︽ᠤᠯᠠᠭᠠᠨᠬᠤᠲᠠ ᠶᠢᠨ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ ᠲᠥᠪ ᠤᠨ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ ᠳᠦᠷᠢᠮ︾ ᠢ ᠳᠠᠷᠤᠮᠠᠯᠯᠠᠨ ᠲᠠᠷᠬᠠᠭᠠᠬᠤ ᠲᠤᠬᠠᠢ ᠤᠯᠠᠭᠠᠨᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/8/24
   ᠤᠯᠠᠭᠠᠨᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ᠲᠠᠷᠬᠠᠭᠠᠬᠰᠠᠨ ﹇2023﹈ 7 ᠳ᠋ᠤᠭᠠᠷ ᠲᠣᠭᠠᠲᠤ    ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠶᠢᠨ ᠬᠡᠷᠡᠭ ᠡᠷᠬᠢᠯᠡᠬᠦ ᠭᠠᠵᠠᠷ᠂ ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ᠂ ᠰᠡᠷᠭᠡᠨ ᠣᠲᠣ ᠦᠶ᠎ᠡ ᠶᠢᠨ ᠲᠠᠷᠢᠶᠠᠯᠠᠩ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠳᠤ᠄    ︽ᠤᠯᠠᠭᠠᠨᠬᠤᠲᠠ ᠶᠢᠨ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶ᠎ᠠ ᠶᠢᠨ ᠲᠥᠪ ᠤᠨ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶ᠎ᠠ ᠶᠢᠨ ᠳᠦᠷᠢᠮ︾  ᠢ ᠬᠤᠲᠠ ᠶᠢᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠠᠷᠠᠢ᠃                                   2023 ᠣᠨ ᠤ 2 ᠰᠠᠷ᠎ᠠ ᠶᠢᠨ 15 ᠤ ᠡᠳᠤᠷ    ᠤᠯᠠᠭᠠᠨᠬᠤᠲᠠ ᠶᠢᠨ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ ᠲᠥᠪ ᠤᠨ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ ᠳᠦᠷᠢᠮ    ᠨᠢᠭᠡᠳᠦᠭᠡᠷ ᠪᠦᠯᠦᠭ   ᠶᠡᠷᠦᠩᠬᠡᠢ ᠳᠦᠷᠢᠮ    ᠨᠢᠭᠡᠳᠦᠭᠡᠷ ᠵᠦᠢᠯ  ᠤᠯᠠᠭᠠᠨᠬᠤᠲᠠ ᠶᠢᠨ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ ᠲᠥᠪ ︵ᠳᠣᠷᠣᠭᠰᠢ ︽ᠲᠥᠪ︾ ᠭᠡᠵᠦ ᠲᠣᠪᠴᠢᠯᠠᠨ᠎ᠠ︶ ᠳᠤ ᠶᠠᠪᠤᠭᠳᠠᠬᠤ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ ᠠᠵᠢᠯᠯᠠᠭ᠎ᠠ  ᠶᠢ ᠵᠢᠷᠤᠮᠵᠢᠭᠤᠯᠬᠤ ᠶᠢᠨ ᠲᠥᠯᠥᠭᠡ᠂ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠦᠢᠯᠡᠴᠢᠯᠡᠭᠡᠨ ᠳᠠᠬᠢ ᠠᠷᠠᠯᠵᠢᠶᠠᠨ ᠤ ᠡᠯ᠎ᠡ ᠡᠲᠡᠭᠡᠳ ᠤᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠵᠤ᠂ ᠰᠠᠶᠢᠨ ᠰᠠᠶᠢᠬᠠᠨ ᠠᠷᠠᠯᠵᠢᠶᠠᠨ ᠤ ᠣᠷᠴᠢᠨ ᠨᠥᠬᠦᠴᠡᠯ ᠢ ᠪᠤᠢ ᠪᠣᠯᠭᠠᠵᠤ᠂ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ ᠵᠠᠬ᠎ᠠ ᠳᠡᠯᠭᠡᠭᠦᠷ ᠢ ᠪᠤᠢ ᠪᠤᠯᠭᠠᠨ ᠬᠥᠭᠵᠢᠭᠦᠯᠵᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠭᠡ ᠲᠣᠰᠬᠤᠨ ᠤ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠬᠠᠤᠯᠢ︾ ᠲᠥᠪ ᠬᠤᠷᠢᠶᠠᠨ ᠤ ᠠᠯᠪᠠᠨ ᠲᠢᠩᠬᠢᠮ᠂ ᠲᠦᠷᠦ ᠶᠢᠨ ᠶᠠᠪᠤᠳᠠᠯ ᠤᠨ ᠬᠤᠷᠢᠶᠠᠨ ᠤ ︽ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠷᠰᠢᠯᠲᠠ ᠶᠢᠨ ᠴᠡᠭ ᠤᠨ ᠲᠥᠰᠥᠯ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠲᠣᠭᠲᠠᠭᠠᠯ ᠢ ᠦᠨᠳᠦᠰᠦᠯᠡᠨ ᠲᠤᠰ ᠠᠷᠠᠯᠵᠢᠶᠠᠨ ᠤ ᠳᠦᠷᠢᠮ ᠢ ᠲᠣᠭᠲᠠᠭᠠᠪᠠ᠃    ᠬᠤᠶᠠᠳᠤᠭᠠᠷ ᠵᠦᠢᠯ  ᠤᠯᠠᠭᠠᠨᠬᠤᠲᠠ ᠶᠢᠨ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶ᠎ᠠ ᠶᠢᠨ ᠲᠥᠪ ᠪᠣᠯ ᠠᠰᠢᠭ ᠬᠤᠨᠵᠢᠪᠤᠷᠢ ᠶᠢᠨ ᠪᠤᠰᠤ ᠴᠢᠨᠠᠷᠲᠠᠢ ᠪᠠᠶᠢᠭᠤᠯᠤᠮᠵᠢ ᠪᠣᠯᠣᠨ᠎ᠠ᠃    ᠭᠤᠷᠪᠠᠳᠤᠭᠠᠷ ᠵᠦᠢᠯ  ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ ᠭᠤᠤᠯ ᠴᠣᠭᠴᠠ ᠭᠡᠳᠡᠭ ᠨᠢ ᠬᠠᠤᠯᠢ ᠶᠣᠰᠣᠭᠠᠷ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠳᠤ ᠣᠷᠣᠯᠴᠠᠭᠰᠠᠨ ᠰᠢᠯᠵᠢᠭᠦᠯᠦᠨ ᠭᠠᠷᠭᠠᠭᠰᠠᠨ ᠡᠲᠡᠭᠡᠳ᠂ ᠰᠢᠯᠵᠢᠭᠦᠯᠦᠨ ᠠᠪᠤᠭᠰᠠᠨ ᠡᠲᠡᠭᠡᠳ ᠢ ᠵᠢᠭᠠᠵᠤ ᠪᠠᠶᠢᠨ᠎ᠠ᠃    ᠳᠥᠷᠪᠡᠳᠦᠭᠡᠷ ᠵᠦᠢᠯ  ᠲᠤᠰ ᠳᠦᠷᠢᠮ ᠳᠤ ᠬᠡᠯᠡᠵᠦ ᠪᠠᠶᠢᠭ᠎ᠠ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶ᠎ᠠ ᠶᠢ ᠰᠢᠯᠵᠢᠭᠦᠯᠦᠨ ᠭᠠᠷᠭᠠᠭᠰᠠᠨ ᠲᠠᠯ᠎ᠠ ᠭᠡᠳᠡᠭ ᠨᠢ ᠬᠥᠳᠡᠭᠡ ᠲᠣᠰᠬᠤᠨ ᠤ ᠥᠮᠴᠢᠯᠡᠯ ᠤᠨ ᠡᠷᠬᠡ ᠪᠤᠶᠤ ᠥᠮᠴᠢᠯᠡᠯ ᠤᠨ ᠡᠷᠬᠡ ᠲᠠᠢ ᠬᠤᠯᠪᠣᠭᠳᠠᠬᠤ ᠡᠷᠬᠡ ᠴᠢᠳᠠᠯ ᠤᠨ ᠥᠮᠴᠢᠯᠡᠭᠴᠢ ᠪᠤᠶᠤ ᠡᠳ᠋ᠯᠡᠭᠴᠢ ᠶᠢ ᠵᠢᠭᠠᠵᠤ ᠪᠠᠶᠢᠨ᠎ᠠ᠃ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ ᠰᠢᠯᠵᠢᠭᠦᠯᠦᠨ ᠭᠠᠷᠭᠠᠬᠤ ᠭᠡᠳᠡᠭ ᠪᠣᠯ ᠰᠢᠯᠵᠢᠭᠦᠯᠦᠨ ᠭᠠᠷᠭᠠᠭᠰᠠᠨ ᠲᠠᠯ᠎ᠠ ᠨᠢ ᠬᠤᠯᠪᠣᠭᠳᠠᠯ ᠪᠦᠬᠦᠢ ᠰᠢᠢᠳᠪᠦᠷᠢᠲᠦ ᠪᠣᠳᠣᠯᠭ᠎ᠠ ᠪᠠ ᠵᠥᠪᠰᠢᠶᠡᠷᠡᠯ ᠤᠨ ᠵᠢᠷᠤᠮ ᠢ ᠭᠦᠢᠴᠡᠳᠬᠡᠭᠰᠡᠨ ᠤ ᠲᠠᠷᠠᠭ᠎ᠠ᠂ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ ᠲᠥᠪ ᠢᠶᠠᠷ ᠳᠠᠮᠵᠢᠭᠤᠯᠤᠨ ᠥᠮᠴᠢᠯᠡᠯ ᠤᠨ ᠡᠷᠬᠡ ᠶᠢ ᠰᠢᠯᠵᠢᠭᠦᠯᠦᠨ ᠭᠠᠷᠭᠠᠬᠤ ᠮᠡᠳᠡᠭᠡ ᠵᠠᠩᠭᠢ ᠶᠢ ᠨᠡᠶᠢᠲᠡᠯᠡᠵᠦ᠂ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ ᠢᠯᠡ ᠪᠠᠷ ᠫᠠᠶᠢᠰᠠ ᠡᠯᠭᠦᠨ ᠰᠢᠯᠵᠢᠭᠦᠯᠦᠨ ᠭᠠᠷᠭᠠᠬᠤ ᠠᠵᠢᠯᠯᠠᠭ᠎ᠠ ᠶᠢ ᠬᠡᠯᠡᠵᠦ ᠪᠠᠶᠢᠨ᠎ᠠ᠃    ᠲᠠᠪᠤᠳᠤᠭᠠᠷ ᠵᠦᠢᠯ   ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ ᠬᠦᠯᠢᠶᠡᠨ ᠠᠪᠤᠭᠴᠢ ᠭᠡᠳᠡᠭ ᠨᠢ ᠢᠷᠭᠡᠨ ᠤ ᠬᠡᠷᠡᠭ ᠤᠨ ᠪᠦᠷᠢᠨ ᠡᠷᠬᠡ ᠶᠢᠨ ᠴᠢᠳᠠᠪᠤᠷᠢ ᠪᠠ ᠢᠷᠭᠡᠨ ᠤ ᠬᠡᠷᠡᠭ ᠤᠨ ᠠᠵᠢᠯᠯᠠᠭ᠎ᠠ ᠶᠢᠨ ᠴᠢᠳᠠᠪᠤᠷᠢ ᠲᠠᠢ ᠪᠠᠶᠢᠭᠠᠯᠢ ᠬᠥᠮᠥᠨ᠂ ᠢᠷᠭᠡᠨ ᠤ ᠬᠡᠷᠡᠭ ᠤᠨ ᠡᠷᠬᠡ ᠶᠢ ᠪᠡᠶ᠎ᠡ ᠪᠠᠨ ᠳᠠᠭᠠᠭᠠᠵᠤ ᠡᠳ᠋ᠯᠡᠬᠦ ᠪᠠ ᠢᠷᠭᠡᠨ ᠤ ᠬᠡᠷᠡᠭ ᠤᠨ ᠡᠭᠦᠷᠭᠡ ᠶᠢ ᠡᠭᠦᠷᠭᠡᠯᠡᠬᠦ ᠬᠠᠤᠯᠢ ᠶᠢᠨ ᠡᠷᠭᠡᠳᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢ ᠵᠢᠭᠠᠵᠤ ᠪᠠᠶᠢᠨ᠎ᠠ᠃    ᠵᠢᠷᠭᠤᠳᠤᠭᠠᠷ ᠵᠦᠢᠯ    ᠠᠷᠠᠯᠵᠢᠶᠠᠯᠠᠬᠤ ᠡᠯ᠎ᠡ ᠲᠠᠯ᠎ᠠ ᠶᠢᠨ ᠬᠢᠨ ᠬᠠᠤᠯᠢ ᠶᠣᠰᠣᠭᠠᠷ᠂ ᠦᠨ᠎ᠡ ᠲᠥᠯᠥᠪᠦᠷᠢ ᠲᠠᠢ ᠂ ᠰᠠᠶᠢᠨ ᠳᠤᠷ᠎ᠠ ᠶᠢᠨ ᠪᠠᠶᠢᠬᠤ ᠪᠠ ᠢᠯᠡ ᠲᠣᠳᠣ᠂ ᠡᠷᠬᠡ ᠲᠡᠭᠰᠢ᠂ ᠲᠥᠪ ᠭᠤᠣᠯᠴᠢ ᠪᠠᠶᠢᠬᠤ ᠵᠠᠷᠴᠢᠮ ᠢ ᠵᠢᠷᠤᠮᠯᠠᠵᠤ᠂ ᠬᠤᠯᠪᠣᠭᠳᠠᠯ ᠪᠦᠬᠦᠢ ᠳᠦᠷᠢᠮ ᠢ ᠴᠢᠩᠭ᠎ᠠ ᠵᠢᠷᠤᠮᠯᠠᠵᠤ᠂ ᠵᠠᠬ᠎ᠠ ᠳᠡᠯᠭᠡᠭᠦᠷ ᠤᠨ ᠡᠮᠬᠢ ᠵᠢᠷᠤᠮ ᠢ ᠬᠠᠮᠲᠤ ᠪᠠᠷ ᠬᠠᠮᠠᠭᠠᠯᠠᠵᠤ᠂  ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ ᠠᠵᠢᠯᠯᠠᠭ᠎ᠠ ᠶᠢᠨ ᠬᠡᠪ ᠢᠶᠠᠷ ᠶᠠᠪᠤᠭᠳᠠᠬᠤ ᠶᠢ ᠪᠠᠲᠤᠯᠠᠬᠤ ᠬᠡᠷᠡᠭᠲᠡᠢ᠃    ᠳᠣᠯᠣᠳᠤᠭᠠᠷ ᠵᠦᠢᠯ  ᠳᠣᠣᠷ᠎ᠠ ᠵᠢᠭᠰᠠᠭᠠᠭᠰᠠᠨ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶ᠎ᠠ ᠳᠤ ᠲᠤᠰ ᠳᠦᠷᠢᠮ ᠢ ᠬᠡᠷᠡᠭᠯᠡᠨ᠎ᠡ᠄    ︵ᠨᠢᠭᠡ︶ ᠲᠠᠷᠢᠶᠠᠴᠢᠨ ᠡᠷᠦᠬᠡ ᠶᠢᠨ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ᠃ ᠡᠷᠦᠭᠡ ᠳᠤ ᠳᠠᠭᠠᠭᠠᠴᠢᠯᠠᠭᠤᠯᠬᠤ ᠬᠡᠯᠪᠡᠷᠢ ᠪᠠᠷ ᠳᠠᠭᠠᠭᠠᠴᠢᠯᠠᠭᠰᠠᠨ ᠲᠠᠷᠢᠶᠠᠨ ᠭᠠᠵᠠᠷ᠂ ᠡᠪᠡᠰᠦᠲᠦ ᠭᠠᠵᠠᠷ᠂ ᠲᠡᠵᠢᠭᠡᠨ ᠦᠷᠡᠵᠢᠭᠦᠯᠬᠦ ᠤᠰᠤᠨ ᠤ ᠭᠠᠳᠠᠷᠭᠤ ᠵᠡᠷᠭᠡ ᠡᠵᠡᠩᠨᠡᠯᠲᠡ ᠶᠢᠨ ᠡᠷᠬᠡ ᠶᠢ ᠲᠦᠷᠢᠶᠡᠰᠦᠯᠡᠭᠦᠯᠬᠦ᠂ ᠬᠤᠪᠢ ᠣᠷᠣᠭᠤᠯᠬᠤ ᠵᠡᠷᠭᠡ ᠠᠷᠭ᠎ᠠ ᠪᠠᠷ ᠰᠢᠯᠵᠢᠬᠦᠯᠤᠨ ᠠᠷᠠᠯᠵᠢᠶᠠᠯᠠᠵᠤ ᠪᠣᠯᠣᠨ᠎ᠠ᠂ ᠰᠢᠯᠵᠢᠬᠦᠯᠬᠦ ᠬᠤᠭᠤᠴᠠᠭ᠎ᠠ ᠶᠢ ᠰᠢᠯᠵᠢᠬᠦᠯᠬᠦ ᠬᠤᠶᠠᠷ ᠲᠠᠯ᠎ᠠ ᠪᠠᠷ ᠢᠶᠠᠨ ᠬᠠᠤᠯᠢ ᠴᠠᠭᠠᠵᠠ ᠳᠤ ᠲᠣᠭᠲᠠᠭᠠᠭᠰᠠᠨ ᠬᠡᠪᠴᠢᠶᠡᠨ ᠳᠣᠲᠣᠷ᠎ᠠ ᠵᠥᠪᠳᠡᠯᠴᠡᠨ ᠲᠣᠭᠲᠠᠭᠠᠨ᠎ᠠ᠃    ︵ᠬᠤᠶᠠᠷ︶ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠢ ᠬᠡᠷᠡᠭᠯᠡᠬᠦ ᠡᠷᠬᠡ᠃ ᠰᠢᠯᠵᠢᠬᠦᠯᠬᠦ ᠬᠡᠪᠴᠢᠶ᠎ᠡ᠂ ᠬᠤᠭᠤᠴᠠᠭ᠎ᠠ᠂ ᠬᠡᠷᠡᠭᠴᠡᠭᠡ ᠶᠢ ᠬᠢᠵᠠᠭᠠᠷᠯᠠᠭᠰᠠᠨ ᠤᠷᠢᠲᠠᠯ ᠳᠣᠣᠷ᠎ᠠ᠂ ᠣᠷᠣᠨ ᠰᠠᠭᠤᠴᠠ ᠶᠢᠨ ᠭᠠᠵᠠᠷ ᠢ ᠬᠡᠷᠡᠭᠯᠡᠬᠦ ᠡᠷᠬᠡᠲᠦ ᠬᠥᠮᠥᠨ ᠨᠢ ᠬᠠᠤᠯᠢ ᠶᠣᠰᠣᠭᠠᠷ ᠣᠯᠣᠭᠰᠠᠨ᠂ ᠨᠥᠬᠦᠴᠡᠯ ᠳᠤ ᠨᠡᠶᠢᠴᠡᠭᠰᠡᠨ ᠣᠷᠣᠨ ᠰᠠᠭᠤᠴᠠ ᠶᠢᠨ ᠭᠠᠵᠠᠷ ᠢ ᠬᠡᠷᠡᠭᠯᠡᠬᠦ ᠡᠷᠬᠡ ᠶᠢ ᠲᠦᠷᠢᠶᠡᠰᠦᠯᠡᠭᠦᠯᠬᠦ᠂ ᠬᠤᠪᠢ ᠣᠷᠣᠭᠤᠯᠬᠤ᠂ ᠰᠢᠯᠵᠢᠭᠦᠯᠦᠨ ᠥᠭᠬᠦ ᠪᠤᠶᠤ ᠬᠤᠯᠪᠣᠭᠳᠠᠯ ᠪᠦᠬᠦᠢ ᠬᠠᠤᠯᠢ ᠴᠠᠭᠠᠵᠠ ᠪᠠ ᠤᠯᠤᠰ ᠤᠨ ᠲᠥᠷᠥ ᠶᠢᠨ ᠪᠣᠳᠣᠯᠭ᠎ᠠ ᠶᠢᠨ ᠲᠣᠭᠲᠠᠭᠠᠯ ᠳᠤ ᠨᠡᠶᠢᠴᠡᠬᠦ ᠪᠤᠰᠤᠳ ᠠᠷᠭ᠎ᠠ ᠪᠠᠷ ᠳᠠᠮᠵᠢᠭᠤᠯᠤᠨ ᠲᠣᠭᠲᠠᠭᠠᠭᠰᠠᠨ ᠵᠢᠷᠤᠮ ᠶᠣᠰᠣᠭᠠᠷ ᠪᠤᠰᠤᠳ ᠬᠥᠮᠥᠨ ᠳᠤ ᠰᠢᠯᠵᠢᠬᠦᠯᠤᠨ ᠦᠭᠬᠦ ᠠᠷᠠᠯᠵᠢᠶᠠᠨ ᠤ ᠠᠵᠢᠯᠯᠠᠭ᠎ᠠ ᠶᠢ ᠵᠢᠭᠠᠵᠤ ᠪᠠᠶᠢᠨ᠎ᠠ᠃    ︵ᠭᠤᠷᠪᠠ︶ ᠬᠥᠳᠡᠭᠡ ᠲᠣᠰᠬᠤᠨ ᠤ ᠬᠠᠮᠲᠤ ᠶᠢᠨ ᠡᠬᠢ ᠪᠠᠶᠠᠯᠢᠭ ᠤᠨ ᠴᠢᠨᠠᠷᠲᠠᠢ ᠡᠳ᠋ ᠬᠥᠷᠥᠩᠭᠡ᠃ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠠᠭᠯᠠᠭ ᠠᠭᠤᠯᠠ᠂ ᠲᠠᠴᠢᠷ ᠭᠤᠤ᠂ ᠡᠯᠡᠰᠤᠨ ᠲᠤᠪᠦ᠂ ᠠᠳᠠᠷ ᠳᠠᠩ︶ ᠵᠡᠷᠭᠡ ᠡᠬᠢ ᠪᠠᠶᠠᠯᠢᠭ ᠤᠨ ᠴᠢᠨᠠᠷᠲᠠᠢ ᠡᠳ᠋ ᠬᠦᠷᠦᠩᠬᠡ ᠶᠢᠨ ᠬᠡᠷᠡᠭᠯᠡᠬᠦ ᠡᠷᠬᠡ ᠶᠢ ᠡᠷᠤᠭᠡ ᠳᠤ ᠳᠠᠭᠠᠭᠠᠴᠢᠯᠠᠭᠤᠯᠬᠤ ᠬᠡᠯᠪᠡᠷᠢ ᠪᠠᠷ ᠣᠯᠣᠭᠰᠠᠨ ᠪᠠᠶᠢᠪᠠᠯ᠂ ᠲᠠᠷᠢᠶᠠᠴᠢᠨ ᠡᠷᠤᠭᠡ ᠶᠢᠨ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢᠨ ᠬᠤᠯᠪᠣᠭᠳᠠᠯ ᠪᠦ᠋ᠬᠦᠢ ᠲᠣᠭᠲᠠᠭᠠᠯ ᠶᠣᠰᠣᠭᠠᠷ ᠰᠢᠯᠵᠢᠬᠦᠯᠤᠨ ᠠᠷᠠᠯᠵᠢᠶᠠᠯᠠᠨ᠎ᠠ᠃ ᠪᠤᠰᠤᠳ ᠠᠷᠭ᠎ᠠ ᠪᠠᠷ ᠳᠠᠭᠠᠭᠠᠴᠢᠯᠠᠭᠤᠯᠤᠭᠰᠠᠨ ᠪᠠᠶᠢᠪᠠᠯ᠂ ᠲᠡᠭᠦᠨ ᠤ ᠳᠠᠭᠠᠭᠠᠴᠢᠯᠠᠨ ᠡᠵᠡᠩᠨᠡᠬᠦ ᠡᠷᠬᠡ ᠶᠢ ᠰᠢᠯᠵᠢᠭᠦᠯᠦᠨ ᠥᠭᠬᠦ᠂ ᠲᠦᠷᠢᠶᠡᠰᠦᠯᠡᠭᠦᠯᠬᠦ᠂ ᠬᠤᠪᠢ ᠣᠷᠣᠭᠤᠯᠬᠤ᠂ ᠪᠠᠷᠢᠴᠠᠭᠠᠯᠠᠬᠤ ᠵᠡᠷᠭᠡ ᠠᠷᠭ᠎ᠠ ᠪᠠᠷ ᠰᠢᠯᠵᠢᠬᠦᠯᠤᠨ ᠠᠷᠠᠯᠵᠢᠶᠠᠯᠠᠵᠤ ᠪᠣᠯᠣᠨ᠎ᠠ᠃     ︵ᠲᠦᠷᠪᠡ︶ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠡᠳ᠋ ᠬᠥᠷᠥᠩᠭᠡ᠃ ᠬᠥᠳᠡᠭᠡ ᠲᠣᠰᠬᠤᠨ ᠤ ᠬᠠᠮᠲᠤ ᠠᠴᠠ ᠨᠢᠭᠡᠳᠦᠯᠲᠡᠢ ᠡᠵᠡᠩᠨᠡᠨ ᠬᠠᠮᠢᠶᠠᠷᠴᠤ ᠪᠠᠶᠢᠭ᠎ᠠ ᠡᠵᠡᠩᠨᠡᠯᠲᠡ ᠶᠢᠨ ᠴᠢᠨᠠᠷᠲᠠᠢ ᠡᠳ᠋ ᠬᠥᠷᠥᠩᠭᠡ ︵ᠭᠠᠵᠠᠷ ᠰᠢᠷᠣᠢ ᠶᠢ ᠪᠠᠭᠲᠠᠭᠠᠬᠤ ᠦᠭᠡᠢ︶ ᠶᠢᠨ ᠥᠮᠴᠢᠯᠡᠯ ᠤᠨ ᠡᠷᠬᠡ ᠪᠤᠶᠤ ᠬᠡᠷᠡᠭᠯᠡᠬᠦ ᠡᠷᠬᠡ ᠶᠢ ᠳᠠᠭᠠᠭᠠᠴᠢᠯᠠᠭᠤᠯᠬᠤ᠂ ᠲᠦᠷᠢᠶᠡᠰᠦᠯᠡᠭᠦᠯᠬᠦ᠂ ᠰᠢᠯᠵᠢᠭᠦᠯᠦᠨ ᠥᠭᠬᠦ᠂ ᠬᠤᠪᠢ ᠣᠷᠣᠭᠤᠯᠬᠤ ᠵᠡᠷᠭᠡ ᠠᠷᠭ᠎ᠠ ᠪᠠᠷ ᠰᠢᠯᠵᠢᠬᠦᠯᠤᠨ ᠠᠷᠠᠯᠵᠢᠶᠠᠯᠠᠵᠤ ᠪᠣᠯᠣᠨ᠎ᠠ᠃         ︵ᠲᠠᠪᠤ︶ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠤᠨ ᠲᠤᠨᠤᠬ ᠲᠥᠬᠦᠭᠡᠷᠦᠮᠵᠢ᠃ ᠲᠠᠷᠢᠶᠠᠴᠢᠨ ᠡᠷᠦᠭᠡ᠂ ᠲᠠᠷᠢᠶᠠᠴᠢᠳ ᠤᠨ ᠬᠤᠷᠰᠢᠭᠰᠠᠨ ᠵᠣᠬᠢᠶᠠᠨ ᠪᠠᠶᠢᠭᠤᠯᠤᠯᠲᠠ᠂ ᠬᠥᠳᠡᠭᠡ ᠲᠣᠰᠬᠤᠨ ᠤ ᠬᠠᠮᠲᠤ ᠨᠡᠶᠢᠳᠠ ᠪᠠ ᠲᠠᠷᠢᠶᠠᠯᠠᠩ ᠳᠤ ᠬᠤᠯᠪᠣᠭᠳᠠᠬᠤ ᠠᠵᠤ ᠠᠬᠤᠶᠢᠯᠠᠯ ᠵᠡᠷᠭᠡ ᠶᠢᠨ ᠡᠵᠡᠮᠰᠢᠵᠦ ᠪᠠᠶᠢᠭ᠎ᠠ ᠲᠠᠷᠢᠶᠠᠯᠠᠩ ᠦᠢᠯᠡᠳᠪᠦᠷᠢᠯᠡᠯ ᠤᠨ ᠲᠤᠨᠤᠬ ᠲᠥᠬᠦᠭᠡᠷᠦᠮᠵᠢ ᠶᠢ ᠰᠢᠯᠵᠢᠭᠦᠯᠦᠨ ᠥᠭᠬᠦ᠂ ᠲᠦᠷᠢᠶᠡᠰᠦᠯᠡᠭᠦᠯᠬᠦ᠂ ᠦᠨ᠎ᠡ ᠬᠠᠶᠠᠨ ᠬᠤᠳᠠᠯᠳᠤᠬᠤ ᠵᠡᠷᠭᠡ ᠠᠷᠭ᠎ᠠ ᠪᠠᠷ ᠰᠢᠯᠵᠢᠬᠦᠯᠤᠨ ᠠᠷᠠᠯᠵᠢᠶᠠᠯᠠᠵᠤ ᠪᠣᠯᠣᠨ᠎ᠠ᠃    ︵ᠵᠢᠷᠭᠤᠭ᠎ᠠ︶ ᠵᠢᠵᠢᠭ ᠬᠡᠯᠪᠡᠷᠢ ᠶᠢᠨ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢ ᠬᠡᠷᠡᠭᠯᠡᠬᠦ ᠡᠷᠬᠡ᠃ ᠲᠠᠷᠢᠶᠠᠴᠢᠨ ᠡᠷᠦᠬᠡ᠂ ᠲᠠᠷᠢᠶᠠᠴᠢᠳ ᠤᠨ ᠬᠤᠷᠰᠢᠭᠰᠠᠨ ᠵᠣᠬᠢᠶᠠᠨ ᠪᠠᠶᠢᠭᠤᠯᠤᠯᠲᠠ᠂ ᠬᠥᠳᠡᠭᠡ ᠲᠣᠰᠬᠤᠨ ᠤ ᠬᠠᠮᠲᠤ ᠨᠡᠶᠢᠳᠡ ᠪᠠ ᠲᠠᠷᠢᠶᠠᠯᠠᠩ ᠳᠤ ᠬᠤᠯᠪᠣᠭᠳᠠᠬᠤ ᠠᠵᠤ ᠠᠬᠤᠶᠢᠯᠠᠯ ᠵᠡᠷᠭᠡ ᠶᠢᠨ ᠡᠵᠡᠮᠰᠢᠵᠦ ᠪᠠᠶᠢᠭ᠎ᠠ ᠵᠢᠵᠢᠭ ᠬᠡᠯᠪᠡᠷᠢ ᠶᠢᠨ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢᠨ ᠬᠡᠷᠡᠭᠯᠡᠬᠦ ᠡᠷᠬᠡ ᠶᠢ ᠳᠠᠭᠠᠭᠠᠴᠢᠯᠠᠭᠤᠯᠬᠤ᠂ ᠲᠦᠷᠢᠶᠡᠰᠦᠯᠡᠭᠦᠯᠬᠦ᠂ ᠰᠢᠯᠵᠢᠭᠦᠯᠦᠨ ᠥᠭᠬᠦ᠂ ᠪᠠᠷᠢᠴᠠᠭᠠᠯᠠᠬᠤ᠂ ᠬᠤᠪᠢ ᠣᠷᠣᠭᠤᠯᠤᠨ ᠬᠤᠷᠰᠢᠬᠤ ᠵᠡᠷᠭᠡ ᠠᠷᠭ᠎ᠠ ᠪᠠᠷ ᠰᠢᠯᠵᠢᠬᠦᠯᠤᠨ ᠠᠷᠠᠯᠵᠢᠶᠠᠯᠠᠵᠤ ᠪᠣᠯᠣᠨ᠎ᠠ᠃    ︵ᠲᠤᠯᠤᠭ᠎ᠠ︶ ᠲᠠᠷᠢᠶᠠᠯᠠᠩ ᠤᠨ ᠲᠥᠷᠥᠯ ᠤᠨ ᠮᠡᠳᠡᠯᠭᠡ ᠶᠢᠨ ᠪᠦᠲᠦᠭᠡᠭᠳᠡᠬᠦᠨ ᠤ ᠡᠷᠬᠡ᠃ ᠲᠠᠷᠢᠶᠠᠯᠠᠩ ᠳᠤ ᠬᠤᠯᠪᠣᠭᠳᠠᠬᠤ ᠲᠤᠰᠬᠠᠢ ᠠᠰᠢᠭ᠂ ᠲᠠᠸᠠᠷ ᠤᠨ ᠲᠡᠮᠳᠡᠭ᠂ ᠬᠡᠪᠯᠡᠯ ᠤᠨ ᠡᠷᠬᠡ᠂ ᠰᠢᠨ᠎ᠡ ᠲᠦᠷᠦᠯ ᠵᠦᠢᠯ᠂ ᠰᠢᠨ᠎ᠡ ᠮᠡᠷᠭᠡᠵᠢᠯ ᠵᠡᠷᠭᠡ ᠶᠢ ᠰᠢᠯᠵᠢᠭᠦᠯᠦᠨ ᠥᠭᠬᠦ᠂ ᠲᠦᠷᠢᠶᠡᠰᠦᠯᠡᠭᠦᠯᠬᠦ᠂ ᠬᠤᠪᠢ ᠣᠷᠣᠭᠤᠯᠤᠨ ᠬᠤᠷᠰᠢᠬᠤ ᠵᠡᠷᠭᠡ ᠪᠠᠷ ᠰᠢᠯᠵᠢᠬᠦᠯᠤᠨ ᠠᠷᠠᠯᠵᠢᠶᠠᠯᠠᠵᠤ ᠪᠣᠯᠣᠨ᠎ᠠ᠃     ︵ᠨᠠᠢᠮᠠ︶ ᠪᠤᠰᠤᠳ ᠵᠦᠢᠯ᠃ ᠡᠭᠦᠨ ᠳᠤ ᠲᠠᠷᠢᠶᠠᠯᠠᠩ ᠳᠤ ᠬᠤᠯᠪᠣᠭᠳᠠᠬᠤ ᠡᠳ᠋ ᠬᠥᠷᠥᠩᠭᠡ ᠶᠢ ᠰᠢᠢᠳᠪᠦᠷᠢᠯᠡᠬᠦ᠂ ᠲᠠᠷᠢᠶᠠᠯᠠᠩ ᠳᠤ ᠬᠤᠯᠪᠣᠭᠳᠠᠬᠤ ᠡᠳ᠋ ᠬᠥᠷᠥᠩᠭᠡ ᠶᠢᠨ ᠠᠰᠢᠭ ᠣᠯᠬᠤ ᠡᠷᠬᠡ ᠵᠡᠷᠭᠡ ᠠᠷᠭ᠎ᠠ ᠮᠠᠶ᠋ᠢᠭ  ᠪᠠᠷ ᠰᠢᠯᠵᠢᠬᠦᠯᠤᠨ ᠠᠷᠠᠯᠵᠢᠶᠠᠯᠠᠬᠤ ᠶᠢ ᠪᠠᠭᠲᠠᠭᠠᠨ᠎ᠠ᠃    ᠬᠤᠶᠠᠳᠤᠭᠠᠷ ᠪᠦᠯᠦᠭ  ᠰᠢᠯᠵᠢᠭᠦᠯᠦᠨ ᠭᠠᠷᠭᠠᠬᠤ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠬᠦ    ᠨᠠᠢᠮᠠᠳᠤᠭᠠᠷ ᠵᠦᠢᠯ  ᠰᠢᠯᠵᠢᠭᠦᠯᠦᠨ ᠭᠠᠷᠭᠠᠬᠤ ᠲᠠᠯ᠎ᠠ ᠨᠢ ᠬᠤᠯᠪᠣᠭᠳᠠᠯ ᠪᠦᠬᠦᠢ ᠮᠠᠲ᠋ᠧᠷᠢᠶᠠᠯ ᠢ ᠪᠠᠯᠭᠠᠰᠤᠨ ᠤ ᠳᠡᠰ ᠤᠨ ᠠᠩᠬᠠᠨ ᠤ ᠬᠢᠨᠠᠯᠲᠠ ᠳᠤ ᠲᠤᠰᠢᠶᠠᠭᠰᠠᠨ ︵ᠳᠠᠩᠰᠠᠯᠠᠭᠤᠯᠬᠤ︶  ᠤ ᠳᠠᠷᠠᠭ᠎ᠠ ᠤᠯᠠᠭᠠᠨᠬᠤᠳᠠ ᠶᠢᠨ ᠬᠦᠳᠡᠭᠡ ᠲᠤᠰᠬᠤᠨ ᠤ ᠦᠮᠴᠢᠯᠡᠯ ᠤᠨ ᠡᠷᠭᠡ ᠶᠢᠨ ᠠᠷᠠᠯᠵᠢᠶᠠᠨ ᠤ ᠲᠥᠪ ᠲᠤ ᠬᠦᠷᠭᠡᠵᠦ ᠭᠦᠢᠴᠡᠳᠬᠡᠨ᠎ᠡ᠃    ᠶᠢᠰᠦᠳᠦᠭᠡᠷ ᠵᠦᠢᠯ  ᠰᠢᠯᠵᠢᠭᠦᠯᠦᠨ ᠭᠠᠷᠭᠠᠬᠤ ᠲᠠᠯ᠎ᠠ ᠨᠢ ᠮᠡᠳᠡᠭᠡ ᠵᠠᠩᠭᠢ ᠨᠡᠶᠢᠲᠡᠯᠡᠬᠦ ᠶᠢ ᠰᠢᠯᠵᠢᠭᠦᠯᠦᠨ ᠭᠠᠷᠭᠠᠬᠤ ᠪᠠᠷ ᠭᠤᠶᠤᠴᠢᠯᠠᠭᠰᠠᠨ ᠪᠠᠶᠢᠪᠠᠯ᠂ ᠳᠣᠣᠷᠠᠬᠢ ᠮᠠᠲ᠋ᠧᠷᠢᠶᠠᠯ ᠤᠳ ᠢ ᠤᠯᠠᠭᠠᠨᠬᠤᠳᠠ ᠶᠢᠨ ᠬᠦᠳᠡᠭᠡ ᠲᠤᠰᠬᠤᠨ  ᠤ ᠦᠮᠴᠢᠯᠡᠯ ᠤᠨ ᠡᠷᠭᠡ ᠶᠢᠨ ᠠᠷᠠᠯᠵᠢᠶᠠᠨ ᠤ ᠲᠥᠪ ᠲᠤ ᠳᠡᠪᠰᠢᠭᠦᠯᠦᠨ ᠲᠤᠰᠢᠶᠠᠬᠤ ᠬᠡᠷᠡᠭᠲᠡᠢ᠂ ᠳᠡᠪᠰᠢᠭᠦᠯᠦᠨ ᠲᠤᠰᠢᠶᠠᠬᠤ ᠮᠠᠲ᠋ᠧᠷᠢᠶᠠᠯ ᠨᠢ ᠤᠤᠯ ᠮᠠᠲ᠋ᠧᠷᠢᠶᠠᠯ ᠪᠠᠶᠢᠬᠤ ᠬᠡᠷᠡᠭᠲᠡᠢ᠂ ᠤᠤᠯ ᠮᠠᠲ᠋ᠧᠷᠢᠶᠠᠯ ᠢ ᠦᠨᠡᠬᠡᠷ ᠳᠡᠪᠰᠢᠭᠦᠯᠦᠨ ᠲᠤᠰᠢᠶᠠᠬᠤ ᠶᠢᠨ ᠠᠷᠭ᠎ᠠ ᠦᠭᠡᠢ ᠪᠠᠶᠢᠪᠠᠯ᠂ ᠤᠤᠯ ᠮᠠᠲ᠋ᠧᠷᠢᠶᠠᠯ ᠢ ᠡᠵᠡᠮᠰᠢᠵᠦ ᠪᠠᠶᠢᠭ᠎ᠠ ᠲᠠᠯ᠎ᠠ ᠶᠢᠨ ᠭᠠᠷ ᠤᠨ ᠦᠰᠦᠭ ᠵᠢᠷᠤᠭᠰᠠᠨ᠂ ᠲᠠᠮᠠᠭ᠎ᠠ ᠳᠠᠷᠤᠭᠰᠠᠨ ᠬᠠᠭᠤᠯᠪᠤᠷᠢ ᠶᠢ ᠳᠡᠪᠰᠢᠭᠦᠯᠦᠨ ᠲᠤᠰᠢᠶᠠᠬᠤ ᠬᠡᠷᠡᠭᠲᠡᠢ᠄    ︵ᠨᠢᠭᠡ︶ ︽ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ ᠰᠢᠯᠵᠢᠭᠦᠯᠦᠨ ᠭᠠᠷᠭᠠᠬᠤ ᠭᠤᠶᠤᠴᠢᠯᠠᠯ ᠤᠨ ᠪᠢᠴᠢᠭ︾ ᠢ ᠤᠯᠠᠭᠠᠨᠬᠤᠳᠠ ᠶᠢᠨ ᠬᠦᠳᠡᠭᠡ ᠲᠤᠰᠬᠤᠨ ᠤ ᠦᠮᠴᠢᠯᠡᠯ ᠤᠨ ᠡᠷᠭᠡ ᠶᠢᠨ ᠠᠷᠠᠯᠵᠢᠶᠠᠨ ᠤ ᠲᠥᠪ ᠠᠴᠠ ᠨᠢᠭᠡᠳᠦᠯᠲᠡᠢ ᠲᠣᠭᠲᠠᠭᠠᠨ᠎ᠠ᠂ ᠰᠢᠯᠵᠢᠭᠦᠯᠦᠨ ᠭᠠᠷᠭᠠᠭᠰᠠᠨ ᠲᠠᠯ᠎ᠠ ᠨᠢ ᠨᠠᠷᠢᠨ ᠲᠣᠳᠣᠷᠬᠠᠢ ᠲᠠᠭᠯᠠᠨ ᠪᠢᠴᠢᠬᠦ ᠶᠢᠨ ᠬᠠᠮᠲᠤ ᠭᠠᠷ ᠤᠨ ᠦᠰᠦᠭ ᠵᠢᠷᠤᠬᠤ ᠬᠡᠷᠡᠭᠲᠡᠢ᠂ ︽ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ ᠰᠢᠯᠵᠢᠬᠦᠯᠬᠦ ᠭᠤᠶᠤᠴᠢᠯᠠᠯ ᠤᠨ ᠪᠢᠴᠢᠭ︾ ᠢ ᠤᠯᠠᠭᠠᠨᠬᠤᠳᠠ ᠶᠢᠨ ᠬᠦᠳᠡᠭᠡ ᠲᠤᠰᠬᠤᠨ ᠤ ᠦᠮᠴᠢᠯᠡᠯ ᠤᠨ ᠡᠷᠭᠡ ᠶᠢᠨ ᠠᠷᠠᠯᠵᠢᠶᠠᠨ  ᠤ ᠲᠥᠪ ᠰᠦᠯᠵᠢᠶᠡᠨ ᠳᠡᠭᠡᠷ᠎ᠡ ᠠᠴᠠ ᠪᠠᠭᠤᠯᠭᠠᠨ ᠠᠪᠴᠤ ᠳᠠᠷᠤᠮᠠᠯᠯᠠᠬᠤ ᠪᠤᠶᠤ ᠤᠯᠠᠭᠠᠨᠬᠤᠳᠠ ᠶᠢᠨ ᠬᠦᠳᠡᠭᠡ ᠲᠤᠰᠬᠤᠨ ᠤ ᠦᠮᠴᠢᠯᠡᠯ ᠤᠨ ᠡᠷᠭᠡ ᠶᠢᠨ ᠠᠷᠠᠯᠵᠢᠶᠠᠨ ᠤ ᠲᠥᠪ ᠠᠴᠠ ᠠᠪᠴᠤ ᠪᠣᠯᠣᠨ᠎ᠠ᠃    ︵ᠬᠤᠶᠠᠷ︶ ᠭᠤᠤᠯ ᠴᠣᠭᠴᠠ ᠶᠢᠨ ᠬᠢᠷᠢ ᠬᠡᠮ ᠢ ᠭᠡᠷᠡᠴᠢᠯᠡᠬᠦ ᠮᠠᠲ᠋ᠧᠷᠢᠶᠠᠯ᠂ ᠬᠡᠷᠪᠡ ᠪᠠᠶᠢᠭᠠᠯᠢ ᠬᠥᠮᠥᠨ ᠪᠠᠶᠢᠪᠠᠯ ᠂ ᠡᠷᠬᠡᠪᠰᠢ ᠬᠤᠪᠢ ᠬᠥᠮᠥᠨ ᠤ ᠪᠡᠶ᠎ᠡ ᠶᠢᠨ ᠦᠨᠡᠮᠯᠡᠯ ᠤᠨ ᠬᠠᠭᠤᠯᠪᠤᠷᠢ ᠶᠢ ᠬᠠᠩᠭᠠᠬᠤ ᠬᠡᠷᠡᠭᠲᠡᠢ᠃ ᠬᠡᠷᠪᠡ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠤᠶᠤ ᠭᠠᠴᠠᠭᠠᠨ ᠤ ᠠᠷᠠᠳ ᠤᠨ ᠵᠥᠪᠯᠡᠯ ᠪᠠᠶᠢᠪᠠᠯ᠂ ᠡᠷᠬᠡᠪᠰᠢ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠳᠠᠩᠰᠠᠯᠠᠭᠤᠯᠤᠭᠰᠠᠨ ᠦᠨᠡᠮᠯᠡᠯ ᠪᠤᠶᠤ ᠦᠨᠳᠦᠰᠦᠨ ᠱᠠᠲᠤᠨ ᠤ ᠣᠯᠠᠨ ᠲᠦᠮᠡᠨ ᠤ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠶᠢᠨ ᠣᠨᠴᠠᠭᠠᠶ ᠬᠠᠤᠯᠢ ᠶᠢᠨ  ᠡᠷᠭᠡᠳᠡᠨ ᠤ ᠨᠢᠭᠡᠳᠦᠯᠲᠡᠢ ᠨᠡᠶᠢᠭᠡᠮ ᠤᠨ ᠢᠲᠡᠭᠡᠮᠵᠢ ᠶᠢᠨ ᠣᠷᠣᠯᠠᠬᠤ ᠨᠣᠮᠧᠷ ᠤᠨ ᠦᠨᠡᠮᠯᠡᠯ᠂ ᠬᠠᠷᠢᠭᠤᠴᠠᠯᠭᠠᠲᠠᠨ ᠤ ᠪᠡᠶ᠎ᠡ ᠶᠢᠨ ᠦᠨᠡᠮᠯᠡᠯ ᠵᠢᠴᠢ ᠪᠡᠶ᠎ᠡ ᠶᠢᠨ ᠦᠨᠡᠮᠯᠡᠯ ᠢ ᠬᠠᠩᠭᠠᠬᠤ ᠬᠡᠷᠡᠭᠲᠡᠢ᠃ ᠬᠡᠷᠪᠡ ᠵᠣᠬᠢᠶᠠᠨ ᠪᠠᠶᠢᠭᠤᠯᠬᠤ ᠨᠢᠭᠡᠴᠢ ᠪᠠᠶᠢᠪᠠᠯ᠂ ᠡᠷᠬᠡᠪᠰᠢ ᠦᠢᠯᠡᠳᠪᠦᠷᠢ ᠬᠤᠳᠠᠯᠳᠤᠭᠠᠨ ᠤ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ᠳᠡᠪᠲᠡᠷ᠂ ᠵᠣᠬᠢᠶᠠᠨ ᠪᠠᠶᠢᠭᠤᠯᠬᠤ ᠳᠦᠷᠢᠮ᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ︵ᠬᠠᠷᠢᠭᠤᠴᠠᠯᠭᠠᠲᠠᠨ︶ ᠶᠢᠨ ᠪᠡᠶ᠎ᠡ ᠶᠢᠨ ᠦᠨᠡᠮᠯᠡᠯ   ᠤᠨ ᠭᠡᠷᠡᠴᠢ ᠵᠢᠴᠢ ᠪᠡᠶ᠎ᠡ ᠶᠢᠨ ᠦᠨᠡᠮᠯᠡᠯ ᠵᠡᠷᠭᠡ ᠮᠠᠲ᠋ᠧᠷᠢᠶᠠᠯ ᠢ ᠬᠠᠩᠭᠠᠬᠤ ᠬᠡᠷᠡᠭᠲᠡᠢ᠃    ︵ᠭᠤᠷᠪᠠ︶ ᠰᠢᠯᠵᠢᠭᠦᠯᠦᠨ ᠭᠠᠷᠭᠠᠭᠰᠠᠨ ᠬᠠᠷᠠᠯᠲᠠ ᠶᠢᠨ ᠭᠡᠷᠡᠴᠢᠯᠡᠬᠦ ᠮᠠᠲ᠋ᠧᠷᠢᠶᠠᠯ ᠳᠤ᠂ ᠰᠢᠯᠵᠢᠭᠦᠯᠦᠨ ᠭᠠᠷᠭᠠᠭᠰᠠᠨ ᠬᠠᠷᠠᠯᠲᠠ ᠶᠢᠨ ᠲᠦᠷᠦᠯ ᠢᠯᠭᠠᠯ ᠢᠶᠠᠷ ᠨᠢ ᠲᠡᠭᠦᠨ ᠤ ᠳᠣᠲᠣᠷᠠᠬᠢ ᠨᠢᠭᠡ ᠪᠤᠶᠤ ᠬᠡᠳᠤᠨ ᠡᠷᠬᠡ ᠶᠢᠨ ᠬᠠᠷᠢᠶᠠᠯᠠᠯ ᠤᠨ ᠭᠡᠷᠡᠴᠢᠯᠡᠬᠦ ᠪᠢᠴᠢᠭ ᠮᠠᠲ᠋ᠧᠷᠢᠶᠠᠯ ︵ᠥᠮᠴᠢᠯᠡᠯ ᠤᠨ ᠡᠷᠬᠡ ᠶᠢᠨ ᠦᠨᠡᠮᠯᠡᠯ᠂ ᠬᠡᠷᠡᠭᠯᠡᠬᠦ ᠡᠷᠬᠡ ᠶᠢᠨ ᠦᠨᠡᠮᠯᠡᠯ᠂ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ᠂ ᠠᠩᠬ᠎ᠠ ᠤᠳᠠᠭ᠎ᠠ ᠳᠠᠭᠠᠭᠠᠴᠢᠯᠠᠨ ᠡᠵᠡᠩᠨᠡᠬᠦ ᠭᠡᠷ᠎ᠡ᠂ ᠰᠲ᠋ᠣᠺ ᠤᠨ ᠡᠷᠬᠡ ᠶᠢᠨ ᠭᠡᠷᠡᠴᠢ ᠵᠡᠷᠭᠡ︶ ᠢ ᠲᠤᠰ ᠲᠤᠰ ᠬᠠᠩᠭᠠᠨ᠎ᠠ᠃    ︵ᠳᠥᠷᠪᠡ︶ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠪᠠ ᠵᠥᠪᠰᠢᠶᠡᠷᠡᠭᠰᠡᠨ ᠪᠢᠴᠢᠭ ᠮᠠᠲ᠋ᠧᠷᠢᠶᠠᠯ    1. ᠳᠣᠲᠣᠭᠠᠳᠤ ᠶᠢᠨ ᠰᠢᠢᠳᠪᠦᠷᠢᠲᠦ ᠪᠣᠳᠣᠯᠭ᠎ᠠ ᠶᠢᠨ ᠪᠢᠴᠢᠭ ᠮᠠᠲ᠋ᠧᠷᠢᠶᠠᠯ    ᠭᠠᠴᠠᠭ᠎ᠠ ᠲᠤᠰᠬᠤᠨ ᠤ ᠬᠠᠮᠲᠤ ᠶᠢᠨ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠢᠴᠢᠭ ᠮᠠᠲ᠋ᠧᠷᠢᠶᠠᠯ᠂ ᠬᠤᠷᠰᠢᠶᠠᠵᠢᠯ ᠤᠨ ᠪᠦᠷᠢᠯᠳᠦᠭᠦᠨ ᠤ ᠶᠡᠭᠡ ᠬᠤᠷᠠᠯ ᠤᠨ ᠰᠢᠢᠳᠪᠦᠷᠢ᠂ ᠬᠤᠪᠢ ᠣᠷᠣᠭᠤᠯᠤᠭᠴᠢᠳ ᠤᠨ ᠵᠥᠪᠯᠡᠯ ᠤᠨ ᠰᠢᠢᠳᠪᠦᠷᠢ᠂ ᠬᠡᠷᠡᠭ ᠮᠡᠳᠡᠭᠴᠢᠳ ᠤᠨ ᠵᠥᠪᠯᠡᠯ ᠤᠨ ᠰᠢᠢᠳᠪᠦᠷᠢ ᠵᠡᠷᠭᠡ ᠪᠣᠯᠣᠨ᠎ᠠ᠃    2᠂ ᠰᠢᠯᠵᠢᠭᠦᠯᠦᠨ ᠭᠠᠷᠭᠠᠬᠤ ᠶᠢ ᠵᠥᠪᠰᠢᠶᠡᠷᠡᠭᠰᠡᠨ ᠬᠠᠮᠢᠶ᠎ᠠ ᠪᠦᠬᠦᠢ ᠴᠣᠬᠤᠯᠠᠪᠤᠷᠢ ᠶᠢᠨ ᠪᠢᠴᠢᠭ    ᠲᠤᠰ ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠨᠠᠷ ᠤᠨ ᠭᠠᠴᠠᠭᠠᠨ ᠤ ᠠᠷᠠᠳ ᠤᠨ ᠬᠤᠷᠠᠯ ᠤᠨ ᠭᠤᠷᠪᠠᠨ ᠤ ᠬᠤᠶᠠᠷ ᠬᠤᠪᠢ ᠠᠴᠠ ᠳᠡᠭᠡᠭᠰᠢᠬᠢ ᠪᠦᠷᠢᠯᠳᠦᠭᠦᠨ ᠪᠤᠶᠤ ᠭᠤᠷᠪᠠᠨ ᠤ ᠬᠤᠶᠠᠷ ᠬᠤᠪᠢ ᠠᠴᠠ ᠳᠡᠭᠡᠭᠰᠢᠬᠢ ᠭᠠᠴᠠᠭᠠᠨ ᠤ ᠠᠷᠠᠳ ᠤᠨ ᠲᠥᠯᠥᠭᠡᠯᠡᠭᠴᠢᠳ ᠤᠨ ᠵᠥᠪᠰᠢᠶᠡᠷᠡᠭᠰᠡᠨ ᠰᠢᠢᠳᠪᠦᠷᠢ᠂ ᠬᠤᠪᠢ ᠣᠷᠣᠭᠤᠯᠤᠭᠴᠢᠳ ᠤᠨ ᠵᠥᠪᠯᠡᠯ ᠤᠨ ᠰᠢᠢᠳᠪᠦᠷᠢ ᠵᠢᠴᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠵᠥᠪᠰᠢᠶᠡᠷᠡᠭᠰᠡᠨ ᠪᠢᠴᠢᠭ ᠵᠡᠷᠭᠡ ᠶᠢ ᠪᠠᠭᠲᠠᠭᠠᠨ᠎ᠠ᠃ ᠲᠠᠬᠢᠨᠳᠡ ᠰᠢᠯᠵᠢᠬᠦᠯᠬᠦ ᠶᠠᠪᠤᠳᠠᠯ ᠳᠤ ᠬᠤᠯᠪᠣᠭᠳᠠᠪᠠᠯ᠂ ᠪᠠᠰᠠ ᠳᠣᠣᠷᠠᠬᠢ ᠮᠠᠲ᠋ᠧᠷᠢᠶᠠᠯ ᠤᠳ ᠢ ᠲᠤᠰᠢᠶᠠᠬᠤ ᠴᠢᠬᠤᠯᠠᠲᠠᠢ᠄ ᠤᠤᠯ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠭᠡᠷ᠎ᠡ᠂ ᠤᠤᠯ ᠳᠠᠭᠠᠭᠠᠴᠢᠯᠠᠭᠴᠢ ᠶᠢᠨ ᠲᠠᠬᠢᠨᠳᠠ ᠰᠢᠯᠵᠢᠬᠦᠯᠬᠦ ᠶᠢ ᠵᠥᠪᠰᠢᠶᠡᠷᠡᠭᠰᠡᠨ ᠪᠢᠴᠢᠭ ᠤᠨ ᠵᠥᠪᠰᠢᠶᠡᠷᠡᠯ ᠤᠨ ᠮᠠᠲ᠋ᠧᠷᠢᠶᠠᠯ᠃    3. ᠤᠷᠢᠳᠠᠪᠡᠷ ᠡᠳ᠋ᠯᠡᠬᠦ ᠡᠷᠬᠡ ᠪᠠᠨ ᠬᠠᠶᠠᠬᠤ ᠡᠰᠡᠬᠦ ᠳᠤ ᠵᠣᠬᠢᠴᠠᠩᠭᠤᠢ ᠪᠢᠴᠢᠭ ᠤᠨ ᠭᠡᠷᠡᠴᠢ ᠬᠠᠩᠭᠠᠬᠤ ᠬᠡᠷᠡᠭᠲᠡᠢ᠃    ︵ᠲᠠᠪᠤ︶ ᠰᠢᠯᠵᠢᠭᠦᠯᠦᠨ ᠭᠠᠷᠭᠠᠭᠰᠠᠨ ᠬᠠᠷᠠᠯᠲᠠ ᠶᠢᠨ ᠦᠨᠳᠦᠰᠦᠨ ᠪᠠᠶᠢᠳᠠᠯ ᠤᠨ ᠮᠠᠲ᠋ᠧᠷᠢᠶᠠᠯ ︵ᠵᠢᠱᠢᠶᠡᠯᠡᠪᠡᠯ ᠬᠠᠷᠠᠯᠲᠠ ᠶᠢᠨ ᠦᠨᠳᠦᠰᠦᠨ ᠪᠠᠶᠢᠳᠠᠯ ᠤᠨ ᠲᠤᠬᠠᠢ ᠲᠠᠨᠢᠯᠴᠠᠭᠤᠯᠭ᠎ᠠ᠂ ᠳᠠᠭᠠᠭᠠᠯᠲᠠ ᠪᠠᠶᠢᠬᠤ ᠡᠰᠡᠬᠦ᠂ ᠪᠠᠶᠢᠴᠠᠭᠠᠨ ᠪᠢᠲᠡᠭᠦᠮᠵᠢᠯᠡᠬᠦ᠂ ᠵᠠᠷᠭᠤᠯᠳᠤᠬᠤ ᠵᠡᠷᠭᠡ ᠡᠷᠬᠡ ᠶᠢᠨ ᠬᠠᠷᠢᠶᠠᠯᠠᠯ ᠤᠨ ᠬᠢᠵᠠᠭᠠᠷᠯᠠᠯ ᠤᠨ ᠲᠤᠬᠠᠢ ᠲᠣᠳᠣᠷᠬᠠᠶᠢᠯᠠᠯᠲᠠ︶᠃    ︵ᠵᠢᠷᠭᠤᠭ᠎ᠠ︶ ᠭᠠᠷᠲᠠᠨ ᠬᠢᠭᠴᠢ᠂ ᠳᠠᠭᠠᠭᠠᠴᠢᠯᠠᠭᠤᠯᠤᠭᠴᠢ ᠳᠤ ᠨᠠᠶᠢᠳᠠᠵᠤ ᠠᠷᠠᠯᠵᠢᠶᠠᠨ ᠤ ᠭᠠᠷᠳᠠᠮ ᠭᠦᠢᠴᠡᠳᠬᠡᠬᠦ ᠳᠤ᠂ ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ ᠵᠢᠴᠢ ᠨᠠᠶᠢᠳᠠᠯᠭ᠎ᠠ ᠬᠦᠯᠢᠶᠡᠭᠴᠢ ᠶᠢᠨ ᠭᠤᠣᠯ ᠴᠣᠭᠴᠠ ᠶᠢᠨ ᠬᠢᠷᠢ ᠬᠡᠮ ᠤᠨ ᠭᠡᠷᠡᠴᠢ᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠤᠶᠤ ᠬᠠᠷᠢᠭᠤᠴᠠᠯᠭᠠᠲᠠᠨ ᠤ ᠪᠡᠶ᠎ᠡ ᠶᠢᠨ ᠦᠨᠡᠮᠯᠡᠯ ᠤᠨ ᠬᠠᠭᠤᠯᠪᠤᠷᠢ ᠶᠢ ᠲᠤᠰᠢᠶᠠᠬᠤ ᠬᠡᠷᠡᠭᠲᠡᠢ᠃    ︵ᠳᠣᠯᠤᠭ᠎ᠠ︶ ᠬᠠᠮᠲᠤ ᠶᠢᠨ ᠥᠮᠴᠢᠯᠡᠯ ᠤᠨ ᠡᠷᠬᠡ ᠶᠢ ᠰᠢᠯᠵᠢᠭᠦᠯᠦᠨ ᠭᠠᠷᠭᠠᠬᠤ ᠳᠤ ᠬᠤᠯᠪᠣᠭᠳᠠᠪᠠᠯ ᠦᠨᠡᠯᠡᠨ ᠵᠢᠱᠢᠬᠦ ᠴᠢᠬᠤᠯᠠᠲᠠᠢ ᠪᠠᠶᠢᠪᠠᠯ᠂ ᠪᠠᠰᠠ ᠦᠨᠡᠯᠡᠨ ᠵᠢᠱᠢᠭᠰᠡᠨ ᠮᠡᠳᠡᠭᠦᠯᠦᠯᠲᠡ ᠵᠢᠴᠢ ᠨᠤᠲᠠᠯᠠᠬᠤ ᠰᠢᠢᠳᠪᠦᠷᠢ ᠲᠤᠰᠢᠶᠠᠬᠤ ᠬᠡᠷᠡᠭᠲᠡᠢ᠃ ᠦᠨᠡᠯᠡᠨ ᠵᠢᠱᠢᠭᠰᠡᠨ ᠦᠷ᠎ᠡ ᠳ᠋ᠦᠩ ᠢ ᠨᠤᠲᠠᠯᠠᠬᠤ ᠰᠢᠢᠳᠪᠦᠷᠢ ᠨᠢ ᠲᠤᠰ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠨᠠᠷ ᠤᠨ ᠭᠠᠴᠠᠭᠠᠨ ᠤ ᠠᠷᠠᠳ ᠤᠨ ᠬᠤᠷᠠᠯ ᠤᠨ ᠭᠤᠷᠪᠠᠨ ᠤ ᠬᠤᠶᠠᠷ ᠬᠤᠪᠢ ᠠᠴᠠ ᠳᠡᠭᠡᠭᠰᠢᠬᠢ ᠪᠦᠷᠢᠯᠳᠦᠭᠦᠨ ᠪᠤᠶᠤ ᠭᠤᠷᠪᠠᠨ ᠤ ᠬᠤᠶᠠᠷ ᠬᠤᠪᠢ ᠠᠴᠠ ᠳᠡᠭᠡᠭᠰᠢᠬᠢ ᠭᠠᠴᠠᠭᠠᠨ ᠤ ᠠᠷᠠᠳ ᠤᠨ ᠲᠥᠯᠥᠭᠡᠯᠡᠭᠴᠢᠳ ᠢᠶᠠᠷ ᠵᠥᠪᠰᠢᠶᠡᠷᠡᠭᠦᠯᠦᠭᠰᠡᠨ ᠪᠠᠶᠢᠬᠤ ᠬᠡᠷᠡᠭᠲᠡᠢ᠃    ᠨᠠᠢᠮᠠ᠂ ᠳᠡᠪᠰᠢᠭᠦᠯᠦᠨ ᠲᠤᠰᠢᠶᠠᠬᠤ ᠴᠢᠬᠤᠯᠠ ᠲᠠᠢ ᠪᠤᠰᠤᠳ ᠮᠠᠲ᠋ᠧᠷᠢᠶᠠᠯ᠃    ᠠᠷᠪᠠᠳᠤᠭᠠᠷ ᠵᠦᠢᠯ  ᠰᠢᠯᠵᠢᠭᠦᠯᠦᠨ ᠭᠠᠷᠭᠠᠬᠤ ᠲᠠᠯ᠎ᠠ ᠨᠢ ᠳᠡᠪᠰᠢᠭᠦᠯᠦᠨ ᠲᠤᠰᠢᠶᠠᠭᠰᠠᠨ ᠭᠤᠶᠤᠴᠢᠯᠠᠯ ᠤᠨ ᠪᠢᠴᠢᠭ ᠵᠢᠴᠢ ᠬᠤᠯᠪᠣᠭᠳᠠᠯ ᠪᠦᠬᠦᠢ ᠮᠠᠲ᠋ᠧᠷᠢᠶᠠᠯ ᠤᠨ ᠦᠨᠡᠨ ᠪᠣᠳᠠᠲᠤ ᠴᠢᠨᠠᠷ᠂ ᠪᠦᠷᠢᠨ ᠪᠦᠲᠦᠨ ᠴᠢᠨᠠᠷ᠂ ᠬᠦᠴᠦᠨ ᠪᠦᠬᠦᠢ ᠴᠢᠨᠠᠷ᠂ ᠬᠠᠤᠯᠢ ᠶᠣᠰᠣᠴᠢ ᠴᠢᠨᠠᠷ ᠲᠤ ᠬᠠᠷᠢᠭᠤᠴᠠᠬᠤ ᠬᠡᠷᠡᠭᠲᠡᠢ᠃    ᠠᠷᠪᠠᠨ ᠨᠢᠭᠡᠳᠦᠭᠡᠷ ᠵᠦᠢᠯ  ᠰᠢᠯᠵᠢᠭᠦᠯᠦᠨ ᠭᠠᠷᠭᠠᠬᠤ ᠲᠠᠯ᠎ᠠ ᠶᠢᠨ ᠲᠤᠰᠢᠶᠠᠭᠰᠠᠨ ᠰᠢᠯᠵᠢᠭᠦᠯᠦᠨ ᠭᠠᠷᠭᠠᠬᠤ ᠭᠤᠶᠤᠴᠢᠯᠠᠯ ᠤᠨ ᠮᠠᠲ᠋ᠧᠷᠢᠶᠠᠯ ᠨᠢ ᠪᠦᠷᠢᠨ ᠭᠦᠢᠴᠡᠳ ᠪᠠᠶᠢᠬᠤ ᠤᠷᠢᠲᠠᠯ ᠳᠣᠣᠷ᠎ᠠ᠂ ᠤᠯᠠᠭᠠᠨᠬᠤᠳᠠ ᠶᠢᠨ ᠬᠦᠳᠡᠭᠡ ᠲᠤᠰᠬᠤᠨ ᠤ ᠦᠮᠴᠢᠯᠡᠯ ᠤᠨ ᠡᠷᠭᠡ ᠶᠢᠨ ᠠᠷᠠᠯᠵᠢᠶᠠᠨ ᠤ ᠲᠥᠪ ᠠᠴᠠ ᠬᠡᠯᠪᠡᠷᠢ ᠶᠢᠨ ᠴᠢᠨᠠᠷᠲᠠᠢ ᠬᠢᠨᠠᠨ ᠪᠠᠶᠢᠴᠠᠭᠠᠯᠲᠠ ᠬᠢᠨ᠎ᠡ᠃ ᠪᠦᠷᠢᠨ ᠭᠦᠢᠴᠡᠳ ᠴᠢᠨᠠᠷ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠪᠠᠯ᠂ ᠤᠯᠠᠭᠠᠨᠬᠤᠳᠠ  ᠶᠢᠨ ᠬᠦᠳᠡᠭᠡ ᠲᠤᠰᠬᠤᠨ ᠤ ᠦᠮᠴᠢᠯᠡᠯ ᠤᠨ ᠡᠷᠭᠡ ᠶᠢᠨ ᠠᠷᠠᠯᠵᠢᠶᠠᠨ ᠤ ᠲᠥᠪ ᠠᠴᠠ ᠭᠥᠯᠢᠶᠡᠨ ᠠᠪᠴᠤ ᠳᠡᠩᠰᠡᠯᠡᠨ ᠲᠡᠮᠳᠡᠭᠯᠡᠬᠦ ᠶᠢᠨ ᠬᠠᠮᠲᠤ ᠮᠡᠳᠡᠭᠡ ᠵᠠᠩᠭᠢ ᠨᠡᠶᠢᠲᠡᠯᠡᠨ᠎ᠡ᠃ ᠪᠦᠷᠢᠨ ᠭᠦᠢᠴᠡᠳ ᠴᠢᠨᠠᠷ ᠤᠨ ᠱᠠᠭᠠᠷᠳᠠᠯᠭ᠎ᠠ ᠳᠤ ᠨᠡᠶᠢᠴᠡᠬᠦ ᠦᠭᠡᠢ ᠪᠠᠶᠢᠪᠠᠯ᠂ ᠤᠯᠠᠭᠠᠨᠬᠤᠳᠠ ᠶᠢᠨ ᠬᠦᠳᠡᠭᠡ ᠲᠤᠰᠬᠤᠨ ᠤ ᠦᠮᠴᠢᠯᠡᠯ ᠤᠨ ᠡᠷᠭᠡ  ᠶᠢᠨ ᠠᠷᠠᠯᠵᠢᠶᠠᠨ ᠤ ᠲᠥᠪ ᠠᠴᠠ ᠬᠢᠨᠠᠨ ᠪᠠᠶᠢᠴᠠᠭᠠᠭᠰᠠᠨ ᠰᠠᠨᠠᠯ ᠢ ᠰᠢᠯᠵᠢᠭᠦᠯᠦᠨ ᠭᠠᠷᠭᠠᠭᠰᠠᠨ ᠲᠠᠯ᠎ᠠ ᠳᠤ ᠴᠠᠭ ᠲᠤᠬᠠᠢ ᠳᠤᠨᠢ ᠮᠡᠳᠡᠭᠳᠡᠨ᠎ᠡ᠃    ᠭᠤᠷᠪᠠᠳᠤᠭᠠᠷ ᠪᠦᠯᠦᠭ  ᠰᠢᠯᠵᠢᠭᠦᠯᠦᠨ ᠭᠠᠷᠭᠠᠬᠤ ᠮᠡᠳᠡᠭᠡ ᠵᠠᠩᠭᠢ ᠶᠢ ᠨᠡᠶᠢᠲᠡᠯᠡᠬᠦ    ᠠᠷᠪᠠᠨ ᠬᠤᠶᠠᠳᠤᠭᠠᠷ ᠵᠦᠢᠯ  ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ ᠰᠢᠯᠵᠢᠭᠦᠯᠦᠨ ᠭᠠᠷᠭᠠᠭᠰᠠᠨ ᠮᠡᠳᠡᠭᠡ ᠵᠠᠩᠭᠢ ᠶᠢ ᠤᠯᠠᠭᠠᠨᠬᠤᠳᠠ ᠶᠢᠨ ᠬᠦᠳᠡᠭᠡ ᠲᠤᠰᠬᠤᠨ ᠤ ᠦᠮᠴᠢᠯᠡᠯ ᠤᠨ ᠡᠷᠭᠡ ᠶᠢᠨ ᠠᠷᠠᠯᠵᠢᠶᠠᠨ ᠤ ᠲᠥᠪ ᠰᠦᠯᠵᠢᠶ᠎ᠡ ᠪᠤᠶᠤ ᠤᠯᠠᠭᠠᠨᠬᠤᠳᠠ ᠶᠢᠨ ᠬᠦᠳᠡᠭᠡ ᠲᠤᠰᠬᠤᠨ ᠤ ᠦᠮᠴᠢᠯᠡᠯ ᠤᠨ ᠡᠷᠭᠡ ᠶᠢᠨ ᠠᠷᠠᠯᠵᠢᠶᠠᠨ ᠤ ᠲᠥᠪ ᠠᠴᠠ ᠲᠣᠭᠲᠠᠭᠠᠭᠰᠠᠨ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠳᠤ ᠨᠡᠶᠢᠴᠡᠬᠦ ᠠᠷᠭ᠎ᠠ ᠪᠠᠷ ᠠᠯᠪᠠᠨ ᠵᠠᠷᠯᠠᠯ ᠨᠡᠶᠢᠲᠡᠯᠡᠬᠦ ᠬᠡᠷᠡᠭᠲᠡᠢ᠃ ᠠᠯᠪᠠᠨ ᠵᠠᠷᠯᠠᠯ ᠳᠤ ᠰᠢᠯᠵᠢᠭᠦᠯᠦᠨ ᠭᠠᠷᠭᠠᠬᠤ ᠬᠠᠷᠠᠯᠲᠠ ᠶᠢᠨ ᠦᠨᠳᠦᠰᠦᠨ ᠪᠠᠶᠢᠳᠠᠯ᠂ ᠠᠷᠠᠯᠵᠢᠶᠠᠯᠠᠬᠤ ᠨᠥᠬᠦᠴᠡᠯ᠂ ᠰᠢᠯᠵᠢᠭᠦᠯᠦᠨ ᠠᠪᠬᠤ ᠲᠠᠯ᠎ᠠ ᠶᠢᠨ ᠬᠢᠷᠢ ᠬᠡᠮ ᠤᠨ ᠨᠥᠬᠦᠴᠡᠯ᠂ ᠥᠮᠴᠢᠯᠡᠯ  ᠤᠨ ᠡᠷᠬᠡ ᠶᠢᠨ ᠠᠷᠠᠯᠵᠢᠶ᠎ᠠ ᠳᠤ ᠴᠢᠬᠤᠯᠠ ᠶᠡᠭᠡ ᠨᠥᠯᠥᠭᠡ ᠲᠠᠢ ᠬᠤᠯᠪᠣᠭᠳᠠᠯ ᠪᠦᠬᠦᠢ ᠮᠡᠳᠡᠭᠡ ᠵᠠᠩᠭᠢ᠂ ᠠᠷᠠᠯᠵᠢᠶᠠᠯᠠᠬᠤ ᠠᠷᠭ᠎ᠠ᠂ ᠠᠷᠠᠯᠵᠢᠶᠠᠯᠠᠬᠤ ᠪᠠᠲᠤᠯᠠᠭ᠎ᠠ ᠶᠢᠨ ᠮᠥᠩᠭᠦ ᠪᠠᠶᠢᠷᠢᠯᠠᠭᠤᠯᠬᠤ᠂ ᠵᠠᠷᠯᠠᠨ ᠨᠡᠶᠢᠲᠡᠯᠡᠬᠦ ᠵᠢᠴᠢ ᠳᠡᠯᠭᠡᠨ ᠦᠵᠡᠭᠦᠯᠬᠦ ᠴᠠᠭ ᠵᠡᠷᠭᠡ ᠠᠭᠤᠯᠭ᠎ᠠ ᠶᠢ ᠨᠡᠶᠢᠲᠡᠯᠡᠬᠦ ᠬᠡᠷᠡᠭᠲᠡᠢ᠃ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ ᠰᠢᠯᠵᠢᠭᠦᠯᠦᠨ ᠭᠠᠷᠭᠠᠬᠤ ᠮᠡᠳᠡᠭᠡ ᠵᠠᠩᠭᠢ ᠶᠢ ᠲᠥᠪ ᠠᠴᠠ ᠨᠢᠭᠡᠳᠦᠯᠲᠡᠢ ᠨᠡᠶᠢᠲᠡᠯᠡᠨ᠎ᠡ᠃    ᠠᠷᠪᠠᠨ ᠭᠤᠷᠪᠠᠳᠤᠭᠠᠷ ᠵᠦᠢᠯ  ᠰᠢᠯᠵᠢᠭᠦᠯᠦᠨ ᠭᠠᠷᠭᠠᠬᠤ ᠲᠠᠯ᠎ᠠ ᠨᠢ ᠥᠮᠴᠢᠯᠡᠯ ᠤᠨ ᠡᠷᠬᠡ ᠶᠢ ᠰᠢᠯᠵᠢᠭᠦᠯᠦᠨ ᠭᠠᠷᠭᠠᠬᠤ ᠶᠢ ᠵᠠᠷᠯᠠᠨ ᠨᠡᠶᠢᠲᠡᠯᠡᠬᠦ ᠬᠤᠭᠤᠴᠠᠭ᠎ᠠ ᠶᠢ ᠲᠣᠳᠣᠷᠬᠠᠢ ᠲᠣᠭᠲᠠᠭᠠᠬᠤ ᠬᠡᠷᠡᠭᠲᠡᠢ᠃ ᠠᠩᠬᠠᠳᠠᠭᠴᠢ ᠮᠡᠳᠡᠭᠡ ᠵᠠᠩᠭᠢ ᠶᠢ ᠵᠠᠷᠯᠠᠨ ᠨᠡᠶᠢᠲᠡᠯᠡᠬᠦ ᠬᠤᠭᠤᠴᠠᠭ᠎ᠠ ᠶᠢ 5 ᠠᠵᠢᠯᠯᠠᠬᠤ ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠢ᠂ ᠤᠯᠠᠭᠠᠨᠬᠤᠳᠠ ᠶᠢᠨ ᠬᠦᠳᠡᠭᠡ ᠲᠤᠰᠬᠤᠨ ᠤ ᠦᠮᠴᠢᠯᠡᠯ ᠤᠨ ᠡᠷᠭᠡ ᠶᠢᠨ ᠠᠷᠠᠯᠵᠢᠶᠠᠨ ᠤ ᠲᠥᠪ ᠰᠦᠯᠵᠢᠶᠡᠨ ᠤ ᠥᠷᠲᠡᠭᠡ ᠶᠢᠨ ᠠᠩᠬᠠᠳᠠᠭᠴᠢ ᠮᠡᠳᠡᠭᠡ ᠵᠠᠩᠭᠢ ᠶᠢ ᠵᠠᠷᠯᠠᠨ ᠨᠡᠶᠢᠲᠡᠯᠡᠭᠰᠡᠨ ᠡᠳᠦᠷ ᠢᠶᠠᠷ ᠡᠬᠢᠯᠡᠯᠲᠡ ᠶᠢᠨ ᠡᠳᠦᠷ ᠪᠤᠯᠭᠠᠨ᠎ᠠ᠃    ᠠᠷᠪᠠᠨ ᠳᠥᠷᠪᠡᠳᠦᠭᠡᠷ ᠵᠦᠢᠯ   ᠰᠢᠯᠵᠢᠭᠦᠯᠦᠨ ᠭᠠᠷᠭᠠᠬᠤ ᠲᠠᠯ᠎ᠠ ᠨᠢ ᠮᠡᠳᠡᠭᠡ ᠵᠠᠩᠭᠢ ᠶᠢ ᠵᠠᠷᠯᠠᠨ ᠨᠡᠶᠢᠲᠡᠯᠡᠬᠦ ᠬᠤᠭᠤᠴᠠᠭᠠᠨ ᠳᠤ ᠨᠡᠶᠢᠲᠡᠯᠡᠭᠰᠡᠨ ᠮᠡᠳᠡᠭᠡ ᠵᠠᠩᠭᠢ ᠪᠠᠨ ᠳᠤᠷ᠎ᠠ ᠪᠠᠷ ᠢᠶᠠᠨ ᠬᠤᠪᠢᠷᠠᠭᠤᠯᠬᠤ ᠪᠤᠶᠤ ᠬᠦᠴᠦᠨ ᠦᠭᠡᠢ ᠪᠣᠯᠭᠠᠵᠤ ᠪᠣᠯᠬᠤ ᠦᠭᠡᠢ᠃ ᠰᠢᠯᠵᠢᠭᠦᠯᠦᠨ ᠭᠠᠷᠭᠠᠭᠰᠠᠨ ᠲᠠᠯ᠎ᠠ ᠨᠢ ᠨᠡᠶᠢᠲᠡᠯᠡᠭᠰᠡᠨ ᠮᠡᠳᠡᠭᠡ ᠵᠠᠩᠭᠢ ᠪᠠᠨ ᠳᠤᠷ᠎ᠠ ᠪᠠᠷ ᠢᠶᠠᠨ ᠬᠤᠪᠢᠷᠠᠭᠤᠯᠤᠭᠰᠠᠨ ᠪᠤᠶᠤ ᠬᠦᠴᠦᠨ ᠦᠭᠡᠢ ᠪᠣᠯᠭᠠᠭᠰᠠᠨ ᠪᠠᠶᠢᠪᠠᠯ᠂ ᠵᠣᠬᠢᠴᠠᠩᠭᠤᠢ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ ᠪᠥᠭᠡᠳ ᠬᠤᠯᠪᠣᠭᠳᠠᠯ ᠪᠦᠬᠦᠢ ᠡᠯ᠎ᠡ ᠲᠠᠯ᠎ᠠ ᠶᠢᠨ ᠬᠢᠨ ᠤ ᠬᠤᠬᠢᠷᠠᠯ ᠢ ᠲᠥᠯᠥᠬᠦ ᠬᠡᠷᠡᠭᠲᠡᠢ᠃ ᠣᠨᠴᠠᠭᠠᠶ ᠰᠢᠯᠲᠠᠭᠠᠨ ᠠᠴᠠ ᠪᠣᠯᠵᠤ ᠮᠡᠳᠡᠭᠡ ᠵᠠᠩᠭᠢ ᠶᠢᠨ ᠠᠯᠪᠠᠨ ᠵᠠᠷᠯᠠᠯ ᠤᠨ ᠠᠭᠤᠯᠭ᠎ᠠ ᠶᠢ ᠦᠨᠡᠬᠡᠷ ᠬᠤᠪᠢᠷᠠᠭᠤᠯᠬᠤ ᠴᠢᠬᠤᠯᠠᠲᠠᠢ ᠪᠠᠶᠢᠪᠠᠯ᠂ ᠤᠤᠯ ᠤᠨ ᠵᠥᠪᠰᠢᠶᠡᠷᠡᠭᠰᠡᠨ ᠪᠠᠶᠢᠭᠤᠯᠤᠮᠵᠢ ᠠᠴᠠ ᠪᠢᠴᠢᠭ ᠮᠠᠲ᠋ᠧᠷᠢᠶᠠᠯ ᠭᠠᠷᠭᠠᠨ ᠥᠭᠴᠦ᠂ ᠤᠯᠠᠭᠠᠨᠬᠤᠳᠠ ᠶᠢᠨ ᠬᠦᠳᠡᠭᠡ ᠲᠤᠰᠬᠤᠨ ᠤ ᠦᠮᠴᠢᠯᠡᠯ ᠤᠨ ᠡᠷᠭᠡ ᠶᠢᠨ ᠠᠷᠠᠯᠵᠢᠶᠠᠨ ᠤ ᠲᠥᠪ ᠠᠴᠠ ᠤᠤᠯ ᠤᠨ ᠮᠡᠳᠡᠭᠡ ᠵᠠᠩᠭᠢ ᠨᠡᠶᠢᠲᠡᠯᠡᠬᠦ ᠠᠷᠭ᠎ᠠ ᠵᠠᠮ ᠢᠶᠠᠷ ᠠᠯᠪᠠᠨ ᠵᠠᠷᠯᠠᠯ ᠨᠡᠶᠢᠲᠡᠯᠡᠬᠦ ᠶᠢᠨ ᠬᠠᠮᠲᠤ ᠠᠯᠪᠠᠨ ᠵᠠᠷᠯᠠᠯ ᠤᠨ ᠬᠤᠭᠤᠴᠠᠭ᠎ᠠ ᠶᠢ ᠲᠠᠬᠢᠵᠤ ᠪᠤᠳᠤᠬᠤ ᠬᠡᠷᠡᠭᠲᠡᠢ᠃    ᠠᠷᠪᠠᠨ ᠲᠠᠪᠤᠳᠤᠭᠠᠷ ᠵᠦᠢᠯ   ᠮᠡᠳᠡᠭᠡ ᠵᠠᠩᠭᠢ ᠶᠢᠨ ᠠᠯᠪᠠᠨ ᠵᠠᠷᠯᠠᠯ ᠤᠨ ᠬᠤᠭᠤᠴᠠᠭᠠᠨ ᠳᠤ ᠨᠥᠬᠦᠴᠡᠯ ᠳᠤ ᠨᠡᠶᠢᠴᠡᠬᠦ ᠰᠢᠯᠵᠢᠭᠦᠯᠦᠨ ᠠᠪᠬᠤ ᠰᠠᠨᠠᠭ᠎ᠠ ᠲᠠᠢ ᠡᠲᠡᠭᠡᠳ ᠢ ᠡᠯᠰᠡᠨ ᠣᠯᠣᠭᠰᠠᠨ ᠦᠭᠡᠢ ᠪᠣᠯ ᠮᠡᠳᠡᠭᠡ ᠵᠠᠩᠭᠢ ᠨᠡᠶᠢᠲᠡᠯᠡᠬᠦ ᠠᠭᠤᠯᠭ᠎ᠠ ᠶᠢ ᠬᠤᠪᠢᠷᠠᠭᠤᠯᠬᠤ ᠦᠭᠡᠢ ᠤᠷᠢᠲᠠᠯ ᠳᠣᠣᠷ᠎ᠠ᠂ ᠰᠢᠯᠵᠢᠭᠦᠯᠦᠨ ᠭᠠᠷᠭᠠᠬᠤ ᠲᠠᠯ᠎ᠠ ᠨᠢ ᠠᠯᠪᠠᠨ ᠵᠠᠷᠯᠠᠯ ᠤᠨ ᠬᠤᠭᠤᠴᠠᠭ᠎ᠠ ᠲᠤᠯᠤᠭᠰᠠᠨ ᠤ ᠲᠠᠷᠠᠭ᠎ᠠ ᠡᠳᠦᠷ ᠠᠴᠠ ᠡᠬᠢᠯᠡᠨ 3 ᠠᠵᠢᠯᠯᠠᠬᠤ ᠡᠳᠦᠷ ᠤᠨ ᠳᠣᠲᠣᠷ᠎ᠠ ᠮᠡᠳᠡᠭᠡ ᠵᠠᠩᠭᠢ ᠨᠡᠶᠢᠲᠡᠯᠡᠬᠦ ᠬᠤᠭᠤᠴᠠᠭ᠎ᠠ ᠶᠢ ᠤᠷᠲᠤᠳᠬᠠᠬᠤ ᠪᠠᠷ ᠭᠤᠶᠤᠴᠢᠯᠠᠵᠤ ᠪᠣᠯᠣᠨ᠎ᠠ᠂ ᠤᠳᠠᠭ᠎ᠠ ᠪᠦᠷᠢ ᠶᠢᠨ ᠤᠷᠲᠤᠳᠬᠠᠬᠤ ᠬᠤᠭᠤᠴᠠᠭ᠎ᠠ ᠨᠢ 5 ᠠᠵᠢᠯᠯᠠᠬᠤ ᠡᠳᠦᠷ ᠠᠴᠠ ᠳᠤᠲᠠᠭᠤ ᠪᠠᠶᠢᠵᠤ ᠪᠣᠯᠬᠤ ᠦᠭᠡᠢ᠃    ᠠᠷᠪᠠᠨ ᠵᠢᠷᠭᠤᠳᠤᠭᠠᠷ ᠵᠦᠢᠯ   ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ ᠮᠡᠳᠡᠭᠡ ᠵᠠᠩᠭᠢ ᠶᠢ ᠵᠠᠷᠯᠠᠨ ᠨᠡᠶᠢᠲᠡᠯᠡᠬᠦ ᠦᠶ᠎ᠡ ᠶᠢᠨ ᠫᠠᠶᠢᠰᠠ ᠡᠯᠭᠦᠬᠦ ᠦᠨ᠎ᠡ ᠶᠢ ᠰᠢᠯᠵᠢᠭᠦᠯᠦᠨ ᠭᠠᠷᠭᠠᠭᠰᠠᠨ ᠲᠠᠯ᠎ᠠ ᠠᠴᠠ ᠲᠣᠭᠲᠠᠭᠠᠨ᠎ᠠ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠲᠤᠰ ᠤᠳᠠᠭᠠᠨ ᠤ ᠠᠷᠠᠯᠵᠢᠶᠠᠨ ᠤ ᠰᠢᠯᠵᠢᠭᠦᠯᠦᠨ ᠭᠠᠷᠭᠠᠭᠰᠠᠨ ᠲᠠᠯ᠎ᠠ ᠨᠢ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠵᠥᠪᠰᠢᠶᠡᠷᠡᠬᠦ ᠵᠢᠷᠤᠮ ᠢ ᠭᠦᠢᠴᠡᠳᠬᠡᠬᠦ ᠴᠢᠬᠤᠯᠠᠲᠠᠢ ᠪᠠᠶᠢᠪᠠᠯ᠂ ᠲᠤᠰ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠵᠥᠪᠰᠢᠶᠡᠷᠡᠭᠴᠢ ᠠᠴᠠ ᠲᠣᠭᠲᠠᠭᠠᠨ᠎ᠠ᠃    ᠬᠠᠤᠯᠢ ᠲᠣᠭᠲᠠᠭᠠᠯ ᠶᠣᠰᠣᠭᠠᠷ ᠡᠳ᠋ ᠬᠥᠷᠥᠩᠭᠡ ᠶᠢᠨ ᠦᠨᠡᠯᠡᠨ ᠵᠢᠱᠢᠯᠲᠡ ᠶᠢ ᠳᠠᠮᠵᠢᠬᠤ ᠴᠢᠬᠤᠯᠠᠲᠠᠢ ᠪᠠᠶᠢᠪᠠᠯ᠂ ᠰᠢᠯᠵᠢᠭᠦᠯᠦᠨ ᠭᠠᠷᠭᠠᠭᠰᠠᠨ ᠲᠠᠯ᠎ᠠ ᠪᠤᠶᠤ ᠠᠷᠠᠯᠵᠢᠶᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠵᠤ᠂ ᠵᠥᠪᠰᠢᠶᠡᠷᠡᠭᠴᠢ ᠶᠢᠨ ᠲᠣᠭᠲᠠᠭᠠᠭᠰᠠᠨ ᠠᠩᠬ᠎ᠠ ᠤᠳᠠᠭ᠎ᠠ ᠫᠠᠶᠢᠰᠠ ᠡᠯᠭᠦᠬᠦ ᠦᠨ᠎ᠡ ᠨᠢ ᠲᠣᠰ ᠡᠳ᠋ ᠬᠥᠷᠥᠩᠭᠡ ᠶᠢᠨ ᠦᠨᠡᠯᠡᠨ ᠵᠢᠱᠢᠭᠰᠡᠨ ᠦᠷ᠎ᠡ ᠳ᠋ᠦᠩ ᠠᠴᠠ ᠳᠣᠣᠷ᠎ᠠ ᠪᠠᠶᠢᠵᠤ ᠪᠣᠯᠬᠤ ᠦᠭᠡᠢ᠃    ᠠᠷᠪᠠᠨ ᠳᠣᠯᠣᠳᠤᠭᠠᠷ ᠵᠦᠢᠯ   ᠮᠡᠳᠡᠭᠡ ᠵᠠᠩᠭᠢ ᠶᠢ ᠵᠠᠷᠯᠠᠨ ᠨᠡᠶᠢᠲᠡᠯᠡᠬᠦ ᠬᠤᠭᠤᠴᠠᠭᠠᠨ ᠳᠤ᠂ ᠰᠢᠯᠵᠢᠭᠦᠯᠦᠨ ᠠᠪᠬᠤ ᠲᠠᠯ᠎ᠠ ᠨᠢ ᠤᠯᠠᠭᠠᠨᠬᠤᠳᠠ ᠶᠢᠨ ᠬᠦᠳᠡᠭᠡ ᠲᠤᠰᠬᠤᠨ ᠤ ᠦᠮᠴᠢᠯᠡᠯ ᠤᠨ ᠡᠷᠭᠡ ᠶᠢᠨ ᠠᠷᠠᠯᠵᠢᠶᠠᠨ ᠤ ᠲᠥᠪ ᠵᠢᠴᠢ ᠪᠠᠯᠭᠠᠰᠤᠨ ᠤ ᠲᠡᠰ ᠤᠨ ᠦᠢᠯᠡᠴᠢᠯᠡᠭᠡᠨ ᠤ ᠥᠷᠲᠡᠭᠡᠨ ᠳᠤ ᠬᠦᠷᠴᠦ ᠰᠢᠯᠵᠢᠭᠦᠯᠦᠨ ᠭᠠᠷᠭᠠᠭᠰᠠᠨ ᠬᠠᠷᠠᠯᠲᠠ ᠶᠢᠨ ᠬᠤᠯᠪᠣᠭᠳᠠᠯ ᠪᠦᠬᠦᠢ ᠮᠡᠳᠡᠭᠡ ᠵᠠᠩᠭᠢ ᠪᠠ ᠮᠠᠲ᠋ᠧᠷᠢᠶᠠᠯ ᠢ ᠪᠠᠶᠢᠴᠠᠭᠠᠨ ᠦᠵᠡᠵᠦ᠂ ᠥᠪᠡᠰᠦᠪᠡᠨ ᠪᠤᠶᠤ ᠲᠤᠰᠬᠠᠢ ᠬᠥᠮᠥᠨ ᠳᠤ ᠨᠠᠶᠢᠳᠠᠵᠤ ᠰᠢᠯᠵᠢᠭᠦᠯᠦᠨ ᠭᠠᠷᠭᠠᠭᠰᠠᠨ ᠬᠠᠷᠠᠯᠲᠠ ᠶᠢᠨ ᠣᠳᠣᠬᠢ ᠪᠠᠶᠢᠳᠠᠯ ᠢ ᠣᠶᠢᠯᠠᠭᠠᠭᠤᠯᠵᠤ ᠪᠣᠯᠣᠨ᠎ᠠ᠃ ᠤᠯᠠᠭᠠᠨᠬᠤᠳᠠ ᠶᠢᠨ ᠬᠦᠳᠡᠭᠡ ᠲᠤᠰᠬᠤᠨ ᠤ ᠦᠮᠴᠢᠯᠡᠯ ᠤᠨ ᠡᠷᠭᠡ ᠶᠢᠨ ᠠᠷᠠᠯᠵᠢᠶᠠᠨ ᠤ ᠲᠥᠪ   ᠠᠴᠠ ᠪᠠᠶᠢᠴᠠᠭᠠᠨ ᠯᠠᠪᠯᠠᠬᠤ ᠶᠢ ᠬᠦᠯᠢᠶᠡᠨ ᠠᠪᠬᠤ ᠶᠢᠨ ᠬᠠᠮᠲᠤ ᠲᠡᠳᠡᠨ ᠳᠤ ᠲᠦᠬᠦᠮ ᠦᠵᠡᠭᠦᠯᠬᠦ ᠬᠡᠷᠡᠭᠲᠡᠢ᠃    ᠳᠥᠷᠪᠡᠳᠦᠭᠡᠷ ᠪᠦᠯᠦᠭ   ᠳᠠᠩᠰᠠᠯᠠᠭᠤᠯᠤᠨ ᠰᠢᠯᠵᠢᠭᠦᠯᠦᠨ ᠠᠪᠬᠤ ᠰᠠᠨᠠᠮᠵᠢ    ᠠᠷᠪᠠᠨ ᠨᠠᠢᠮᠠᠳᠤᠭᠠᠷ ᠵᠦᠢᠯ   ᠬᠦᠯᠢᠶᠡᠨ ᠠᠪᠬᠤ ᠲᠠᠯ᠎ᠠ ᠨᠢ ᠤᠯᠠᠭᠠᠨᠬᠤᠳᠠ ᠶᠢᠨ ᠬᠦᠳᠡᠭᠡ ᠲᠤᠰᠬᠤᠨ ᠤ ᠦᠮᠴᠢᠯᠡᠯ ᠤᠨ ᠡᠷᠭᠡ ᠶᠢᠨ ᠠᠷᠠᠯᠵᠢᠶᠠᠨ ᠤ ᠲᠥᠪ ᠲᠤ ᠥᠮᠴᠢᠯᠡᠯ ᠤᠨ ᠡᠷᠬᠡ ᠶᠢ ᠬᠦᠯᠢᠶᠡᠨ ᠠᠪᠬᠤ ᠭᠤᠶᠤᠴᠢᠯᠠᠯ ᠭᠠᠷᠭᠠᠬᠤ ᠬᠡᠷᠡᠭᠲᠡᠢ᠃    ᠠᠷᠪᠠ ᠶᠢᠰᠦᠳᠦᠭᠡᠷ ᠵᠦᠢᠯ   ᠬᠦᠯᠢᠶᠡᠨ ᠠᠪᠬᠤ ᠲᠠᠯ᠎ᠠ ᠠᠴᠠ ᠬᠦᠯᠢᠶᠡᠨ ᠠᠪᠬᠤ ᠭᠤᠶᠤᠴᠢᠯᠠᠯ ᠭᠠᠷᠭᠠᠬᠤ ᠳᠠᠭᠠᠨ ᠤᠯᠠᠭᠠᠨᠬᠤᠳᠠ ᠶᠢᠨ ᠬᠦᠳᠡᠭᠡ ᠲᠤᠰᠬᠤᠨ ᠤ ᠦᠮᠴᠢᠯᠡᠯ ᠤᠨ ᠡᠷᠭᠡ ᠶᠢᠨ ᠠᠷᠠᠯᠵᠢᠶᠠᠨ ᠤ ᠲᠥᠪ ᠲᠤ ᠳᠣᠣᠷᠠᠬᠢ ᠮᠠᠲ᠋ᠧᠷᠢᠶᠠᠯ ᠤᠳ ᠢ ᠳᠡᠪᠰᠢᠭᠦᠯᠦᠨ ᠲᠤᠰᠢᠶᠠᠬᠤ ᠬᠡᠷᠡᠭᠲᠡᠢ᠂ ᠳᠡᠪᠰᠢᠭᠦᠯᠦᠨ ᠲᠤᠰᠢᠶᠠᠭᠰᠠᠨ ᠮᠠᠲ᠋ᠧᠷᠢᠶᠠᠯ ᠨᠢ ᠤᠭ ᠮᠠᠲ᠋ᠧᠷᠢᠶᠠᠯ ᠪᠠᠶᠢᠬᠤ ᠬᠡᠷᠡᠭᠲᠡᠢ᠂ ᠦᠨᠡᠬᠡᠷ ᠤᠭ ᠮᠠᠲ᠋ᠧᠷᠢᠶᠠᠯ ᠢ ᠳᠡᠪᠰᠢᠭᠦᠯᠦᠨ ᠲᠤᠰᠢᠶᠠᠬᠤ ᠶᠢᠨ ᠠᠷᠭ᠎ᠠ ᠦᠭᠡᠢ ᠪᠠᠶᠢᠪᠠᠯ᠂ ᠤᠭ ᠮᠠᠲ᠋ᠧᠷᠢᠶᠠᠯ ᠢ ᠡᠵᠡᠮᠰᠢᠵᠦ ᠪᠠᠶᠢᠭ᠎ᠠ ᠲᠠᠯ᠎ᠠ ᠶᠢᠨ ᠭᠠᠷ ᠤᠨ ᠦᠰᠦᠭ ᠵᠢᠷᠤᠭᠰᠠᠨ᠂ ᠲᠠᠮᠠᠭ᠎ᠠ ᠳᠠᠷᠤᠭᠰᠠᠨ ᠬᠠᠭᠤᠯᠪᠤᠷᠢ ᠶᠢ ᠳᠡᠪᠰᠢᠭᠦᠯᠦᠨ ᠲᠤᠰᠢᠶᠠᠬᠤ ᠬᠡᠷᠡᠭᠲᠡᠢ᠄    ︵ᠨᠢᠭᠡ︶ ︽ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ ᠰᠢᠯᠵᠢᠭᠦᠯᠦᠨ ᠠᠪᠬᠤ ᠰᠠᠨᠠᠭ᠎ᠠ  ᠲᠠᠢ ᠭᠤᠶᠤᠴᠢᠯᠠᠯ ᠤᠨ ᠪᠢᠴᠢᠭ︾ ︵ᠰᠦᠯᠵᠢᠶ᠎ᠡ ᠪᠠᠷ ᠦᠨ᠎ᠡ ᠥᠷᠢᠰᠦᠯᠳᠦᠬᠦ ᠠᠷᠭ᠎ᠠ ᠶᠢ ᠠᠪᠬᠤ ᠳᠤ ᠲᠤᠰᠢᠶᠠᠬᠤ ᠴᠢᠬᠤᠯᠠ ᠦᠭᠡᠢ︶᠃    ︵ᠬᠤᠶᠠᠷ︶  ᠭᠤᠤᠯ ᠴᠣᠭᠴᠠ ᠶᠢᠨ ᠬᠢᠷᠢ ᠬᠡᠮ ᠢ ᠭᠡᠷᠡᠴᠢᠯᠡᠬᠦ ᠮᠠᠲ᠋ᠧᠷᠢᠶᠠᠯ    ᠬᠡᠷᠪᠡ ᠪᠠᠶᠢᠭᠠᠯᠢ ᠬᠥᠮᠥᠨ ᠪᠤᠯ ᠬᠤᠪᠢ ᠬᠥᠮᠥᠨ ᠤ ᠪᠡᠶ᠎ᠡ ᠶᠢᠨ ᠦᠨᠡᠮᠯᠡᠯ ᠤᠨ ᠬᠠᠭᠤᠯᠪᠤᠷᠢ ᠶᠢ ᠬᠠᠩᠭᠠᠬᠤ᠃  ᠭᠡᠷᠪᠡ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠤᠶᠤ ᠭᠠᠴᠠᠭᠠᠨ ᠤ ᠠᠷᠠᠳ ᠤᠨ ᠵᠥᠪᠯᠡᠯ ᠪᠤᠯ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠳᠠᠩᠰᠠᠯᠠᠭᠰᠠᠨ ᠦᠨᠡᠮᠯᠡᠯ ᠪᠤᠶᠤ ᠦᠨᠳᠦᠰᠦᠨ ᠱᠠᠲᠤᠨ ᠤ ᠣᠯᠠᠨ ᠲᠦᠮᠡᠨ ᠤ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠶᠢᠨ ᠣᠨᠴᠠᠭᠠᠶ ᠬᠠᠤᠯᠢ ᠶᠢᠨ ᠡᠷᠭᠡᠳᠡᠨ ᠤ ᠨᠢᠭᠡᠳᠦᠯᠲᠡᠢ ᠨᠡᠶᠢᠭᠡᠮ ᠤᠨ ᠢᠲᠡᠭᠡᠮᠵᠢ ᠶᠢᠨ ᠣᠷᠣᠯᠠᠬᠤ ᠨᠣᠮᠧᠷ ᠤᠨ ᠦᠨᠡᠮᠯᠡᠯ᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠪᠡᠶ᠎ᠡ ᠶᠢᠨ ᠦᠨᠡᠮᠯᠡᠯ ᠤᠨ ᠬᠠᠭᠤᠯᠪᠤᠷᠢ ᠶᠢ ᠬᠠᠩᠭᠠᠬᠤ᠃ ᠬᠡᠷᠪᠡ ᠺᠣᠮᠫᠠᠨᠢ ᠪᠤᠯ ᠦᠢᠯᠡᠳᠪᠦᠷᠢ ᠬᠤᠳᠠᠯᠳᠤᠭᠠᠨ ᠤ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ᠳᠡᠪᠲᠡᠷ᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠪᠡᠶ᠎ᠡ ᠶᠢᠨ ᠦᠨᠡᠮᠯᠡᠯ᠂ ᠺᠣᠮᠫᠠᠨᠢ ᠶᠢᠨ ᠳᠦᠷᠢᠮ ᠵᠡᠷᠭᠡ ᠬᠦᠴᠦᠨ ᠪᠦᠬᠦᠢ ᠦᠨᠡᠮᠯᠡᠯ ᠤᠨ ᠬᠠᠭᠤᠯᠪᠤᠷᠢ ᠶᠢ ᠬᠠᠩᠭᠠᠬᠤ᠃ ᠬᠡᠷᠪᠡ ᠪᠤᠰᠤᠳ ᠵᠣᠬᠢᠶᠠᠨ ᠪᠠᠶᠢᠭᠤᠯᠤᠯᠲᠠ ᠪᠤᠯ ᠬᠢᠷᠢ ᠬᠡᠮ ᠤᠨ ᠦᠨᠡᠮᠯᠡᠯ᠂ ᠬᠠᠷᠢᠭᠤᠴᠠᠯᠭᠠᠲᠠᠨ ᠤ ᠪᠡᠶ᠎ᠡ ᠶᠢᠨ ᠦᠨᠡᠮᠯᠡᠯ ᠵᠢᠴᠢ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠬᠠᠩᠭᠠᠨ᠎ᠠ᠃    ︵ᠭᠤᠷᠪᠠ︶ ᠰᠢᠯᠵᠢᠭᠦᠯᠦᠨ ᠠᠪᠬᠤ ᠬᠢᠷᠢ ᠬᠡᠮ ᠤᠨ ᠨᠥᠬᠦᠴᠡᠯ ᠳᠤ ᠨᠡᠶᠢᠴᠡᠭᠰᠡᠨ ᠭᠡᠷᠡᠴᠢᠯᠡᠬᠦ ᠪᠢᠴᠢᠭ ᠮᠠᠲ᠋ᠧᠷᠢᠶᠠᠯ᠂  ᠬᠡᠷᠪᠡ ᠲᠤᠰ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠪᠤᠶᠤ ᠲᠤᠰ ᠭᠠᠴᠠᠭᠠᠨ ᠤ ᠭᠠᠴᠠᠭᠠᠨ ᠤ ᠠᠷᠠᠳ ᠲᠤ ᠪᠡᠶ᠎ᠡ ᠶᠢᠨ ᠬᠢᠷᠢ ᠬᠡᠮ ᠤᠨ ᠭᠡᠷᠡᠴᠢᠯᠡᠯ ᠤᠨ ᠭᠡᠷᠡᠴᠢ ᠬᠠᠩᠭᠠᠬᠤ ᠶᠢ ᠬᠢᠵᠠᠭᠠᠷᠯᠠᠭᠰᠠᠨ᠃    ︵ᠳᠥᠷᠪᠡ︶ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ ᠰᠢᠯᠵᠢᠭᠦᠯᠦᠨ ᠠᠪᠬᠤ ᠶᠢ ᠵᠥᠪᠰᠢᠶᠡᠷᠡᠭᠰᠡᠨ ᠭᠡᠷᠡᠴᠢ᠃    ᠬᠡᠷᠪᠡ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠤᠶᠤ ᠭᠠᠴᠠᠭᠠᠨ ᠤ ᠠᠷᠠᠳ ᠤᠨ ᠵᠥᠪᠯᠡᠯ ᠪᠠᠶᠢᠪᠠᠯ ᠲᠣᠭᠲᠠᠭᠠᠯ ᠶᠣᠰᠣᠭᠠᠷ ᠰᠢᠯᠵᠢᠭᠦᠯᠦᠨ ᠠᠪᠬᠤ ᠶᠢ ᠵᠥᠪᠰᠢᠶᠡᠷᠡᠬᠦ ᠰᠢᠢᠳᠪᠦᠷᠢ ᠭᠠᠷᠭᠠᠬᠤ ᠬᠡᠷᠡᠭᠲᠡᠢ᠃  ᠬᠡᠷᠪᠡ ᠭᠦᠩᠰᠧ ᠶᠢᠨ ᠲᠦᠷᠢᠮ ᠳᠤ ᠲᠣᠭᠲᠠᠭᠠᠭᠰᠠᠨ ᠬᠡᠷᠡᠭ ᠵᠥᠪᠯᠡᠬᠦ ᠲᠦᠷᠢᠮ ᠤᠨ ᠶᠣᠰᠣᠭᠠᠷ ᠬᠡᠷᠡᠭ ᠮᠡᠳᠡᠭᠴᠢᠳ ᠤᠨ ᠵᠥᠪᠯᠡᠯ  ᠪᠤᠯ ᠬᠤᠪᠢ ᠣᠷᠣᠭᠤᠯᠤᠭᠴᠢᠳ ᠤᠨ ᠶᠡᠭᠡ ᠬᠤᠷᠠᠯ ᠤᠨ ᠰᠢᠢᠳᠪᠦᠷᠢ ᠶᠢ ᠬᠠᠩᠭᠠᠬᠤ᠃ ᠬᠡᠷᠪᠡ ᠳᠡᠭᠡᠳᠦ ᠱᠠᠲᠤᠨ ᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠬᠦ ᠴᠢᠬᠤᠯᠠᠲᠠᠢ ᠪᠠᠶᠢᠪᠠᠯ᠂ ᠰᠢᠯᠵᠢᠭᠦᠯᠦᠨ ᠠᠪᠬᠤ ᠶᠢ ᠵᠥᠪᠰᠢᠶᠡᠷᠡᠭᠰᠡᠨ ᠴᠣᠬᠤᠯᠠᠪᠤᠷᠢ ᠶᠢ ᠪᠠᠰᠠ ᠬᠠᠩᠭᠠᠬᠤ ᠬᠡᠷᠡᠭᠲᠡᠢ᠃    ︵ᠲᠠᠪᠤ︶ ᠣᠷᠣᠯᠠᠭᠤᠯᠬᠤ ᠪᠠᠷ ᠨᠠᠶᠢᠳᠠᠬᠤ ᠳᠤ᠂ ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ ᠵᠢᠴᠢ ᠨᠠᠶᠢᠳᠠᠯᠭ᠎ᠠ ᠬᠦᠯᠢᠶᠡᠭᠴᠢ ᠶᠢᠨ ᠪᠡᠶ᠎ᠡ ᠶᠢᠨ ᠦᠨᠡᠮᠯᠡᠯ ᠤᠨ ᠬᠠᠭᠤᠯᠪᠤᠷᠢ ᠶᠢ ᠲᠤᠰᠢᠶᠠᠬᠤ ᠬᠡᠷᠡᠭᠲᠡᠢ᠃    ︵ᠵᠢᠷᠭᠤᠭ᠎ᠠ︶ ᠬᠤᠯᠪᠤᠭᠠᠯᠠᠨ ᠰᠢᠯᠵᠢᠭᠦᠯᠦᠨ ᠠᠪᠬᠤ ᠠᠷᠭ᠎ᠠ ᠶᠢ ᠠᠪᠤᠭᠰᠠᠨ ᠪᠠᠶᠢᠪᠠᠯ᠂ ᠬᠤᠯᠪᠤᠭᠠᠯᠠᠨ ᠰᠢᠯᠵᠢᠭᠦᠯᠦᠨ ᠠᠪᠬᠤ ᠲᠠᠯ᠎ᠠ ᠶᠢᠨ ᠲᠣᠭᠲᠠᠭᠠᠭᠰᠠᠨ ︽ᠬᠤᠯᠪᠤᠭᠠᠯᠠᠨ ᠰᠢᠯᠵᠢᠭᠦᠯᠦᠨ ᠠᠪᠬᠤ ᠵᠥᠪᠯᠡᠯᠴᠡᠭᠡᠷ︾ ᠢ ᠳᠡᠪᠰᠢᠭᠦᠯᠦᠨ ᠲᠤᠰᠢᠶᠠᠬᠤ ᠶᠢᠨ ᠬᠠᠮᠲᠤ ᠲᠠᠨᠢᠯᠴᠠᠭᠤᠯᠤᠭᠰᠠᠨ ᠲᠠᠯ᠎ᠠ ᠶᠢᠨ ᠲᠥᠯᠥᠭᠡᠯᠡᠭᠴᠢ ᠶᠢᠨ ᠬᠤᠯᠪᠤᠭᠠᠯᠠᠨ ᠰᠢᠯᠵᠢᠭᠦᠯᠦᠨ ᠠᠪᠬᠤ᠂ ᠡᠯ᠎ᠡ ᠲᠠᠯ᠎ᠠ ᠶᠢᠨ ᠬᠢᠨ ᠰᠢᠯᠵᠢᠭᠦᠯᠦᠨ ᠠᠪᠬᠤ ᠬᠤᠯᠪᠣᠭᠳᠠᠯ ᠪᠦᠬᠦᠢ ᠤᠴᠢᠷ ᠶᠠᠪᠤᠳᠠᠯ ᠢ ᠰᠢᠢᠳᠪᠦᠷᠢᠯᠡᠬᠦ ᠲᠠᠨᠢᠯᠴᠠᠭᠤᠯᠭ᠎ᠠ ᠶᠢᠨ ᠪᠢᠴᠢᠭ ᠢ ᠳᠡᠪᠰᠢᠭᠦᠯᠦᠨ ᠲᠤᠰᠢᠶᠠᠬᠤ ᠬᠡᠷᠡᠭᠲᠡᠢ᠃     ︵ᠲᠤᠯᠤᠭ᠎ᠠ︶ ᠳᠡᠪᠰᠢᠭᠦᠯᠦᠨ ᠲᠤᠰᠢᠶᠠᠬᠤ ᠴᠢᠬᠤᠯᠠ ᠲᠠᠢ ᠪᠤᠰᠤᠳ ᠮᠠᠲ᠋ᠧᠷᠢᠶᠠᠯ ᠤᠳ᠃    ᠬᠤᠷᠢᠳᠤᠭᠠᠷ ᠵᠦᠢᠯ   ᠬᠦᠯᠢᠶᠡᠨ ᠠᠪᠬᠤ ᠲᠠᠯ᠎ᠠ ᠨᠢ ᠭᠤᠶᠤᠴᠢᠯᠠᠯ ᠵᠢᠴᠢ ᠲᠤᠰᠢᠶᠠᠭᠰᠠᠨ ᠮᠠᠲ᠋ᠧᠷᠢᠶᠠᠯ ᠤᠨ ᠢᠶᠠᠨ ᠦᠨᠡᠨ ᠪᠣᠳᠠᠲᠤ ᠴᠢᠨᠠᠷ᠂ ᠪᠦᠷᠢᠨ ᠪᠦᠲᠦᠨ ᠴᠢᠨᠠᠷ᠂ ᠬᠦᠴᠦᠨ ᠪᠦᠬᠦᠢ ᠴᠢᠨᠠᠷ ᠲᠤ ᠬᠠᠷᠢᠭᠤᠴᠠᠬᠤ ᠬᠡᠷᠡᠭᠲᠡᠢ᠃    ᠬᠤᠷᠢᠨ ᠨᠢᠭᠡᠳᠦᠭᠡᠷ ᠵᠦᠢᠯ    ᠤᠯᠠᠭᠠᠨᠬᠤᠳᠠ ᠶᠢᠨ ᠬᠦᠳᠡᠭᠡ ᠲᠤᠰᠬᠤᠨ ᠤ ᠦᠮᠴᠢᠯᠡᠯ ᠤᠨ ᠡᠷᠭᠡ ᠶᠢᠨ ᠠᠷᠠᠯᠵᠢᠶᠠᠨ ᠤ ᠲᠥᠪ ᠠᠴᠠ ᠰᠢᠯᠵᠢᠭᠦᠯᠦᠨ ᠠᠪᠬᠤ ᠰᠠᠨᠠᠮᠵᠢ ᠶᠢᠨ ᠲᠠᠯ᠎ᠠ ᠶᠢᠨ ᠲᠤᠰᠢᠶᠠᠭᠰᠠᠨ ᠨᠡᠷ᠎ᠡ ᠮᠡᠳᠡᠭᠦᠯᠬᠦ ᠮᠠᠲ᠋ᠧᠷᠢᠶᠠᠯ ᠳᠤ ᠪᠦᠷᠢᠨ ᠭᠦᠢᠴᠡᠳ ᠴᠢᠨᠠᠷ ᠤᠨ ᠬᠢᠨᠠᠨ ᠪᠠᠶᠢᠴᠠᠭᠠᠯᠲᠠ ᠬᠢᠵᠦ᠂ ᠨᠥᠬᠦᠴᠡᠯ ᠳᠤ ᠨᠡᠶᠢᠴᠡᠭᠰᠡᠨ ᠰᠢᠯᠵᠢᠭᠦᠯᠦᠨ ᠠᠪᠬᠤ ᠰᠠᠨᠠᠮᠵᠢ ᠶᠢᠨ ᠲᠠᠯ᠎ᠠ ᠶᠢ ᠭᠥᠯᠢᠶᠡᠨ ᠠᠪᠴᠤ ᠳᠡᠩᠰᠡᠯᠡᠨ ᠲᠡᠮᠳᠡᠭᠯᠡᠨ᠎ᠡ᠃    ᠬᠤᠷᠢᠨ ᠬᠤᠶᠠᠳᠤᠭᠠᠷ ᠵᠦᠢᠯ   ᠰᠢᠯᠵᠢᠭᠦᠯᠦᠨ ᠭᠠᠷᠭᠠᠭᠰᠠᠨ ᠲᠠᠯ᠎ᠠ ᠨᠢ ᠰᠢᠯᠵᠢᠭᠦᠯᠦᠨ ᠠᠪᠤᠭᠰᠠᠨ ᠲᠠᠯ᠎ᠠ ᠶᠢᠨ ᠢᠶᠠᠨ ᠬᠢᠷᠢ ᠬᠡᠮ ᠢ ᠨᠤᠲᠠᠯᠠᠬᠤ ᠴᠢᠬᠤᠯᠠᠲᠠᠢ ᠪᠠᠶᠢᠪᠠᠯ᠂ ᠤᠯᠠᠭᠠᠨᠬᠤᠳᠠ ᠶᠢᠨ ᠬᠦᠳᠡᠭᠡ ᠲᠤᠰᠬᠤᠨ ᠤ ᠦᠮᠴᠢᠯᠡᠯ ᠤᠨ ᠡᠷᠭᠡ ᠶᠢᠨ ᠠᠷᠠᠯᠵᠢᠶᠠᠨ ᠤ ᠲᠥᠪ ᠠᠴᠠ ᠰᠢᠯᠵᠢᠭᠦᠯᠦᠨ ᠠᠪᠤᠭᠰᠠᠨ ᠲᠠᠯ᠎ᠠ ᠶᠢᠨ ᠢᠶᠠᠨ ᠳᠠᠩᠰᠠᠯᠠᠭᠤᠯᠤᠭᠰᠠᠨ ᠪᠠᠶᠢᠳᠠᠯ ᠢ ᠰᠢᠯᠵᠢᠭᠦᠯᠦᠨ ᠭᠠᠷᠭᠠᠭᠰᠠᠨ ᠲᠠᠯ᠎ᠠ ᠳᠤ ᠴᠠᠭ ᠲᠤᠬᠠᠢ ᠳᠤᠨᠢ ᠮᠡᠳᠡᠭᠳᠡᠬᠦ ᠬᠡᠷᠡᠭᠲᠡᠢ᠂ ᠰᠢᠯᠵᠢᠭᠦᠯᠦᠨ ᠭᠠᠷᠭᠠᠭᠰᠠᠨ ᠲᠠᠯ᠎ᠠ ᠨᠢ ᠤᠯᠠᠭᠠᠨᠬᠤᠳᠠ ᠶᠢᠨ ᠬᠦᠳᠡᠭᠡ ᠲᠤᠰᠬᠤᠨ ᠤ ᠦᠮᠴᠢᠯᠡᠯ ᠤᠨ ᠡᠷᠭᠡ ᠶᠢᠨ ᠠᠷᠠᠯᠵᠢᠶᠠᠨ ᠤ ᠲᠥᠪ ᠤᠨ ᠳᠠᠩᠰᠠᠯᠠᠭᠤᠯᠤᠭᠰᠠᠨ ᠪᠠᠶᠢᠳᠠᠯ ᠢ ᠣᠯᠣᠭᠰᠠᠨ ᠤ ᠲᠠᠷᠠᠭ᠎ᠠ᠂ 3 ᠠᠵᠢᠯᠯᠠᠬᠤ ᠡᠳᠦᠷ ᠤᠨ ᠳᠣᠲᠣᠷ᠎ᠠ ᠬᠠᠷᠢᠭᠤᠯᠲᠠ ᠥᠭᠬᠦ ᠬᠡᠷᠡᠭᠲᠡᠢ᠃ ᠬᠡᠷᠪᠡ ᠬᠦᠯᠢᠶᠡᠨ ᠠᠪᠬᠤ ᠲᠠᠯ᠎ᠠ ᠶᠢᠨ ᠬᠢᠷᠢ ᠬᠡᠮ ᠤᠨ ᠨᠥᠬᠦᠴᠡᠯ ᠳᠤ ᠣᠨᠳᠣᠣ ᠰᠠᠨᠠᠯ ᠲᠠᠢ ᠪᠠᠶᠢᠪᠠᠯ᠂ ᠰᠠᠨᠠᠯ ᠳᠠᠭᠠᠨ ᠤᠴᠢᠷ ᠰᠢᠯᠲᠠᠭᠠᠨ ᠢᠶᠠᠨ ᠲᠣᠳᠣᠷᠬᠠᠶᠢᠯᠠᠬᠤ ᠶᠢᠨ ᠬᠠᠮᠲᠤ ᠬᠤᠯᠪᠣᠭᠳᠠᠯ ᠪᠦᠬᠦᠢ ᠭᠡᠷᠡᠴᠢᠯᠡᠬᠦ ᠮᠠᠲ᠋ᠧᠷᠢᠶᠠᠯ ᠢᠶᠠᠨ ᠲᠤᠰᠢᠶᠠᠬᠤ ᠬᠡᠷᠡᠭᠲᠡᠢ᠃ ᠰᠢᠯᠵᠢᠭᠦᠯᠦᠨ ᠭᠠᠷᠭᠠᠬᠤ ᠲᠠᠯ᠎ᠠ ᠨᠢ ᠬᠤᠭᠤᠴᠠᠭ᠎ᠠ ᠬᠡᠲᠦᠷᠡᠲᠡᠯ᠎ᠡ ᠬᠠᠷᠢᠭᠤᠯᠲᠠ ᠥᠭᠭᠦᠭᠰᠡᠨ ᠤᠶᠢᠭᠡᠢ ᠪᠠᠶᠢᠪᠠᠯ ᠵᠥᠪᠰᠢᠶᠡᠷᠡᠭᠰᠡᠨ ᠢᠶᠠᠷ ᠪᠤᠳᠦᠨ᠎ᠡ᠃    ᠬᠤᠷᠢᠨ ᠭᠤᠷᠪᠠᠳᠤᠭᠠᠷ ᠵᠦᠢᠯ  ᠬᠡᠷᠪᠡ ᠰᠢᠯᠵᠢᠭᠦᠯᠦᠨ ᠭᠠᠷᠭᠠᠬᠤ ᠲᠠᠯ᠎ᠠ ᠨᠢ ᠰᠢᠯᠵᠢᠭᠦᠯᠦᠨ ᠠᠪᠬᠤ ᠲᠠᠯ᠎ᠠ ᠶᠢ ᠠᠷᠠᠯᠵᠢᠶᠠᠨ ᠤ ᠪᠠᠲᠤᠯᠠᠭ᠎ᠠ ᠶᠢᠨ ᠮᠥᠩᠭᠦ ᠲᠤᠰᠢᠶᠠᠯᠭᠠᠬᠤ ᠪᠠᠷ ᠱᠠᠭᠠᠷᠳᠠᠭᠰᠠᠨ ᠪᠠᠶᠢᠪᠠᠯ᠂ ᠰᠢᠯᠵᠢᠭᠦᠯᠦᠨ ᠠᠪᠬᠤ ᠲᠠᠯ᠎ᠠ ᠨᠢ ᠲᠣᠭᠲᠠᠭᠰᠠᠨ ᠴᠠᠭ ᠬᠤᠭᠤᠴᠠᠭᠠᠨ ᠳᠣᠲᠣᠷ᠎ᠠ ᠤᠯᠠᠭᠠᠨᠬᠤᠳᠠ ᠶᠢᠨ ᠬᠦᠳᠡᠭᠡ ᠲᠤᠰᠬᠤᠨ ᠤ ᠦᠮᠴᠢᠯᠡᠯ ᠤᠨ ᠡᠷᠭᠡ ᠶᠢᠨ ᠠᠷᠠᠯᠵᠢᠶᠠᠨ ᠤ ᠲᠥᠪ ᠲᠤ ᠠᠷᠠᠯᠵᠢᠶᠠᠨ ᠤ ᠪᠠᠲᠤᠯᠠᠭ᠎ᠠ ᠶᠢᠨ ᠮᠥᠩᠭᠦ ︵ᠵᠢᠭᠠᠨ ᠲᠣᠭᠲᠠᠭᠠᠭᠰᠠᠨ ᠲᠠᠩᠰᠠᠨ ᠡᠷᠦᠭᠡ ᠳᠤ ᠬᠥᠷᠦᠭᠰᠡᠨ ᠢᠶᠠᠷ ᠪᠠᠷᠢᠮᠵᠢᠶ᠎ᠠ ᠪᠣᠯᠭᠠᠨ᠎ᠠ︶ ᠲᠤᠰᠢᠶᠠᠬᠤ ᠶᠢᠨ ᠬᠠᠮᠲᠤ ᠨᠡᠷ᠎ᠡ ᠮᠡᠳᠡᠭᠦᠯᠬᠦ ᠮᠠᠲ᠋ᠧᠷᠢᠶᠠᠯ ᠢᠶᠠᠨ ᠲᠤᠰᠢᠶᠠᠭᠰᠠᠨ ᠤ ᠲᠠᠷᠠᠭ᠎ᠠ ᠰᠢᠯᠵᠢᠭᠦᠯᠦᠨ ᠠᠪᠬᠤ ᠳᠤ ᠣᠷᠣᠯᠴᠠᠬᠤ ᠬᠢᠷᠢ ᠬᠡᠮ ᠢ ᠣᠯᠬᠤ ᠬᠡᠷᠡᠭᠲᠡᠢ᠃ ᠬᠤᠭᠤᠴᠠᠭ᠎ᠠ ᠬᠡᠲᠦᠷᠡᠲᠡᠯ᠎ᠡ ᠠᠷᠠᠯᠵᠢᠶᠠᠨ ᠤ ᠪᠠᠲᠤᠯᠠᠭ᠎ᠠ ᠶᠢᠨ ᠮᠥᠩᠭᠦ ᠵᠢᠴᠢ ᠬᠠᠮᠢᠶ᠎ᠠ ᠪᠦᠬᠦᠢ ᠨᠡᠷ᠎ᠡ ᠮᠡᠳᠡᠭᠦᠯᠬᠦ ᠮᠠᠲ᠋ᠧᠷᠢᠶᠠᠯ ᠢᠶᠠᠨ ᠲᠤᠰᠢᠶᠠᠭᠰᠠᠨ ᠦᠭᠡᠢ ᠪᠠᠶᠢᠪᠠᠯ ᠰᠢᠯᠵᠢᠭᠦᠯᠦᠨ ᠠᠪᠬᠤ ᠰᠠᠨᠠᠭ᠎ᠠ ᠪᠠᠨ ᠲᠠᠶᠠᠭᠳᠠᠭᠰᠠᠨ ᠢᠶᠠᠷ ᠦᠵᠡᠨ᠎ᠡ᠃    ᠲᠠᠪᠤᠳᠤᠭᠠᠷ ᠪᠦᠯᠦᠭ   ᠠᠷᠠᠯᠵᠢᠶ᠎ᠠ ᠶᠢ ᠵᠣᠬᠢᠶᠠᠨ ᠪᠠᠶᠢᠭᠤᠯᠵᠤ ᠭᠡᠷ᠎ᠡ ᠲᠣᠭᠲᠠᠬᠤ    ᠬᠤᠷᠢᠨ ᠳᠥᠷᠪᠡᠳᠦᠭᠡᠷ ᠵᠦᠢᠯ  ᠥᠮᠴᠢᠯᠡᠯ ᠤᠨ ᠡᠷᠬᠡ ᠶᠢ ᠰᠢᠯᠵᠢᠭᠦᠯᠦᠨ ᠭᠠᠷᠭᠠᠭᠰᠠᠨ ᠮᠡᠳᠡᠭᠡ ᠵᠠᠩᠭᠢ ᠶᠢᠨ ᠠᠯᠪᠠᠨ ᠵᠠᠷᠯᠠᠯ ᠤᠨ ᠬᠤᠭᠤᠴᠠᠭ᠎ᠠ ᠲᠠᠭᠤᠰᠤᠭᠰᠠᠨ ᠤ ᠳᠠᠷᠠᠭ᠎ᠠ᠂ ᠬᠤᠶᠠᠷ ᠵᠢᠴᠢ ᠲᠡᠭᠦᠨ ᠠᠴᠠ ᠳᠡᠭᠡᠭᠰᠢᠬᠢ ᠨᠥᠬᠦᠴᠡᠯ ᠳᠤ ᠨᠡᠶᠢᠴᠡᠬᠦ ᠰᠢᠯᠵᠢᠭᠦᠯᠦᠨ ᠠᠪᠤᠭᠴᠢ ᠪᠣᠶ ᠪᠣᠯᠤᠭᠰᠠᠨ ᠪᠠᠶᠢᠪᠠᠯ᠂ ᠤᠯᠠᠭᠠᠨᠬᠤᠳᠠ ᠶᠢᠨ ᠬᠦᠳᠡᠭᠡ ᠲᠤᠰᠬᠤᠨ ᠤ ᠦᠮᠴᠢᠯᠡᠯ ᠤᠨ ᠡᠷᠭᠡ ᠶᠢᠨ ᠠᠷᠠᠯᠵᠢᠶᠠᠨ ᠤ ᠲᠥᠪ ᠠᠴᠠ ᠠᠯᠪᠠᠨ ᠵᠠᠷᠯᠠᠯ ᠤᠨ ᠦᠨ᠎ᠡ ᠥᠷᠢᠰᠦᠯᠳᠦᠬᠦ ᠠᠷᠭ᠎ᠠ ᠪᠠᠷ ᠢᠯᠡ ᠪᠠᠷ ᠦᠨ᠎ᠡ ᠥᠷᠢᠰᠦᠯᠳᠦᠬᠦ ᠶᠢ ᠵᠣᠬᠢᠶᠠᠨ ᠪᠠᠶᠢᠭᠤᠯᠬᠤ ᠪᠤᠶᠤ ᠵᠢᠯᠣᠭᠤᠳᠤᠨ᠎ᠠ᠃  ᠵᠥᠪᠬᠡᠨ ᠨᠥᠬᠦᠴᠡᠯ ᠳᠤ ᠨᠡᠶᠢᠴᠡᠬᠦ ᠰᠠᠨᠠᠮᠵᠢ ᠶᠢᠨ ᠭᠥᠯᠢᠶᠡᠨ ᠠᠪᠤᠭᠴᠢ ᠪᠣᠶ ᠪᠣᠯᠪᠠᠯ᠂ ᠭᠤᠣᠯ ᠵᠣᠬᠢᠶᠠᠨ ᠪᠠᠶᠢᠭᠤᠯᠤᠯᠲᠠ ᠶᠢᠨ ᠠᠷᠠᠯᠵᠢᠶᠠᠨ ᠤ ᠬᠤᠶᠠᠷ ᠲᠠᠯ᠎ᠠ ᠪᠠᠷ ᠢᠶᠠᠨ ᠫᠠᠶᠢᠰᠠ ᠡᠯᠭᠦᠬᠦ ᠦᠨ᠎ᠡ ᠬᠢᠭᠡᠳ ᠰᠠᠨᠠᠮᠵᠢ ᠶᠢᠨ ᠭᠥᠯᠢᠶᠡᠨ ᠠᠪᠤᠭᠴᠢ ᠲᠠᠯ᠎ᠠ ᠶᠢᠨ ᠮᠡᠳᠡᠭᠦᠯᠦᠭᠰᠡᠨ ᠦᠨ᠎ᠡ ᠶᠢᠨ ᠠᠯᠢ ᠨᠢ ᠥᠨᠳᠥᠷ ᠪᠠᠶᠢᠬᠤ ᠵᠠᠷᠴᠢᠮ ᠶᠣᠰᠣᠭᠠᠷ ᠰᠢᠭᠤᠳ ᠭᠡᠷ᠎ᠡ ᠲᠣᠭᠲᠠᠵᠤ ᠂ ᠰᠠᠨᠠᠮᠵᠢ ᠶᠢᠨ ᠭᠥᠯᠢᠶᠡᠨ ᠠᠪᠤᠭᠴᠢ ᠲᠠᠯ᠎ᠠ ᠨᠢ ᠦᠨ᠎ᠡ ᠪᠠᠨ ᠮᠡᠳᠡᠭᠦᠯᠦᠭᠰᠡᠨ ᠦᠭᠡᠢ ᠪᠠᠶᠢᠪᠠᠯ᠂ ᠭᠤᠣᠯ ᠵᠣᠬᠢᠶᠠᠨ ᠪᠠᠶᠢᠭᠤᠯᠤᠯᠲᠠ ᠶᠢᠨ ᠠᠷᠠᠯᠵᠢᠶᠠᠨ ᠤ ᠬᠤᠶᠠᠷ ᠲᠠᠯ᠎ᠠ ᠪᠠᠷ ᠢᠶᠠᠨ ᠫᠠᠶᠢᠰᠠ ᠡᠯᠭᠦᠬᠦ ᠦᠨ᠎ᠡ ᠪᠠᠷ ᠰᠢᠭᠤᠳ ᠭᠡᠷ᠎ᠡ ᠲᠣᠭᠲᠠᠨ᠎ᠠ᠃ ᠭᠤᠷᠪᠠᠳᠠᠭᠢ ᠬᠥᠮᠥᠨ ᠤ ᠬᠠᠤᠯᠢ ᠶᠣᠰᠣᠭᠠᠷ ᠠᠳᠠᠯᠢ ᠨᠥᠬᠦᠴᠡᠯ ᠤᠨ ᠳᠣᠣᠷ᠎ᠠ ᠤᠷᠢᠳᠠᠪᠠᠷ ᠬᠤᠳᠠᠯᠳᠤᠨ ᠠᠪᠬᠤ ᠡᠷᠬᠡ ᠶᠢ ᠡᠳ᠋ᠯᠡᠬᠦ ᠪᠠᠶᠢᠳᠠᠯ ᠳᠤ ᠬᠤᠯᠪᠣᠭᠳᠠᠭᠰᠠᠨ ᠪᠠᠶᠢᠪᠠᠯ᠂ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠲᠣᠭᠲᠠᠭᠠᠯ ᠶᠣᠰᠣᠭᠠᠷ ᠭᠦᠢᠴᠡᠳᠬᠡᠨ᠎ᠡ᠃    ᠬᠤᠷᠢᠨ ᠲᠠᠪᠤᠳᠤᠭᠠᠷ ᠵᠦᠢᠯ    ᠤᠯᠠᠭᠠᠨᠬᠤᠳᠠ ᠶᠢᠨ ᠬᠦᠳᠡᠭᠡ ᠲᠤᠰᠬᠤᠨ ᠤ ᠦᠮᠴᠢᠯᠡᠯ ᠤᠨ ᠡᠷᠭᠡ ᠶᠢᠨ ᠠᠷᠠᠯᠵᠢᠶᠠᠨ ᠤ ᠲᠥᠪ ᠨᠢ ᠴᠤᠭᠯᠠᠭᠤᠯᠵᠤ ᠣᠯᠣᠭᠰᠠᠨ ᠰᠠᠨᠠᠮᠵᠢ ᠶᠢᠨ ᠠᠷᠠᠯᠵᠢᠶᠠᠨ ᠤ ᠮᠡᠳᠡᠭᠡ ᠵᠠᠩᠭᠢ ᠶᠢ ᠦᠨᠳᠦᠰᠦᠯᠡᠨ ᠰᠢᠯᠵᠢᠭᠦᠯᠦᠨ ᠠᠪᠬᠤ ᠲᠠᠯ᠎ᠠ ᠶᠢ ᠲᠣᠭᠲᠠᠭᠠᠨ᠎ᠠ᠃    ᠬᠤᠷᠢᠨ ᠵᠢᠷᠭᠤᠳᠤᠭᠠᠷ ᠵᠦᠢᠯ   ᠢᠯᠡ ᠪᠠᠷ ᠦᠨ᠎ᠡ ᠥᠷᠢᠰᠦᠯᠳᠦᠬᠦ ᠠᠷᠭ᠎ᠠ ᠳᠤ ᠵᠥᠪᠯᠡᠯᠴᠡᠭᠡᠷ ᠢᠶᠠᠷ ᠰᠢᠯᠵᠢᠭᠦᠯᠦᠨ ᠭᠠᠷᠭᠠᠬᠤ᠂ ᠲᠣᠣᠷ ᠰᠦᠯᠵᠢᠶ᠎ᠡ ᠪᠠᠷ ᠦᠨ᠎ᠡ ᠥᠷᠢᠰᠦᠯᠳᠦᠬᠦ᠂ ᠦᠨ᠎ᠡ ᠬᠠᠶᠠᠨ ᠬᠤᠳᠠᠯᠳᠤᠬᠤ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠵᠢᠴᠢ ᠪᠤᠰᠤᠳ ᠦᠨ᠎ᠡ ᠥᠷᠢᠰᠦᠯᠳᠦᠬᠦ ᠠᠷᠭ᠎ᠠ ᠪᠠᠭᠲᠠᠨ᠎ᠠ᠃    ᠬᠤᠷᠢᠨ ᠳᠣᠯᠣᠳᠤᠭᠠᠷ ᠵᠦᠢᠯ  ᠦᠨ᠎ᠡ ᠥᠷᠢᠰᠦᠯᠳᠦᠵᠦ ᠳᠠᠭᠤᠰᠤᠭᠰᠠᠨ ᠤ ᠲᠠᠷᠠᠭ᠎ᠠ᠂ ᠤᠯᠠᠭᠠᠨᠬᠤᠳᠠ ᠶᠢᠨ ᠬᠦᠳᠡᠭᠡ ᠲᠤᠰᠬᠤᠨ ᠤ ᠦᠮᠴᠢᠯᠡᠯ ᠤᠨ ᠡᠷᠭᠡ ᠶᠢᠨ ᠠᠷᠠᠯᠵᠢᠶᠠᠨ ᠤ ᠲᠥᠪ ᠠᠴᠠ ᠰᠢᠯᠵᠢᠭᠦᠯᠦᠨ ᠠᠪᠬᠤ ᠲᠠᠯ᠎ᠠ ᠶᠢ ᠲᠣᠭᠲᠠᠭᠠᠭᠰᠠᠨ ᠤ ᠲᠠᠷᠠᠭ᠎ᠠ ᠠᠷᠠᠯᠵᠢᠶ᠎ᠠ ᠪᠦᠲᠦᠭᠰᠡᠨ ᠢ ᠵᠡᠷᠯᠡᠨ ᠨᠡᠶᠢᠲᠡᠯᠡᠨ᠎ᠠ᠂ ᠵᠠᠷᠯᠠᠨ ᠨᠡᠶᠢᠳᠡᠯᠡᠬᠦ ᠬᠤᠭᠤᠴᠠᠭ᠎ᠠ ᠨᠢ 5 ᠠᠵᠢᠯᠯᠠᠬᠤ ᠡᠳᠦᠷ ᠪᠣᠯᠣᠨ᠎ᠠ᠃ ᠵᠠᠷᠯᠠᠨ ᠨᠡᠶᠢᠲᠡᠯᠡᠬᠦ ᠬᠤᠭᠤᠴᠠᠭᠠᠨ ᠳᠤ ᠬᠡᠷᠪᠡ ᠣᠨᠳᠣᠣ ᠰᠠᠨᠠᠯ ᠲᠠᠢ ᠪᠠᠶᠢᠪᠠᠯ᠂ ᠰᠢᠯᠵᠢᠭᠦᠯᠦᠨ ᠭᠠᠷᠭᠠᠭᠰᠠᠨ ᠲᠠᠯ᠎ᠠ ᠳᠤ ᠣᠨᠳᠣᠣ ᠰᠠᠨᠠᠯ ᠢᠶᠠᠨ ᠳᠤᠷᠠᠳᠬᠤ ᠪᠤᠶᠤ ᠬᠠᠮᠢᠶ᠎ᠠ ᠪᠦᠬᠦᠢ ᠬᠢᠨᠠᠯᠲᠠ ᠲᠠᠯᠪᠢᠬᠤ ᠰᠠᠯᠠᠭ᠎ᠠ ᠮᠥᠴᠢᠷ ᠲᠤ ᠵᠠᠭᠠᠯᠳᠤᠵᠤ ᠪᠣᠯᠣᠨ᠎ᠠ᠂ ᠤᠯᠠᠭᠠᠨᠬᠤᠳᠠ ᠶᠢᠨ ᠬᠦᠳᠡᠭᠡ ᠲᠤᠰᠬᠤᠨ ᠤ ᠦᠮᠴᠢᠯᠡᠯ ᠤᠨ ᠡᠷᠭᠡ  ᠶᠢᠨ ᠠᠷᠠᠯᠵᠢᠶᠠᠨ ᠤ ᠲᠥᠪ ᠠᠴᠠ ᠪᠠᠶᠢᠳᠠᠯ ᠢ ᠦᠵᠡᠵᠦ ᠪᠠᠶᠢᠭᠠᠳ ᠠᠷᠠᠯᠵᠢᠶᠠᠯᠠᠬᠤ ᠶᠢ ᠵᠣᠭᠰᠣᠭᠠᠵᠤ ᠪᠣᠯᠣᠨ᠎ᠠ  ᠃ ᠵᠠᠷᠯᠠᠨ ᠨᠡᠶᠢᠲᠡᠯᠡᠭᠰᠡᠨ ᠤ ᠳᠠᠷᠠᠭ᠎ᠠ ᠣᠨᠳᠣᠣ ᠰᠠᠨᠠᠯ ᠦᠭᠡᠢ ᠪᠠᠶᠢᠪᠠᠯ᠂ ᠳᠠᠷᠠᠭ᠎ᠠ ᠡᠳᠦᠷ ᠠᠴᠠ ᠡᠬᠢᠯᠡᠨ 3 ᠠᠵᠢᠯᠯᠠᠬᠤ ᠡᠳᠦᠷ ᠤᠨ ᠳᠣᠲᠣᠷ᠎ᠠ ᠠᠷᠠᠯᠵᠢᠶᠠᠯᠠᠬᠤ ᠬᠤᠶᠠᠷ ᠲᠠᠯ᠎ᠠ ᠶᠢ ᠵᠣᠬᠢᠶᠠᠨ ᠪᠠᠶᠢᠭᠤᠯᠵᠤ ᠬᠥᠳᠡᠭᠡ ᠲᠣᠰᠬᠤᠨ ᠤ ᠥᠮᠴᠢᠯᠡᠯ  ᠤᠨ ᠡᠷᠬᠡ ᠶᠢᠨ ᠠᠷᠠᠯᠵᠢᠶᠠᠨ ᠤ ᠭᠡᠷ᠎ᠡ ᠲᠣᠭᠲᠠᠭᠠᠨ᠎ᠠ᠃    ᠬᠤᠷᠢᠨ ᠨᠠᠢᠮᠠᠳᠤᠭᠠᠷ ᠵᠦᠢᠯ   ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ ᠭᠡᠷ᠎ᠡ ᠶᠢᠨ ᠵᠦᠢᠯ ᠵᠤᠷᠪᠤᠰ ᠲᠤ ᠳᠣᠣᠷᠠᠬᠢ ᠬᠡᠳᠦᠨ ᠲᠠᠯ᠎ᠠ ᠪᠠᠭᠲᠠᠨ᠎ᠠ᠄     ︵ᠨᠢᠭᠡ︶ ᠠᠷᠠᠯᠵᠢᠶᠠᠯᠠᠬᠤ ᠬᠤᠶᠠᠷ ᠡᠲᠡᠭᠡᠳ ᠤᠨ ᠨᠡᠷᠡᠶᠢᠳᠦᠯ ᠪᠠ ᠣᠷᠣᠨ ᠰᠠᠭᠤᠴᠠ᠃     ︵ᠬᠤᠶᠠᠷ︶ ᠰᠢᠯᠵᠢᠭᠦᠯᠦᠨ ᠭᠠᠷᠭᠠᠬᠤ ᠬᠠᠷᠠᠯᠲᠠ ᠶᠢᠨ ᠦᠨᠳᠦᠰᠦᠨ ᠪᠠᠶᠢᠳᠠᠯ᠃     ︵ᠭᠤᠷᠪᠠ︶ ᠠᠷᠠᠯᠵᠢᠶᠠᠨ ᠤ ᠠᠷᠭ᠎ᠠ ᠬᠡᠯᠪᠡᠷᠢ᠃     ︵ᠲᠦᠷᠪᠡ︶ ᠰᠢᠯᠵᠢᠭᠦᠯᠦᠨ ᠭᠠᠷᠭᠠᠬᠤ ᠦᠨ᠎ᠡ᠂ ᠮᠥᠩᠭᠦ ᠲᠦᠯᠦᠬᠦ ᠠᠷᠭ᠎ᠠ ᠬᠡᠯᠪᠡᠷᠢ ᠬᠢᠭᠡᠳ ᠮᠥᠩᠭᠦ  ᠲᠦᠯᠦᠬᠦ ᠬᠤᠭᠤᠴᠠᠭ᠎ᠠ᠃    ︵ᠲᠠᠪᠤ︶ ᠥᠮᠴᠢᠯᠡᠯ ᠤᠨ ᠡᠷᠬᠡ ᠶᠢ ᠲᠤᠰᠢᠶᠠᠨ ᠥᠭᠬᠦ ᠵᠦᠢᠯᠡᠰ᠃    ︵ᠵᠢᠷᠭᠤᠭ᠎ᠠ︶ ᠭᠡᠷ᠎ᠡ ᠶᠢᠨ ᠬᠦᠴᠦᠨ ᠲᠠᠢ ᠪᠣᠯᠬᠤ ᠨᠥᠬᠦᠴᠡᠯ᠃    ︵ᠲᠤᠯᠤᠭ᠎ᠠ︶ ᠭᠡᠷ᠎ᠡ ᠶᠢᠨ ᠮᠠᠷᠭᠤᠯᠳᠤᠭᠠᠨ ᠢ ᠰᠢᠢᠳᠪᠦᠷᠢᠯᠡᠬᠦ ᠠᠷᠭ᠎ᠠ ᠬᠡᠯᠪᠡᠷᠢ᠃     ︵ᠨᠠᠢᠮᠠ︶ ᠭᠡᠷ᠎ᠡ ᠶᠢᠨ ᠡᠯ᠎ᠡ ᠡᠲᠡᠭᠡᠳ ᠤᠨ ᠭᠡᠷ᠎ᠡ ᠶᠢ ᠵᠥᠷᠢᠴᠡᠭᠰᠡᠨ ᠬᠠᠷᠢᠭᠤᠴᠠᠯᠭ᠎ᠠ᠃    ︵ᠶᠢᠰᠦ︶ ᠭᠡᠷ᠎ᠡ ᠶᠢ ᠬᠤᠪᠢᠷᠠᠭᠤᠯᠬᠤ ᠪᠠ ᠴᠤᠴᠠᠯᠬᠤ ᠨᠥᠬᠦᠴᠡᠯ᠃    ︵ᠠᠷᠪᠠ︶ ᠠᠷᠠᠯᠵᠢᠶᠠᠨ ᠤ ᠬᠤᠶᠠᠷ ᠲᠠᠯ᠎ᠠ ᠶᠢᠨ ᠪᠣᠯᠵᠣᠨ ᠲᠣᠭᠲᠠᠭᠰᠠᠨ ᠪᠤᠰᠤᠳ ᠵᠦᠢᠯᠡᠰ᠃    ᠵᠢᠷᠭᠤᠳᠤᠭᠠᠷ ᠪᠦᠯᠦᠭ   ᠳ᠋ᠦᠩᠨᠡᠨ ᠪᠤᠳᠤᠬᠤ ᠠᠷᠠᠯᠵᠢᠶᠠᠨ ᠤ ᠪᠡᠯᠡ ᠮᠥᠩᠭᠦ    ᠬᠤᠷᠢ ᠶᠢᠰᠦᠳᠦᠭᠡᠷ ᠵᠦᠢᠯ  ᠠᠷᠠᠯᠵᠢᠶᠠᠨ ᠤ ᠪᠡᠯᠡ ᠮᠥᠩᠭᠦ ᠳᠤ ᠠᠷᠠᠯᠵᠢᠶᠠᠨ ᠤ ᠪᠠᠲᠤᠯᠠᠭ᠎ᠠ ᠶᠢᠨ ᠮᠥᠩᠭᠦ ᠪᠠ ᠠᠷᠠᠯᠵᠢᠶᠠᠨ ᠤ ᠦᠨ᠎ᠡ ᠶᠢᠨ ᠵᠣᠭᠤᠰ ᠢ ᠪᠠᠭᠲᠠᠭᠠᠵᠤ᠂ ᠠᠷᠠᠳ ᠤᠨ ᠵᠣᠭᠤᠰ ᠢᠶᠠᠷ ᠦᠨ᠎ᠡ ᠪᠤᠳᠤᠬᠤ ᠨᠢᠭᠡᠴᠢ ᠪᠣᠯᠭᠠᠨ᠎ᠠ᠃    ᠭᠤᠴᠢᠳᠤᠭᠠᠷ ᠵᠦᠢᠯ  ᠠᠷᠠᠯᠵᠢᠶᠠᠨ ᠤ ᠪᠡᠯᠡ ᠮᠥᠩᠭᠦ ᠳᠤ ᠵᠠᠷᠴᠢᠮ ᠳᠡᠭᠡᠷ᠎ᠡ ᠪᠠᠨ ᠨᠢᠭᠡᠳᠦᠯᠲᠡᠢ ᠵᠠᠬ᠎ᠠ ᠳᠡᠯᠭᠡᠭᠦᠷ ᠲᠤ ᠣᠷᠣᠵᠤ ᠳ᠋ᠦᠩᠨᠡᠨ ᠪᠤᠳᠤᠬᠤ ᠳᠦᠷᠢᠮ ᠢ ᠬᠡᠷᠡᠭᠵᠢᠭᠦᠯᠦᠨ᠎ᠡ᠃ ᠤᠯᠠᠭᠠᠨᠬᠤᠳᠠ ᠶᠢᠨ ᠬᠦᠳᠡᠭᠡ ᠲᠤᠰᠬᠤᠨ ᠤ ᠦᠮᠴᠢᠯᠡᠯ ᠤᠨ ᠡᠷᠭᠡ ᠶᠢᠨ ᠠᠷᠠᠯᠵᠢᠶᠠᠨ ᠤ ᠲᠥᠪ ᠨᠢ ᠪᠡᠶ᠎ᠡ ᠪᠠᠨ ᠳᠠᠭᠠᠭᠠᠭᠰᠠᠨ ᠲᠡᠰᠦᠯᠦᠠ ᠪᠤᠳᠦᠬᠤ ᠲᠡᠩᠰᠠ ᠪᠠᠶᠢᠭᠤᠯᠵᠤ᠂ ᠠᠷᠠᠯᠵᠢᠶᠠᠨ ᠤ ᠦᠨ᠎ᠡ ᠶᠢᠨ ᠵᠣᠭᠤᠰ ᠢ ᠬᠤᠷᠢᠶᠠᠨ ᠠᠪᠴᠤ ᠥᠭᠬᠦ ᠠᠵᠢᠯ ᠢ ᠵᠣᠬᠢᠶᠠᠨ ᠪᠠᠶᠢᠭᠤᠯᠵᠤ᠂ ᠲᠡᠰᠦᠯᠦᠠ ᠪᠤᠳᠦᠬᠤ ᠲᠡᠩᠰᠠᠠ ᠳᠠᠬᠢ ᠠᠷᠠᠯᠵᠢᠶᠠᠨ ᠤ ᠪᠡᠯᠡ ᠮᠥᠩᠭᠦ ᠶᠢᠨ ᠠᠶᠤᠯᠭᠦᠢ ᠪᠠᠶᠢᠬᠤ ᠶᠢ ᠪᠠᠲᠤᠯᠠᠨ᠎ᠠ᠂ ᠪᠤᠰᠤᠳ ᠶᠠᠮᠠᠷᠪᠠ ᠪᠠᠶᠢᠭᠤᠯᠤᠮᠵᠢ ᠪᠠ ᠬᠤᠪᠢ ᠬᠥᠮᠥᠨ ᠠᠷᠠᠯᠵᠢᠶᠠᠨ ᠤ ᠦᠨ᠎ᠡ ᠶᠢᠨ ᠵᠣᠭᠤᠰ ᠢ ᠬᠤᠷᠢᠶᠠᠨ ᠠᠪᠴᠤ ᠥᠭᠴᠦ ᠪᠣᠯᠬᠤ ᠦᠭᠡᠢ᠃    ᠭᠤᠴᠢᠨ ᠨᠢᠭᠡᠳᠦᠭᠡᠷ ᠵᠦᠢᠯ  ᠠᠷᠠᠯᠵᠢᠶᠠᠨ ᠤ ᠭᠡᠷ᠎ᠡ ᠲᠣᠭᠲᠠᠭᠰᠠᠨ ᠤ ᠳᠠᠷᠠᠭ᠎ᠠ᠂ ᠤᠯᠠᠭᠠᠨᠬᠤᠳᠠ ᠶᠢᠨ ᠬᠦᠳᠡᠭᠡ ᠲᠤᠰᠬᠤᠨ ᠤ ᠦᠮᠴᠢᠯᠡᠯ ᠤᠨ ᠡᠷᠭᠡ ᠶᠢᠨ ᠠᠷᠠᠯᠵᠢᠶᠠᠨ ᠤ ᠲᠥᠪ ᠠᠴᠠ ᠰᠢᠯᠵᠢᠭᠦᠯᠦᠨ ᠠᠪᠤᠭᠴᠢ ᠳᠤ ︽ᠥᠮᠴᠢᠯᠡᠯ  ᠤᠨ ᠡᠷᠬᠡ ᠶᠢᠨ ᠠᠷᠠᠯᠵᠢᠶ᠎ᠠ ᠶᠢᠨ ᠳ᠋ᠦᠩᠨᠡᠨ ᠪᠤᠳᠤᠬᠤ ᠮᠡᠳᠡᠭᠳᠡᠯ ᠤᠨ ᠪᠢᠴᠢᠭ︾ ᠢ ᠭᠠᠷᠭᠠᠵᠤ ᠥᠭᠭᠦᠨ᠎ᠡ᠃ ᠰᠢᠯᠵᠢᠭᠦᠯᠦᠨ ᠠᠪᠬᠤ ᠲᠠᠯ᠎ᠠ ᠨᠢ ᠠᠷᠠᠯᠵᠢᠶᠠᠨ ᠤ ᠦᠨ᠎ᠡ ᠶᠢᠨ ᠵᠣᠭᠤᠰ ᠢ ᠦᠮᠴᠢᠯᠡᠯ ᠤᠨ ᠡᠷᠭᠡ ᠶᠢᠨ ᠠᠷᠠᠯᠵᠢᠶᠠᠨ ᠤ ᠲᠥᠪ ᠤᠨ ᠵᠢᠭᠠᠨ ᠲᠣᠭᠲᠠᠭᠠᠭᠰᠠᠨ ᠲᠠᠰᠤᠯᠤᠨ ᠪᠣᠳᠣᠬᠤ ᠳᠠᠩᠰᠠᠨ ᠡᠷᠦᠬᠡ ᠳᠤ ᠥᠭᠭᠦᠨ᠎ᠡ᠃ ᠰᠢᠯᠵᠢᠭᠦᠯᠦᠨ ᠠᠪᠬᠤ ᠲᠠᠯ᠎ᠠ ᠶᠢᠨ ᠲᠤᠰᠢᠶᠠᠭᠰᠠᠨ ᠠᠷᠠᠯᠵᠢᠶᠠᠨ ᠤ ᠪᠠᠲᠤᠯᠠᠭ᠎ᠠ ᠶᠢᠨ ᠮᠥᠩᠭᠦ ᠶᠢ ᠬᠤᠯᠪᠣᠭᠳᠠᠯ ᠪᠦᠬᠦᠢ ᠪᠣᠯᠵᠣᠯ ᠶᠣᠰᠣᠭᠠᠷ ᠠᠷᠠᠯᠵᠢᠶᠠᠨ ᠤ ᠦᠨ᠎ᠡ ᠶᠢᠨ ᠵᠣᠭᠤᠰ ᠪᠣᠯᠭᠠᠨ ᠬᠤᠪᠢᠷᠠᠭᠤᠯᠤᠨ᠎ᠠ᠃ ᠠᠷᠠᠯᠵᠢᠶᠠᠨ ᠤ ᠭᠡᠷ᠎ᠡ ᠳᠤ ᠦᠨ᠎ᠡ ᠶᠢᠨ ᠵᠣᠭᠤᠰ ᠢ ᠲᠦᠯᠤᠬᠦ ᠠᠷᠭ᠎ᠠ ᠬᠡᠯᠪᠡᠷᠢ ᠶᠢ ᠬᠤᠭᠤᠴᠠᠭ᠎ᠠ ᠬᠤᠪᠢᠶᠠᠨ ᠲᠦᠯᠦᠬᠦ ᠪᠠᠷ ᠪᠣᠯᠵᠣᠨ ᠲᠣᠭᠲᠠᠭᠰᠠᠨ ᠪᠠᠶᠢᠪᠠᠯ᠂ ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ ᠭᠦᠢᠴᠡᠳᠬᠡᠨ᠎ᠡ᠃    ᠭᠤᠴᠢᠨ ᠬᠤᠶᠠᠳᠤᠭᠠᠷ ᠵᠦᠢᠯ   ᠰᠢᠯᠵᠢᠭᠦᠯᠦᠨ ᠠᠪᠬᠤ ᠲᠠᠯ᠎ᠠ ᠨᠢ ᠠᠷᠠᠯᠵᠢᠶᠠᠨ ᠤ ᠦᠨ᠎ᠡ ᠶᠢᠨ ᠵᠣᠭᠤᠰ ᠢ ᠭᠤᠣᠯ ᠳ᠋ᠦᠩᠨᠡᠨ ᠪᠤᠳᠤᠬᠤ ᠲᠠᠩᠰᠠᠨ ᠡᠷᠦᠭᠡ ᠳᠤ ᠥᠭᠭᠦᠭᠰᠡᠨ ᠤ ᠲᠠᠷᠠᠭ᠎ᠠ᠂ ᠠᠷᠠᠯᠵᠢᠶᠠᠨ ᠤ ᠦᠨ᠎ᠡ ᠶᠢᠨ ᠵᠣᠭᠤᠰ ᠢ ᠬᠤᠪᠢᠶᠠᠷᠢᠯᠠᠨ ᠭᠠᠷᠭᠠᠬᠤ ᠨᠥᠬᠦᠴᠡᠯ ᠳᠤ ᠨᠡᠶᠢᠴᠡᠭᠰᠡᠨ ᠪᠠᠶᠢᠪᠠᠯ᠂ ᠤᠯᠠᠭᠠᠨᠬᠤᠳᠠ ᠶᠢᠨ ᠬᠦᠳᠡᠭᠡ ᠲᠤᠰᠬᠤᠨ ᠤ ᠦᠮᠴᠢᠯᠡᠯ ᠤᠨ ᠡᠷᠭᠡ ᠶᠢᠨ ᠠᠷᠠᠯᠵᠢᠶᠠᠨ ᠤ ᠲᠥᠪ ᠠᠴᠠ ᠰᠢᠯᠵᠢᠭᠦᠯᠦᠨ ᠭᠠᠷᠭᠠᠬᠤ ᠲᠠᠯ᠎ᠠ ᠳᠤ ᠠᠷᠠᠯᠵᠢᠶᠠᠨ ᠤ ᠦᠨ᠎ᠡ ᠶᠢᠨ ᠵᠣᠭᠤᠰ ᠢ ᠬᠤᠪᠢᠶᠠᠷᠢᠯᠠᠨ ᠭᠠᠷᠭᠠᠨ᠎ᠠ᠃    ᠭᠤᠴᠢᠨ ᠭᠤᠷᠪᠠᠳᠤᠭᠠᠷ ᠵᠦᠢᠯ  ᠠᠷᠠᠯᠵᠢᠶᠠᠨ ᠤ ᠬᠤᠶᠠᠷ ᠲᠠᠯ᠎ᠠ ᠪᠠᠷ ᠢᠶᠠᠨ ᠤᠯᠠᠭᠠᠨᠬᠤᠳᠠ ᠶᠢᠨ ᠬᠦᠳᠡᠭᠡ ᠲᠤᠰᠬᠤᠨ ᠤ ᠦᠮᠴᠢᠯᠡᠯ ᠤᠨ ᠡᠷᠭᠡ ᠶᠢᠨ ᠠᠷᠠᠯᠵᠢᠶᠠᠨ ᠤ ᠲᠥᠪ ᠤᠨ ᠰᠦᠢᠳᠬᠡᠯ ᠬᠤᠷᠢᠶᠠᠬᠤ ᠪᠠᠷᠢᠮᠵᠢᠶ᠎ᠠ ᠶᠣᠰᠣᠭᠠᠷ ᠠᠷᠠᠯᠵᠢᠶᠠᠨ ᠤ ᠦᠢᠯᠡᠴᠢᠯᠡᠭᠡᠨ ᠤ ᠰᠦᠢᠳᠬᠡᠯ ᠵᠡᠷᠭᠡ ᠰᠦᠢᠳᠬᠡᠯ ᠢ ᠲᠤᠰᠢᠶᠠᠬᠤ ᠬᠡᠷᠡᠭᠲᠡᠢ᠂ ᠤᠯᠠᠭᠠᠨᠬᠤᠳᠠ ᠶᠢᠨ ᠬᠦᠳᠡᠭᠡ ᠲᠤᠰᠬᠤᠨ ᠤ ᠦᠮᠴᠢᠯᠡᠯ ᠤᠨ ᠡᠷᠭᠡ ᠶᠢᠨ ᠠᠷᠠᠯᠵᠢᠶᠠᠨ ᠤ ᠲᠥᠪ ᠨᠢ ᠦᠢᠯᠡᠴᠢᠯᠡᠭᠡᠨ ᠤ ᠰᠦᠢᠳᠬᠡᠯ ᠢ ᠣᠯᠣᠭᠰᠠᠨ ᠤ ᠲᠠᠷᠠᠭ᠎ᠠ ᠰᠦᠢᠳᠬᠡᠯ ᠬᠤᠷᠢᠶᠠᠭᠰᠠᠨ ᠭᠡᠷᠡᠴᠢ ᠪᠠᠷᠢᠮᠲᠠ ᠭᠠᠷᠭᠠᠵᠤ ᠥᠭᠬᠦ ᠬᠡᠷᠡᠭᠲᠡᠢ᠃    ᠳᠣᠯᠣᠳᠤᠭᠠᠷ ᠪᠦᠯᠦᠭ   ᠠᠷᠠᠯᠵᠢᠶᠡᠨ ᠤ ᠰᠢᠯᠭᠠᠨ ᠭᠡᠷᠡᠴᠢᠯᠡᠯ ᠬᠢᠵᠦ ᠥᠭᠬᠦ    ᠭᠤᠴᠢᠨ ᠳᠥᠷᠪᠡᠳᠦᠭᠡᠷ ᠵᠦᠢᠯ   ᠥᠮᠴᠢᠯᠡᠯ ᠤᠨ ᠡᠷᠬᠡ ᠶᠢᠨ ᠠᠷᠠᠯᠵᠢᠶᠠᠨ ᠤ ᠬᠤᠶᠠᠷ ᠲᠠᠯ᠎ᠠ ᠪᠠᠷ ᠢᠶᠠᠨ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ ᠭᠡᠷ᠎ᠡ ᠲᠣᠭᠲᠠᠭᠠᠵᠤ᠂ ᠰᠢᠯᠵᠢᠭᠦᠯᠦᠨ ᠠᠪᠤᠭᠴᠢ ᠲᠠᠯ᠎ᠠ ᠨᠢ ᠭᠡᠷ᠎ᠡ ᠶᠢᠨ ᠪᠣᠯᠵᠣᠯ ᠢ ᠦᠨᠳᠦᠰᠦᠯᠡᠨ ᠠᠷᠠᠯᠵᠢᠶᠠᠨ ᠤ ᠦᠨ᠎ᠡ ᠶᠢᠨ ᠵᠣᠭᠤᠰ ᠢ ᠲᠥᠪ ᠤᠨ ᠲᠠᠰᠤᠯᠤᠨ ᠪᠤᠳᠤᠬᠤ ᠲᠠᠩᠰᠠᠨ ᠡᠷᠦᠭᠡ ᠳᠤ ᠲᠤᠰᠢᠶᠠᠬᠤ ᠮᠥᠷᠲᠡᠭᠡᠨ ᠠᠷᠠᠯᠵᠢᠶᠠᠨ ᠤ ᠬᠤᠶᠠᠷ ᠲᠠᠯ᠎ᠠ ᠪᠠᠷ ᠢᠶᠠᠨ ᠠᠷᠠᠯᠵᠢᠶᠠᠨ ᠤ ᠦᠢᠯᠡᠴᠢᠯᠡᠭᠡᠨ ᠤ ᠵᠠᠷᠤᠳᠠᠯ ᠢ ᠲᠤᠰᠢᠶᠠᠭᠰᠠᠨ ᠤ ᠲᠠᠷᠠᠭ᠎ᠠ᠂ ᠲᠥᠪ ᠠᠴᠠ 5 ᠠᠵᠢᠯᠯᠠᠬᠤ ᠡᠳᠦᠷ ᠤᠨ ᠳᠣᠲᠣᠷ᠎ᠠ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ ᠰᠢᠯᠭᠠᠨ ᠭᠡᠷᠡᠴᠢᠯᠡᠯ ᠢ ᠭᠠᠷᠭᠠᠵᠤ ᠥᠭᠭᠦᠨ᠎ᠡ᠃    ᠭᠤᠴᠢᠨ ᠲᠠᠪᠤᠳᠤᠭᠠᠷ ᠵᠦᠢᠯ   ᠠᠷᠠᠯᠵᠢᠶᠠᠨ ᠤ ᠠᠵᠢᠯᠯᠠᠭ᠎ᠠ ᠨᠢ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠬᠦ ᠴᠢᠬᠤᠯᠠᠲᠠᠢ ᠪᠠᠶᠢᠪᠠᠯ᠂ ᠥᠮᠴᠢᠯᠡᠯ ᠤᠨ ᠡᠷᠬᠡ ᠶᠢᠨ ᠠᠷᠠᠯᠵᠢᠶᠠᠨ ᠤ ᠲᠥᠪ  ᠨᠢ ᠠᠷᠠᠯᠵᠢᠶᠠᠨ ᠤ ᠠᠵᠢᠯᠯᠠᠭ᠎ᠠ ᠨᠢ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠵᠥᠪᠰᠢᠶᠡᠷᠡᠯ ᠢ ᠣᠯᠣᠭᠰᠠᠨ ᠤ ᠳᠠᠷᠠᠭ᠎ᠠ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ ᠰᠢᠯᠭᠠᠨ ᠭᠡᠷᠡᠴᠢᠯᠡᠯ ᠢ ᠬᠢᠵᠦ ᠥᠭᠬᠦ ᠬᠡᠷᠡᠭᠲᠡᠢ᠃    ᠭᠤᠴᠢᠨ ᠵᠢᠷᠭᠤᠳᠤᠭᠠᠷ ᠵᠦᠢᠯ   ᠠᠷᠠᠯᠵᠢᠶᠠᠯᠠᠬᠤ ᠬᠤᠶᠠᠷ ᠲᠠᠯ᠎ᠠ ᠪᠠᠷ ᠢᠶᠠᠨ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ ᠰᠢᠯᠭᠠᠨ ᠭᠡᠷᠡᠴᠢᠯᠡᠯᠲᠡ ᠪᠠᠷ ᠢᠶᠠᠨ ᠬᠠᠷᠠᠯᠲᠠ ᠶᠢ ᠲᠤᠰᠢᠶᠠᠨ ᠥᠭᠬᠦ᠂ ᠡᠷᠬᠡ ᠶᠢᠨ ᠦᠨᠡᠮᠯᠡᠯ ᠢ ᠡᠷᠦᠬᠡ ᠰᠢᠯᠵᠢᠭᠦᠯᠬᠦ᠂ ᠳᠠᠩᠰᠠᠯᠠᠯᠲᠠ ᠶᠢ ᠬᠤᠪᠢᠷᠠᠭᠤᠯᠬᠤ ᠵᠡᠷᠭᠡ ᠭᠠᠷ ᠭᠦᠢᠴᠡᠳᠬᠡᠯ ᠢ ᠥᠪᠡᠰᠦᠪᠡᠨ ᠬᠢᠨ᠎ᠡ᠃    ᠨᠠᠢᠮᠠᠳᠤᠭᠠᠷ ᠪᠦᠯᠦᠭ    ᠠᠷᠠᠯᠵᠢᠶ᠎ᠠ ᠶᠢ ᠵᠣᠭᠰᠤᠭᠠᠬᠤ ᠪᠠ ᠲᠡᠭᠦᠰᠬᠡᠬᠦ    ᠭᠤᠴᠢᠨ ᠳᠣᠯᠣᠳᠤᠭᠠᠷ ᠵᠦᠢᠯ   ᠠᠷᠠᠯᠵᠢᠶᠠᠨ ᠤ ᠭᠡᠷ᠎ᠡ ᠶᠢ ᠲᠣᠭᠲᠠᠭᠠᠭᠰᠠᠨ ᠤ ᠲᠡᠷᠠᠭ᠎ᠠ᠂ ᠳᠣᠣᠷ᠎ᠠ ᠵᠢᠭᠰᠠᠭᠠᠭᠰᠠᠨ ᠪᠠᠶᠢᠳᠠᠯ ᠲᠠᠢ ᠪᠠᠶᠢᠪᠠᠯ᠂ ᠬᠤᠯᠪᠣᠭᠳᠠᠯ ᠪᠦᠬᠦᠢ ᠨᠢᠭᠡᠴᠢ ᠠᠴᠠ ᠤᠯᠠᠭᠠᠨᠬᠤᠳᠠ ᠶᠢᠨ ᠬᠦᠳᠡᠭᠡ ᠲᠤᠰᠬᠤᠨ ᠤ ᠦᠮᠴᠢᠯᠡᠯ ᠤᠨ ᠡᠷᠭᠡ ᠶᠢᠨ ᠠᠷᠠᠯᠵᠢᠶᠠᠨ ᠤ ᠲᠥᠪ ᠲᠤ ᠭᠤᠶᠤᠴᠢᠯᠠᠯ ᠭᠠᠷᠭᠠᠵᠤ᠂ ᠤᠯᠠᠭᠠᠨᠬᠤᠳᠠ ᠶᠢᠨ ᠬᠦᠳᠡᠭᠡ ᠲᠤᠰᠬᠤᠨ ᠤ ᠦᠮᠴᠢᠯᠡᠯ ᠤᠨ ᠡᠷᠭᠡ ᠶᠢᠨ ᠠᠷᠠᠯᠵᠢᠶᠠᠨ ᠤ ᠲᠥᠪ ᠠᠴᠠ ᠭᠥᠯᠢᠶᠡᠨ ᠠᠪᠴᠤ ᠳᠠᠩᠰᠠᠯᠠᠭᠤᠯᠤᠭᠠᠳ ᠠᠷᠠᠯᠵᠢᠶ᠎ᠠ ᠪᠠᠨ ᠲᠤᠷᠭᠤᠠ ᠵᠣᠭᠰᠣᠭᠠᠵᠤ ᠪᠣᠯᠣᠨ᠎ᠠ᠃    ︵ᠨᠢᠭᠡ︶ ᠭᠤᠷᠪᠠᠳᠠᠭᠢ ᠡᠲᠡᠭᠡᠳ ᠨᠢ ᠰᠢᠯᠵᠢᠭᠦᠯᠦᠨ ᠭᠠᠷᠭᠠᠭᠰᠠᠨ ᠲᠠᠯ᠎ᠠ ᠶᠢᠨ ᠥᠮᠴᠢᠯᠡᠯ ᠤᠨ ᠡᠷᠬᠡ ᠪᠠᠨ ᠰᠢᠯᠵᠢᠭᠦᠯᠦᠨ ᠭᠠᠷᠭᠠᠭᠰᠠᠨ ᠶᠠᠪᠤᠳᠠᠯ ᠳᠤ ᠮᠠᠷᠭᠤᠭᠠᠨ ᠲᠠᠢ ᠪᠥᠭᠡᠳ ᠵᠠᠰᠠᠭ ᠤᠨ ᠣᠷᠳᠣᠨ ᠪᠤᠶᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠡᠷᠡᠴᠢᠯᠡᠬᠦ ᠮᠠᠲ᠋ᠧᠷᠢᠶᠠᠯ ᠢ ᠬᠠᠩᠭᠠᠭᠰᠠᠨ᠃    ︵ᠬᠤᠶᠠᠷ︶ ᠬᠠᠤᠯᠢ ᠴᠠᠭᠠᠵᠠ ᠶᠢᠨ ᠪᠠᠶᠢᠭᠤᠯᠭ᠎ᠠ ᠠᠴᠠ ᠠᠷᠠᠯᠵᠢᠶ᠎ᠠ ᠶᠢ ᠲᠤᠷᠭᠤᠨ ᠵᠣᠭᠰᠤᠭᠠᠬᠤ ᠮᠡᠳᠡᠭᠳᠡᠯ ᠭᠠᠷᠭᠠᠭᠰᠠᠨ ᠪᠤᠶᠤ ᠬᠠᠤᠯᠢ ᠶᠣᠰᠣᠭᠠᠷ ᠭᠠᠷᠭᠠᠭᠰᠠᠨ ᠬᠠᠤᠯᠢ ᠴᠠᠭᠠᠵᠠ ᠶᠢᠨ ᠪᠢᠴᠢᠭ ᠮᠠᠲ᠋ᠧᠷᠢᠶᠠᠯ ᠨᠢ ᠠᠷᠠᠯᠵᠢᠶ᠎ᠠ ᠶᠢ ᠲᠤᠷᠭᠤᠨ ᠵᠣᠭᠰᠤᠭᠠᠬᠤ ᠳᠤ ᠬᠦᠷᠦᠭᠦᠯᠦᠭᠰᠡᠨ᠃    ︵ᠭᠤᠷᠪᠠ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠯᠵᠢᠶᠠᠨ ᠤ ᠲᠠᠯᠠᠪᠤᠷ ᠭᠠᠵᠠᠷ ᠤᠨ ᠬᠠᠮᠢᠶᠠᠷᠤᠯᠲᠠ ᠶᠢᠨ ᠠᠷᠭ᠎ᠠ︾ ᠶᠢᠨ ᠲᠣᠭᠲᠠᠭᠠᠯ ᠶᠣᠰᠣᠭᠠᠷ ᠠᠷᠠᠯᠵᠢᠶᠠᠯᠠᠬᠤ ᠶᠢ ᠵᠣᠭᠰᠤᠭᠠᠬᠤ ᠶᠣᠰᠣᠲᠠᠢ ᠪᠤᠰᠤᠳ ᠪᠠᠶᠢᠳᠠᠯ᠃    ︵ᠳᠥᠷᠪᠡ︶ ᠠᠷᠠᠯᠵᠢᠶ᠎ᠠ ᠪᠦᠲᠦᠭᠰᠡᠨ ᠢ ᠵᠠᠷᠯᠠᠨ ᠨᠡᠶᠢᠲᠡᠯᠡᠬᠦ ᠬᠤᠭᠤᠴᠠᠭᠠᠨ ᠳᠤ ᠬᠡᠷᠪᠡ ᠳᠤᠷᠠᠳᠤᠭᠰᠠᠨ ᠣᠨᠳᠣᠣ ᠰᠠᠨᠠᠯ ᠲᠠᠢ ᠵᠦᠢᠯᠡᠰ ᠨᠢ ᠥᠷᠢᠰᠦᠯᠳᠦᠭᠡᠨ ᠤ ᠦᠨ᠎ᠡ᠂ ᠠᠷᠠᠯᠵᠢᠶ᠎ᠠ ᠪᠦᠲᠦᠭᠰᠡᠨ ᠦᠷ᠎ᠡ ᠳ᠋ᠦᠩ ᠢ ᠨᠥᠯᠥᠭᠡᠯᠡᠵᠦ ᠮᠡᠳᠡᠬᠦ᠃    ᠭᠤᠴᠢᠨ ᠨᠠᠢᠮᠠᠳᠤᠭᠠᠷ ᠵᠦᠢᠯ  ᠲᠤᠷᠭᠤᠨ ᠵᠣᠭᠰᠤᠭᠠᠬᠤ ᠬᠤᠭᠤᠴᠠᠭ᠎ᠠ ᠶᠢ ᠤᠯᠠᠭᠠᠨᠬᠤᠳᠠ ᠶᠢᠨ ᠬᠦᠳᠡᠭᠡ ᠲᠤᠰᠬᠤᠨ ᠤ ᠦᠮᠴᠢᠯᠡᠯ ᠤᠨ ᠡᠷᠭᠡ ᠶᠢᠨ ᠠᠷᠠᠯᠵᠢᠶᠠᠨ ᠤ ᠲᠥᠪ ᠠᠴᠠ ᠪᠣᠳᠠᠲᠤ ᠪᠠᠶᠢᠳᠠᠯ ᠢ ᠦᠨᠳᠦᠰᠦᠯᠡᠨ ᠲᠣᠭᠲᠠᠭᠠᠨ᠎ᠠ᠂ ᠡ᠊ᠩ ᠤᠨ ᠪᠠᠶᠢᠳᠠᠯ ᠳᠤ 30 ᠡᠳᠦᠷ ᠠᠴᠠ ᠬᠡᠲᠦᠷᠡᠭᠦᠯᠵᠦ ᠪᠣᠯᠬᠤ ᠦᠭᠡᠢ᠃ ᠤᠯᠠᠭᠠᠨᠬᠤᠳᠠ ᠶᠢᠨ ᠬᠦᠳᠡᠭᠡ ᠲᠤᠰᠬᠤᠨ ᠤ ᠦᠮᠴᠢᠯᠡᠯ ᠤᠨ ᠡᠷᠭᠡ ᠶᠢᠨ ᠠᠷᠠᠯᠵᠢᠶᠠᠨ ᠤ ᠲᠥᠪ ᠨᠢ ᠲᠤᠷᠭᠤᠨ ᠵᠣᠭᠰᠤᠭᠠᠬᠤ ᠬᠤᠭᠤᠴᠠᠭᠠᠨ ᠳᠤ ᠬᠤᠯᠪᠣᠭᠳᠠᠯ ᠪᠦᠬᠦᠢ ᠭᠤᠶᠤᠴᠢᠯᠠᠬᠤ ᠤᠴᠢᠷ ᠰᠢᠯᠲᠠᠭᠠᠨ ᠪᠤᠶᠤ ᠮᠠᠷᠭᠤᠯᠳᠤᠭᠠᠨ ᠲᠠᠢ ᠤᠴᠢᠷ ᠶᠠᠪᠤᠳᠠᠯ ᠢ ᠪᠠᠶᠢᠴᠠᠭᠠᠨ ᠬᠢᠨᠠᠨ ᠬᠠᠷᠭᠤᠭᠤᠯᠬᠤ ᠬᠡᠷᠡᠭᠲᠡᠢ᠂ ᠪᠠᠰᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ ᠪᠠᠶᠢᠴᠠᠭᠠᠨ ᠬᠢᠨᠠᠨ ᠬᠠᠷᠭᠤᠭᠤᠯᠵᠤ᠂ ᠠᠷᠠᠯᠵᠢᠶ᠎ᠠ ᠶᠢ ᠰᠡᠷᠭᠦᠭᠡᠬᠦ ᠪᠤᠶᠤ ᠳᠠᠭᠤᠰᠬᠠᠬᠤ ᠲᠣᠭᠲᠠᠭᠠᠯ ᠢ ᠴᠠᠭ ᠲᠤᠬᠠᠢ ᠳᠤᠨᠢ ᠭᠠᠷᠭᠠᠵᠤ ᠪᠣᠯᠣᠨ᠎ᠠ᠃    ᠭᠤᠴᠢ ᠶᠢᠰᠦᠳᠦᠭᠡᠷ ᠵᠦᠢᠯ   ᠠᠷᠠᠯᠵᠢᠶᠡᠨ ᠤ ᠠᠵᠢᠯᠯᠠᠭ᠎ᠠ ᠶᠢ ᠲᠣᠭᠲᠠᠭᠰᠠᠨ ᠵᠢᠷᠤᠮ ᠶᠣᠰᠣᠭᠠᠷ ᠬᠡᠪ ᠤᠨ ᠶᠣᠰᠣᠭᠠᠷ ᠶᠠᠪᠤᠭᠳᠠᠭᠤᠯᠬᠤ ᠶᠢᠨ ᠠᠷᠭ᠎ᠠ ᠦᠭᠡᠢ ᠪᠣᠯᠭᠠᠭᠰᠠᠨ ᠪᠠᠶᠢᠳᠠᠯ ᠭᠠᠷᠤᠭᠰᠠᠨ ᠪᠥᠭᠡᠳ ᠪᠠᠶᠢᠴᠠᠭᠠᠵᠤ ᠬᠢᠨᠠᠨ ᠬᠠᠷᠭᠤᠭᠤᠯᠤᠭᠠᠳ ᠠᠷᠢᠯᠭᠠᠬᠤ ᠶᠢᠨ ᠠᠷᠭ᠎ᠠ ᠦᠭᠡᠢ ᠪᠣᠯᠤᠭᠰᠠᠨ ᠢ ᠨᠤᠲᠠᠯᠠᠭᠰᠠᠨ ᠦᠶ᠎ᠡ ᠳᠤ᠂ ᠤᠯᠠᠭᠠᠨᠬᠤᠳᠠ ᠶᠢᠨ ᠬᠦᠳᠡᠭᠡ ᠲᠤᠰᠬᠤᠨ ᠤ ᠦᠮᠴᠢᠯᠡᠯ ᠤᠨ ᠡᠷᠭᠡ ᠶᠢᠨ ᠠᠷᠠᠯᠵᠢᠶᠠᠨ ᠤ ᠲᠥᠪ ᠠᠴᠠ ᠠᠷᠠᠯᠵᠢᠶ᠎ᠠ ᠶᠢ ᠳᠠᠭᠤᠰᠬᠠᠬᠤ ᠲᠣᠭᠲᠠᠭᠠᠯ ᠭᠠᠷᠭᠠᠵᠤ ᠪᠣᠯᠣᠨ᠎ᠠ᠃    ᠳᠥᠴᠢᠳᠦᠭᠡᠷ ᠵᠦᠢᠯ   ᠠᠷᠠᠯᠵᠢᠶᠠᠨ ᠤ ᠳᠤᠮᠳᠠ ᠲᠤᠷᠭᠤᠨ ᠵᠣᠭᠰᠤᠭᠠᠬᠤ᠂ ᠳᠠᠭᠤᠰᠬᠠᠬᠤ᠂ ᠰᠡᠷᠭᠦᠭᠡᠬᠦ ᠪᠠᠶᠢᠳᠠᠯ ᠭᠠᠷᠪᠠᠯ᠂ ᠦᠮᠴᠢᠯᠡᠯ ᠤᠨ ᠡᠷᠭᠡ ᠶᠢᠨ ᠠᠷᠠᠯᠵᠢᠶᠠᠨ ᠤ ᠲᠦᠪ ᠤᠨ ᠰᠦᠯᠵᠢᠶᠡᠨ ᠳᠡᠭᠡᠷ᠎ᠡ ᠵᠠᠷᠯᠠᠨ ᠨᠡᠶᠢᠲᠡᠯᠡᠬᠦ ᠬᠡᠷᠡᠭᠲᠡᠢ᠃    ᠶᠢᠰᠦᠳᠦᠭᠡᠷ ᠪᠦᠯᠦᠭ    ᠲᠠᠭᠠᠯᠳᠤᠭᠤᠯᠤᠭᠰᠠᠨ ᠳᠦᠷᠢᠮ    ᠳᠥᠴᠢᠨ ᠨᠢᠭᠡᠳᠦᠭᠡᠷ ᠵᠦᠢᠯ   ᠤᠯᠠᠭᠠᠨᠬᠤᠳᠠ ᠶᠢᠨ ᠬᠦᠳᠡᠭᠡ ᠲᠤᠰᠬᠤᠨ ᠤ ᠦᠮᠴᠢᠯᠡᠯ ᠤᠨ ᠡᠷᠭᠡ ᠶᠢᠨ ᠠᠷᠠᠯᠵᠢᠶᠠᠨ ᠤ ᠲᠥᠪ ᠠᠴᠠ ᠲᠤᠰ ᠳᠦᠷᠢᠮ ᠢ ᠦᠨᠳᠦᠰᠦᠯᠡᠨ ᠬᠢᠭᠰᠡᠨ ᠬᠦᠯᠢᠶᠡᠨ ᠠᠪᠴᠤ ᠰᠢᠢᠳᠪᠦᠷᠢᠯᠡᠬᠦ ᠳᠠᠩᠰᠠᠯᠠᠯᠲᠠ ᠪᠠ ᠡᠯ᠎ᠡ ᠵᠦᠢᠯ ᠤᠨ ᠨᠡᠶᠢᠲᠡ ᠳᠤ ᠵᠠᠷᠯᠠᠬᠤ ᠠᠯᠪᠠᠨ ᠵᠠᠷᠯᠠᠯ ᠨᠢ ᠴᠥᠮ ᠠᠷᠠᠯᠵᠢᠶᠠᠯᠠᠬᠤ ᠲᠠᠯ᠎ᠠ ᠶᠢᠨ ᠳᠤᠷᠠᠳᠤᠭᠰᠠᠨ ᠭᠤᠶᠤᠴᠢᠯᠠᠯ ᠪᠠ ᠲᠤᠰᠢᠶᠠᠭᠰᠠᠨ ᠮᠠᠲ᠋ᠧᠷᠢᠶᠠᠯ ᠤᠨ ᠪᠦᠷᠢᠨ ᠭᠦᠢᠴᠡᠳ ᠴᠢᠨᠠᠷ ᠤᠨ ᠬᠢᠨᠠᠨ ᠪᠠᠶᠢᠴᠠᠭᠠᠯᠲᠠ ᠬᠢᠨ᠎ᠡ᠃ ᠡᠭᠦᠨ ᠳᠤ ᠪᠠᠭᠲᠠᠬᠤ ᠪᠣᠯᠪᠠᠴᠤ ᠠᠷᠠᠯᠵᠢᠶᠠᠨ ᠤ ᠲᠠᠯ᠎ᠠ ᠶᠢᠨ ᠭᠤᠤᠯ ᠴᠣᠭᠴᠠ ᠶᠢᠨ ᠬᠢᠷᠢ ᠬᠡᠮ ᠢ ᠪᠠᠲᠤᠯᠠᠬᠤ ᠳᠤ ᠬᠢᠵᠠᠭᠠᠷᠯᠠᠭᠳᠠᠬᠤ ᠦᠭᠡᠢ᠂ ᠠᠷᠠᠯᠵᠢᠶᠠᠨ ᠤ ᠡᠷᠬᠡ ᠶᠢᠨ ᠬᠡᠪᠴᠢᠶ᠎ᠡ ᠨᠢ ᠪᠦᠷᠢᠨ ᠪᠦᠲᠦᠨ᠂ ᠠᠷᠠᠯᠵᠢᠶᠠᠨ ᠤ ᠬᠠᠷᠠᠯᠲᠠ ᠨᠢ ᠦ ᠰᠡᠪ ᠦᠭᠡᠢ ᠪᠠᠶᠢᠬᠤ᠂ ᠠᠷᠠᠯᠵᠢᠶᠠᠨ ᠤ ᠬᠤᠶᠠᠷ ᠲᠠᠯ᠎ᠠ ᠶᠢᠨ ᠭᠠᠷᠭᠠᠭᠰᠠᠨ ᠢᠯᠡᠷᠬᠡᠶᠢᠯᠡᠯᠲᠡ ᠪᠡ ᠠᠮᠠᠯᠠᠯᠲᠠ ᠵᠢᠴᠢ ᠬᠠᠩᠭᠠᠭᠰᠠᠨ ᠪᠢᠴᠢᠭ ᠮᠠᠲ᠋ᠧᠷᠢᠶᠠᠯ ᠨᠢ ᠦᠨᠡᠨ ᠪᠣᠳᠠᠲᠠᠢ᠂ ᠪᠦᠷᠢᠨ ᠪᠦᠲᠦᠨ᠂ ᠬᠦᠴᠦᠨ ᠲᠠᠢ᠂ ᠣᠨᠣᠪᠴᠢᠲᠠᠶ ᠪᠠᠶᠢᠬᠤ ᠵᠡᠷᠭᠡ ᠠᠯᠢᠪᠠ ᠬᠠᠷᠢᠭᠤᠴᠠᠯᠭ᠎ᠠ ᠶᠢ ᠡᠭᠦᠷᠭᠡᠯᠡᠬᠦ ᠦᠭᠡᠢ᠃ ᠠᠷᠠᠯᠵᠢᠶᠠᠨ ᠤ ᠬᠤᠶᠠᠷ ᠲᠠᠯ᠎ᠠ ᠪᠠᠷ ᠢᠶᠠᠨ ᠠᠷᠠᠯᠵᠢᠶᠠᠨ ᠤ ᠠᠶᠤᠯ ᠲᠦᠭᠰᠢᠭᠦᠷᠢ ᠶᠢ ᠥᠪᠡᠰᠦᠪᠡᠨ ᠡᠭᠦᠷᠭᠡᠯᠡᠬᠦ ᠬᠡᠷᠡᠭᠲᠡᠢ᠃    ᠳᠥᠴᠢᠨ ᠬᠤᠶᠠᠳᠤᠭᠠᠷ ᠵᠦᠢᠯ   ᠠᠷᠠᠯᠵᠢᠶᠠᠨ ᠤ ᠶᠠᠪᠤᠴᠠ ᠳᠤ ᠮᠠᠷᠭᠤᠯᠳᠤᠭᠠᠨ ᠭᠠᠷᠪᠠᠯ᠂ ᠲᠤᠬᠠᠢ ᠶᠢᠨ ᠬᠥᠮᠥᠨ  ᠨᠢ ᠤᠯᠠᠭᠠᠨᠬᠤᠳᠠ ᠶᠢᠨ ᠬᠦᠳᠡᠭᠡ ᠲᠤᠰᠬᠤᠨ ᠤ ᠦᠮᠴᠢᠯᠡᠯ ᠤᠨ ᠡᠷᠭᠡ ᠶᠢᠨ ᠠᠷᠠᠯᠵᠢᠶᠠᠨ ᠤ ᠲᠦᠪ   ᠳᠤ  ᠡᠶᠡᠳᠡᠭᠦᠯᠬᠦ ᠪᠠᠷ ᠭᠤᠶᠤᠴᠢᠯᠠᠵᠤ ᠪᠣᠯᠣᠨ᠎ᠠ᠂ ᠠᠷᠠᠳ ᠤᠨ ᠰᠢᠭᠦᠬᠦ ᠬᠤᠷᠢᠶᠠᠨ ᠳᠤ ᠵᠠᠭᠠᠯᠳᠤᠯᠭ᠎ᠠ ᠭᠠᠷᠭᠠᠭᠰᠠᠨ ᠴᠤ ᠪᠣᠯᠣᠨ᠎ᠠ᠃    ᠳᠥᠴᠢᠨ ᠭᠤᠷᠪᠠᠳᠤᠭᠠᠷ ᠵᠦᠢᠯ   ᠬᠠᠤᠯᠢ ᠴᠠᠭᠠᠵᠠ᠂ ᠬᠠᠤᠯᠢ ᠲᠣᠭᠲᠠᠭᠠᠯ ᠪᠠ ᠳᠦᠷᠢᠮ ᠲᠣᠭᠲᠠᠭᠠᠯ᠂ ᠲᠥᠷᠥ ᠶᠢᠨ ᠪᠣᠳᠣᠯᠭ᠎ᠠ ᠳᠤ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ ᠲᠤᠬᠠᠢ ᠲᠣᠭᠲᠠᠭᠠᠯ ᠲᠠᠢ ᠪᠠᠶᠢᠪᠠᠯ᠂ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠭᠦᠢᠴᠡᠳᠬᠡᠨ᠎ᠡ᠃    ᠳᠥᠴᠢᠨ ᠳᠥᠷᠪᠡᠳᠦᠭᠡᠷ ᠵᠦᠢᠯ  ᠠᠵᠢᠯ ᠲᠦᠷᠦᠯ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠂ ᠲᠤᠬᠠᠶᠢᠯᠠᠭᠰᠠᠨ ᠠᠵᠢᠯ ᠤᠨ ᠵᠢᠯᠤᠭᠤᠳᠬᠤ ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠤᠨ᠎ᠠ᠃    ᠳᠥᠴᠢᠨ ᠲᠠᠪᠤᠳᠤᠭᠠᠷ ᠵᠦᠢᠯ   ᠲᠣᠰ ᠳᠦᠷᠢᠮ ᠤᠨ ᠲᠠᠶᠢᠯᠪᠤᠷᠢᠯᠠᠬᠤ ᠡᠷᠬᠡ ᠪᠠ ᠵᠠᠰᠠᠪᠤᠷᠢ ᠣᠷᠣᠭᠤᠯᠬᠤ ᠡᠷᠬᠡ  ᠨᠢ ᠤᠯᠠᠭᠠᠨᠬᠤᠲᠠ ᠶᠢᠨ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠠᠷᠠᠯᠵᠢᠶᠠᠨ ᠤ ᠲᠥᠪ ᠲᠤ ᠬᠠᠷᠢᠶᠠᠯᠠᠭᠳᠠᠨ᠎ᠠ᠃   ᠳᠥᠴᠢᠨ ᠵᠢᠷᠭᠤᠳᠤᠭᠠᠷ ᠵᠦᠢᠯ  ᠲᠤᠰ ᠳᠦᠷᠢᠮ ᠢ ᠨᠡᠶᠢᠲᠡᠯᠡᠭᠰᠡᠨ ᠡᠳᠦᠷ ᠠᠴᠠ ᠡᠬᠢᠯᠡᠨ 30 ᠡᠳᠦᠷ ᠤᠨ ᠲᠠᠷᠠᠭ᠎ᠠ ᠬᠡᠷᠡᠭᠵᠢᠭᠦᠯᠦᠨ᠎ᠡ᠃    ᠤᠯᠠᠭᠠᠨᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                    2023 ᠣᠨ ᠤ 2 ᠰᠠᠷ᠎ᠠ ᠶᠢᠨ 15 ᠤ ᠡᠳᠦᠷ ᠲᠠᠷᠤᠮᠠᠯᠯᠠᠨ ᠲᠠᠷᠬᠠᠭᠠᠪᠠ
 
ᠢᠷᠡᠯᠲᠡ᠄ ᠤᠯᠠᠭᠠᠨᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号