯᠠᠬᠤ ᠲᠤᠬᠠᠢ ᠨᠠᠷᠢᠨ ᠳᠦᠷᠢᠮ︾ ᠢ ᠬᠤᠲᠠ ᠶᠢᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠠᠷᠠᠢ᠃                  2023 ᠣᠨ ᠤ 2 ᠰᠠᠷ᠎ᠠ ᠶᠢᠨ 15 ᠤ ᠡᠳᠤᠷ    ᠤᠯᠠᠭᠠᠨᠬᠤᠲᠠ ᠶᠢᠨ ᠬᠥᠳᠡᠭᠡ ᠲᠣᠰᠬᠤᠨ ᠤ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠪᠠᠷᠢᠴᠠᠭᠠᠯᠠᠨ ᠳᠠᠩᠰᠠᠯᠠᠬᠤ ᠨᠠᠷᠢᠨ ᠳᠦ᠋ᠷᠢᠮ    ᠨᠢᠭᠡᠳᠦᠭᠡᠷ ᠵᠦᠢᠯ  ᠪᠦᠬᠦ ᠬᠤᠲᠠ ᠶᠢᠨ ᠬᠥᠳᠡᠭᠡ ᠲᠣᠰᠬᠤᠨ ᠤ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠪᠠᠷᠢᠴᠠᠭᠠᠯᠠᠨ ᠳᠠᠩᠰᠠᠯᠠᠬᠤ ᠠᠵᠢᠯᠯᠠᠭ᠎ᠠ ᠶᠢ ᠵᠢᠷᠤᠮᠵᠢᠭᠤᠯᠬᠤ ᠶᠢᠨ ᠲᠥᠯᠥᠭᠡ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ︾ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠭᠡ ᠲᠣᠰᠬᠤᠨ ᠤ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠬᠠᠤᠯᠢ︾ ᠲᠥᠷᠥ ᠶᠢᠨ ᠶᠠᠪᠤᠳᠠᠯ ᠤᠨ ᠬᠤᠷᠢᠶᠠᠨ ᠤ ︽ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠦᠷ ᠬᠡᠷᠡᠭᠵᠢᠭᠦᠯᠬᠦ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠵᠤ ᠲᠤᠰ ᠨᠠᠷᠢᠨ ᠳᠦᠷᠢᠮ ᠢ ᠲᠣᠭᠲᠠᠭᠠᠪᠠ᠃    ᠬᠤᠶᠠᠳᠤᠭᠠᠷ ᠵᠦᠢᠯ  ᠪᠥᠬᠦ ᠬᠤᠲᠠ ᠶᠢᠨ ᠬᠡᠪᠴᠢᠶᠡᠨ ᠳᠤ ᠬᠥᠳᠡᠭᠡ ᠲᠣᠰᠬᠤᠨ ᠤ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠪᠠᠷᠢᠴᠠᠭᠠᠯᠠᠨ ᠳᠠᠩᠰᠠᠯᠠᠬᠤ ᠳᠤ ᠲᠣᠰ ᠨᠠᠷᠢᠨ ᠳᠦᠷᠢᠮ ᠢ ᠬᠡᠷᠡᠭᠵᠢᠬᠦᠯᠤᠨ᠎ᠠ᠃    ᠭᠤᠷᠪᠠᠳᠤᠭᠠᠷ ᠵᠦᠢᠯ   ᠬᠥᠳᠡᠭᠡ ᠲᠣᠰᠬᠤᠨ ᠤ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠪᠠᠷᠢᠴᠠᠭᠠᠯᠠᠨ ᠳᠠᠩᠰᠠᠯᠠᠬᠤ ᠳᠤ ᠣᠳᠣ ᠶᠢᠨ ᠪᠠᠶᠢᠭ᠎ᠠ ᠳᠠᠭᠠᠭᠠᠴᠢᠯᠠᠯᠲᠠ ᠶᠢᠨ ᠬᠠᠷᠢᠴᠠᠭ᠎ᠠ ᠶᠢ ᠬᠤᠪᠢᠷᠠᠭᠤᠯᠬᠤ ᠦᠭᠡᠢ ᠪᠠᠶᠢᠬᠤ ᠵᠠᠷᠴᠢᠮ ᠢ ᠵᠢᠷᠤᠮᠯᠠᠬᠤ ᠬᠡᠷᠡᠭᠲᠡᠢ᠃    ᠳᠥᠷᠪᠡᠳᠦᠭᠡᠷ ᠵᠦᠢᠯ  ᠬᠥᠳᠡᠭᠡ ᠲᠣᠰᠬᠤᠨ ᠤ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠲᠤᠰ ᠬᠥᠮᠥᠨ ᠪᠤᠶᠤ ᠭᠤᠷᠪᠠᠳᠠᠭᠢ ᠬᠥᠮᠥᠨ ᠳᠤ ᠪᠠᠷᠢᠴᠠᠭᠠᠯᠠᠵᠤ ᠪᠣᠯᠣᠨ᠎ᠠ᠃    ᠲᠠᠪᠤᠳᠤᠭᠠᠷ ᠵᠦᠢᠯ   ᠬᠥᠳᠡᠭᠡ ᠲᠣᠰᠬᠤᠨ ᠤ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠪᠠᠷᠢᠴᠠᠭᠠᠯᠠᠬᠤ ᠳᠤ ᠳᠠᠩᠰᠠᠯᠠᠬᠤ ᠳᠦᠷᠢᠮ ᠢ ᠬᠡᠷᠡᠭᠵᠢᠭᠦᠯᠦᠨ᠎ᠡ᠂ ᠪᠠᠷᠢᠴᠠᠭᠠᠯᠠᠬᠤ ᠡᠷᠬᠡ ᠶᠢ ᠳᠠᠩᠰᠠᠯᠠᠭᠤᠯᠤᠭᠰᠠᠨ ᠴᠠᠭ ᠠᠴᠠ ᠡᠬᠢᠯᠡᠵᠦ ᠲᠣᠭᠲᠠᠭᠠᠨ᠎ᠠ᠃    ᠵᠢᠷᠭᠤᠳᠤᠭᠠᠷ ᠵᠦᠢᠯ  ᠬᠥᠳᠡᠭᠡ ᠲᠣᠰᠬᠤᠨ ᠤ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠪᠠᠷᠢᠴᠠᠭᠠᠯᠠᠨ ᠳᠠᠩᠰᠠᠯᠠᠬᠤ ᠳᠤ ᠨᠢᠭᠡᠳᠦᠯᠲᠡᠢ ᠦᠢᠯᠡᠳᠦᠭᠰᠡᠨ ᠤᠯᠠᠭᠠᠨᠬᠤᠲᠠ ᠶᠢᠨ ︽ᠬᠥᠳᠡᠭᠡ ᠲᠣᠰᠬᠤᠨ ᠤ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠪᠠᠷᠢᠴᠠᠭᠠᠯᠠᠨ ᠳᠠᠩᠰᠠᠯᠠᠬᠤ ᠦᠨᠡᠮᠯᠡᠯ︾ ᠢ ᠬᠢᠨᠠᠨ ᠣᠯᠭᠤᠬᠤ ᠬᠡᠷᠡᠭᠲᠡᠢ᠃    ᠳᠣᠯᠣᠳᠤᠭᠠᠷ ᠵᠦᠢᠯ  ᠤᠯᠠᠭᠠᠨᠬᠤᠲᠠ ᠶᠢᠨ ᠲᠠᠷᠢᠶᠠᠯᠠᠩ ᠤᠨ ᠡᠵᠡᠩᠨᠡᠯᠲᠡ ᠶᠢᠨ ᠦᠢᠯᠡᠴᠢᠯᠡᠭᠡᠨ ᠤ ᠥᠷᠲᠡᠭᠡ ᠪᠣᠯ ᠬᠥᠳᠡᠭᠡ ᠲᠣᠰᠬᠤᠨ ᠤ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠪᠠᠷᠢᠴᠠᠭᠠᠯᠠᠬᠤ ᠶᠢ ᠳᠠᠩᠰᠠᠯᠠᠬᠤ ᠰᠠᠯᠠᠭ᠎ᠠ ᠮᠥᠴᠢᠷ ᠪᠣᠯᠣᠨ᠎ᠠ᠂ ᠤᠯᠠᠭᠠᠨᠬᠤᠲᠠ ᠶᠢᠨ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶ᠎ᠠ ᠶᠢᠨ ᠲᠥᠪ ᠠᠴᠠ ᠬᠥᠳᠡᠭᠡ ᠲᠣᠰᠬᠤᠨ ᠤ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠪᠠᠷᠢᠴᠠᠭᠠᠯᠠᠬᠤ ᠶᠢ ᠳᠠᠩᠰᠠᠯᠠᠬᠤ ᠭᠠᠷᠳᠠᠮ ᠢ ᠬᠠᠷᠢᠭᠤᠴᠠᠨ ᠭᠦᠢᠴᠡᠳᠬᠡᠨ᠎ᠡ᠃    ᠳᠠᠩᠰᠠᠯᠠᠬᠤ ᠰᠠᠯᠠᠭ᠎ᠠ ᠮᠥᠴᠢᠷ ᠳᠣᠣᠷ᠎ᠠ ᠵᠢᠭᠰᠠᠭᠠᠭᠰᠠᠨ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠢ    ︵ᠨᠢᠭᠡ︶ ᠭᠤᠶᠤᠴᠢᠯᠠᠭᠴᠢ ᠶᠢᠨ ᠬᠠᠩᠭᠠᠭᠰᠠᠨ ᠡᠷᠬᠡ ᠶᠢᠨ ᠬᠠᠷᠢᠶᠠᠯᠠᠯ ᠤᠨ ᠭᠡᠷᠡᠴᠢ ᠪᠠ ᠪᠤᠰᠤᠳ ᠴᠢᠬᠤᠯᠠ ᠪᠦᠬᠦᠢ ᠮᠠᠲ᠋ᠧᠷᠢᠶᠠᠯ ᠢ ᠪᠠᠶᠢᠴᠠᠭᠠᠨ ᠰᠢᠯᠭᠠᠬᠤ ᠬᠡᠷᠡᠭᠳᠡᠢ᠃    ︵ᠬᠤᠶᠠᠷ︶ ᠬᠤᠯᠪᠣᠭᠳᠠᠯ ᠪᠦᠬᠦᠢ ᠳᠠᠩᠰᠠᠯᠠᠭᠤᠯᠬᠤ ᠵᠦᠢᠯᠡᠰ ᠤᠨ ᠲᠤᠬᠠᠢ ᠭᠤᠶᠤᠴᠢᠯᠠᠭᠴᠢ ᠠᠴᠠ ᠯᠠᠪᠯᠠᠨ ᠠᠰᠠᠭᠤᠬᠤ ᠬᠡᠷᠡᠭᠳᠡᠢ᠃    ︵ᠭᠤᠷᠪᠠ︶ ᠬᠤᠯᠪᠣᠭᠳᠠᠯ ᠪᠦᠬᠦᠢ ᠵᠦᠢᠯᠡᠰ ᠢ ᠦᠨᠡᠨ ᠮᠥᠨ ᠢᠶᠠᠷ᠂ ᠴᠠᠭ ᠲᠤᠬᠠᠢ ᠳᠤᠨᠢ᠂ ᠣᠨᠣᠪᠴᠢᠲᠠᠶ ᠳᠠᠩᠰᠠᠯᠠᠬᠤ ᠬᠡᠷᠡᠭᠳᠡᠢ᠃    ︵ᠲᠦᠷᠪᠡ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠡᠭᠦᠷᠭᠡ ᠬᠠᠷᠢᠭᠤᠴᠠᠯᠭ᠎ᠠ ᠨᠤᠭᠤᠳ᠃    ᠳᠠᠩᠰᠠᠯᠠᠭᠤᠯᠬᠤ ᠪᠠᠷ ᠭᠤᠶᠤᠴᠢᠯᠠᠭᠰᠠᠨ ᠬᠥᠳᠡᠭᠡ ᠲᠣᠰᠬᠤᠨ ᠤ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢᠨ ᠬᠤᠯᠪᠣᠭᠳᠠᠯ ᠪᠦᠬᠦᠢ ᠪᠠᠶᠢᠳᠠᠯ ᠢ ᠤᠯᠠᠮ ᠨᠢᠭᠡ ᠠᠯᠬᠤᠮ ᠭᠡᠷᠡᠴᠢᠯᠡᠬᠦ ᠴᠢᠬᠤᠯᠠᠲᠠᠢ ᠪᠠᠶᠢᠪᠠᠯ᠂ ᠳᠠᠩᠰᠠᠯᠠᠬᠤ ᠪᠠᠶᠢᠭᠤᠯᠤᠮᠵᠢ ᠠᠴᠠ ᠭᠤᠶᠤᠴᠢᠯᠠᠭᠴᠢ ᠶᠢ ᠮᠠᠲ᠋ᠧᠷᠢᠶᠠᠯ ᠨᠥᠬᠦᠪᠦᠷᠢᠯᠡᠭᠦᠯᠬᠦ ᠪᠠᠷ ᠱᠠᠭᠠᠷᠳᠠᠵᠤ ᠪᠣᠯᠣᠨ᠎ᠠ᠂ ᠴᠢᠬᠤᠯᠠᠲᠠᠢ ᠦᠶ᠎ᠡ ᠳᠤ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ ᠬᠢᠨᠠᠨ ᠬᠠᠷᠭᠤᠭᠤᠯᠵᠤ ᠪᠣᠯᠣᠨ᠎ᠠ᠃    ᠨᠠᠢᠮᠠᠳᠤᠭᠠᠷ ᠵᠦᠢᠯ  ᠬᠥᠳᠡᠭᠡ ᠲᠣᠰᠬᠤᠨ ᠤ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠡᠳ᠋ᠯᠡᠵᠦ ᠪᠠᠶᠢᠭ᠎ᠠ ᠬᠥᠳᠡᠭᠡ ᠲᠣᠰᠬᠤᠨ ᠤ ᠭᠠᠵᠠᠷ ᠰᠢᠷᠣᠢ ᠶᠢᠨ ᠳᠠᠭᠠᠭᠠᠴᠢᠯᠠᠭᠴᠢ ᠪᠤᠶᠤ ᠰᠢᠯᠵᠢᠭᠦᠯᠦᠨ ᠠᠪᠤᠭᠴᠢ ᠨᠢ ᠬᠥᠳᠡᠭᠡ ᠲᠣᠰᠬᠤᠨ ᠤ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠪᠠᠨ ᠪᠠᠷᠢᠴᠠᠭᠠᠯᠠᠬᠤ ᠪᠠᠷ ᠭᠤᠶᠤᠴᠢᠯᠠᠬᠤ ᠳᠤ ᠳᠣᠣᠷᠠᠬᠢ ᠨᠥᠬᠦᠴᠡᠯ ᠤᠳ ᠢ ᠬᠠᠮᠲᠤ ᠳᠤᠨᠢ ᠪᠦᠷᠢᠯᠳᠦᠭᠦᠯᠬᠦ ᠬᠡᠷᠡᠭᠲᠡᠢ᠄    ︵ᠨᠢᠭᠡ︶  ᠢᠷᠭᠡᠨ ᠤ ᠬᠡᠷᠡᠭ ᠤᠨ ᠠᠵᠢᠯᠯᠠᠭ᠎ᠠ ᠶᠢᠨ ᠪᠦᠷᠢᠨ ᠴᠢᠳᠠᠪᠤᠷᠢ ᠲᠠᠢ᠂ ᠳᠠᠩᠰᠠᠯᠠᠭᠤᠯᠬᠤ ᠪᠠᠷ ᠭᠤᠶᠤᠴᠢᠯᠠᠬᠤ ᠦᠶ᠎ᠡ ᠶᠢᠨ ᠨᠠᠰᠤ ᠨᠢ ᠪᠦᠬᠦᠯᠢ 18—60 ᠨᠠᠰᠤ᠂ ᠬᠦᠨᠳᠦ ᠶᠡᠭᠡ ᠮᠠᠭᠤ ᠢᠲᠡᠭᠡᠮᠵᠢ ᠶᠢᠨ ᠲᠡᠮᠳᠡᠭᠯᠡᠯ ᠦᠭᠡᠢ ᠮᠥᠷᠲᠡᠭᠡᠨ ᠴᠠᠭ ᠲᠤᠬᠠᠢ ᠳᠤᠨᠢ ᠡᠬᠡ ᠬᠦᠦ ᠶᠢ ᠨᠢ ᠪᠤᠴᠠᠭᠠᠬᠤ ᠬᠦᠰᠡᠯ ᠪᠠ ᠵᠣᠬᠢᠴᠠᠩᠭᠤᠢ ᠴᠢᠳᠠᠪᠤᠷᠢ ᠲᠠᠢ ᠪᠠᠶᠢᠬᠤ ᠬᠡᠷᠡᠭᠳᠡᠢ᠃    ︵ᠬᠤᠶᠠᠷ︶ ︽ᠬᠥᠳᠡᠭᠡ ᠲᠣᠰᠬᠤᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ︾ ᠢ ᠣᠯᠣᠭᠰᠠᠨ ᠪᠠᠶᠢᠬᠤ ᠬᠡᠷᠡᠭᠳᠡᠢ᠃    ︵ᠭᠤᠷᠪᠠ︶ ᠳᠠᠭᠠᠭᠠᠴᠢᠯᠠᠭᠤᠯᠤᠭᠴᠢ ᠶᠢᠨ ᠳᠠᠩᠰᠠᠯᠠᠭᠤᠯᠤᠭᠰᠠᠨ ᠪᠢᠴᠢᠭ ᠤᠨ ᠭᠡᠷᠡᠴᠢ ᠶᠢ ᠣᠯᠣᠭᠰᠠᠨ᠃    ︵ᠲᠦᠷᠪᠡ︶ ᠡᠵᠡᠩᠨᠡᠯᠲᠡ ᠶᠢᠨ ᠭᠠᠵᠠᠷ ᠰᠢᠷᠣᠢ ᠨᠢ ᠲᠠᠷᠢᠶᠠᠯᠠᠩ ᠤᠨ ᠬᠡᠷᠡᠭᠴᠡᠭᠡ ᠶᠢ ᠬᠤᠪᠢᠷᠠᠭᠤᠯᠤᠭᠰᠠᠨ ᠦᠭᠡᠢ᠃    ︵ᠲᠠᠪᠤ︶ ᠭᠥᠯᠢᠶᠡᠨ ᠠᠪᠤᠭᠴᠢ ᠨᠢ ︽ᠬᠥᠳᠡᠭᠡ ᠲᠣᠰᠬᠤᠨ ᠤ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ  ᠰᠢᠯᠵᠢᠬᠦᠯᠤᠨ ᠠᠷᠠᠯᠵᠢᠶᠠᠯᠠᠬᠤ ᠶᠢ ᠲᠣᠯᠢᠯᠠᠭᠰᠠᠨ ᠦᠨᠡᠮᠯᠡᠯ︾ ᠢ ᠣᠯᠣᠭᠰᠠᠨ ᠪᠠᠶᠢᠬᠤ ᠬᠡᠷᠡᠭᠳᠡᠢ᠃    ︵ᠵᠢᠷᠭᠤᠭ᠎ᠠ︶ ᠪᠠᠷᠢᠴᠠᠭᠠᠯᠠᠭᠴᠢ ᠨᠢ ᠠᠵᠤ ᠠᠬᠤᠶᠢᠯᠠᠯ   ᠤᠨ ᠬᠠᠤᠯᠢ ᠶᠢᠨ ᠡᠷᠭᠡᠳᠡᠨ ᠪᠠᠶᠢᠪᠠᠯ᠂ ᠪᠠᠷᠢᠴᠠᠭᠠᠯᠠᠬᠤ ᠶᠢ ᠵᠥᠪᠰᠢᠶᠡᠷᠡᠭᠰᠡᠨ ᠳᠣᠲᠣᠭᠠᠳᠤ ᠶᠢᠨ ᠬᠦᠴᠦᠨ ᠪᠦᠬᠦᠢ ᠰᠢᠢᠳᠪᠦᠷᠢ ᠶᠢ ᠭᠡᠷᠡᠴᠢᠯᠡᠬᠦ ᠪᠢᠴᠢᠭ ᠮᠠᠲ᠋ᠧᠷᠢᠶᠠᠯ ᠢ ᠭᠠᠷᠭᠠᠵᠤ ᠥᠭᠬᠦ ᠬᠡᠷᠡᠭᠲᠡᠢ᠃    ︵ᠲᠤᠯᠤᠭ᠎ᠠ︶ ᠵᠣᠭᠤᠰ ᠵᠢᠭᠡᠯᠡᠭᠦᠯᠦᠭᠴᠢ ᠶᠢᠨ ᠲᠣᠭᠲᠠᠭᠠᠭᠰᠠᠨ ᠪᠤᠰᠤᠳ ᠨᠥᠬᠦᠴᠡᠯ᠃    ᠶᠢᠰᠦᠳᠦᠭᠡᠷ ᠵᠦᠢᠯ  ᠳᠣᠣᠷ᠎ᠠ ᠵᠢᠭᠰᠠᠭᠠᠭᠰᠠᠨ ᠬᠥᠳᠡᠭᠡ ᠲᠣᠰᠬᠤᠨ ᠤ ᠭᠠᠵᠠᠷ ᠰᠢᠷᠣᠢ ᠡᠵᠡᠩᠨᠡᠯᠳᠡ ᠶᠢᠨ ᠡᠷᠬᠡ ᠶᠢ ᠪᠠᠷᠢᠴᠠᠭᠠᠯᠠᠬᠤ ᠪᠠᠷ ᠲᠣᠭᠲᠠᠭᠠᠵᠤ ᠪᠣᠯᠬᠤ ᠦᠭᠡᠢ᠄     ︵ᠨᠢᠭᠡ︶ ᠡᠷᠬᠡ ᠶᠢᠨ ᠬᠠᠷᠢᠶᠠᠯᠠᠯ ᠨᠢ ᠲᠣᠳᠣᠷᠬᠠᠢ ᠦᠭᠡᠢ᠃    ︵ᠬᠤᠶᠠᠷ︶ ᠭᠠᠵᠠᠷ ᠲᠠᠲᠠᠪᠤᠷᠢᠯᠠᠨ ᠨᠤᠷᠠᠭᠠᠵᠤ ᠨᠡᠭᠦᠯᠭᠡᠬᠦ ᠬᠡᠪᠴᠢᠶᠡᠨ ᠳᠤ ᠣᠷᠣᠭᠤᠯᠬᠤ ᠪᠠᠷ ᠬᠠᠤᠯᠢ ᠶᠣᠰᠣᠭᠠᠷ ᠵᠠᠷᠯᠠᠨ ᠨᠡᠶᠢᠲᠡᠯᠡᠭᠰᠡᠨ᠃    ︵ᠭᠤᠷᠪᠠ︶ ᠪᠤᠰᠤᠳ ᠬᠡᠯᠪᠡᠷᠢ ᠳᠤ ᠬᠢᠵᠠᠭᠠᠷᠯᠠᠭᠳᠠᠭᠰᠠᠨ᠃    ᠠᠷᠪᠠᠳᠤᠭᠠᠷ ᠵᠦᠢᠯ  ᠬᠥᠳᠡᠭᠡ ᠲᠣᠰᠬᠤᠨ ᠤ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢᠨ ᠪᠡᠷᠢᠴᠠᠭᠠᠨ ᠤ ᠳᠠᠩᠰᠠᠯᠠᠯ ᠢ ᠪᠡᠷᠢᠴᠠᠭᠠᠨ ᠤ ᠡᠷᠬᠡ ᠶᠢ ᠠᠩᠬ᠎ᠠ ᠤᠳᠠᠭ᠎ᠠ ᠳᠠᠩᠰᠠᠯᠠᠬᠤ᠂ ᠬᠤᠪᠢᠷᠠᠭᠤᠯᠬᠤ ᠳᠠᠩᠰᠠᠯᠠᠯᠲᠠ ᠪᠠ ᠬᠠᠰᠤᠬᠤ ᠳᠠᠩᠰᠠᠯᠠᠯᠲᠠ ᠭᠡᠵᠦ ᠬᠤᠪᠢᠶᠠᠨ᠎ᠠ᠃    ᠠᠷᠪᠠᠨ ᠨᠢᠭᠡᠳᠦᠭᠡᠷ ᠵᠦᠢᠯ  ᠪᠠᠷᠢᠴᠠᠭᠠᠯᠠᠭᠴᠢ ᠬᠢᠭᠡᠳ ᠪᠡᠷᠢᠴᠠᠭᠠᠨ ᠤ ᠡᠷᠬᠡᠲᠦ ᠬᠥᠮᠥᠨ ᠪᠠᠷᠢᠴᠠᠭᠠᠯᠠᠬᠤ ᠰᠠᠨᠠᠭ᠎ᠠ ᠲᠠᠢ ᠪᠣᠯᠤᠭᠰᠠᠨ ᠤ ᠲᠠᠷᠠᠭ᠎ᠠ᠂ ᠬᠤᠶᠠᠷ ᠲᠠᠯ᠎ᠠ ᠪᠠᠷ ᠢᠶᠠᠨ ᠬᠠᠮᠲᠤ ᠪᠠᠷ ᠪᠠᠷᠢᠴᠠᠭᠠᠯᠠᠬᠤ ᠶᠢ ᠳᠠᠩᠰᠠᠯᠠᠬᠤ ᠪᠠᠶᠢᠭᠤᠯᠤᠮᠵᠢ ᠳᠤ ᠪᠠᠷᠢᠴᠠᠭᠠᠯᠠᠬᠤ ᠳᠠᠩᠰᠠᠯᠠᠯᠲᠠ ᠬᠢᠯᠭᠡᠬᠦ ᠪᠠᠷ ᠭᠤᠶᠤᠴᠢᠯᠠᠵᠤ᠂ ᠪᠡᠷᠢᠴᠠᠭᠠᠨ ᠤ ᠡᠳ᠋ ᠤᠨ ᠡᠷᠬᠡ ᠶᠢᠨ ᠬᠠᠷᠢᠶᠠᠯᠠᠯ᠂ ᠲᠠᠯᠠᠪᠠᠢ᠂ ᠭᠠᠵᠠᠷ ᠤᠨ ᠵᠠᠭᠠᠭ᠂ ᠪᠠᠷᠢᠴᠠᠭᠠᠯᠠᠬᠤ ᠴᠠᠭ ᠵᠡᠷᠭᠡ ᠳᠠᠩᠰᠠᠯᠠᠭᠤᠯᠤᠭᠰᠠᠨ ᠵᠦᠢᠯᠡᠰ ᠢ ᠲᠠᠩᠰᠠᠯᠠᠵᠤ ᠨᠤᠲᠠᠯᠠᠨ ᠲᠣᠭᠲᠠᠭᠠᠨ᠎ᠠ᠃    ᠠᠷᠪᠠᠨ ᠬᠤᠶᠠᠳᠤᠭᠠᠷ ᠵᠦᠢᠯ  ᠬᠥᠳᠡᠭᠡ ᠲᠣᠰᠬᠤᠨ ᠤ ᠭᠠᠵᠠᠷ ᠰᠢᠷᠣᠢ ᠶᠢᠨ ᠳᠠᠭᠠᠭᠠᠴᠢᠯᠠᠭᠴᠢ ᠨᠢ ᠬᠥᠳᠡᠭᠡ ᠲᠣᠰᠬᠤᠨ ᠤ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢᠨ ᠪᠠᠷᠢᠴᠠᠭᠠᠯᠠᠬᠤ ᠡᠷᠬᠡ ᠶᠢ ᠠᠩᠬ᠎ᠠ ᠤᠳᠠᠭ᠎ᠠ ᠳᠠᠩᠰᠠᠯᠠᠭᠤᠯᠬᠤ ᠳᠤ ᠳᠣᠣᠷᠠᠬᠢ ᠮᠠᠲ᠋ᠧᠷᠢᠶᠠᠯ ᠤᠳ ᠢ ᠲᠤᠰᠢᠶᠠᠬᠤ ᠬᠡᠷᠡᠭᠲᠡᠢ᠄    ︵ᠨᠢᠭᠡ︶ ︽ᠬᠥᠳᠡᠭᠡ ᠲᠣᠰᠬᠤᠨ ᠤ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠪᠠᠷᠢᠴᠠᠭᠠᠯᠠᠨ ᠳᠠᠩᠰᠠᠯᠠᠭᠤᠯᠬᠤ ᠭᠤᠶᠤᠴᠢᠯᠠᠯ ᠤᠨ ᠪᠢᠴᠢᠭ︾᠃    ︵ᠬᠤᠶᠠᠷ︶ ᠪᠡᠶ᠎ᠡ ᠶᠢᠨ ᠬᠢᠷᠢ ᠬᠡᠮ ᠤᠨ ᠭᠡᠷᠡᠴᠢ᠃    ︵ᠭᠤᠷᠪᠠ︶ ᠵᠢᠭᠡᠯᠡᠯᠭᠡ ᠶᠢᠨ ᠭᠡᠷ᠎ᠡ ᠪᠠ ᠪᠡᠷᠢᠴᠠᠭᠠᠨ ᠤ ᠭᠡᠷ᠎ᠡ᠃    ︵ᠲᠦᠷᠪᠡ︶ ︽ᠬᠥᠳᠡᠭᠡ ᠲᠣᠰᠬᠤᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ︾᠃    ︵ᠲᠠᠪᠤ︶ ᠳᠠᠭᠠᠭᠠᠴᠢᠯᠠᠭᠤᠯᠤᠭᠴᠢ ᠶᠢᠨ ᠳᠠᠩᠰᠠᠯᠠᠭᠤᠯᠤᠭᠰᠠᠨ ᠪᠢᠴᠢᠭ ᠤᠨ ᠭᠡᠷᠡᠴᠢ᠃    ︵ᠵᠢᠷᠭᠤᠭ᠎ᠠ︶ ᠪᠤᠰᠤᠳ ᠬᠠᠮᠲᠤ ᠪᠠᠷ ᠥᠮᠴᠢᠯᠡᠭᠴᠢ ᠶᠢᠨ ᠪᠠᠷᠢᠴᠠᠭᠠᠯᠠᠬᠤ᠂ ᠰᠢᠢᠳᠪᠦᠷᠢᠯᠡᠬᠦ ᠶᠢ ᠵᠥᠪᠰᠢᠶᠡᠷᠡᠭᠰᠡᠨ ᠪᠢᠴᠢᠭ ᠤᠨ ᠭᠡᠷᠡᠴᠢ᠃    ︵ᠲᠤᠯᠤᠭ᠎ᠠ︶ ᠳᠠᠩᠰᠠᠯᠠᠬᠤ ᠰᠠᠯᠠᠭ᠎ᠠ ᠮᠥᠴᠢᠷ ᠠᠴᠠ ᠳᠡᠪᠰᠢᠭᠦᠯᠦᠨ ᠲᠤᠰᠢᠶᠠᠪᠠᠯ ᠵᠣᠬᠢᠨ᠎ᠠ ᠭᠡᠵᠦ ᠦᠵᠡᠭᠰᠡᠨ ᠪᠤᠰᠤᠳ ᠮᠠᠲ᠋ᠧᠷᠢᠶᠠᠯ᠃    ᠠᠷᠪᠠᠨ ᠭᠤᠷᠪᠠᠳᠤᠭᠠᠷ ᠵᠦᠢᠯ   ᠪᠤᠰᠤᠳ ᠡᠵᠡᠩᠨᠡᠯᠲᠡ ᠶᠢᠨ ᠪᠡᠶᠡᠴᠢ ᠴᠣᠭᠴᠠ ᠪᠤᠶᠤ ᠪᠠᠶᠢᠭᠠᠯᠢ ᠬᠥᠮᠥᠨ ᠬᠥᠳᠡᠭᠡ  ᠲᠣᠰᠬᠤᠨ ᠤ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠰᠢᠯᠵᠢᠬᠦᠯᠬᠦ ᠪᠠᠷ ᠪᠠᠷᠢᠴᠠᠭᠠᠯᠠᠵᠤ ᠬᠥᠳᠡᠭᠡ ᠲᠣᠰᠬᠤᠨ ᠤ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢᠨ ᠪᠠᠷᠢᠴᠠᠭᠠᠯᠠᠬᠤ ᠡᠷᠬᠡ ᠶᠢ ᠠᠩᠬ᠎ᠠ ᠤᠳᠠᠭ᠎ᠠ ᠳᠠᠩᠰᠠᠯᠠᠭᠤᠯᠬᠤ ᠳᠤ ᠳᠣᠣᠷᠠᠬᠢ ᠮᠠᠲ᠋ᠧᠷᠢᠶᠠᠯ ᠤᠳ ᠢ ᠲᠤᠰᠢᠶᠠᠬᠤ ᠬᠡᠷᠡᠭᠲᠡᠢ᠄    ︵ᠨᠢᠭᠡ︶ ︽ᠬᠥᠳᠡᠭᠡ ᠲᠣᠰᠬᠤᠨ ᠤ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠪᠠᠷᠢᠴᠠᠭᠠᠯᠠᠬᠤ ᠶᠢ ᠳᠠᠩᠰᠠᠯᠠᠭᠤᠯᠬᠤ ᠭᠤᠶᠤᠴᠢᠯᠠᠯ ᠤᠨ ᠪᠢᠴᠢᠭ︾    ︵ᠬᠤᠶᠠᠷ︶ ᠪᠠᠷᠢᠴᠠᠭᠠᠯᠠᠬᠤ ᠭᠡᠷ᠎ᠡ ᠶᠢᠨ ᠬᠤᠶᠠᠷ ᠲᠠᠯ᠎ᠠ ᠶᠢᠨ ᠲᠤᠬᠠᠢ ᠶᠢᠨ ᠬᠥᠮᠥᠨ ᠤ ᠪᠡᠶᠡᠴᠢ ᠴᠣᠭᠴᠠ ᠶᠢᠨ ᠬᠢᠷᠢ ᠬᠡᠮ ᠤᠨ ᠭᠡᠷᠡᠴᠢ ᠪᠤᠶᠤ ᠪᠠᠶᠢᠭᠠᠯᠢ ᠬᠥᠮᠥᠨ ᠤ ᠪᠡᠶ᠎ᠡ ᠶᠢᠨ ᠬᠢᠷᠢ ᠬᠡᠮ ᠤᠨ ᠭᠡᠷᠡᠴᠢ᠃    ︵ᠭᠤᠷᠪᠠ︶ ᠵᠢᠭᠡᠯᠡᠯᠭᠡ ᠶᠢᠨ ᠭᠡᠷ᠎ᠡ ᠪᠠ ᠪᠡᠷᠢᠴᠠᠭᠠᠨ ᠤ ᠭᠡᠷ᠎ᠡ᠃    ︵ᠲᠦᠷᠪᠡ︶ ᠳᠠᠭᠠᠭᠠᠴᠢᠯᠠᠭᠤᠯᠤᠭᠴᠢ ᠶᠢᠨ ᠳᠠᠩᠰᠠᠯᠠᠭᠤᠯᠤᠭᠰᠠᠨ ᠪᠢᠴᠢᠭ ᠤᠨ ᠭᠡᠷᠡᠴᠢ᠃    ︵ᠲᠠᠪᠤ︶ ᠳᠠᠭᠠᠭᠠᠴᠢᠯᠠᠭᠴᠢ᠂ ᠭᠠᠵᠠᠷ ᠰᠢᠷᠣᠢ ᠶᠢᠨ ᠭᠡᠷ ᠪᠦᠯᠢ ᠶᠢᠨ ᠬᠠᠮᠲᠤ ᠪᠠᠷ ᠥᠮᠴᠢᠯᠡᠭᠴᠢ ᠶᠢᠨ ᠪᠠᠷᠢᠴᠠᠭᠠᠯᠠᠬᠤ᠂ ᠰᠢᠢᠳᠪᠦᠷᠢᠯᠡᠬᠦ ᠶᠢ ᠵᠥᠪᠰᠢᠶᠡᠷᠡᠭᠰᠡᠨ ᠪᠢᠴᠢᠭ ᠤᠨ ᠭᠡᠷᠡᠴᠢ᠃    ︵ᠵᠢᠷᠭᠤᠭ᠎ᠠ︶ ᠪᠠᠷᠢᠴᠠᠭᠠᠯᠠᠬᠤ ᠶᠢ ᠵᠥᠪᠰᠢᠶᠡᠷᠡᠭᠰᠡᠨ ᠬᠤᠪᠢ ᠣᠷᠣᠭᠤᠯᠤᠭᠴᠢᠳ ᠤᠨ ᠡᠪᠯᠡᠯ ᠤᠨ ᠰᠢᠢᠳᠪᠦᠷᠢ ᠪᠤᠶᠤ ᠡᠳ᠋ ᠬᠥᠷᠥᠩᠭᠡ ᠶᠢ ᠬᠠᠮᠲᠤ ᠪᠠᠷ ᠥᠮᠴᠢᠯᠡᠭᠴᠢ ᠶᠢᠨ ᠪᠢᠴᠢᠭ ᠤᠨ ᠵᠥᠪᠰᠢᠶᠡᠷᠡᠯ ᠤᠨ ᠪᠢᠴᠢᠭ᠃    ︵ᠳᠣᠯᠤᠭ᠎ᠠ︶ ︽ᠬᠥᠳᠡᠭᠡ ᠲᠣᠰᠬᠤᠨ ᠤ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠰᠢᠯᠵᠢᠬᠦᠯᠬᠦ ᠠᠷᠠᠯᠵᠢᠶᠠᠨ ᠤ ᠭᠡᠷᠡᠴᠢ ᠪᠢᠴᠢᠭ︾᠃    ︵ᠨᠠᠢᠮᠠ︶ ᠬᠥᠳᠡᠭᠡ ᠲᠣᠰᠬᠤᠨ ᠤ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠰᠢᠯᠵᠢᠬᠦᠯᠬᠦ ᠭᠡᠷ᠎ᠡ ︵ᠤᠭ ᠮᠠᠲ᠋ᠧᠷᠢᠶᠠᠯ︶᠃    ︵ᠶᠢᠰᠦ︶ ᠳᠠᠩᠰᠠᠯᠠᠬᠤ ᠰᠠᠯᠠᠭ᠎ᠠ ᠮᠥᠴᠢᠷ ᠠᠴᠠ ᠳᠡᠪᠰᠢᠭᠦᠯᠦᠨ ᠲᠤᠰᠢᠶᠠᠪᠠᠯ ᠵᠣᠬᠢᠨ᠎ᠠ ᠭᠡᠵᠦ ᠦᠵᠡᠭᠰᠡᠨ ᠪᠤᠰᠤᠳ ᠮᠠᠲ᠋ᠧᠷᠢᠶᠠᠯ᠃    ᠠᠷᠪᠠᠨ ᠳᠥᠷᠪᠡᠳᠦᠭᠡᠷ ᠵᠦᠢᠯ  ᠬᠥᠳᠡᠭᠡ ᠲᠣᠰᠬᠤᠨ ᠤ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠪᠠᠷᠢᠴᠠᠭᠠᠯᠠᠬᠤ ᠬᠤᠭᠤᠴᠠᠭᠠᠨ ᠳᠤ᠂ ᠪᠠᠷᠢᠴᠠᠭᠠᠯᠠᠬᠤ ᠳᠠᠩᠰᠠᠯᠠᠯᠲᠠ ᠶᠢᠨ ᠵᠦᠢᠯᠡᠰ ᠲᠤ ᠬᠤᠪᠢᠷᠠᠯᠲᠠ ᠭᠠᠷᠪᠠᠯ᠂ ᠪᠠᠷᠢᠴᠠᠭᠠᠯᠠᠭᠴᠢ ᠠᠴᠠ ᠪᠠᠷᠢᠴᠠᠭᠠᠯᠠᠬᠤ ᠡᠷᠬᠡ ᠶᠢ ᠬᠤᠪᠢᠷᠠᠭᠤᠯᠬᠤ ᠳᠠᠩᠰᠠᠯᠠᠯᠲᠠ ᠬᠢᠯᠭᠡᠬᠦ ᠪᠠᠷ ᠭᠤᠶᠤᠴᠢᠯᠠᠬᠤ ᠶᠢᠨ ᠬᠠᠮᠲᠤ ᠳᠣᠣᠷᠠᠬᠢ ᠮᠠᠲ᠋ᠧᠷᠢᠶᠠᠯ ᠤᠳ ᠢ ᠲᠤᠰᠢᠶᠠᠨ᠎ᠠ᠄     ︵ᠨᠢᠭᠡ︶ ︽ᠬᠥᠳᠡᠭᠡ ᠲᠣᠰᠬᠤᠨ ᠤ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢᠨ ᠪᠡᠷᠢᠴᠠᠭᠠᠨ ᠤ ᠬᠤᠪᠢᠷᠠᠯᠲᠠ ᠶᠢᠨ ᠳᠠᠩᠰᠠᠯᠠᠯᠲᠠ ᠶᠢᠨ ᠪᠢᠴᠢᠭ︾᠃    ︵ᠬᠤᠶᠠᠷ︶ ᠪᠡᠶ᠎ᠡ ᠶᠢᠨ ᠬᠢᠷᠢ ᠬᠡᠮ ᠤᠨ ᠭᠡᠷᠡᠴᠢ᠃    ︵ᠭᠤᠷᠪᠠ︶ ᠬᠤᠪᠢᠷᠠᠯᠲᠠ ᠭᠠᠷᠤᠭᠰᠠᠨ ᠪᠢᠴᠢᠭ ᠤᠨ ᠭᠡᠷᠡᠴᠢ ᠮᠠᠲ᠋ᠧᠷᠢᠶᠠᠯ᠃           ︵ᠲᠦᠷᠪᠡ︶ ᠪᠡᠷᠢᠴᠠᠭᠠᠨ ᠤ ᠡᠷᠬᠡᠲᠦ ᠬᠥᠮᠥᠨ ᠤ ᠬᠤᠪᠢᠷᠠᠭᠤᠯᠬᠤ ᠶᠢ ᠵᠥᠪᠰᠢᠶᠡᠷᠡᠭᠰᠡᠨ ᠭᠡᠷᠡᠴᠢ᠃    ︵ᠲᠠᠪᠤ︶ ᠬᠥᠳᠡᠭᠡ ᠲᠣᠰᠬᠤᠨ ᠤ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢᠨ ᠪᠠᠷᠢᠴᠠᠭᠠᠯᠠᠬᠤ ᠡᠷᠬᠡ ᠶᠢᠨ ᠭᠡᠷᠡᠴᠢ᠃    ︵ᠵᠢᠷᠭᠤᠭ᠎ᠠ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠪᠠᠶᠢᠳᠠᠯ ᠤᠳ᠃    ᠠᠷᠪᠠᠨ ᠲᠠᠪᠤᠳᠤᠭᠠᠷ ᠵᠦᠢᠯ ᠬᠥᠳᠡᠭᠡ ᠲᠣᠰᠬᠤᠨ ᠤ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢᠨ ᠪᠡᠷᠢᠴᠠᠭᠠᠨ ᠤ ᠬᠤᠭᠤᠴᠠᠭ᠎ᠠ ᠲᠠᠭᠤᠰᠤᠭᠰᠠᠨ᠂ ᠡᠰᠡᠬᠦᠯ᠎ᠡ ᠪᠠᠷᠢᠴᠠᠭᠠᠯᠠᠭᠴᠢ ᠨᠢ ᠪᠡᠷᠢᠴᠠᠭᠠᠨ ᠤ ᠡᠷᠬᠡᠲᠦ ᠬᠥᠮᠥᠨ ᠲᠠᠢ ᠪᠡᠷᠢᠴᠠᠭᠠᠨ ᠤ ᠡᠷᠬᠡ ᠶᠢ ᠬᠦᠴᠦᠨ ᠦᠭᠡᠢ ᠪᠣᠯᠭᠠᠬᠤ ᠬᠡᠯᠡᠯᠴᠡᠭᠡᠷ ᠲᠣᠭᠲᠠᠭᠰᠠᠨ ᠤ ᠳᠠᠷᠠᠭ᠎ᠠ᠂ ᠪᠠᠷᠢᠴᠠᠭᠠᠯᠠᠭᠴᠢ ᠨᠢ ᠪᠡᠷᠢᠴᠠᠭᠠᠨ ᠤ ᠡᠷᠬᠡ ᠶᠢ ᠬᠦᠴᠦᠨ ᠦᠭᠡᠢ ᠪᠣᠯᠭᠠᠬᠤ ᠳᠠᠩᠰᠠᠯᠠᠯᠲᠠ ᠬᠢᠯᠭᠡᠬᠦ ᠪᠠᠷ ᠭᠤᠶᠤᠴᠢᠯᠠᠬᠤ ᠶᠢᠨ ᠬᠠᠮᠲᠤ ᠳᠣᠣᠷᠠᠬᠢ ᠮᠠᠲ᠋ᠧᠷᠢᠶᠠᠯ ᠤᠳ ᠢ ᠲᠤᠰᠢᠶᠠᠨ᠎ᠠ᠄    ︵ᠨᠢᠭᠡ︶ ︽ᠬᠥᠳᠡᠭᠡ ᠲᠣᠰᠬᠤᠨ ᠤ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢᠨ ᠪᠠᠷᠢᠴᠠᠭ᠎ᠠ ᠶᠢ ᠬᠦᠴᠦᠨ ᠦᠭᠡᠢ ᠪᠣᠯᠭᠠᠬᠤ ᠳᠠᠩᠰᠠᠯᠠᠯᠲᠠ ᠶᠢᠨ ᠪᠢᠴᠢᠭ︾᠃    ︵ᠬᠤᠶᠠᠷ︶ ᠪᠡᠶ᠎ᠡ ᠶᠢᠨ ᠬᠢᠷᠢ ᠬᠡᠮ ᠤᠨ ᠭᠡᠷᠡᠴᠢ᠃    ︵ᠭᠤᠷᠪᠠ︶ ᠪᠠᠷᠢᠴᠠᠭᠠᠯᠠᠬᠤ ᠡᠷᠬᠡ ᠨᠢ ᠭᠤᠣᠯ ᠠᠪᠴᠠᠭ᠎ᠠ ᠶᠢ ᠦᠭᠡᠶᠢᠰᠭᠡᠭᠰᠡᠨ᠂ ᠪᠠᠷᠢᠴᠠᠭᠠᠯᠠᠬᠤ ᠡᠷᠬᠡ ᠨᠢᠭᠡᠨᠲᠡ ᠪᠡᠶᠡᠯᠡᠭᠳᠡᠭᠰᠡᠨ᠂ ᠪᠠᠷᠢᠴᠠᠭᠠᠯᠠᠬᠤ ᠡᠷᠬᠡᠲᠦ ᠬᠥᠮᠥᠨ ᠤ ᠪᠠᠷᠢᠴᠠᠭᠠᠯᠠᠬᠤ ᠡᠷᠬᠡ ᠪᠠᠨ ᠬᠠᠶᠠᠭᠰᠠᠨ ᠪᠤᠶᠤ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠠᠷᠢᠴᠠᠭᠠᠯᠠᠬᠤ ᠡᠷᠬᠡ ᠶᠢᠨ ᠠᠷᠢᠯᠤᠭᠰᠠᠨ ᠪᠤᠰᠤᠳ ᠪᠠᠶᠢᠳᠠᠯ ᠠᠴᠠ ᠪᠣᠯᠵᠤ ᠬᠦᠴᠦᠨ ᠦᠭᠡᠢ ᠪᠣᠯᠭᠠᠭᠰᠠᠨ ᠢ ᠭᠡᠷᠡᠴᠢᠯᠡᠬᠦ ᠮᠠᠲ᠋ᠧᠷᠢᠶᠠᠯ᠃    ︵ᠳᠥᠷᠪᠡ︶ ᠬᠥᠳᠡᠭᠡ ᠲᠣᠰᠬᠤᠨ ᠤ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢᠨ ᠪᠠᠷᠢᠴᠠᠭᠠᠯᠠᠬᠤ ᠡᠷᠬᠡ ᠶᠢᠨ ᠭᠡᠷᠡᠴᠢ᠃    ᠠᠷᠪᠠᠨ ᠵᠢᠷᠭᠤᠳᠤᠭᠠᠷ ᠵᠦᠢᠯ  ᠲᠤᠰ ᠨᠠᠷᠢᠨ ᠳᠦᠷᠢᠮ ᠳᠤ ᠬᠡᠯᠡᠵᠦ ᠪᠠᠶᠢᠭ᠎ᠠ ᠬᠥᠳᠡᠭᠡ ᠲᠣᠰᠬᠤᠨ ᠤ ᠭᠠᠵᠠᠷ ᠰᠢᠷᠣᠢ ᠭᠡᠳᠡᠭ ᠪᠣᠯ ᠲᠠᠷᠢᠶᠠᠴᠢᠳ ᠤᠨ ᠬᠠᠤᠯᠢ ᠶᠣᠰᠣᠭᠠᠷ ᠬᠠᠮᠲᠤ ᠪᠠᠷ ᠬᠡᠷᠡᠭᠯᠡᠵᠦ ᠪᠠᠶᠢᠭ᠎ᠠ ᠲᠠᠷᠢᠶᠠᠴᠢᠳ ᠤᠨ ᠬᠠᠮᠲᠤ ᠶᠢᠨ ᠥᠮᠴᠢᠯᠡᠯ ᠤᠨ ᠪᠠ ᠤᠯᠤᠰ ᠤᠨ ᠥᠮᠴᠢᠯᠡᠯ ᠤᠨ ᠲᠠᠷᠢᠶᠠᠨ ᠭᠠᠵᠠᠷ ᠢ ᠵᠢᠭᠠᠵᠤ ᠪᠠᠶᠢᠨ᠎ᠠ᠃    ᠠᠷᠪᠠᠨ ᠳᠣᠯᠣᠳᠤᠭᠠᠷ ᠵᠦᠢᠯ ᠬᠥᠳᠡᠭᠡ ᠲᠣᠰᠬᠤᠨ ᠤ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠪᠠᠷᠢᠴᠠᠭᠠᠯᠠᠬᠤ ᠳᠠᠩᠰᠠᠯᠠᠯᠲᠠ ᠶᠢ ᠭᠦᠢᠴᠡᠳᠬᠡᠬᠦ ᠴᠠᠭ ᠤᠨ ᠬᠢᠵᠠᠭᠠᠷ ᠨᠢ ᠳᠠᠩᠰᠠᠯᠠᠭᠤᠯᠬᠤ ᠭᠤᠶᠤᠴᠢᠯᠠᠯ ᠤᠨ ᠮᠠᠲ᠋ᠧᠷᠢᠶᠠᠯ ᠢ ᠰᠢᠢᠳᠪᠦᠷᠢᠯᠡᠬᠦ ᠪᠠᠷ ᠬᠦᠯᠢᠶᠡᠨ ᠠᠪᠤᠭᠰᠠᠨ ᠤ ᠳᠠᠷᠠᠭᠠᠬᠢ 3 ᠠᠵᠢᠯᠯᠠᠬᠤ ᠡᠳᠦᠷ ᠪᠣᠯᠣᠨ᠎ᠠ᠃    ᠠᠷᠪᠠᠨ ᠨᠠᠢᠮᠠᠳᠤᠭᠠᠷ ᠵᠦᠢᠯ ᠲᠣᠰ ᠬᠡᠷᠡᠭᠵᠢᠭᠦᠯᠬᠦ ᠨᠠᠷᠢᠨ ᠳᠦᠷᠢᠮ ᠢ ᠤᠯᠠᠭᠠᠨᠬᠤᠲᠠ ᠶᠢᠨ ᠲᠠᠷᠢᠶᠠᠯᠠᠩ ᠤᠨ ᠡᠵᠡᠩᠨᠡᠯᠲᠡ ᠶᠢᠨ ᠦᠢᠯᠡᠴᠢᠯᠡᠭᠡᠨ ᠤ ᠥᠷᠲᠡᠭᠡ ᠠᠴᠠ ᠬᠠᠷᠢᠭᠤᠴᠠᠨ ᠲᠠᠶᠢᠯᠪᠤᠷᠢᠯᠠᠨ᠎ᠠ᠃    ᠠᠷᠪᠠ ᠶᠢᠰᠦᠳᠦᠭᠡᠷ ᠵᠦᠢᠯ ᠲᠤᠰ ᠨᠠᠷᠢᠨ ᠳᠦᠷᠢᠮ ᠢ ᠨᠡᠶᠢᠲᠡᠯᠡᠭᠰᠡᠨ ᠡᠳᠦᠷ ᠠᠴᠠ ᠡᠬᠢᠯᠡᠨ 30 ᠡᠳᠦᠷ ᠤᠨ ᠲᠠᠷᠠᠭ᠎ᠠ ᠬᠡᠷᠡᠭᠵᠢᠭᠦᠯᠦᠨ᠎ᠡ᠃    ᠳᠠᠭᠠᠯᠳᠤᠭᠤᠯᠤᠯ 1.2.3.4.5     ᠬᠢᠳᠠᠳ ᠠᠭᠤᠯᠭ᠎ᠠ ᠶᠢ ᠤᠯᠠᠭᠠᠨᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ ᠠᠴᠠ ᠦᠵᠡᠭᠡᠷᠡᠢ︕     ᠤᠯᠠᠭᠠᠨᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ             2023 ᠣᠨ ᠤ 2 ᠰᠠᠷ᠎ᠠ ᠶᠢᠨ 15 ᠤ ᠡᠳᠦᠷ ᠲᠠᠷᠤᠮᠠᠯᠯᠠᠨ ᠲᠠᠷᠬᠠᠭᠠᠪᠠ
 
ᠢᠷᠡᠯᠲᠡ᠄ ᠤᠯᠠᠭᠠᠨᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号