︽ᠤᠯᠠᠭᠠᠨᠬᠤᠲᠠ ᠶᠢᠨ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ ᠰᠢᠯᠵᠢᠬᠦᠯᠤᠨ ᠠᠷᠠᠯᠵᠢᠶᠠᠯᠠᠬᠤ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠲᠠᠷᠬᠠᠭᠠᠬᠤ ᠲᠤᠬᠠᠢ ᠤᠯᠠᠭᠠᠨᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/8/21
   ᠤᠯᠠᠭᠠᠨᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ   ᠠᠴᠠ ᠲᠠᠷᠬᠠᠭᠠᠭᠰᠠᠨ 〔2023〕 9  ᠳ᠋ᠤᠭᠡᠷ ᠲᠣᠭᠠᠲᠤ    ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠶᠢᠨ ᠬᠡᠷᠡᠭ ᠡᠷᠬᠢᠯᠡᠬᠦ ᠭᠠᠵᠠᠷ᠂ ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ᠂ ᠰᠡᠷᠭᠡᠨ ᠣᠲᠣ ᠦᠶ᠎ᠡ ᠶᠢᠨ ᠲᠠᠷᠢᠶᠠᠯᠠᠩ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠳᠤ᠄    ᠬᠤᠲᠠ ᠶᠢᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠤᠯᠠᠭᠠᠨᠬᠤᠲᠠ ᠶᠢᠨ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ ᠰᠢᠯᠵᠢᠬᠦᠯᠤᠨ ᠠᠷᠠᠯᠵᠢᠶᠠᠯᠠᠬᠤ ᠬᠠᠮᠢᠶᠠᠷᠤᠯᠲᠠ ᠶᠢᠨ ᠠᠷᠭ᠎ᠠ ︾ ᠶᠢ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ ᠬᠢᠨᠠᠮᠠᠭᠠᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠠᠷᠠᠢ᠃    2023 ᠣᠨ ᠤ 2 ᠰᠠᠷ᠎ᠠ ᠶᠢᠨ 15 ᠤ ᠡᠳᠤᠷ    ᠤᠯᠠᠭᠠᠨᠬᠤᠲᠠ ᠶᠢᠨ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ ᠰᠢᠯᠵᠢᠬᠦᠯᠤᠨ ᠠᠷᠠᠯᠵᠢᠶᠠᠯᠠᠬᠤ ᠬᠠᠮᠢᠶᠠᠷᠤᠯᠲᠠ ᠶᠢᠨ ᠠᠷᠭ᠎ᠠ    ᠨᠢᠭᠡᠳᠦᠭᠡᠷ ᠪᠦᠯᠦᠭ   ᠶᠡᠷᠦᠩᠬᠡᠢ ᠳᠦᠷᠢᠮ    ᠨᠢᠭᠡᠳᠦᠭᠡᠷ ᠵᠦᠢᠯ  ᠡᠯ᠎ᠡ ᠲᠥᠷᠥᠯ ᠤᠨ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ ᠰᠢᠯᠵᠢᠬᠦᠯᠤᠨ ᠠᠷᠠᠯᠵᠢᠶᠠᠯᠠᠬᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠤᠯᠠᠭᠠᠨᠬᠤᠲᠠ ᠶᠢᠨ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ ᠲᠥᠪ ᠤᠨ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠤᠨ᠂  ᠰᠢᠯᠵᠢᠬᠦᠯᠤᠨ ᠠᠷᠠᠯᠵᠢᠶᠠᠯᠠᠬᠤ ᠠᠵᠢᠯᠯᠠᠭ᠎ᠠ ᠶᠢ ᠵᠢᠷᠤᠮᠵᠢᠭᠤᠯᠵᠤ᠂ ᠦᠢᠯᠡᠳᠪᠦᠷᠢᠯᠡᠯ ᠤᠨ ᠬᠦᠴᠦᠨ ᠵᠦᠢᠯ ᠤᠨ ᠬᠤᠲᠠ ᠬᠥᠳᠡᠭᠡ ᠶᠢᠨ ᠬᠤᠭᠤᠷᠣᠨᠳᠤ ᠴᠢᠯᠦᠭᠡᠲᠡᠢ ᠰᠢᠯᠵᠢᠬᠦ ᠶᠢ ᠠᠬᠢᠭᠤᠯᠬᠤ ᠶᠢᠨ ᠲᠤᠰᠠᠳᠠ᠂ ᠮᠠᠨ ᠤ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠤᠨ ᠲᠣᠰ ᠠᠷᠭ᠎ᠠ ᠶᠢ ᠲᠣᠭᠲᠠᠭᠠᠪᠠ᠃    ᠬᠤᠶᠠᠳᠤᠭᠠᠷ ᠵᠦᠢᠯ  ᠤᠯᠠᠭᠠᠨᠬᠤᠲᠠ ᠶᠢᠨ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ ᠲᠥᠪ ︵ᠳᠣᠷᠣᠭᠰᠢ ︽ᠲᠥᠪ︾ ᠭᠡᠵᠦ ᠲᠣᠪᠴᠢᠯᠠᠨ᠎ᠠ︶ ᠪᠣᠯ ᠮᠠᠨ ᠤ ᠬᠤᠲᠠ ᠶᠢᠨ ᠬᠠᠤᠯᠢ ᠶᠣᠰᠣᠭᠠᠷ ᠪᠠᠶᠢᠭᠤᠯᠤᠭᠰᠠᠨ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠶᠡᠷᠦᠩᠬᠡᠶᠢᠯᠡᠭᠰᠡᠨ ᠠᠷᠠᠯᠵᠢᠶᠠᠨ ᠤ ᠲᠠᠪᠴᠠᠩ ᠪᠠᠶᠢᠵᠤ᠂ ᠡᠯ᠎ᠡ ᠲᠥᠷᠥᠯ ᠤᠨ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ ᠰᠢᠯᠵᠢᠬᠦᠯᠤᠨ ᠠᠷᠠᠯᠵᠢᠶᠠᠯᠠᠬᠤ ᠳᠤ ᠲᠠᠯᠠᠪᠤᠷ ᠭᠠᠵᠠᠷ ᠤᠨ  ᠲᠦᠬᠦᠭᠡᠷᠤᠮᠵᠢ᠂ ᠮᠡᠳᠡᠭᠡ ᠵᠠᠩᠭᠢ ᠨᠡᠶᠢᠲᠡᠯᠡᠬᠦ ᠪᠠ ᠠᠷᠠᠯᠵᠢᠶᠠᠯᠠᠬᠤ ᠶᠢ ᠵᠣᠬᠢᠶᠠᠨ ᠪᠠᠶᠢᠭᠤᠯᠬᠤ  ᠵᠡᠷᠭᠡ ᠦᠢᠯᠡᠴᠢᠯᠡᠭᠡ ᠬᠠᠩᠭᠠᠨ᠎ᠠ᠃    ᠭᠤᠷᠪᠠᠳᠤᠭᠠᠷ ᠵᠦᠢᠯ  ᠬᠠᠤᠯᠢ ᠶᠣᠰᠣᠭᠠᠷ ᠲᠦᠷᠢᠶᠡᠰᠦᠯᠡᠭᠦᠯᠬᠦ᠂ ᠰᠢᠯᠵᠢᠭᠦᠯᠦᠨ ᠥᠭᠬᠦ᠂ ᠬᠤᠪᠢ ᠣᠷᠣᠭᠤᠯᠬᠤ᠂ ᠪᠡᠯᠡ ᠨᠡᠶᠢᠯᠡᠭᠦᠯᠬᠦ ᠪᠤᠶᠤ ᠪᠤᠰᠤᠳ ᠠᠷᠭ᠎ᠠ ᠪᠠᠷ ᠰᠢᠯᠵᠢᠬᠦᠯᠵᠤ ᠠᠷᠠᠯᠵᠢᠶᠠᠯᠠᠬᠤ ᠬᠥᠳᠡᠭᠡ ᠲᠣᠰᠬᠤᠨ ᠤ ᠬᠠᠮᠲᠤ ᠶᠢᠨ ᠡᠳ᠋ ᠬᠥᠷᠥᠩᠭᠡ ᠵᠢᠴᠢ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠨᠠᠶᠢᠳᠠᠯᠭ᠎ᠠ ᠪᠠᠷ  ᠰᠢᠯᠵᠢᠬᠦᠯᠤᠨ ᠠᠷᠠᠯᠵᠢᠶᠠᠯᠠᠬᠤ ᠬᠥᠳᠡᠭᠡ ᠲᠣᠰᠬᠤᠨ ᠤ ᠥᠮᠴᠢᠯᠡᠯ ᠤᠨ ᠡᠷᠬᠡ ᠪᠠ ᠵᠦᠢᠯᠡᠰ ᠢ ᠡᠷᠬᠡᠪᠰᠢ ᠤᠯᠠᠭᠠᠨᠬᠤᠲᠠ ᠶᠢᠨ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ ᠲᠥᠪ ᠲᠤ ᠣᠷᠣᠭᠤᠯᠵᠤ ᠢᠯᠡ ᠪᠠᠷ ᠠᠷᠠᠯᠵᠢᠶᠠᠯᠠᠬᠤ ᠬᠡᠷᠡᠭᠲᠡᠢ᠃    ᠳᠥᠷᠪᠡᠳᠦᠭᠡᠷ ᠵᠦᠢᠯ   ᠬᠤᠪᠢ ᠬᠥᠮᠥᠨ ᠤ ᠥᠮᠴᠢᠯᠡᠵᠦ ᠪᠠᠶᠢᠭ᠎ᠠ ᠬᠥᠳᠡᠭᠡ ᠲᠣᠰᠬᠤᠨ ᠤ ᠥᠮᠴᠢᠯᠡᠯ ᠤᠨ ᠡᠷᠬᠡ᠂ ᠲᠤᠰᠬᠠᠢ ᠲᠣᠮᠣ ᠡᠷᠦᠭᠡ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ᠂ ᠲᠠᠷᠢᠶᠠᠴᠢᠨ ᠤ ᠲᠤᠰᠬᠠᠢ ᠬᠤᠷᠰᠢᠶ᠎ᠠ ᠂ ᠲᠠᠷᠢᠶᠠᠯᠠᠩ ᠳᠤ ᠬᠤᠯᠪᠣᠭᠳᠠᠬᠤ ᠠᠵᠤ ᠠᠬᠤᠶᠢᠯᠠᠯ ᠵᠡᠷᠭᠡ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠪᠡᠶᠡᠴᠢ ᠴᠣᠭᠴᠠ ᠶᠢᠨ ᠡᠯ᠎ᠡ ᠲᠦᠷᠦᠯ ᠤᠨ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ ᠰᠢᠯᠵᠢᠭᠦᠯᠦᠨ ᠠᠷᠠᠯᠵᠢᠶᠠᠯᠠᠬᠤ ᠦᠶ᠎ᠡ ᠳᠤ᠂ ᠤᠯᠠᠭᠠᠨᠬᠤᠲᠠ ᠶᠢᠨ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ ᠲᠥᠪ ᠲᠤ ᠣᠷᠣᠭᠤᠯᠤᠨ ᠠᠷᠠᠯᠵᠢᠶᠠᠯᠠᠵᠤ᠂ ᠠᠷᠠᠯᠵᠢᠶᠠᠯᠠᠬᠤ ᠠᠵᠢᠯᠯᠠᠭ᠎ᠠ ᠶᠢ ᠬᠠᠤᠯᠢ ᠴᠠᠭᠠᠵᠠ ᠪᠠᠷ ᠬᠠᠮᠠᠭᠠᠯᠠᠬᠤ ᠶᠢ ᠪᠠᠲᠤᠯᠠᠬᠤ ᠬᠡᠷᠡᠭᠲᠡᠢ᠃    ᠲᠠᠪᠤᠳᠤᠭᠠᠷ ᠵᠦᠢᠯ  ᠤᠯᠠᠭᠠᠨᠬᠤᠲᠠ ᠶᠢᠨ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ ᠲᠥᠪ ᠲᠤ ᠣᠷᠣᠵᠤ ᠠᠷᠠᠯᠵᠢᠶᠠᠯᠠᠬᠤ ᠳᠤ ᠳᠣᠣᠷᠠᠬᠢ ᠵᠠᠷᠴᠢᠮ ᠤᠳ ᠢ ᠪᠠᠷᠢᠮᠲᠠᠯᠠᠬᠤ ᠬᠡᠷᠡᠭᠲᠡᠢ᠄ ᠵᠠᠬ᠎ᠠ ᠳᠡᠯᠭᠡᠭᠦᠷᠴᠢᠯᠡᠬᠦ ᠵᠠᠷᠴᠢᠮ᠂ ᠡᠷᠬᠡ ᠲᠡᠭᠰᠢ᠂ ᠢᠯᠡ ᠲᠣᠳᠣ᠂ ᠲᠥᠪ ᠭᠤᠣᠯᠴᠢ ᠪᠠᠶᠢᠬᠤ ᠵᠠᠷᠴᠢᠮ᠂ ᠲᠠᠷᠢᠶᠠᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠵᠠᠷᠴᠢᠮ᠂ ᠵᠠᠰᠠᠭ ᠤᠨ ᠣᠷᠳᠣᠨ ᠠᠴᠠ ᠬᠥᠲᠥᠯᠥᠨ ᠵᠢᠯᠤᠭᠤᠳᠬᠤ ᠵᠠᠷᠴᠢᠮ ᠢ ᠪᠠᠷᠢᠮᠳᠠᠯᠠᠬᠤ ᠬᠡᠷᠡᠭᠳᠡᠢ᠃    ᠬᠤᠶᠠᠳᠤᠭᠠᠷ ᠪᠦᠯᠦᠭ    ᠠᠷᠠᠯᠵᠢᠶᠠᠨ ᠤ ᠦᠢᠯᠡᠴᠢᠯᠡᠭᠡ    ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ ᠠᠷᠭ᠎ᠠ ᠭᠡᠳᠡᠭ ᠨᠢ ᠡᠷᠬᠡ ᠶᠢᠨ ᠬᠠᠷᠢᠶᠠᠯᠠᠯ  ᠨᠢ ᠲᠣᠳᠣᠷᠬᠠᠢ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ ᠵᠢᠭᠠᠵᠤ ᠪᠠᠶᠢᠨ᠎ᠠ᠂ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ ᠲᠥᠪ ᠢᠶᠠᠷ ᠳᠠᠮᠵᠢᠭᠤᠯᠤᠨ ᠳᠠᠭᠠᠭᠠᠴᠢᠯᠠᠯᠲᠠ ᠵᠠᠷᠯᠠᠬᠤ᠂ ᠦᠨ᠎ᠡ ᠬᠠᠶᠠᠨ ᠬᠤᠳᠠᠯᠳᠤᠬᠤ᠂ ᠫᠠᠶᠢᠰᠠ ᠡᠯᠭᠦᠬᠦ᠂ ᠡᠯᠧᠺᠲᠷᠣᠨ ᠢᠶᠠᠷ ᠦᠨ᠎ᠡ ᠥᠷᠢᠰᠦᠯᠳᠦᠬᠦ᠂ ᠬᠡᠯᠡᠯᠴᠡᠭᠡᠷ ᠢᠶᠠᠷ ᠰᠢᠯᠵᠢᠭᠦᠯᠦᠨ ᠥᠭᠬᠦ ᠵᠡᠷᠭᠡ  ᠰᠢᠯᠵᠢᠬᠦᠯᠤᠨ ᠠᠷᠠᠯᠵᠢᠶᠠᠯᠠᠬᠤ ᠠᠵᠢᠯᠯᠠᠭ᠎ᠠ ᠶᠢ ᠵᠢᠭᠠᠵᠤ ᠪᠠᠶᠢᠨ᠎ᠠ᠃    ᠵᠢᠷᠭᠤᠳᠤᠭᠠᠷ ᠵᠦᠢᠯ  ᠤᠯᠠᠭᠠᠨᠬᠤᠲᠠ ᠶᠢᠨ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ ᠲᠥᠪ ᠨᠢ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ ᠵᠠᠬ᠎ᠠ ᠳᠡᠯᠭᠡᠭᠦᠷ ᠲᠤ ᠣᠷᠣᠭᠤᠯᠵᠤ ᠰᠢᠯᠵᠢᠬᠦᠯᠤᠨ ᠠᠷᠠᠯᠵᠢᠶᠠᠯᠠᠬᠤ ᠡᠯ᠎ᠡ ᠲᠥᠷᠥᠯ ᠤᠨ ᠠᠵᠢᠯᠯᠠᠭ᠎ᠠ ᠳᠤ ᠰᠢᠯᠭᠠᠨ ᠭᠡᠷᠡᠴᠢᠯᠡᠯ ᠬᠢᠬᠦ᠂ ᠠᠷᠠᠯᠵᠢᠶ᠎ᠠ ᠶᠢᠨ ᠦᠨᠡᠮᠯᠡᠯ ᠢ ᠬᠢᠵᠦ ᠥᠭᠬᠦ ᠶᠢᠨ ᠬᠠᠮᠲᠤ ᠠᠷᠠᠯᠵᠢᠶ᠎ᠠ ᠪᠦᠲᠦᠭᠰᠡᠨ ᠠᠯᠪᠠᠨ ᠵᠠᠷᠯᠠᠯ ᠨᠡᠶᠢᠲᠡᠯᠡᠨ᠎ᠡ᠃    ᠳᠣᠯᠣᠳᠤᠭᠠᠷ ᠵᠦᠢᠯ  ᠤᠯᠠᠭᠠᠨᠬᠤᠲᠠ ᠶᠢᠨ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶ᠎ᠠ ᠶᠢᠨ ᠲᠥᠪ ᠨᠢ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ ᠲᠠᠨᠢᠯᠴᠠᠭᠤᠯᠬᠤ ᠡᠯ᠎ᠡ ᠲᠥᠷᠥᠯ ᠤᠨ ᠠᠵᠢᠯᠯᠠᠭ᠎ᠠ ᠶᠢ ᠥᠷᠨᠢᠭᠦᠯᠵᠦ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠬᠠᠤᠯᠢ ᠴᠠᠭᠠᠵᠠ ᠶᠢᠨ ᠯᠠᠪᠯᠠᠭ᠎ᠠ ᠪᠠ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠦᠢᠯᠡᠴᠢᠯᠡᠭᠡᠨ ᠢ ᠬᠠᠩᠭᠠᠨ᠎ᠠ᠃    ᠨᠠᠢᠮᠠᠳᠤᠭᠠᠷ ᠵᠦᠢᠯ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ ᠰᠢᠯᠵᠢᠬᠦᠯᠤᠨ ᠠᠷᠠᠯᠵᠢᠶᠠᠯᠠᠬᠤ ᠳᠤ ︽ᠨᠢᠭᠡ  ᠦᠷᠳᠡᠭᠡᠴᠢᠯᠡᠭᠰᠡᠨ ᠮᠠᠶ᠋ᠢᠭ︾  ᠤᠨ ᠦᠢᠯᠡᠴᠢᠯᠡᠭᠡ ᠶᠢ ᠪᠠᠶᠢᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠣᠷᠣᠯᠠᠨ ᠭᠦᠢᠴᠡᠳᠬᠡᠬᠦ ᠦᠢᠯᠡᠴᠢᠯᠡᠭᠡ ᠶᠢ ᠵᠢᠯᠤᠭᠤᠳᠬᠤ ᠪᠠ ᠵᠣᠬᠢᠴᠠᠭᠤᠯᠬᠤ ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ᠃    ᠶᠢᠰᠦᠳᠦᠭᠡᠷ ᠵᠦᠢᠯ  ᠠᠯᠪᠠᠨ ᠭᠡᠷᠡᠴᠢᠯᠡᠭᠡ᠂ ᠮᠥᠩᠭᠦᠨ ᠭᠦᠢᠯᠭᠡᠭᠡ᠂ ᠳᠠᠭᠠᠳᠬᠠᠯ᠂ ᠳᠠᠭᠠᠭᠠᠯᠲᠠ ᠵᠡᠷᠭᠡ ᠪᠠᠶᠢᠭᠤᠯᠤᠮᠵᠢ ᠨᠤᠭᠤᠳ ᠤᠯᠠᠭᠠᠨᠬᠤᠲᠠ ᠶᠢᠨ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶ᠎ᠠ ᠶᠢᠨ ᠲᠥᠪ ᠲᠤ ᠠᠵᠢᠯ ᠶᠠᠪᠤᠳᠠᠯ ᠭᠦᠢᠴᠡᠳᠬᠡᠬᠦ ᠴᠣᠩᠬᠤᠪᠴᠢ ᠪᠠᠶᠢᠭᠤᠯᠬᠤ ᠶᠢ ᠵᠣᠷᠢᠭᠵᠢᠭᠤᠯᠤᠨ᠎ᠠ᠃    ᠭᠤᠷᠪᠠᠳᠤᠭᠠᠷ ᠪᠦᠯᠦᠭ     ᠲᠦᠷᠤ ᠶᠢᠨ ᠪᠣᠳᠣᠯᠭ᠎ᠠ ᠶᠢᠨ ᠠᠷᠭ᠎ᠠ ᠠᠪᠴᠠᠯ    ᠠᠷᠪᠠᠳᠤᠭᠠᠷ ᠵᠦᠢᠯ   ᠠᠷᠠᠯᠵᠢᠶᠠᠯᠠᠭᠰᠠᠨ ᠦᠨᠡᠮᠯᠡᠯ ᠣᠯᠣᠭᠰᠠᠨ ᠲᠠᠷᠢᠶᠠᠯᠠᠩ ᠳᠤ ᠬᠤᠯᠪᠣᠭᠳᠠᠬᠤ ᠲᠥᠷᠥᠯ ᠵᠦᠢᠯ   ᠳᠤ᠂ ᠬᠤᠳᠠ ᠶᠢᠨ ᠱᠠᠲᠤᠨ ᠤ ᠡᠳ᠋ ᠤᠨ ᠵᠠᠰᠠᠭ ᠤᠨ ᠲᠠᠷᠢᠶᠠᠯᠠᠩ ᠳᠤ ᠬᠤᠯᠪᠣᠭᠳᠠᠬᠤ ᠬᠤᠯᠪᠣᠭᠳᠠᠯ ᠪᠦᠬᠦᠢ ᠬᠠᠷᠠᠭᠠᠯᠵᠠᠯ   ᠤᠨ ᠲᠥᠷᠥ ᠶᠢᠨ ᠪᠣᠳᠣᠯᠭ᠎ᠠ ᠶᠢ ᠬᠥᠷᠳᠡᠬᠦ ᠳᠤ ᠨᠡᠶᠢᠴᠡᠪᠡᠯ᠂ ᠡᠩ ᠲᠡᠷᠢᠭᠦᠨ ᠳᠤ ᠳᠡᠮᠵᠢᠯᠭᠡ ᠦᠵᠡᠭᠦᠯᠬᠦ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠠᠮᠢᠶ᠎ᠠ ᠪᠦᠬᠦᠢ ᠢᠵᠢ ᠪᠦᠷᠢᠳᠦᠭᠰᠡᠨ ᠲᠥᠷᠥ ᠶᠢᠨ ᠪᠣᠳᠣᠯᠭ᠎ᠠ ᠶᠢ ᠬᠢᠨᠠᠮᠠᠭᠠᠢ ᠲᠡᠭᠦᠯᠳᠡᠷᠵᠢᠭᠦᠯᠬᠦ ᠬᠡᠷᠡᠭᠲᠡᠢ᠃    ᠠᠷᠪᠠᠨ ᠨᠢᠭᠡᠳᠦᠭᠡᠷ ᠵᠦᠢᠯ  ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠨᠤᠭᠤᠳ ᠠᠷᠠᠯᠵᠢᠶᠠᠯᠠᠭᠰᠠᠨ ᠦᠨᠡᠮᠯᠡᠯ ᠢ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ ᠬᠤᠪᠢᠷᠠᠭᠤᠯᠬᠤ ᠪᠠ ᠳᠠᠩᠰᠠᠯᠠᠨ ᠲᠡᠮᠳᠡᠭᠯᠡᠬᠦ ᠶᠢᠨ ᠴᠢᠬᠤᠯᠠ ᠦᠨᠳᠦᠰᠦᠯᠡᠯ ᠪᠣᠯᠭᠠᠵᠤ᠂ ᠦᠨᠡᠮᠯᠡᠯ ᠭᠦᠢᠴᠡᠳᠬᠡᠬᠦ ᠵᠣᠬᠢᠴᠠᠩᠭᠤᠢ ᠭᠠᠷᠳᠠᠮ ᠢ ᠰᠢᠯᠢᠳᠡᠭᠵᠢᠭᠦᠯᠬᠦ ᠬᠡᠷᠡᠭᠲᠡᠢ᠃ ᠬᠥᠳᠡᠭᠡ ᠲᠣᠰᠬᠤᠨ ᠤ ᠡᠯ᠎ᠡ ᠲᠦᠷᠦᠯ ᠤᠨ ᠬᠠᠮᠲᠤ ᠶᠢᠨ ᠡᠳ᠋ ᠬᠥᠷᠥᠩᠭᠡ ᠶᠢᠨ ᠦᠮᠴᠢᠯᠡᠯ ᠤᠨ ᠡᠷᠬᠡ ᠶᠢ ᠰᠢᠯᠵᠢᠬᠦᠯᠤᠨ ᠠᠷᠠᠯᠵᠢᠶᠠᠯᠠᠭᠰᠠᠨ ᠤ ᠳᠠᠷᠠᠭ᠎ᠠ ᠬᠤᠪᠢᠷᠠᠭᠤᠯᠬᠤ ︵ᠰᠢᠯᠵᠢᠭᠦᠯᠬᠦ︶ ᠳᠠᠩᠰᠠᠯᠠᠯᠲᠠ ᠬᠢᠯᠭᠡᠬᠦ ᠪᠠᠷ ᠭᠤᠶᠤᠴᠢᠯᠠᠬᠤ ᠦᠶ᠎ᠡ ᠳᠤ᠂ ᠢᠯᠡ ᠪᠠᠷ ᠠᠷᠠᠯᠵᠢᠶᠠᠯᠠᠬᠤ ᠳᠤ ᠭᠡᠷᠡᠴᠢᠯᠡᠬᠦ ᠮᠠᠲ᠋ᠧᠷᠢᠶᠠᠯ ︵ᠠᠷᠠᠯᠵᠢᠶᠠᠨ ᠤ ᠭᠡᠷᠡᠴᠢ ᠪᠢᠴᠢᠭ᠂ ᠠᠷᠠᠯᠵᠢᠶ᠎ᠠ ᠪᠦᠲᠦᠭᠰᠡᠨ ᠠᠯᠪᠠᠨ ᠵᠠᠷᠯᠠᠯ᠂ ᠢᠯᠡ ᠪᠠᠷ ᠠᠷᠠᠯᠵᠢᠶᠠᠯᠠᠭᠰᠠᠨ ᠵᠣᠭᠤᠰ ᠲᠤᠰᠢᠶᠠᠭᠰᠠᠨ ᠭᠡᠷᠡᠴᠢ ᠪᠠᠷᠢᠮᠲᠠ︶ ᠢ ᠬᠠᠩᠭᠠᠬᠤ ᠬᠡᠷᠡᠭᠲᠡᠢ᠃ ᠬᠤᠳᠠ ᠶᠢᠨ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ ᠳᠠᠩᠰᠠᠯᠠᠬᠤ ᠠᠷᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠲᠥᠪ ᠲᠤ ᠣᠷᠣᠵᠤ ᠠᠷᠠᠯᠵᠢᠶᠠᠯᠠᠬᠤ ᠶᠢ ᠵᠤᠷᠢᠬᠵᠢᠭᠤᠯᠬᠤ ᠬᠡᠷᠡᠭᠳᠡᠢ᠃    ᠠᠷᠪᠠᠨ ᠬᠤᠶᠠᠳᠤᠭᠠᠷ ᠵᠦᠢᠯ   ᠲᠣᠰ ᠠᠷᠭ᠎ᠠ ᠶᠢ ᠬᠡᠷᠡᠭᠵᠢᠭᠦᠯᠦᠭᠰᠡᠨ ᠡᠳᠦᠷ ᠠᠴᠠ ᠡᠬᠢᠯᠡᠨ 3 ᠵᠢᠯ ᠤᠨ ᠳᠣᠲᠣᠷ᠎ᠠ᠂ ᠮᠠᠨ ᠤ ᠬᠤᠲᠠ ᠶᠢᠨ ᠬᠥᠳᠡᠭᠡ ᠲᠣᠰᠬᠤᠨ ᠤ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ᠂ ᠬᠥᠳᠡᠭᠡ ᠲᠣᠰᠬᠤᠨ ᠤ ᠭᠡᠷ ᠪᠠᠶᠢᠰᠢᠩ ᠤᠨ ᠥᠮᠴᠢᠯᠡᠯ ᠤᠨ ᠡᠷᠬᠡ ᠪᠠ ᠬᠡᠷᠡᠭᠯᠡᠬᠦ ᠡᠷᠬᠡ᠂ ᠬᠥᠳᠡᠭᠡ ᠲᠣᠰᠬᠤᠨ ᠤ ᠬᠠᠮᠲᠤ ᠶᠢᠨ ᠡᠳ᠋ ᠬᠥᠷᠥᠩᠭᠡ ᠶᠢᠨ ᠰᠲ᠋ᠣᠺ ᠤᠨ ᠡᠷᠬᠡ ᠵᠡᠷᠭᠡ ᠶᠢ ᠤᠯᠠᠭᠠᠨᠬᠤᠲᠠ ᠶᠢᠨ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ ᠲᠥᠪ ᠲᠤ ᠰᠢᠯᠵᠢᠬᠦᠯᠤᠨ ᠠᠷᠠᠯᠵᠢᠶᠠᠯᠠᠬᠤ ᠶᠢ ᠪᠡᠶᠡᠯᠡᠭᠦᠯᠦᠭᠰᠡᠨ ᠪᠠᠶᠢᠪᠠᠯ᠂ ᠠᠷᠠᠯᠵᠢᠶᠠᠨ ᠤ ᠦᠢᠯᠡᠴᠢᠯᠡᠭᠡᠨ ᠤ ᠰᠦᠢᠳᠬᠡᠯ ᠬᠤᠷᠢᠶᠠᠬᠤ ᠦᠭᠡᠢ᠃    ᠳᠥᠷᠪᠡᠳᠦᠭᠡᠷ ᠪᠦᠯᠦᠭ    ᠲᠠᠭᠠᠯᠳᠤᠭᠤᠯᠤᠭᠰᠠᠨ ᠳᠦᠷᠢᠮ    ᠠᠷᠪᠠᠨ ᠭᠤᠷᠪᠠᠳᠤᠭᠠᠷ ᠵᠦᠢᠯ   ᠲᠣᠰ ᠠᠷᠭ᠎ᠠ ᠶᠢ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ   ᠠᠴᠠ ᠬᠠᠷᠢᠭᠤᠴᠠᠨ ᠲᠠᠶᠢᠯᠪᠤᠷᠢᠯᠠᠨ᠎ᠠ᠃    ᠠᠷᠪᠠᠨ ᠳᠥᠷᠪᠡᠳᠦᠭᠡᠷ ᠵᠦᠢᠯ  ᠲᠣᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ 30 ᠡᠳᠦᠷ ᠤᠨ ᠳᠠᠷᠠᠭ᠎ᠠ ᠬᠡᠷᠡᠭᠵᠢᠭᠦᠯᠦᠨ᠎ᠡ᠃     ᠬᠢᠳᠠᠳ ᠠᠭᠤᠯᠭ᠎ᠠ ᠶᠢ ᠤᠯᠠᠭᠠᠨᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ ᠠᠴᠠ ᠦᠵᠡᠭᠡᠷᠡᠢ︕    ᠤᠯᠠᠭᠠᠨᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ              2023 ᠣᠨ ᠤ 2 ᠰᠠᠷ᠎ᠠ ᠶᠢᠨ 15 ᠤ ᠡᠳᠦᠷ ᠲᠠᠷᠤᠮᠠᠯᠯᠠᠨ ᠲᠠᠷᠬᠠᠭᠠᠪᠠ
 
ᠢᠷᠡᠯᠲᠡ᠄ ᠤᠯᠠᠭᠠᠨᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号