ᠰᠢᠨ᠎ᠠ ᠤᠷᠤᠨ ᠰᠠᠭᠤᠴᠠ ᠳᠤ ᠰᠢᠨ᠎ᠠ ᠠᠮᠢᠳᠤᠷᠠᠯ ᠢ ᠡᠳ᠋ᠯᠡᠭᠰᠡᠨ ᠲᠤᠬᠠᠢ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2023/8/23
   ᠮᠥᠷ ᠮᠥᠷ ᠵᠢᠭᠳᠡᠷᠡᠨ ᠰᠠᠭᠤᠷᠢᠰᠢᠨᠨᠰᠠᠨ ᠠᠰᠠᠷ ᠲᠠᠬᠳᠤ᠂ ᠪᠡᠶ᠎ᠠ ᠪᠤᠯᠪᠠᠰᠤᠷᠠᠬᠤ ᠠᠭᠤᠳᠠᠮ ᠲᠠᠯᠠᠪᠠᠢ᠂ ᠴᠡᠪᠡᠷ ᠴᠡᠮᠴᠡᠭᠡᠷ ᠠᠮᠢᠳᠤᠷᠠᠯ ᠤᠨ ᠤᠷᠴᠢᠨ᠂ ᠡᠷᠡᠭᠦᠯ ᠬᠠᠮᠠᠭᠠᠯᠠᠯ ᠤᠨ ᠲᠠᠰᠤᠭ᠂ ᠴᠢᠯᠤᠭᠡᠳᠤ ᠳᠡᠯᠭᠡᠭᠦᠷ᠂ ᠨᠡᠶᠢᠲᠡ ᠶᠢᠨ ᠮᠠᠰᠢᠨ ᠲᠡᠷᠭᠡᠨ ᠤ ᠦᠷᠲᠡᠭᠡ ᠵᠡᠷᠭᠡ ᠢᠵᠢ ᠪᠦᠷᠢᠳᠦᠭᠰᠡᠨ ᠲᠥᠬᠦᠭᠡᠷᠦᠮᠵᠢ ᠪᠦᠷ ᠪᠠᠶᠢᠨ᠎ᠠ ᠁ ᠬᠢᠩᠭᠠᠨ ᠠᠶᠢᠮᠠᠭ ᠤᠨ ᠣᠨᠳᠣᠣ ᠭᠠᠵᠠᠷ ᠲᠤ ᠨᠡᠭᠦᠯᠭᠡᠵᠦ ᠶᠠᠳᠠᠭᠤ ᠶᠢ ᠲᠡᠳᠬᠦᠬᠦ ᠶᠢ ᠲᠥᠪᠯᠡᠷᠡᠭᠦᠯᠤᠨ ᠲᠥᠪᠬᠢᠨᠡᠭᠦᠯᠬᠦ ᠭᠠᠵᠠᠷ ᠤᠳ ᠲᠤ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ᠂ ᠵᠣᠯ ᠵᠢᠷᠭᠠᠯ ᠲᠠᠢ ᠡᠶ᠎ᠡ ᠵᠣᠬᠢᠴᠠᠩᠭᠤᠢ ᠵᠢᠷᠤᠭ ᠳᠦᠷᠰᠦ ᠢᠯᠡᠷᠡᠵᠦ᠂ ᠬᠢᠩᠭᠠᠨ ᠠᠶᠢᠮᠠᠭ ᠤᠨ ᠠᠷᠠᠳ ᠲᠦᠮᠡᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠤᠨᠨᠰᠠᠨ᠂ ᠬᠥᠳᠡᠭᠡ ᠲᠣᠰᠬᠤᠨ ᠢ ᠬᠥᠭᠵᠢᠭᠦᠯᠤᠨ ᠮᠠᠨᠳᠤᠭᠤᠯᠬᠤ ᠶᠢ ᠭᠡᠷᠡᠴᠢᠯᠡᠬᠦ ᠬᠠᠮᠤᠭ ᠤᠨ ᠭᠤᠶᠤ ᠦᠵᠡᠮᠵᠢ ᠪᠣᠯᠵᠠᠢ᠃    ᠣᠶᠢᠷ᠎ᠠ ᠳᠤ᠂ ᠤᠯᠤᠰ ᠤᠨ ᠬᠥᠭᠵᠢᠭᠦᠯᠤᠯᠳᠠ ᠥᠭᠡᠷᠡᠴᠢᠯᠡᠯᠲᠡ ᠶᠢᠨ ᠵᠥᠪᠯᠡᠯ ᠤᠨ ᠠᠯᠪᠠᠨ ᠲᠢᠩᠬᠢᠮ ᠠᠴᠠ 2022 ᠣᠨ ᠤ ᠣᠨᠳᠣᠤ ᠭᠠᠵᠠᠷ ᠲᠤ ᠨᠡᠭᠦᠯᠭᠡᠬᠦ ᠶᠢ ᠲᠡᠳᠬᠦᠨ ᠳᠡᠮᠵᠢᠬᠦ ᠠᠵᠢᠯ ᠤᠨ ᠦᠷ᠎ᠡ ᠪᠦᠲᠦᠮᠵᠢ ᠪᠠᠷ ᠢᠯᠡᠷᠬᠡᠶ ᠭᠠᠵᠠᠷ ᠣᠷᠣᠨ ᠢ ᠵᠠᠷᠯᠠᠨ ᠰᠠᠶᠢᠰᠢᠶᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠳᠤᠷ᠎ᠠ ᠬᠢᠩᠭᠠᠨ ᠠᠶᠢᠮᠠᠭ ᠯᠠ ᠡᠨᠡᠬᠦ ᠢᠷᠠᠭᠤ ᠠᠯᠳᠠᠷ ᠢ ᠭᠥᠷᠳᠡᠭᠰᠡᠨ ᠪᠠᠶᠢᠨ᠎ᠠ᠃ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠤᠪᠯᠡᠭᠡ ᠶᠢᠨ ᠬᠤᠭᠤᠴᠠᠭᠠᠨ ᠳᠤ᠂ ᠮᠠᠨ ᠤ ᠠᠶᠢᠮᠠᠭ ᠨᠡᠶᠢᠲᠡ 6129 ᠡᠷᠦᠬᠡ 13886 ᠶᠠᠳᠠᠭᠤ ᠬᠦᠴᠢᠷᠳᠡᠯᠲᠡᠶ ᠬᠥᠮᠦᠨ ᠠᠮᠠ ᠶᠢ ᠤᠨᠳᠤᠤ ᠭᠠᠵᠠᠷ ᠲᠤ ᠨᠡᠭᠦᠯᠭᠡᠵᠦ᠂ ᠨᠡᠶᠢᠲᠡ 153 ᠲᠥᠪᠯᠡᠷᠡᠭᠦᠯᠤᠨ ᠲᠥᠪᠬᠢᠨᠡᠭᠦᠯᠬᠦ ᠭᠠᠵᠠᠷ ᠪᠠᠶᠢᠭᠤᠯᠵᠤ᠂ ᠲᠥᠪ᠂ ᠥᠪᠡᠷᠲᠡᠭᠡᠨ ᠵᠠᠰᠠᠬᠤ ᠣᠷᠣᠨ ᠤ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠡᠯ᠎ᠡ ᠵᠤᠶᠢᠯ ᠤᠨ ᠪᠠᠯᠠ ᠮᠥᠩᠭᠦ ᠶᠢ 7.58 ᠳ᠋ᠦᠩᠰᠢᠭᠤᠷ ᠲᠥᠭᠦᠷᠢᠭ ᠭᠤᠶᠤᠴᠢᠯᠠᠨ ᠤᠯᠪᠠ᠃    ᠰᠢᠨ᠎ᠡ ᠭᠡᠷ ᠪᠠᠶᠢᠰᠢᠩ ᠳᠤ ᠰᠠᠭᠤᠵᠤ᠂ ᠰᠢᠨ᠎ᠡ ᠠᠵᠤ ᠦᠢᠯᠡᠰ ᠲᠠᠢ ᠪᠤᠯᠵᠤ᠂ ᠶᠠᠳᠠᠭᠤ ᠠᠴᠠ ᠠᠩᠭᠢᠵᠢᠷᠠᠭᠰᠠᠨ ᠤᠯᠠᠨ ᠲᠦᠮᠡᠨ ᠡᠳᠦᠷ ᠠᠴᠠ ᠡᠳᠦᠷ ᠥᠭᠡᠳᠡᠯᠡᠨ ᠲᠠᠪᠰᠢᠵᠤ ᠪᠠᠶᠢᠭ᠎ᠠ ᠶᠤᠮ᠃ ᠥᠨᠥᠳᠦᠷ ᠤᠨ ᠵᠢᠷᠭᠠᠯᠳᠦ ᠠᠮᠢᠳᠤᠷᠠᠯ ᠤᠨ ᠲᠤᠬᠠᠢ ᠶᠠᠷᠢᠬᠤ ᠳᠤ᠂ ᠶᠠᠳᠠᠭᠤ ᠠᠴᠠ ᠠᠩᠭᠢᠵᠢᠷᠠᠭᠰᠠᠨ ᠡᠷᠦᠬᠡ ᡂᠢ ᠬᠤᠩ ᠰᠢᠶᠠ ᠶᠢᠨ ᠴᠢᠷᠠᠢ ᠳᠤ ᠵᠣᠯ ᠵᠢᠷᠭᠠᠯ ᠤᠨ ᠮᠦᠰᠢᠶᠡᠳᠥ ᠪᠢᠯᠬᠠᠨ᠎ᠠ᠃ ᡂᠢ ᠬᠤᠩ ᠰᠢᠶᠠ ᠪᠣᠯ ᠤᠯᠠᠭᠠᠨᠬᠤᠲᠠ ᠶᠢᠨ ᠭᠡᠭᠡᠨᠰᠦᠮ᠎ᠡ ᠪᠠᠯᠭᠠᠰᠤᠨ ᠤ ᠬᠦᠭᠵᠢᠯ ᠭᠠᠴᠠᠭᠠᠨ ᠤ ᠠᠷᠠᠳ ᠪᠣᠯᠤᠨ᠎ᠠ᠂ 2015 ᠣᠨ ᠳᠤ ᠡᠪᠡᠳᠴᠢᠨ ᠠᠴᠠ ᠪᠣᠯᠵᠣ ᠶᠠᠳᠠᠭᠤᠷᠠᠭᠰᠠᠨ ᠳᠡᠬᠦᠨ ᠤ ᠨᠢᠭᠡ ᠬᠡᠷ ᠤᠨ ᠬᠢᠨ ᠳᠠᠩᠰᠠᠯᠠᠨ ᠺᠠᠷᠲ᠋ᠠᠯᠠᠭᠰᠠᠨ ᠶᠠᠳᠠᠭᠤ ᠬᠦᠴᠢᠷᠳᠡᠯ ᠲᠠᠢ ᠡᠷᠦᠬᠡ ᠪᠠᠷ ᠳᠠᠩᠰᠠᠯᠠᠭᠤᠯᠪᠠ᠃ ᠰᠢᠨ᠎ᠡ ᠤᠷᠤᠨ ᠰᠠᠭᠤᠴᠠ ᠳᠤ ᠨᠡᠭᠦᠯᠭᠡᠬᠦ᠂ ᠠᠵᠤ ᠦᠢᠯᠡᠰ ᠢᠶᠠᠷ ᠬᠠᠪᠰᠤᠷᠤᠨ ᠲᠡᠳᠬᠦᠬᠦ᠂ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠠᠯᠢ ᠤᠯᠠᠨ ᠲᠦᠷᠦ ᠶᠢᠨ ᠪᠤᠳᠤᠯᠭ᠎ᠠ ᠶᠢᠨ ᠳᠡᠮᠵᠢᠯᠭᠡ ᠳᠣᠣᠷ᠎ᠠ᠂ ᡂᠢ ᠬᠤᠩ ᠰᠢᠶᠠ ᠶᠠᠳᠠᠭᠤ ᠠᠴᠠ  ᠪᠠᠨ ᠠᠩᠭᠢᠵᠢᠷᠠᠭᠰᠠᠨ ᠢᠶᠠᠷ ᠪᠠᠷᠠᠬᠤ ᠦᠭᠡᠢ ᠪᠠᠰᠠ ᠰᠢᠨ᠎ᠡ ᠤᠷᠤᠨ ᠰᠠᠭᠤᠴᠠ ᠲᠠᠢ ᠪᠤᠯᠤᠨᠨᠰᠠᠨ ᠪᠠᠶᠢᠨ᠎ᠠ᠃    ︽ᠬᠡᠷᠬᠢᠨ ᠨᠡᠭᠦᠯᠭᠡᠬᠦ︾ ᠪᠠ ︽ᠨᠡᠭᠦᠯᠭᠡᠭᠰᠡᠨ ᠤ ᠳᠠᠷᠠᠭ᠎ᠠ ᠶᠠᠭᠠᠬᠢᠬᠤ︾ ᠠᠵᠢᠯ ᠤᠨ ᠲᠣᠭᠤᠷᠢᠨ ᠳᠤ᠂ ᠬᠢᠩᠭᠠᠨ ᠠᠶᠢᠮᠠᠭ ᠲᠥᠯᠤᠪᠯᠡᠭᠡ ᠲᠣᠭᠲᠠᠭᠠᠨ᠂ ᠠᠵᠤ ᠦᠶ᠋ᠯᠡᠰ ᠢ ᠬᠦᠭᠵᠢᠭᠦᠯᠬᠦ᠂ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ᠂ ᠰᠠᠭᠤᠷᠢ ᠶᠢ ᠳᠡᠭᠡᠭᠰᠢᠯᠡᠭᠦᠯᠬᠦ᠂ ᠨᠡᠶᠢᠭᠡᠮ ᠲᠣᠭᠤᠷᠢᠭ ᠢ ᠵᠠᠰᠠᠬᠤ ᠵᠡᠷᠭᠡ ᠣᠯᠠᠨ  ᠵᠤᠶᠢᠯ ᠤᠨ ᠠᠬᠢᠭᠤᠯᠬᠤ ᠠᠷᠭ᠎ᠠ ᠬᠡᠮᠵᠢᠶ᠎ᠡ ᠶᠢ ᠢᠵᠢ ᠪᠥᠷᠢᠳᠦᠭᠦᠯᠤᠨ ᠲᠣᠭᠲᠠᠭᠠᠵᠤ᠂ ᠰᠢᠨ ᠤᠷᠤᠨ ᠰᠠᠭᠤᠴᠠ ᠳᠤ ᠨᠡᠬᠦᠬᠦ ᠣᠯᠠᠨ ᠲᠦᠮᠡᠨ ᠤ ᠨᠡᠭᠦᠵᠦ ᠳᠡᠶᠢᠯᠬᠦ ᠡᠰᠡᠬᠦ᠂ ᠲᠣᠭᠲᠠᠪᠤᠷᠢᠵᠢᠵᠤ ᠳᠡᠶᠢᠯᠬᠦ ᠡᠰᠡᠬᠦ ᠠᠰᠠᠭᠤᠳᠠᠯ ᠢ   ᠰᠢᠢᠳᠪᠤᠷᠢᠯᠡᠪᠡ᠃    ᠠᠵᠢᠯ ᠣᠯᠭᠤᠯᠲᠠ ᠪᠣᠯ ᠬᠠᠮᠤᠭ ᠤᠨ ᠶᠡᠭᠡ ᠠᠷᠠᠳ ᠤᠨ ᠠᠮᠢᠳᠤᠷᠠᠯ ᠮᠥᠨ᠂ ᠲᠣᠭᠲᠠᠭᠤᠨ ᠠᠵᠢᠯ ᠣᠯᠭᠤᠯᠲᠠ ᠪᠣᠯ ᠳᠠᠷᠤᠶ ᠠᠷᠠᠳ ᠤᠨ ᠠᠮᠢᠳᠤᠷᠠᠯ ᠢ ᠲᠣᠭᠲᠠᠪᠤᠷᠢᠵᠢᠭᠤᠯᠬᠤ ᠶᠠᠪᠤᠳᠠᠯ ᠮᠥᠨ᠃ ᠮᠠᠨ ᠤ ᠠᠶᠢᠮᠠᠭ ᠨᠡᠶᠢᠲᠡ ᠶᠢᠨ ᠠᠵᠢᠯ ᠣᠯᠭᠤᠬᠤ ᠥᠢᠯᠡᠰ ᠪᠤᠰᠬᠠᠬᠤ ᠪᠤᠯᠪᠠᠰᠤᠷᠠᠯ ᠤᠨ ᠤᠶᠢᠯᠡᠴᠢᠯᠡᠭᠡᠨ ᠤ ᠲᠠᠪᠴᠠᠩ ᠢ 83 ᠪᠠᠶᠢᠭᠤᠯᠪᠠ᠃ ᠡᠭᠦᠨ ᠳᠤ᠂ 2022 ᠣᠨ ᠳᠤ᠂ ᠪᠥᠬᠦ ᠠᠶᠢᠮᠠᠭ ᠤᠨ ᠠᠵᠢᠯ ᠤᠯᠬᠤ ᠴᠢᠳᠠᠪᠤᠷᠢ ᠲᠠᠢ ᠪᠠ ᠠᠵᠢᠯ ᠤᠯᠬᠤ ᠬᠦᠰᠡᠯ ᠲᠠᠢ ᠨᠡᠭᠦᠭᠰᠡᠨ ᠣᠯᠠᠨ ᠲᠦᠮᠡᠨ ᠪᠦᠬᠦᠨ ᠢᠶᠠᠷ ᠢᠶᠠᠨ ᠠᠵᠢᠯ ᠤᠯᠪᠠ᠃    ᠤᠯᠠᠨ ᠲᠦᠮᠡᠨ ᠬᠠᠮᠢᠭ᠎ᠠ ᠨᠡᠭᠦᠵᠦ ᠣᠴᠢᠪᠠᠯ ᠨᠠᠮ ᠤᠨ ᠵᠣᠬᠢᠶᠠᠨ ᠪᠠᠶᠢᠭᠤᠯᠤᠯᠲᠠ ᠶᠢ ᠲᠡᠨᠳᠡ ᠪᠠᠶᠢᠭᠤᠯᠬᠤ ᠵᠠᠷᠴᠢᠮ ᠶᠣᠰᠣᠭᠠᠷ᠂ ᠮᠠᠨ ᠤ ᠠᠶᠢᠮᠠᠭ ︽ᠨᠠᠮ ᠤᠨ ᠪᠠᠶᠢᠭᠤᠯᠤᠯᠲᠠ +︾ ᠳᠤ ᠲᠦᠰᠢᠭᠯᠡᠵᠦ᠂ ᠤᠯᠤᠰ ᠲᠦᠷᠦ ᠶᠢᠨ ᠵᠢᠯᠤᠭᠤᠳᠤᠯᠭ᠎ᠠ ᠪᠠᠨ ᠴᠢᠩᠭᠠᠳᠬᠠᠵᠤ᠂ 153 ᠲᠥᠪᠬᠢᠨᠡᠭᠦᠯᠬᠦ ᠴᠡᠭ ᠲᠤ ᠴᠥᠮ ᠰᠢᠯᠢᠳᠡᠭ ᠺᠠᠳ᠋ᠷᠴᠤᠳ ᠢ ᠰᠣᠩᠭᠤᠨ ᠳᠤᠬᠢᠷᠠᠭᠤᠯᠵᠤ᠂ ᠨᠡᠶᠢᠭᠡᠮ ᠲᠣᠭᠤᠷᠢᠭ ᠤᠨ ᠺᠠᠳ᠋ᠷᠴᠤᠳ ᠤᠨ ᠡᠩᠨᠡᠭᠡ ᠶᠢ ᠪᠦᠷᠢᠨᠰᠢᠬᠦᠯᠵᠦ᠂ ᠰᠠᠭᠤᠭᠠᠯᠢ ᠠᠷᠠᠳ ᠤᠨ ᠵᠥᠪᠯᠡᠯ ᠤᠨ ᠪᠦᠷᠢᠯᠳᠦᠬᠦᠨ ᠤ ᠳᠣᠲᠣᠷᠠᠬᠢ ᠨᠠᠮ ᠤᠨ ᠭᠡᠰᠢᠭᠦᠨ ᠤ ᠬᠠᠷᠢᠴᠠᠯ ᠴᠥᠮ ᠬᠠᠭᠠᠰ ᠠᠴᠠ ᠳᠡᠭᠡᠭᠰᠢ ᠳᠤ ᠬᠦᠷᠴᠡᠢ᠃ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ ᠵᠡᠷᠭᠡ ᠵᠣᠬᠢᠶᠠᠨ ᠪᠠᠶᠢᠭᠤᠯᠤᠯᠲᠠ ᠶᠢ ᠪᠠᠶᠢᠭᠤᠯᠵᠤ ᠂ ᠠᠮᠤᠷ ᠢ ᠬᠠᠮᠠᠭᠠᠯᠠᠬᠤ ᠠᠩᠬᠢ᠂ ᠵᠥᠷᠢᠴᠡᠯ ᠢ ᠡᠶᠡᠳᠡᠭᠦᠯᠬᠦ ᠺᠣᠮᠢᠰ ᠢ ᠪᠠᠶᠢᠭᠤᠯᠵᠤ᠂ ᠳᠤᠤᠷᠵᠢᠭᠤᠯᠤᠭᠴᠢ ᠶᠢᠨ ᠬᠠᠮᠢᠶᠠᠷᠤᠯᠲᠠ ᠶᠢᠨ ᠡᠩᠨᠡᠭᠡ ᠶᠢ ᠪᠦᠷᠢᠨ ᠲᠤᠬᠢᠷᠠᠭᠤᠯᠵᠤ᠂ ︽ᠨᠠᠮ ᠤᠨ ᠡᠭᠦᠷ ᠢ ᠨᠡᠶᠢᠭᠡᠮ ᠲᠣᠭᠤᠷᠢᠭ ᠲᠤ ᠪᠠᠶᠢᠭᠤᠯᠵᠤ᠂ ᠨᠠᠮ ᠤᠨ ᠳᠤᠭᠤᠶᠢᠯᠠᠩ ᠢ ᠪᠠᠭ᠎ᠠ ᠲᠣᠭᠤᠷᠢᠭ ᠲᠤ ᠪᠠᠶᠢᠭᠤᠯᠵᠤ᠂ ᠦᠢᠯᠡᠴᠢᠯᠡᠭᠡᠨ ᠤ ᠡᠩᠨᠡᠭᠡ ᠶᠢ ᠨᠢᠭᠡᠴᠢ ᠳᠤ ᠪᠠᠶᠢᠭᠤᠯᠬᠤ︾ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢ ᠪᠦᠷᠢᠯᠳᠦᠭᠦᠯᠵᠦ᠂ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ ︽ᠰᠢᠨ᠎ᠡ ᠭᠡᠷ ᠣᠷᠣᠨ︾ ᠢᠶᠠᠨ ᠪᠠᠶᠢᠭᠤᠯᠤᠨᠨᠰᠠᠨ ᠪᠠᠶᠢᠨ᠎ᠠ᠃    ᠣᠳᠣᠬᠠᠨ ᠳᠤ᠂ ᠮᠠᠨ ᠤ ᠠᠶᠢᠮᠠᠭ ᠤᠨ 11 ᠬᠤᠲᠠ ᠪᠠᠯᠭᠠᠰᠤ ᠶᠢᠨ ᠲᠥᠪᠬᠢᠨᠡᠭᠦᠯᠬᠦ ᠲᠣᠭᠤᠷᠢᠭ ᠲᠤ ᠴᠥᠮ ᠨᠡᠶᠢᠭᠡᠮ ᠲᠣᠭᠤᠷᠢᠭ ᠤᠨ ᠤᠶᠢᠯᠡᠴᠢᠯᠡᠭᠡᠨ ᠤ ᠲᠥᠪ ᠪᠠ ︽ᠨᠢᠭᠡ ᠥᠷᠲᠡᠭᠡᠴᠢᠯᠡᠭᠰᠡᠨ︾  ᠶᠡᠷᠦᠩᠬᠡᠶᠢᠯᠡᠭᠰᠡᠨ ᠴᠢᠨᠠᠷᠲᠠᠶ ᠤᠶᠢᠯᠡᠴᠢᠯᠡᠭᠡᠨ ᠤ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠪᠠ᠃ 142 ᠲᠣᠰᠬᠤᠨ ᠤ ᠲᠥᠪᠬᠢᠨᠡᠭᠦᠯᠬᠦ ᠭᠠᠵᠠᠷ ᠲᠤ ᠲᠤᠰᠬᠠᠢ ᠠᠵᠢᠯᠳᠠᠨ ᠲᠤᠬᠢᠷᠠᠭᠤᠯᠵᠦ᠂ ᠠᠵᠢᠯ ᠣᠯᠭᠤᠯᠳᠠ ᠶᠢ ᠲᠡᠮᠵᠢᠬᠦ᠂ ᠡᠷᠦᠬᠡ ᠠᠮᠠ ᠶᠢᠨ ᠲᠠᠩᠰᠠ ᠶᠢᠨ ᠭᠠᠷᠳᠠᠮ ᠬᠥᠢᠴᠡᠳᠭᠡᠬᠦ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ᠂ ᠵᠢᠭᠤᠷᠠᠯᠳᠤᠭᠠᠨ ᠢ ᠡᠶᠡᠳᠡᠭᠦᠯᠬᠦ ᠵᠡᠷᠭᠡ ᠨᠡᠶᠢᠭᠡᠮ ᠲᠣᠭᠤᠷᠢᠭ ᠤᠨ ᠤᠶᠢᠯᠡᠴᠢᠯᠡᠭᠡᠨ ᠤ ᠠᠵᠢᠯ ᠢ ᠬᠠᠷᠢᠭᠤᠴᠠᠭᠤᠯᠵᠦ᠂ ᠡᠶ᠎ᠡ ᠵᠤᠬᠢᠴᠠᠯ ᠲᠠᠢ᠂ ᠪᠠᠶᠠᠨ ᠴᠢᠨᠡᠭᠡᠯᠢᠭ᠂ ᠵᠤᠯ ᠵᠢᠷᠭᠠᠯᠳᠦ ᠠᠮᠢᠳᠤᠷᠠᠯ ᠤᠨ ᠤᠷᠴᠢᠨ ᠢ ᠪᠦᠷᠢᠯᠳᠦᠭᠦᠯᠤᠨ ᠦᠭᠭᠦᠭᠰᠡᠨ ᠪᠠᠶᠢᠨ᠎ᠠ᠃
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号