︽ᠤᠯᠠᠭᠠᠨᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ︾ ᠶᠢ ᠳᠠᠷᠤᠮᠠᠯᠯᠠᠨ ᠲᠠᠷᠬᠠᠭᠠᠬᠤ ᠲᠤᠬᠠᠢ ᠤᠯᠠᠭᠠᠨᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/8/24
    ︽ᠤᠯᠠᠭᠠᠨᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ︾ ᠶᠢ ᠳᠠᠷᠤᠮᠠᠯᠯᠠᠨ ᠲᠠᠷᠬᠠᠭᠠᠬᠤ ᠲᠤᠬᠠᠢ ᠤᠯᠠᠭᠠᠨᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ    ᠬᠤᠲᠠ ᠶᠢᠨ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠲᠤ᠄    ︽ᠤᠯᠠᠭᠠᠨᠬᠤᠲᠠ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ︾ ᠶᠢ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠬᠢᠨᠠᠮᠠᠭᠠᠢ  ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃                      2023 ᠣᠨ ᠤ 2 ᠰᠠᠷ᠎ᠠ ᠶᠢᠨ 22 ᠤ ᠡᠳᠤᠷ    ︽ᠠᠷᠪᠠᠨ ᠳᠥᠷᠪᠡᠳᠦᠭᠡᠷ ᠲᠠᠪᠤᠨ ᠵᠢᠯ︾ ᠪᠣᠯ ᠵᠡᠮᠳᠡᠭᠴᠦᠳ ᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠦᠭᠰᠡᠨ ᠦᠷ᠎ᠡ ᠪᠦᠲᠦᠭᠡᠯ ᠢ ᠪᠠᠬᠢᠵᠢᠭᠦᠯᠵᠦ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠲᠦᠰᠢᠭᠯᠡᠨ ᠠᠷᠠᠳ ᠤᠨ ᠠᠮᠢᠳᠤᠷᠠᠯ ᠤᠨ ᠳᠤᠲᠠᠭᠤᠳᠠᠯ ᠢ ᠨᠥᠬᠦᠪᠦᠷᠢᠯᠡᠵᠦ᠂ ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ ᠶᠢᠨ ᠠᠮᠤᠷ ᠲᠦᠪᠰᠢᠨ ᠤ ᠲᠣᠣᠷ ᠢ ᠪᠠᠲᠤ ᠪᠠᠬᠢ ᠨᠢᠭᠲᠠ ᠪᠠᠶᠢᠭᠤᠯᠵᠤ᠂ ᠵᠡᠮᠳᠡᠭᠴᠦᠳ ᠤᠨ ᠤᠯᠠᠨ ᠨᠡᠶᠢᠲᠡ ᠶᠢᠨ ᠦᠢᠯᠡᠴᠢᠯᠡᠭᠡ ᠶᠢ ᠲᠦᠷᠭᠡᠳᠬᠡᠨ ᠠᠬᠢᠭᠤᠯᠵᠤ᠂ ᠵᠡᠮᠳᠡᠭᠴᠦᠳ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠵᠡᠮᠳᠡᠭᠴᠦᠳ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠪᠣᠯᠣᠨ ᠣᠳᠣᠬᠢᠴᠢᠯᠠᠯᠲᠠ ᠶᠢᠨ ᠠᠶᠠᠨ ᠢ ᠡᠬᠢᠯᠡᠭᠦᠯᠬᠦ ᠴᠢᠬᠤᠯᠠ ᠴᠠᠭ ᠦᠶ᠎ᠡ ᠪᠣᠯᠣᠨ᠎ᠠ᠃ ᠵᠡᠮᠳᠡᠭᠴᠦᠳ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ︽ᠲᠥᠷᠥ ᠶᠢᠨ ᠶᠠᠪᠤᠳᠠᠯ ᠤᠨ ᠬᠤᠷᠢᠶ᠎ᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠵᠡᠮᠳᠡᠭᠴᠦᠳ ᠤᠨ ᠪᠠᠲᠤᠯᠠᠭ᠎ᠠ ᠪᠠ ᠬᠥᠭᠵᠢᠯᠲᠡ ᠶᠢᠨ ᠲᠥᠯᠦᠪᠵᠢᠭᠦᠯᠭᠡ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ︾ ᠪᠠ ︽ᠬᠢᠩᠭᠠᠨ ᠠᠶᠢᠮᠠᠭ ᠤᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ︾ ᠵᠢᠴᠢ ︽ᠬᠢᠩᠭᠠᠨ ᠠᠶᠢᠮᠠᠭ ᠤᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ︾ ᠶᠢ ᠦᠨᠳᠦᠰᠦᠯᠡᠨ᠂ ᠤᠯᠠᠭᠠᠨᠬᠤᠲᠠ ᠶᠢᠨ ᠪᠣᠳᠠᠲᠠᠢ ᠲᠠᠢ ᠤᠶᠠᠯᠳᠤᠭᠤᠯᠵᠤ ᠲᠣᠰ ᠲᠥᠯᠦᠪᠵᠢᠭᠦᠯᠭᠡ ᠶᠢ ᠲᠣᠭᠲᠠᠭᠠᠪᠠ᠃     ᠨᠠᠶᠢᠷᠠᠭᠤᠯᠤᠨ ᠲᠤᠭᠤᠷᠪᠢᠭᠰᠠᠨ ᠠᠬᠤᠢ ᠪᠠᠶᠢᠳᠠᠯ    ︽13 · 5︾ ᠤᠨ ᠬᠤᠭᠤᠴᠠᠭᠠᠨ ᠳᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠢᠩᠭᠠᠨ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ ᠵᠡᠮᠳᠡᠭᠴᠦᠳ ᠤᠨ ᠦᠢᠯᠡᠰ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠵᠤ᠂ ᠢᠯᠡᠳᠲᠡ ᠠᠮᠵᠢᠯᠲᠠ ᠪᠦᠲᠦᠮᠵᠢ ᠣᠯᠣᠭᠰᠠᠨ ᠪᠠᠶᠢᠨ᠎ᠠ᠃ ᠵᠡᠮᠳᠡᠭᠴᠦᠳ ᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠪᠦᠬᠦ ᠲᠠᠯ᠎ᠠ ᠶᠢᠨ ᠢᠯᠠᠯᠲᠠ ᠣᠯᠵᠤ᠂ ᠣᠳᠣ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠠᠴᠠ ᠳᠣᠣᠷ᠎ᠠ ᠮᠠᠯᠵᠢᠬᠤ ᠲᠠᠷᠢᠶᠠᠯᠠᠬᠤ ᠣᠷᠣᠨ ᠤ ᠲᠠᠩᠰᠠ ᠡᠪᠬᠡᠮᠡᠯ ᠪᠠᠶᠢᠭᠤᠯᠤᠨ ᠺᠠᠷᠲᠯᠠᠨ ᠳᠠᠩᠰᠠᠯᠠᠭᠰᠠᠨ 1000 ᠭᠠᠷᠤᠢ ᠶᠠᠳᠠᠭᠤ ᠬᠦᠴᠢᠷᠳᠡᠯ ᠲᠠᠢ ᠵᠡᠮᠳᠡᠭᠴᠦᠳ ᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ 5800 ᠭᠠᠷᠤᠢ ᠬᠦᠴᠢᠷᠳᠡᠯ ᠲᠠᠢ ᠵᠡᠮᠳᠡᠭᠴᠦᠳ ᠲᠤ ᠠᠮᠢᠳᠤᠷᠠᠯ ᠤᠨ ᠨᠥᠬᠦᠪᠦᠷᠢ ᠣᠯᠭᠤᠵᠤ᠂ 4400 ᠭᠠᠷᠤᠢ ᠬᠦᠨᠳᠦ ᠡᠪᠡᠳᠴᠢᠨ ᠲᠠᠢ ᠵᠡᠮᠳᠡᠭᠴᠦᠳ ᠲᠤ ᠰᠤᠪᠢᠯᠠᠯᠲᠠ ᠶᠢᠨ ᠨᠥᠬᠦᠪᠦᠷᠢ ᠣᠯᠭᠤᠵᠤ᠂ ᠪᠠᠷᠢᠮᠵᠢᠶ᠎ᠠ ᠶᠢ ᠬᠥᠮᠥᠨ ᠪᠦᠷᠢ ᠰᠠᠷ᠎ᠠ ᠳᠤ 100 ᠲᠥᠭᠦᠷᠢᠭ ᠪᠣᠯᠭᠠᠨ ᠳᠡᠭᠡᠭᠰᠢᠯᠡᠭᠦᠯᠵᠦ᠂ ᠵᠠᠰᠠᠭ ᠤᠨ ᠣᠷᠳᠣᠨ ᠠᠴᠠ ᠬᠦᠨᠳᠦ ᠡᠪᠡᠳᠴᠢᠨ ᠲᠠᠢ ᠵᠡᠮᠳᠡᠭᠴᠦᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠦᠢᠳᠬᠡᠯ ᠢ ᠬᠥᠮᠥᠨ ᠪᠦᠷᠢ ᠵᠢᠯ ᠳᠤ 200 ᠲᠥᠭᠦᠷᠢᠭ ᠣᠷᠣᠯᠠᠨ ᠲᠤᠰᠢᠶᠠᠵᠤ᠂ ᠵᠡᠮᠳᠡᠭᠴᠦᠳ ᠤᠨ ᠰᠠᠨᠠᠭᠠᠨ ᠳᠤ ᠦᠭᠡᠢ ᠰᠢᠷᠬᠠᠲᠤᠯ ᠤᠨ ᠳᠠᠭᠠᠳᠬᠠᠯ ᠢ ᠨᠡᠶᠢᠳᠡᠮ ᠬᠡᠷᠡᠭᠵᠢᠭᠦᠯᠵᠦ᠂ ᠬᠥᠳᠡᠭᠡ ᠲᠣᠰᠬᠤᠨ ᠤ ᠶᠠᠳᠠᠭᠤ ᠬᠦᠴᠢᠷᠳᠡᠯᠲᠡᠢ ᠵᠡᠮᠳᠡᠭᠴᠦᠳ ᠤᠨ ᠭᠡᠷ ᠪᠦᠯᠢ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠬᠦ ᠨᠣᠷᠮ᠎ᠠ 100% ᠳᠤ ᠬᠦᠷᠴᠦ᠂ ᠵᠡᠮᠳᠡᠭᠴᠦᠳ ᠤᠨ ᠦᠨᠳᠦᠰᠦᠨ ᠡᠷᠡᠭᠦᠯᠵᠢᠯ ᠤᠨ ᠦᠢᠯᠡᠴᠢᠯᠡᠭᠡᠨ ᠤ ᠨᠣᠷᠮ᠎ᠠ ᠪᠣᠯᠣᠨ ᠲᠤᠰᠠᠯᠠᠬᠤ ᠪᠠᠭᠠᠵᠢ ᠬᠡᠷᠡᠭᠰᠡᠯ ᠤᠨ ᠲᠣᠬᠢᠷᠠᠭᠤᠯᠤᠨ ᠦᠢᠯᠡᠴᠢᠯᠡᠬᠦ ᠨᠣᠷᠮ᠎ᠠ ᠴᠥᠮ 90% ᠶᠢ ᠳᠠᠪᠠᠵᠤ᠂ ᠬᠦᠴᠢᠷᠳᠡᠯᠲᠡᠢ ᠬᠦᠨᠳᠦ ᠡᠪᠡᠳᠴᠢᠨ ᠲᠠᠢ ᠵᠡᠮᠳᠡᠭᠴᠦᠳ ᠤᠨ ᠭᠡᠷ ᠪᠦᠯᠢ ᠶᠢᠨ ᠰᠠᠭᠠᠳ ᠦᠭᠡᠢ ᠥᠭᠡᠷᠡᠴᠢᠯᠡᠯᠲᠡ ᠶᠢ 800 ᠭᠠᠷᠤᠢ ᠡᠷᠦᠬᠡ ᠳᠤ ᠬᠦᠷᠦᠭᠦᠯᠵᠦ᠂ ᠵᠡᠮᠳᠡᠭ ᠬᠡᠦᠬᠡᠳ ᠪᠠᠭᠠᠴᠤᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠭᠥᠷᠳᠡᠬᠦ ᠬᠠᠷᠢᠴᠠᠯ ᠢ 94% ᠳᠤ ᠬᠦᠷᠦᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠵᠡᠮᠳᠡᠭᠴᠦᠳ ᠲᠤ ᠲᠣᠭᠲᠠᠪᠤᠷᠢᠲᠠᠢ ᠠᠵᠢᠯ ᠣᠯᠭᠤᠭᠰᠠᠨ ᠬᠥᠮᠥᠨ ᠤ ᠲᠤᠭ᠎ᠠ ᠶᠢ 1200 ᠬᠥᠮᠥᠨ ᠳᠤ ᠬᠦᠷᠭᠡᠵᠤ᠂ ᠵᠡᠮᠳᠡᠭᠴᠦᠳ ᠤᠨ ᠨᠠᠶᠢᠳᠠᠨ ᠠᠰᠠᠷᠠᠭᠤᠯᠬᠤ ᠦᠢᠯᠡᠴᠢᠯᠡᠭᠡ ᠭᠥᠷᠳᠡᠬᠦ ᠬᠥᠮᠥᠨ ᠤ ᠲᠤᠭ᠎ᠠ ᠶᠢ 300 ᠬᠥᠮᠥᠨ ᠳᠤ ᠬᠦᠷᠦᠭᠦᠯᠬᠦ ᠬᠡᠷᠡᠭᠲᠡᠢ᠃ ᠡᠲᠡᠭᠡᠷ ᠠᠮᠵᠢᠯᠲᠠ ᠶᠢ ᠣᠯᠣᠭᠰᠠᠨ ᠨᠢ ᠵᠡᠮᠳᠡᠭᠴᠦᠳ ᠤᠨ ᠠᠷᠠᠳ ᠤᠨ ᠠᠮᠢᠳᠤᠷᠠᠯ ᠢ ᠪᠦᠲᠦᠮᠵᠢᠲᠡᠶ ᠰᠠᠶᠢᠵᠢᠷᠠᠭᠤᠯᠵᠤ᠂ ᠨᠡᠶᠢᠭᠡᠮ ᠤᠨ ᠪᠣᠯᠪᠠᠰᠤᠨ ᠤ ᠳᠠᠪᠰᠢᠯᠲᠠ ᠶᠢ ᠬᠦᠴᠦᠲᠡᠢ ᠠᠬᠢᠭᠤᠯᠵᠤ ᠂ ᠡᠬᠡ ᠤᠯᠤᠰ ᠤᠨ ᠤᠮᠠᠷᠠᠲᠤ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠦᠲᠦᠭᠡᠨ ᠪᠠᠶᠢᠭᠤᠯᠬᠤ ᠳᠤ ᠴᠢᠬᠤᠯᠠ ᠦᠢᠯᠡᠳᠦᠯ ᠦᠵᠡᠭᠦᠯᠪᠡ᠃    ᠪᠦᠬᠦ ᠬᠤᠲᠠ ᠳᠤ ᠣᠳᠣ 1.02 ᠲᠦᠮᠡᠨ ᠦᠨᠡᠮᠯᠡᠯ ᠲᠠᠢ ᠵᠡᠮᠳᠡᠭ ᠬᠥᠮᠥᠨ ᠪᠠᠶᠢᠨ᠎ᠠ᠂ ᠵᠡᠮᠳᠡᠭ ᠬᠦᠮᠤᠨ  ᠠᠮᠠ ᠶᠢᠨ ᠬᠠᠷᠢᠴᠠᠯᠠᠰᠢᠭᠦᠢ ᠲᠤᠭ᠎ᠠ ᠬᠡᠮᠵᠢᠶ᠎ᠡ ᠨᠢ ᠨᠡᠯᠢᠶᠡᠳ ᠶᠡᠭᠡ ᠪᠠᠶᠢᠵᠤ᠂ ᠬᠥᠮᠥᠨ ᠠᠮᠠ ᠶᠢᠨ ᠨᠠᠰᠤᠵᠢᠯᠲᠠ ᠵᠢᠴᠢ ᠪᠤᠰᠤᠳ ᠤᠷᠢᠳᠴᠢᠯᠡᠨ ᠮᠡᠳᠡᠬᠦ ᠦᠭᠡᠢ ᠬᠦᠴᠦᠨ ᠵᠦᠢᠯ ᠤᠨ ᠨᠥᠯᠥᠭᠡ ᠶᠢ ᠳᠠᠭᠠᠯᠳᠤᠨ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠤ ᠵᠡᠮᠳᠡᠭᠴᠦᠳ ᠤᠨ ᠲᠤᠭ᠎ᠠ ᠬᠡᠮᠵᠢᠶ᠎ᠡ ᠮᠥᠨ ᠬᠦ ᠣᠯᠠᠨ ᠡᠭᠦᠰᠴᠦ᠂ ᠵᠡᠮᠳᠡᠭᠴᠦᠳ ᠤᠨ ᠠᠵᠢᠯ ᠦᠢᠯᠡᠰ ᠲᠤ ᠠᠯᠢ ᠣᠯᠠᠨ ᠲᠣᠪᠣᠶᠢᠮ᠎ᠠ ᠠᠰᠠᠭᠤᠳᠠᠯ ᠲᠤᠯᠭᠠᠷᠠᠬᠤ ᠪᠣᠯᠣᠨ᠎ᠠ᠂ ᠡᠭᠦᠨ ᠳᠤ ᠭᠤᠣᠯᠳᠠᠭᠤ ᠨᠡᠯᠢᠶᠡᠳ ᠲᠣᠭᠠᠨ ᠤ ᠣᠷᠣᠯᠭ᠎ᠠ ᠪᠠᠭᠠᠲᠠᠢ ᠵᠡᠮᠳᠡᠭᠴᠦᠳ ᠤᠨ ᠭᠡᠷ ᠪᠦᠯᠢ ᠶᠢᠨ ᠠᠮᠢᠳᠤᠷᠠᠯ ᠪᠠᠰᠠ ᠨᠡᠯᠢᠶᠡᠳ ᠬᠦᠴᠢᠷᠳᠡᠯᠲᠡᠢ ᠪᠠᠶᠢᠵᠤ᠂ ᠵᠡᠮᠳᠡᠭᠴᠦᠳ ᠤᠨ ᠳᠠᠬᠢᠨ ᠶᠠᠳᠠᠭᠤᠷᠠᠬᠤ ᠲᠦᠭᠰᠢᠭᠦᠷᠢ ᠨᠡᠯᠢᠶᠡᠳ ᠥᠨᠳᠥᠷ ᠪᠠᠶᠢᠨ᠎ᠡ᠃  ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ ᠶᠢᠨ ᠬᠢᠷᠢ ᠬᠡᠮᠵᠢᠶ᠎ᠡ ᠪᠠᠰᠠ ᠨᠡᠯᠢᠶᠡᠳ ᠳᠣᠣᠷ᠎ᠠ᠂ ᠠᠵᠢᠯ ᠣᠯᠭᠤᠯᠲᠠ ᠪᠠᠰᠠ ᠭᠦᠢᠴᠡᠳ ᠪᠤᠰᠤ᠂ ᠵᠡᠮᠳᠡᠭᠴᠦᠳ ᠤᠨ ᠭᠡᠷ ᠪᠦᠯᠢ ᠶᠢᠨ ᠬᠥᠮᠥᠨ ᠳᠤᠮᠳᠠᠴᠢ ᠶᠢᠨ ᠣᠷᠣᠯᠭ᠎ᠠ ᠶᠢ ᠨᠡᠶᠢᠭᠡᠮ ᠤᠨ ᠳᠤᠮᠳᠠᠴᠢ ᠬᠢᠷᠢ ᠬᠡᠮᠵᠢᠶ᠎ᠡ ᠲᠠᠢ ᠬᠠᠷᠢᠴᠠᠭᠤᠯᠪᠠᠯ ᠪᠠᠰᠠ ᠢᠯᠡᠷᠬᠡᠢ ᠵᠥᠷᠢᠶ᠎ᠡ ᠲᠠᠢ ᠪᠠᠶᠢᠨ᠎ᠠ᠃ ᠵᠡᠮᠳᠡᠭᠴᠦᠳ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠤᠨ ᠦᠷ᠎ᠡ ᠠᠰᠢᠭ ᠪᠠᠰᠠ ᠥᠨᠳᠥᠷ ᠪᠢᠰᠢ ᠪᠠᠶᠢᠵᠤ᠂ ᠵᠡᠮᠳᠡᠭᠴᠦᠳ ᠤᠨ ᠰᠤᠷᠭᠠᠭᠤᠯᠢ ᠳᠤ ᠣᠷᠣᠵᠤ ᠡᠪᠡᠳᠴᠢᠨ ᠦᠵᠡᠬᠦᠯᠬᠦ᠂ ᠡᠷᠡᠭᠦᠯᠵᠢᠭᠦᠯᠦᠨ ᠠᠰᠠᠷᠠᠬᠤ᠂ ᠬᠠᠷᠰᠢ ᠰᠠᠭᠠᠳ ᠦᠭᠡᠢ ᠪᠠᠶᠢᠯᠭᠠᠬᠤ ᠵᠡᠷᠭᠡ ᠤᠯᠠᠨ ᠶᠠᠩᠵᠤᠲᠤ ᠴᠢᠨᠠᠷ ᠤᠨ ᠬᠡᠷᠡᠭᠴᠡᠭᠡ ᠶᠢ ᠪᠠᠰᠠ ᠬᠠᠩᠭᠠᠵᠤ ᠳᠡᠶᠢᠯᠦᠭᠡᠳᠦᠢ ᠪᠠᠶᠢᠨ᠎ᠠ᠃ ᠵᠡᠮᠳᠡᠭᠴᠦᠳ ᠤᠨ ᠠᠳᠠᠯᠢ ᠲᠡᠭᠰᠢ ᠡᠷᠬᠡ ᠶᠢ ᠪᠠᠰᠠ ᠭᠦᠢᠴᠡᠳ ᠪᠠᠲᠤᠯᠠᠭᠠᠳᠤᠢ᠂ ᠵᠡᠮᠳᠡᠭᠴᠦᠳ ᠢ ᠭᠠᠳᠠᠭᠤᠷᠴᠢᠯᠠᠬᠤ᠂ ᠵᠡᠮᠳᠡᠭᠴᠦᠳ ᠤᠨ ᠡᠷᠬᠡ ᠠᠰᠢᠭ ᠲᠤ ᠬᠠᠯᠳᠠᠬᠤ ᠦᠵᠡᠭᠳᠡᠯ ᠪᠠᠰᠠ ᠪᠠᠶᠢᠨ ᠪᠠᠶᠢᠨ ᠭᠠᠷᠴᠤ ᠪᠠᠶᠢᠨ᠎ᠠ᠃ ᠵᠡᠮᠳᠡᠭᠴᠦᠳ ᠤᠨ ᠦᠢᠯᠡᠰ ᠨᠢ ᠮᠦᠨ ᠬᠦ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠳᠤᠲᠠᠭᠤᠳᠠᠯ ᠪᠣᠯᠵᠤ᠂ ᠬᠥᠭᠵᠢᠯᠲᠡ ᠨᠢ ᠲᠡᠩᠴᠡᠭᠦᠷᠢ ᠦᠭᠡᠢ ᠭᠦᠢᠴᠡᠳ ᠦᠭᠡᠢ ᠪᠠᠶᠢᠬᠤ ᠠᠰᠠᠭᠤᠳᠠᠯ ᠨᠡᠯᠢᠶᠡᠳ ᠲᠣᠪᠣᠶᠢᠮ᠎ᠠ ᠪᠠᠶᠢᠵᠤ᠂ ᠮᠠᠯᠵᠢᠬᠤ ᠲᠠᠷᠢᠶᠠᠯᠠᠬᠤ ᠣᠷᠣᠨ ᠪᠣᠯᠣᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠵᠡᠮᠳᠡᠭᠴᠦᠳ ᠲᠤ ᠦᠢᠯᠡᠴᠢᠯᠡᠬᠦ ᠰᠠᠭᠤᠷᠢ ᠪᠣᠯᠣᠨ ᠴᠢᠳᠠᠪᠤᠷᠢ ᠨᠡᠯᠢᠶᠡᠳ ᠪᠠᠭᠤᠷᠠᠢ ᠪᠠᠶᠢᠨ᠎ᠠ᠃    ᠵᠡᠮᠳᠡᠭᠴᠦᠳ ᠤᠨ ᠦᠢᠯᠡᠰ ᠪᠣᠯ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠤᠨ ᠴᠢᠬᠤᠯᠠ ᠪᠦᠷᠢᠯᠳᠦᠭᠦᠨ ᠬᠡᠰᠡᠭ ᠮᠥᠨ᠃ ᠰᠢ ᠶᠢᠨ ᠫᠢᠩ ᠶᠡᠷᠦᠩᠬᠡᠢ ᠱᠦᠵᠢ ᠴᠢᠬᠤᠯᠠᠴᠢᠯᠠᠬᠤ ᠳᠠᠭᠠᠨ᠂ ︽ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠬᠤ ᠳᠤ ᠡᠷᠬᠡᠪᠰᠢ ᠵᠡᠮᠳᠡᠭᠴᠦᠳ ᠤᠨ ᠡᠷᠬᠡ ᠠᠰᠢᠭ ᠢ ᠰᠠᠶᠢᠲᠤᠷ ᠬᠠᠮᠠᠭᠠᠯᠠᠵᠤ᠂ ᠵᠡᠮᠳᠡᠭᠴᠦᠳ ᠤᠨ ᠦᠢᠯᠡᠰ ᠢ ᠵᠠᠪᠠᠯ ᠦᠷᠭᠦᠯᠵᠢᠯᠡᠨ ᠠᠬᠢᠭᠤᠯᠬᠤ ᠬᠡᠷᠡᠭᠲᠡᠢ︾ ᠭᠡᠵᠡᠢ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭ᠎ᠠ ᠪᠣᠯ ᠮᠠᠨ ᠤ ᠬᠤᠲᠠ ᠶᠢᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠴᠢᠬᠤᠯᠠ ᠠᠵᠠ ᠲᠣᠬᠢᠶᠠᠯᠳᠤ ᠬᠤᠭᠤᠴᠠᠭ᠎ᠠ ᠪᠣᠯᠣᠨ᠎ᠠ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠵᠠᠮ ᠳᠤ ᠵᠡᠮᠳᠡᠭᠴᠦᠳ ᠢ ᠶᠠᠭᠠᠬᠢᠭᠰᠠᠨ ᠴᠤ ᠡᠩᠨᠡᠭᠡ ᠠᠴᠠ ᠬᠤᠴᠣᠷᠤᠭᠤᠯᠵᠤ ᠪᠣᠯᠬᠤ ᠦᠭᠡᠢ᠃ ᠵᠡᠮᠳᠡᠭᠴᠦᠳ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠲᠠᠢ ᠡᠮᠬᠢ ᠵᠢᠷᠤᠮ ᠲᠠᠢ ᠵᠣᠯᠭᠠᠭᠤᠯᠬᠤ ᠶᠢ ᠪᠡᠶᠡᠯᠡᠭᠦᠯᠵᠦ᠂ ᠵᠡᠮᠳᠡᠭᠴᠦᠳ ᠤᠨ ᠦᠨᠳᠦᠰᠦᠨ ᠵᠦᠢᠯ ᠢ ᠪᠠᠲᠤᠯᠠᠬᠤ ᠴᠢᠳᠠᠪᠤᠷᠢ ᠶᠢ ᠴᠢᠨᠠᠭᠰᠢᠳᠠ ᠴᠢᠩᠭᠠᠳᠬᠠᠵᠤ᠂ ᠥᠷᠭᠡᠨ ᠤᠯᠠᠨ ᠵᠡᠮᠳᠡᠭᠴᠦᠳ ᠢ ᠪᠦᠯᠬᠦᠮᠳᠡᠭᠦᠯᠦᠨ ᠳᠠᠭᠠᠭᠤᠯᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠨ᠂ ᠪᠦᠯᠬᠦᠮᠳᠡᠨ ᠲᠡᠮᠡᠴᠡᠵᠦ᠂ ᠨᠡᠩ ᠵᠣᠯ ᠵᠢᠷᠭᠠᠯᠲᠤ ᠰᠠᠶᠢᠨ ᠰᠠᠶᠢᠬᠠᠨ ᠠᠮᠢᠳᠤᠷᠠᠯ ᠢ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠬᠡᠷᠡᠭᠲᠡᠢ᠃    ᠬᠤᠶᠠᠷ᠂ ᠶᠡᠷᠦᠩᠬᠡᠢ ᠱᠠᠭᠠᠷᠳᠠᠯᠭ᠎ᠠ    ︵ᠨᠢᠭᠡ︶ ᠵᠢᠯᠤᠭᠤᠳᠬᠤ ᠦᠵᠡᠯ ᠰᠠᠨᠠᠭ᠎ᠠ᠃ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠵᠡᠮᠳᠡᠭᠴᠦᠳ ᠤᠨ ᠦᠢᠯᠡᠰ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠪᠣᠯᠣᠨ ᠥᠪᠥᠷ ᠮᠣᠩᠭᠤᠯ ᠳᠤ ᠲᠠᠯᠪᠢᠭᠰᠠᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ  ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠵᠤ᠂ ᠵᠡᠮᠳᠡᠭᠴᠦᠳ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ  ᠶᠢ ᠠᠬᠢᠭᠤᠯᠬᠤ ᠭᠤᠣᠯ ᠰᠡᠳᠦᠪ ᠤᠨ ᠲᠣᠭᠤᠷᠢᠨ ᠳᠤ ᠵᠡᠮᠳᠡᠭᠴᠦᠳ ᠤᠨ ᠦᠨᠳᠦᠰᠦᠨ ᠠᠷᠠᠳ ᠤᠨ ᠠᠮᠢᠳᠤᠷᠠᠯ ᠢ ᠪᠠᠲᠤᠯᠠᠬᠤ ᠪᠠ ᠵᠡᠮᠳᠡᠭᠴᠦᠳ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ᠂ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠭᠤᠣᠯ ᠱᠤᠭᠤᠮ ᠢ ᠡᠵᠡᠮᠳᠡᠵᠦ᠂ ᠵᠡᠮᠳᠡᠭᠴᠦᠳ ᠤᠨ ᠠᠮᠢᠳᠤᠷᠠᠯ ᠤᠨ ᠶᠠᠰᠤ ᠴᠢᠨᠠᠷ ᠢ ᠢᠯᠡᠳᠲᠡ ᠰᠠᠶᠢᠵᠢᠷᠠᠭᠤᠯᠬᠤ᠂ ᠠᠭᠤᠰᠤᠯᠴᠠᠨ ᠬᠥᠭᠵᠢᠬᠦ᠂ ᠪᠦᠬᠦ ᠲᠠᠯ᠎ᠠ ᠪᠠᠷ ᠬᠥᠭᠵᠢᠬᠦ ᠪᠠ ᠬᠠᠮᠲᠤ ᠪᠠᠷ ᠴᠢᠨᠡᠭᠡᠯᠢᠭᠵᠢᠬᠦ ᠶᠢ ᠦᠷᠭᠦᠯᠵᠢᠯᠡᠨ ᠠᠬᠢᠭᠤᠯᠵᠤ᠂ ᠵᠡᠮᠳᠡᠭᠴᠦᠳ ᠤᠨ ᠠᠮᠢᠳᠤᠷᠠᠯ ᠢ ᠨᠡᠩ ᠪᠠᠶᠠᠨ ᠴᠢᠨᠡᠭᠡᠯᠢᠭ᠂ ᠨᠡᠩ ᠨᠡᠷ᠎ᠡ ᠬᠦᠨᠳᠦ ᠲᠠᠢ ᠪᠣᠯᠭᠠᠵᠤ᠂ ᠪᠦᠬᠦ ᠬᠤᠳᠠ ᠶᠢᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠦᠨ᠎ᠡ᠃     ︵ᠬᠤᠶᠠᠷ︶ ᠦᠨᠳᠦᠰᠦᠨ ᠵᠠᠷᠴᠢᠮ    ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠎ᠠ᠃ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠷᠢᠭᠤᠴᠠᠭᠰᠠᠨ ᠵᠡᠮᠳᠡᠭᠴᠦᠳ ᠤᠨ ᠠᠵᠢᠯ ᠤᠨ ᠤᠳᠤᠷᠢᠳᠬᠤ ᠪᠠᠶᠢᠭᠤᠯᠤᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠵᠡᠮᠳᠡᠭᠴᠦᠳ ᠤᠨ ᠦᠢᠯᠡᠰ ᠤᠨ ᠬᠥᠭᠵᠢᠯᠲᠡ ᠳᠤ ᠪᠠᠲᠤ ᠴᠢᠩᠭ᠎ᠠ ᠤᠯᠤᠰ ᠲᠥᠷᠥ ᠶᠢᠨ ᠪᠠᠲᠤᠯᠠᠭ᠎ᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠨ᠎ᠠ᠃    ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠨ᠎ᠠ᠃ ᠵᠡᠮᠳᠡᠭᠴᠦᠳ ᠤᠨ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠵᠦ᠂ ᠵᠡᠮᠳᠡᠭᠴᠦᠳ ᠤᠨ ᠨᠡᠶᠢᠭᠡᠮ ᠤᠨ ᠠᠰᠠᠷᠠᠮᠵᠢ ᠶᠢᠨ ᠳᠦᠷᠢᠮ ᠪᠣᠯᠣᠨ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮ ᠢ ᠬᠦᠴᠦᠯᠡᠨ ᠲᠡᠭᠦᠯᠳᠡᠷᠵᠢᠭᠦᠯᠵᠦ᠂ ᠵᠡᠮᠳᠡᠭᠴᠦᠳ ᠤᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠠᠮᠤᠷ ᠲᠦᠪᠰᠢᠨ ᠤ ᠲᠣᠣᠷ ᠢ ᠨᠢᠭᠲᠠ ᠪᠥᠭᠡᠳ ᠪᠠᠲᠤ ᠰᠦᠯᠵᠢᠵᠦ᠂ ᠳᠤᠲᠠᠭᠳᠠᠯ ᠢ ᠬᠤᠷᠢᠭᠯᠠᠵᠤ᠂ ᠳᠤᠲᠠᠭᠤᠳᠠᠯ ᠢ ᠨᠥᠬᠦᠪᠦᠷᠢᠯᠡᠵᠦ᠂ ᠪᠠᠭᠤᠷᠠᠢ ᠲᠠᠯ᠎ᠠ ᠶᠢ ᠨᠥᠬᠦᠪᠦᠷᠢᠯᠡᠵᠦ᠂ ᠵᠡᠮᠳᠡᠭᠴᠦᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠵᠤ᠂ ᠵᠡᠮᠳᠡᠭᠴᠦᠳ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠬᠦ ᠶᠢ ᠠᠬᠢᠭᠤᠯᠤᠨ᠎ᠠ᠃    ᠠᠭᠤᠰᠤᠯᠴᠠᠭᠤᠯᠤᠨ ᠬᠥᠭᠵᠢᠭᠦᠯᠬᠦ ᠶᠢ ᠪᠠᠷᠢᠮᠲᠠᠯᠠᠨ᠎ᠠ᠃ ᠵᠡᠮᠳᠡᠭᠴᠦᠳ ᠲᠤ ᠨᠠᠩ ᠣᠯᠠᠨ ᠡᠷᠬᠡ ᠲᠡᠭᠰᠢ ᠪᠠᠷ ᠣᠷᠤᠯᠴᠠᠬᠤ᠂ ᠡᠷᠬᠡ ᠲᠡᠭᠰᠢ ᠪᠠᠷ ᠬᠥᠭᠵᠢᠬᠦ ᠡᠷᠬᠡ ᠪᠠ ᠠᠵᠠ ᠲᠣᠬᠢᠶᠠᠯ ᠡᠳ᠋ᠯᠡᠭᠦᠯᠬᠦ ᠶᠢ ᠪᠠᠲᠤᠯᠠᠵᠤ᠂ ᠨᠡᠶᠢᠭᠡᠮ ᠤᠨ ᠵᠡᠮᠳᠡᠭᠴᠦᠳ ᠢ ᠲᠤᠰᠠᠯᠠᠬᠤ ᠲᠣᠣᠷ ᠰᠦᠯᠵᠢᠶ᠎ᠡ ᠶᠢ ᠪᠠᠶᠢᠭᠤᠯᠤᠨ᠂ ᠪᠤᠰᠤᠳ ᠢ ᠲᠤᠰᠠᠯᠠᠵᠤ ᠥᠪᠡᠷ ᠢ ᠪᠠᠨ ᠲᠤᠰᠠᠯᠠᠬᠤ ᠣᠨᠣᠯᠵᠢᠬᠤᠨ ᠢ ᠰᠠᠨᠠᠭᠠᠴᠢᠯᠠᠵᠤ᠂ ᠵᠡᠮᠳᠡᠭᠴᠦᠳ ᠤᠨ ᠦᠢᠯᠡᠰ ᠢ ᠶᠡᠬᠡᠪᠡᠷ ᠤᠬᠠᠭᠤᠯᠵᠤ᠂ ᠵᠡᠮᠳᠡᠭᠴᠦᠳ ᠢ ᠲᠤᠰᠠᠯᠠᠵᠤ ᠵᠡᠮᠳᠡᠭᠴᠦᠳ ᠢ ᠲᠡᠳᠬᠦᠬᠦ ᠠᠭᠤᠷ ᠠᠮᠢᠰᠬᠤᠯ ᠢᠶᠠᠷ ᠭᠦᠨ ᠵᠤᠵᠠᠭᠠᠨ ᠪᠠᠶᠢᠵᠤ᠂ ᠵᠡᠮᠳᠡᠭᠴᠦᠳ ᠢ ᠬᠤᠲᠠ ᠶᠢᠨ ᠳᠠᠪᠰᠢᠯᠲᠠ ᠶᠢᠨ ᠪᠦᠲᠦᠭᠡᠨ ᠪᠠᠶᠢᠭᠤᠯᠤᠭᠴᠢ᠂ ᠨᠡᠶᠢᠭᠡᠮ ᠤᠨ ᠡᠳ᠋ ᠪᠠᠶᠠᠯᠢᠭ ᠢ ᠡᠭᠦᠳᠦᠨ ᠪᠦᠲᠦᠭᠡᠭᠴᠢ᠂ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠭᠴᠢ ᠪᠣᠯᠭᠠᠨ᠎ᠠ᠃    ᠬᠠᠤᠯᠢ ᠶᠣᠰᠣᠭᠠᠷ ᠬᠥᠭᠵᠢᠭᠦᠯᠬᠦ ᠶᠢ ᠪᠠᠷᠢᠮᠲᠠᠯᠠᠨ᠎ᠠ᠃ ᠵᠡᠮᠳᠡᠭᠴᠦᠳ ᠤᠨ ᠠᠳᠠᠯᠢ ᠲᠡᠭᠰᠢ ᠡᠷᠬᠡ ᠶᠢ ᠪᠠᠲᠤᠯᠠᠵᠤ᠂ ᠬᠠᠤᠯᠢ ᠪᠠᠷ ᠵᠠᠰᠠᠬᠤ ᠶᠢ ᠬᠡᠷᠡᠭᠵᠢᠭᠦᠯᠬᠦ᠂ ᠬᠠᠤᠯᠢ ᠪᠠᠷ ᠵᠠᠰᠠᠬᠤ ᠳᠤ ᠬᠢᠨᠠᠯᠲᠠ ᠲᠠᠯᠪᠢᠬᠤ ᠪᠠ ᠬᠠᠤᠯᠢ ᠪᠠᠷ ᠵᠠᠰᠠᠬᠤ ᠪᠠᠲᠤᠯᠠᠭ᠎ᠠ ᠶᠢ ᠴᠢᠩᠭᠠᠳᠬᠠᠵᠤ᠂ ᠵᠡᠮᠳᠡᠭᠴᠦᠳ ᠤᠨ ᠡᠷᠬᠡ ᠠᠰᠢᠭ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠠᠬᠢᠭᠤᠯᠵᠤ᠂ ᠵᠡᠮᠳᠡᠭᠴᠦᠳ ᠤᠨ ᠦᠢᠯᠡᠰ ᠤᠨ ᠬᠠᠤᠯᠢ ᠪᠠᠷ ᠵᠠᠰᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃    ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠨ᠎ᠠ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠪᠦᠬᠦ ᠶᠠᠪᠤᠴᠠ ᠪᠣᠯᠣᠨ ᠡᠯ᠎ᠡ ᠬᠦᠷᠢᠶᠡᠨ ᠳᠤ ᠲᠤᠭᠤᠰᠢᠯᠠᠭᠤᠯᠵᠤ᠂ ᠵᠡᠮᠳᠡᠭᠴᠦᠳ ᠤᠨ ᠦᠢᠯᠡᠰ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠵᠤ᠂ ᠵᠡᠮᠳᠡᠭᠴᠦᠳ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ᠂ ᠵᠡᠮᠳᠡᠭᠴᠦᠳ ᠤᠨ ᠴᠢᠨᠠᠷ ᠰᠠᠶᠢᠲᠠᠢ ᠠᠮᠢᠳᠤᠷᠠᠯ ᠢ ᠬᠢᠵᠠᠭᠠᠷᠯᠠᠵᠤ ᠪᠠᠶᠢᠭ᠎ᠠ ᠪᠠᠶᠢᠭᠤᠯᠤᠮᠵᠢ ᠲᠣᠭᠲᠠᠴᠠ ᠶᠢᠨ ᠬᠠᠷᠰᠢ ᠰᠠᠭᠠᠳ ᠢ ᠠᠷᠢᠯᠭᠠᠵᠤ᠂ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠬᠥᠳᠡᠯᠭᠡᠬᠦ ᠬᠦᠴᠦᠨ ᠪᠣᠯᠣᠨ ᠠᠮᠢᠵᠢᠷᠠᠯ ᠤᠨ ᠬᠦᠴᠦᠨ ᠢ ᠦᠷᠭᠦᠯᠵᠢᠯᠡᠨ ᠨᠡᠮᠡᠭᠳᠡᠭᠦᠯᠦᠨ᠎ᠡ᠃    ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ ᠪᠠᠷᠢᠮᠲᠠᠯᠠᠨ᠎ᠠ᠃ ᠵᠠᠰᠠᠭ ᠤᠨ ᠣᠷᠳᠣᠨ ᠤ ᠤᠳᠤᠷᠢᠳᠤᠮᠵᠢ ᠶᠢᠨ ᠦᠢᠯᠡᠳᠦᠯ ᠪᠠ ᠨᠡᠶᠢᠭᠡᠮ ᠤᠨ ᠬᠦᠴᠦᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠠᠮᠵᠢᠯᠴᠠᠬᠤ ᠦᠢᠯᠡᠳᠦᠯ ᠢ ᠪᠠᠳᠠᠷᠠᠭᠤᠯᠵᠤ᠂ ᠲᠥᠷᠥ ᠶᠢᠨ ᠪᠣᠳᠣᠯᠭ᠎ᠠ ᠶᠢ ᠬᠤᠷᠠᠮᠳᠤᠭᠤᠯᠤᠨ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠦᠢᠯᠡᠴᠢᠯᠡᠭᠡ ᠶᠢ ᠰᠢᠯᠢᠳᠡᠭᠵᠢᠭᠦᠯᠦᠨ᠂ ᠬᠤᠲᠠ ᠬᠥᠳᠡᠭᠡ᠂ ᠣᠷᠣᠨ ᠪᠦᠰᠡ ᠶᠢᠨ ᠵᠡᠮᠳᠡᠭᠴᠦᠳ ᠤᠨ ᠦᠢᠯᠡᠰ ᠤᠨ ᠲᠡᠩᠴᠡᠭᠦᠷᠢᠲᠡᠢ ᠬᠥᠭᠵᠢᠬᠦ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠵᠡᠮᠳᠡᠭᠴᠦᠳ ᠤᠨ ᠦᠢᠯᠡᠰ ᠬᠢᠭᠡᠳ ᠠᠵᠤ ᠠᠬᠤᠢ ᠨᠡᠶᠢᠭᠡᠮ ᠤᠨ ᠵᠣᠬᠢᠴᠠᠩᠭᠤᠢ ᠬᠥᠭᠵᠢᠯᠲᠡ ᠶᠢ ᠠᠬᠢᠭᠤᠯᠤᠨ᠎ᠠ᠃    ︵ᠭᠤᠷᠪᠠ︶ ᠭᠤᠣᠯ ᠬᠠᠷᠠᠯᠲᠠ    2025 ᠣᠨ ᠪᠣᠯᠬᠤ ᠳᠤ᠂ ᠵᠡᠮᠳᠡᠭᠴᠦᠳ ᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠳᠡᠭᠡᠭᠰᠢᠯᠡᠭᠦᠯᠵᠦ᠂ ᠵᠡᠮᠳᠡᠭᠴᠦᠳ ᠤᠨ ᠦᠢᠯᠡᠰ ᠤᠨ ᠠᠭᠤᠰᠤᠯᠴᠠᠨ ᠬᠥᠭᠵᠢᠬᠦ ᠪᠠ ᠴᠢᠨᠠᠷ ᠰᠠᠶᠢᠲᠠᠢ ᠬᠥᠭᠵᠢᠬᠦ ᠶᠢ ᠪᠡᠶᠡᠯᠡᠭᠦᠯᠦᠨ᠎ᠡ᠃ ᠤᠯᠠᠨ ᠲᠡᠰ ᠳᠠᠪᠬᠤᠷᠭ᠎ᠠ ᠶᠢᠨ ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ ᠶᠢᠨ ᠳᠦᠷᠢᠮ ᠢ ᠦᠨᠳᠦᠰᠦᠨ ᠳᠡᠭᠡᠨ ᠪᠠᠶᠢᠭᠤᠯᠵᠤ᠂ ᠵᠡᠮᠳᠡᠭᠴᠦᠳ ᠤᠨ ᠦᠨᠳᠦᠰᠦᠨ ᠠᠷᠠᠳ ᠤᠨ ᠠᠮᠢᠳᠤᠷᠠᠯ ᠢ ᠲᠣᠭᠲᠠᠭᠤᠨ ᠢᠶᠠᠷ ᠪᠠᠲᠤᠯᠠᠵᠤ᠂ ᠬᠦᠨᠳᠦ ᠳᠡᠰ ᠤᠨ ᠵᠡᠮᠳᠡᠭᠴᠦᠳ ᠢ ᠨᠡᠩ ᠰᠠᠶᠢᠲᠤᠷ ᠬᠠᠷᠠᠭᠠᠯᠵᠠᠨ᠎ᠠ᠃ ᠵᠡᠮᠳᠡᠭᠴᠦᠳ ᠤᠨ ᠠᠵᠢᠯ ᠣᠯᠬᠤ ᠪᠠ ᠦᠢᠯᠡᠰ ᠪᠤᠰᠬᠠᠬᠤ ᠶᠢ ᠳᠡᠮᠵᠢᠬᠦ ᠣᠯᠠᠨ ᠬᠡᠯᠪᠡᠷᠢ ᠶᠢᠨ ᠰᠢᠰᠲ᠋ᠧᠮ ᠢ ᠦᠨᠳᠦᠰᠦᠨ ᠳᠡᠭᠡᠨ ᠪᠦᠷᠢᠯᠳᠦᠭᠦᠯᠵᠦ᠂ ᠵᠡᠮᠳᠡᠭᠴᠦᠳ ᠲᠤ ᠨᠡᠯᠢᠶᠡᠳ ᠭᠦᠢᠴᠡᠳ ᠪᠥᠭᠡᠳ ᠨᠡᠯᠢᠶᠡᠳ ᠴᠢᠨᠠᠷ ᠰᠠᠶᠢᠲᠠᠢ ᠠᠵᠢᠯ ᠣᠯᠭᠤᠬᠤ ᠶᠢ ᠪᠡᠶᠡᠯᠡᠭᠦᠯᠦᠨ᠎ᠡ᠃ ᠵᠡᠮᠳᠡᠭᠴᠦᠳ ᠤᠨ ᠡᠷᠡᠭᠦᠯᠵᠢᠯ ᠤᠨ ᠨᠠᠷᠢᠯᠢᠭ ᠣᠨᠣᠴᠠᠲᠠᠢ ᠦᠢᠯᠡᠴᠢᠯᠡᠭᠡᠨ ᠤ ᠰᠢᠰᠲ᠋ᠧᠮ ᠢ ᠦᠨᠳᠦᠰᠦᠨ ᠳᠡᠭᠡᠨ ᠪᠣᠶ ᠪᠣᠯᠭᠠᠵᠤ᠂ ᠵᠡᠮᠳᠡᠭᠴᠦᠳ ᠲᠤ ᠡᠷᠡᠭᠦᠯᠵᠢᠯ ᠤᠨ ᠦᠨᠳᠦᠰᠦᠨ ᠦᠢᠯᠡᠴᠢᠯᠡᠭᠡ ᠶᠢ ᠨᠡᠶᠢᠳᠡᠮ ᠡᠳ᠋ᠯᠡᠭᠦᠯᠦᠨ᠎ᠡ᠃ ᠵᠡᠮᠳᠡᠭᠴᠦᠳ ᠤᠨ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠠᠳᠠᠯᠢ ᠲᠡᠭᠰᠢ ᠰᠢᠰᠲ᠋ᠧᠮ ᠢ ᠨᠡᠩ ᠲᠡᠭᠦᠯᠳᠡᠷᠵᠢᠭᠦᠯᠵᠦ᠂ ᠵᠡᠮᠳᠡᠭᠴᠦᠳ ᠤᠨ ᠦᠵᠡᠯ ᠰᠠᠨᠠᠭᠠᠨ ᠤ ᠬᠡᠪ ᠪᠤᠯᠪᠠᠰᠤᠷᠠᠯ᠂ ᠰᠢᠨᠵᠢᠯᠡᠬᠦ ᠤᠬᠠᠭᠠᠨ ᠰᠣᠶᠣᠯ ᠤᠨ ᠬᠡᠪ ᠪᠤᠯᠪᠠᠰᠤᠷᠠᠯ ᠪᠠ ᠪᠡᠶ᠎ᠡ ᠰᠡᠳᠬᠢᠯ ᠤᠨ ᠡᠷᠡᠭᠦᠯ ᠮᠡᠨᠳᠦ ᠶᠢᠨ ᠬᠡᠪ ᠪᠤᠯᠪᠠᠰᠤᠷᠠᠯ ᠢ ᠢᠯᠡᠳᠲᠡ ᠳᠡᠭᠡᠭᠰᠢᠯᠡᠭᠦᠯᠦᠨ᠎ᠡ᠃  ᠬᠠᠤᠯᠢᠵᠢᠯ ᠤᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠣᠷᠴᠢᠨ ᠲᠣᠭᠤᠷᠢᠨ ᠦᠷᠭᠦᠯᠵᠢᠯᠡᠨ ᠰᠢᠯᠢᠳᠡᠭᠵᠢᠵᠦ᠂ ᠵᠡᠮᠳᠡᠭᠴᠦᠳ ᠤᠨ ᠤᠯᠤᠰ ᠲᠦᠷᠦ᠂ ᠠᠵᠤ ᠠᠬᠤᠢ᠂ ᠰᠣᠶᠣᠯ᠂ ᠨᠡᠶᠢᠭᠡᠮ᠂ ᠭᠡᠷ ᠪᠦᠯᠢ ᠶᠢᠨ ᠠᠮᠢᠳᠤᠷᠠᠯ ᠵᠡᠷᠭᠡ ᠡᠯ᠎ᠡ ᠲᠠᠯ᠎ᠠ ᠶᠢᠨ ᠡᠷᠬᠡ ᠲᠡᠭᠰᠢ ᠡᠷᠬᠡ ᠠᠰᠢᠭ ᠢ ᠨᠡᠩ ᠰᠠᠶᠢᠲᠤᠷ ᠪᠡᠶᠡᠯᠡᠭᠦᠯᠦᠨ᠎ᠡ᠃ ᠪᠥᠬᠦ ᠬᠦᠷᠢᠶᠡᠨ ᠳᠠᠬᠢ ᠵᠡᠮᠳᠡᠭᠴᠦᠳ ᠤᠨ ᠦᠢᠯᠡᠰ ᠤᠨ ᠰᠠᠭᠤᠷᠢ ᠪᠠᠲᠤᠯᠠᠭ᠎ᠠ ᠶᠢᠨ ᠨᠥᠬᠦᠴᠡᠯ ᠢ ᠢᠯᠡᠳᠲᠡ ᠰᠠᠶᠢᠵᠢᠷᠠᠭᠤᠯᠵᠤ᠂ ᠶᠠᠰᠤ ᠴᠢᠨᠠᠷ ᠦᠷ᠎ᠡ ᠠᠰᠢᠭ ᠢ ᠢᠯᠡᠳᠲᠡ ᠳᠡᠭᠡᠭᠰᠢᠯᠡᠭᠦᠯᠦᠨ᠎ᠡ᠃     ᠨᠠᠷᠢᠨ ᠠᠭᠤᠯᠭ᠎ᠠ ᠶᠢ ᠤᠯᠠᠭᠠᠨᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ ᠠᠴᠠ ᠦᠵᠡᠭᠡᠷᠡᠢ︕
 
ᠢᠷᠡᠯᠲᠡ᠄ ᠤᠯᠠᠭᠠᠨᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号