ᠤᠯᠠᠭᠠᠨᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠦᠨᠳᠦᠰᠦᠲᠡᠨ ᠤ ᠪᠦᠯᠬᠦᠮᠳᠡᠯ ᠳᠠᠪᠰᠢᠯᠳᠠ ᠶᠢ ᠠᠬᠢᠭᠤᠯᠤᠨ ᠨᠡᠶᠢᠭᠡᠮ ᠤᠨ ᠲᠣᠭᠲᠠᠭᠤᠨ ᠢ ᠬᠠᠮᠠᠭᠠᠯᠠᠵᠤ ᠪᠠᠶᠢᠭ᠎ᠠ ᠲᠤᠬᠠᠢ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2023/9/14
    2023 ᠣᠨ ᠳᠤ᠂ ᠤᠯᠠᠭᠠᠨᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠦᠨᠳᠦᠰᠦᠲᠡᠨ ᠤ ᠪᠦᠯᠬᠦᠮᠳᠡᠯ ᠳᠠᠪᠰᠢᠯᠳᠠ ᠶᠢᠨ ᠭᠤᠣᠯ ᠬᠦᠭ ᠠᠶᠠᠰ ᠢ ᠴᠢᠪᠬᠠᠳᠠᠨ᠂ ᠦᠨᠳᠦᠰᠦᠲᠡᠨ ᠤ ᠪᠦᠯᠬᠦᠮᠳᠡᠯ ᠤᠨ ᠢᠳᠡᠪᠬᠢ ᠬᠦᠴᠦᠨ ᠢ ᠳᠠᠮᠵᠢᠭᠤᠯᠬᠤ ᠶᠢ ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠳᠠ ᠶᠢ ᠠᠬᠢᠭᠤᠯᠤᠨ ᠨᠡᠶᠢᠭᠡᠮ ᠤᠨ ᠳᠤᠭᠳᠠᠭᠤᠨ ᠢ ᠬᠠᠮᠠᠭᠠᠯᠠᠵᠤ ᠪᠤᠢ᠃    ᠲᠤᠰ ᠳᠤᠪᠴᠢᠶ᠎ᠠ ᠤᠯᠠᠨ ᠡᠰᠢᠲᠦ ︽ᠵᠢᠵᠢᠭ ᠵᠢᠭᠰᠠᠭᠠᠯ ᠤᠨ ᠭᠠᠵᠠᠷ︾ ᠢ ᠪᠠᠶᠢᠭᠤᠯᠵᠤ᠂ ᠤᠯᠤᠰ ᠲᠦᠷᠦ ᠶᠢᠨ ᠲᠠᠯ᠎ᠠ ᠪᠠᠷ ᠨᠠᠶᠢᠳᠠᠪᠤᠷᠢᠲᠠᠢ᠂ ᠦᠨᠳᠦᠰᠦᠲᠡᠨ ᠤ ᠠᠵᠢᠯ ᠳᠤ ᠬᠠᠯᠠᠭᠤᠨ ᠰᠡᠳᠭᠢᠯ ᠲᠠᠢ᠂ ᠤᠯᠠᠨ ᠲᠦᠮᠡᠨ ᠤ ᠠᠵᠢᠯ ᠢ ᠬᠢᠬᠦ ᠳᠡᠭᠡᠨ ᠴᠢᠳᠠᠮᠠᠭᠠᠢ ᠠᠬᠠᠮᠠᠳ ᠨᠠᠮ ᠤᠨ ᠭᠡᠰᠢᠭᠦᠨ᠂ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ᠂ ᠪᠠᠭᠠᠲᠤᠷ ᠵᠢᠱᠢᠶᠡᠴᠢ ᠵᠡᠷᠭᠡ ᠬᠥᠮᠦᠰ ᠢ ᠵᠣᠬᠢᠶᠠᠨ ᠪᠠᠶᠢᠭᠤᠯᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠶᠢ ᠠᠬᠢᠭᠤᠯᠬᠤ ᠬᠤᠷᠠᠯ ᠢ ᠪᠠᠶᠢᠭᠤᠯᠵᠤ᠂ 30 ᠠᠷᠠᠳ ᠤᠨ ᠴᠠᠭᠳᠠᠭ᠎ᠠ ᠪᠤᠯᠤᠨ ᠲᠤᠰᠠᠯᠠᠬᠴᠢ ᠴᠠᠭᠳᠠᠭ᠎ᠠ ᠶᠢ ᠳᠠᠩᠰᠠᠨ ᠳᠤ ᠤᠷᠤᠭᠤᠯᠪᠠ︔ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠸᠠᠨ ᠳ᠋ᠠ ᠳᠤᠮᠳᠠ ᠠᠩᠭᠢ ᠳᠤ ︽ᠠᠨᠠᠷ ᠤᠨ ᠦᠷ᠎ᠡ︾ ᠶᠢᠨ ᠴᠠᠭᠳᠠᠭᠠᠨ ᠤ ᠶᠠᠪᠤᠳᠠᠯ ᠤᠨ ᠥᠷᠲᠡᠭᠡ ᠪᠠᠶᠢᠭᠤᠯᠵᠤ᠂ ᠡᠷᠡᠭᠦᠦ ᠶᠢᠨ ᠬᠡᠷᠡᠭ ᠤᠨ ᠴᠠᠭᠳᠠᠨ ᠪᠠᠶᠢᠴᠠᠭᠠᠬᠤ ᠶᠡᠭᠡ ᠠᠩᠭᠢ ᠳᠤ ︽ᠠᠨᠠᠷ ᠤᠨ ᠦᠷ᠎ᠡ︾ ᠶᠢᠨ ᠳᠤᠮᠳᠠ ᠠᠩᠭᠢ ᠪᠠᠶᠢᠭᠤᠯᠵᠤ᠂ ᠪᠦᠬᠦ ᠲᠠᠯ᠎ᠠ ᠳᠤ ᠴᠢᠭᠯᠡᠭᠦᠯᠤᠨ ︽ᠬᠠᠮᠤᠭ ᠤᠨ ᠭᠤᠶᠣ ᠠᠨᠠᠷ ᠤᠨ ᠦᠷ᠎ᠡ︾ ᠶᠢᠨ ᠭᠡᠷ ᠪᠦᠯᠢ ᠶᠢ ᠰᠢᠯᠭᠠᠷᠠᠭᠤᠯᠬᠤ ᠠᠵᠢᠯᠯᠠᠭ᠎ᠠ ᠶᠢ ᠥᠷᠨᠢᠭᠦᠯᠵᠦ᠂ 5 ᠲᠦᠮᠡᠨ ᠲᠥᠭᠦᠷᠢᠭ ᠤᠨ ᠪᠡᠯᠡ ᠮᠥᠩᠭᠦ ᠵᠠᠷᠤᠴᠠᠭᠤᠯᠤᠨ᠂ ᠦᠨᠳᠦᠰᠦᠲᠡᠨ ᠤ ᠪᠦᠯᠬᠦᠮᠳᠡᠯ ᠳᠠᠪᠰᠢᠯᠳᠠ ᠶᠢᠨ ᠰᠣᠶᠣᠯ ᠤᠨ ᠪᠠᠶᠢᠭᠤᠯᠤᠯᠲᠠ ᠬᠢᠪᠡ᠃ 2022 ᠣᠨ ᠳᠤ ᠤᠯᠠᠭᠠᠨᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠠᠮᠤᠷ ᠠᠮᠤᠭᠤᠯᠠᠩ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢᠨ ᠲᠡᠷᠢᠭᠦᠨ ᠤ ᠬᠠᠮᠲᠤ ᠨᠡᠶᠢᠳᠡ︾ ᠪᠠᠷ ᠦᠨᠡᠯᠡᠭᠳᠡᠵᠦ᠂ ᠤᠷᠢᠳ ᠬᠤᠵᠢᠳ ᠳᠣᠲᠣᠭᠠᠳᠤ ᠶᠢ ᠬᠠᠮᠠᠭᠠᠯᠠᠬᠤ ᠰᠢᠰᠲ᠋ᠧᠮ ᠤᠨ ᠬᠤᠶᠠᠳᠤᠭᠠᠷ ᠳᠡᠰ ᠤᠨ ᠪᠠᠭᠠᠲᠤᠷ ᠵᠢᠱᠢᠶᠡᠴᠢ 2 ᠬᠥᠮᠦᠨ ᠴᠣᠯᠭᠤᠷᠠᠨ ᠭᠠᠷᠴᠤ᠂ 1 ᠪᠥᠬᠦ ᠤᠯᠤᠰ ᠤᠨ ᠰᠢᠯᠢᠳᠡᠭ ᠠᠷᠠᠳ ᠤᠨ ᠴᠠᠭᠳᠠᠭ᠎ᠠ᠂ 1 ᠥᠪᠡᠷᠲᠡᠭᠡᠨ ᠵᠠᠰᠠᠬᠤ ᠣᠷᠣᠨ ᠤ ᠲᠠᠰ ᠤᠨ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠤᠪᠢ ᠬᠥᠮᠦᠨ︾ ᠤ ᠢᠷᠠᠭᠤ ᠠᠯᠳᠠᠷ ᠢ ᠭᠥᠷᠳᠡᠵᠦ᠂ 1 ᠴᠠᠭᠳᠠᠭ᠎ᠠ ᠨᠢ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠡᠪᠯᠡᠯ ᠤᠨ ︽ᠬᠠᠮᠤᠭ ᠤᠨ ᠰᠠᠶᠢᠨ ᠠᠵᠢᠯᠲᠠᠨ︾ ᠢᠶᠠᠷ ᠦᠨᠡᠯᠡᠭᠳᠡᠵᠦ᠂ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠳᠠ ᠶᠢᠨ ᠰᠠᠶᠢᠨ ᠰᠠᠶᠢᠬᠠᠨ ᠳᠦᠷᠢ ᠲᠥᠷᠬᠦ ᠶᠢ ᠤᠯᠠᠮ ᠨᠢᠭᠡ ᠠᠯᠬᠤᠮ ᠢᠯᠡᠷᠡᠭᠦᠯᠪᠡ᠃    ᠦᠨᠳᠦᠰᠦᠲᠡᠨ ᠨᠦᠭᠦᠳ ᠤᠨ ᠣᠯᠠᠨ ᠲᠦᠮᠡᠨ ᠲᠠᠢ ᠨᠢᠭᠲᠠ ᠬᠠᠷᠢᠯᠴᠠᠵᠤ᠂ ᠳᠤᠬᠠᠢ ᠶᠢᠨ ᠭᠠᠵᠠᠷ ᠣᠷᠣᠨ ᠤ ᠳᠣᠲᠣᠭᠠᠳᠤ ᠶᠢ ᠬᠠᠮᠠᠭᠠᠯᠠᠬᠤ ᠤᠯᠠᠭᠠᠨᠮᠥ᠋ᠴᠢᠷ ᠤᠨ ᠡᠩᠨᠡᠭᠡ ᠳᠤ ᠲᠦᠰᠢᠭᠯᠡᠨ᠂ ᠡᠯ᠎ᠡ ᠱᠠᠲᠤᠨ ᠤ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ ᠲᠠᠢ ᠬᠤᠯᠪᠣᠭᠠᠯᠠᠨ᠂ ᠳᠠᠭᠤᠤ ᠪᠦᠵᠢᠭ ᠢ ᠥᠪᠡᠷ ᠢᠶᠠᠨ ᠨᠠᠶᠢᠷᠠᠭᠤᠯᠵᠤ ᠥᠪᠡᠷ ᠢᠶᠠᠨ ᠲᠣᠭᠯᠠᠬᠤ᠂ ᠪᠠᠭᠠᠲᠤᠷ ᠵᠢᠱᠢᠶᠡᠴᠢ ᠶᠢ ᠤᠬᠠᠭᠤᠯᠤᠨ ᠲᠠᠶᠢᠯᠪᠤᠷᠢᠯᠠᠬᠤ ᠵᠡᠷᠭᠡ ᠣᠯᠠᠨ ᠵᠤᠶᠢᠯ ᠤᠨ ᠬᠡᠯᠪᠡᠷᠢ ᠪᠠᠷ ︽ᠵᠢᠷᠭᠤᠭ᠎ᠠ ᠶᠢ ᠣᠷᠣᠭᠤᠯᠬᠤ︾ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠦᠨᠳᠦᠰᠦᠲᠡᠨ ᠤ ᠰᠣᠶᠣᠯ ᠤᠨ ᠪᠦᠲᠦᠭᠡᠯ ᠢ ᠳᠡᠯᠭᠡᠨ ᠦᠵᠡᠭᠦᠯᠵᠤ᠂ ︽ᠵᠠᠯᠠᠭᠤ ᠪᠠᠭᠠᠴᠤᠳ︾ ᠵᠡᠷᠭᠡ ᠨᠢᠭᠡ ᠪᠦᠯᠦᠭ ᠤᠤᠭᠠᠯ ᠡᠭᠦᠳᠦᠯᠲᠡ ᠶᠢᠨ MV ᠪᠦᠲᠦᠭᠡᠯ ᠨᠢ ᠤᠯᠤᠰ ᠤᠨ ᠲᠠᠰ ᠤᠨ ᠵᠠᠭᠤᠴᠢᠯᠠᠭᠤᠷ᠂ ᠪᠥᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠳᠤ ᠬᠡᠷᠡᠭᠯᠡᠭᠳᠡᠪᠡ︔ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾  ᠤᠶᠢᠯᠡᠳᠤᠯᠭᠡ ᠶᠢᠨ ᠠᠵᠢᠯᠯᠠᠭ᠎ᠠ ᠲᠠᠢ ᠤᠶᠠᠯᠳᠤᠭᠤᠯᠤᠨ᠂ ︽ ᠹᠧᠩ ᠴᠢᠶᠣᠤ ᠮᠠᠶ᠋ᠢᠭ︾ ᠤᠨ ᠳᠤᠳᠤᠭᠠᠳᠤ ᠶᠢ ᠬᠠᠮᠠᠭᠠᠯᠠᠬᠤ ᠰᠠᠯᠪᠤᠷᠢ ᠶᠢ ᠡᠭᠦᠳᠦᠨ ᠪᠠᠶᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦ᠋ᠨ ᠮᠠᠨᠳᠤᠭᠤᠯᠬᠤ᠂ ᠠᠵᠢᠯ ᠳᠤ ᠪᠠᠶᠢᠭ᠎ᠠ ᠨᠠᠮ ᠤᠨ ᠭᠡᠰᠢᠭᠦᠨ ᠢ ᠨᠡᠶᠢᠭᠡᠮ ᠲᠣᠭᠤᠷᠢᠭ ᠲᠤ ᠣᠷᠣᠭᠤᠯᠬᠤ ᠵᠡᠷᠭᠡ ᠠᠵᠢᠯᠯᠠᠭ᠎ᠠ ᠲᠠᠢ ᠤᠶᠠᠯᠳᠤᠭᠤᠯᠤᠨ᠂ ᠬᠡᠷ ᠲᠤᠨᠢ ᠬᠦᠷᠴᠦ ᠰᠤᠷᠪᠤᠯᠵᠢᠯᠠᠬᠤ᠂ ᠡᠷᠦᠬᠡ ᠪᠠᠷ ᠬᠦᠷᠴᠦ ᠶᠠᠷᠢᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠯᠦᠭᠡ ᠬᠠᠶᠢᠷ᠎ᠠ ᠰᠡᠳᠭᠢᠯᠭᠡ ᠶᠢᠨ ᠬᠥᠭᠦᠷᠭᠡ ᠶᠢ ᠪᠠᠶᠢᠭᠤᠯᠪᠠ᠃ ᠬᠥᠳᠡᠭᠡ ᠲᠣᠰᠬᠤᠨ ᠢ ᠬᠥᠭᠵᠢᠭᠦᠯᠤᠨ ᠮᠠᠨᠳᠤᠭᠤᠯᠬᠤ ᠠᠵᠢᠯ ᠢ ᠠᠬᠢᠭᠤᠯᠬᠤ ᠳᠤᠮᠳᠠ᠂ 233 ᠠᠷᠠᠳ ᠤᠨ ᠴᠠᠭᠳᠠᠭ᠎ᠠ ᠬᠠᠪᠰᠤᠷᠤᠨ ᠲᠡᠳᠬᠦᠬᠦ ᠬᠠᠷᠢᠯᠴᠠᠬᠤ ᠴᠡᠭ ᠲᠡᠭᠡᠨ ᠬᠦᠷᠴᠦ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠠᠵᠤ ᠦᠢᠯᠡᠰ ᠢᠶᠠᠷ ᠬᠠᠪᠰᠤᠷᠤᠨ ᠲᠡᠳᠬᠦᠬᠦ ᠵᠡᠷᠭᠡ ᠠᠵᠢᠯ ᠢ ᠥᠷᠨᠢᠭᠦᠯᠵᠦ᠂ ᠲᠣᠰᠬᠤᠨ ᠤ ᠬᠠᠮᠲᠤ ᠨᠡᠶᠢᠳᠡ ᠶᠢᠨ ᠠᠵᠤ ᠠᠬᠤᠢ ᠶᠢ 58 ᠲᠦᠮᠡᠨ ᠲᠥᠭᠦᠷᠢᠭ ᠨᠡᠮᠡᠭᠳᠡᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠥᠮᠦᠨ ᠳᠤᠮᠳᠠᠴᠢ ᠶᠢᠨ ᠵᠢᠯ ᠤᠨ ᠣᠷᠣᠯᠭ᠎ᠠ ᠶᠢ 1200 ᠲᠥᠭᠦᠷᠢᠭ ᠳᠡᠭᠡᠭᠰᠢᠯᠡᠭᠦᠯᠪᠡ︔ ᠠᠷᠠᠳ ᠤᠨ ᠴᠠᠭᠳᠠᠭ᠎ᠠ ᠲᠤᠰᠠᠯᠠᠬᠴᠢ ᠴᠠᠭᠳᠠᠭ᠎ᠠ ᠨᠠᠷ ︽ᠵᠠᠬ᠎ᠠ ᠳᠡᠯᠭᠡᠭᠦᠷ ᠤᠨ ᠭᠤᠤᠯ ᠴᠣᠭᠴᠠ ᠳᠤ ᠬᠠᠨᠳᠤᠯᠭ᠎ᠠ ᠲᠠᠢ ᠪᠠᠷ ᠤᠶᠢᠯᠡᠴᠢᠯᠡᠬᠦ︾᠂ ︽ᠪᠢ ᠨᠢᠭᠡ ᠡᠳᠦᠷ ᠤᠨ ᠤᠶᠢᠯᠡᠴᠢᠯᠡᠨ ᠬᠠᠮᠢᠶᠠᠷᠬᠤ ᠬᠠᠮᠢᠶᠠᠷᠤᠬᠴᠢ ᠪᠣᠯᠬᠤ︾ ᠵᠡᠷᠭᠡ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ︽ᠪᠠᠴᠢᠮᠳᠡᠵᠤ ᠳᠦᠪᠡᠭᠳᠡᠵᠤ ᠰᠠᠨᠠᠭᠠᠰᠢᠷᠠᠵᠤ ᠬᠦᠰᠡᠵᠤ︾ ᠪᠠᠶᠢᠭ᠎ᠠ ᠠᠰᠠᠭᠤᠳᠠᠯ ᠢ ᠪᠤᠳᠠᠳᠠᠢ ᠰᠢᠢᠳᠪᠤᠷᠢᠯᠡᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ︽ᠲᠠᠪᠤ ᠶᠢ ᠮᠡᠳᠡᠷᠡᠬᠦ︾ ᠤᠬᠠᠮᠰᠠᠷ ᠢ ᠲᠠᠰᠤᠷᠠᠯᠲᠠ ᠥᠬᠡᠶ ᠴᠢᠩᠭᠠᠳᠬᠠᠪᠠ᠃    ᠲᠤᠰ ᠳᠤᠪᠴᠢᠶ᠎ᠠ ᠴᠣᠬᠢᠯᠲᠠ ᠥᠭᠬᠦ ᠪᠠᠷ ᠠᠵᠢᠯ ᠤᠨ ᠪᠦᠲᠦᠮᠵᠢ ᠶᠢ ᠪᠠᠳᠤᠯᠠᠵᠤ᠂ ︽ᠠᠮᠢ ᠠᠬᠤᠶ ᠶᠢ ᠬᠠᠮᠠᠭᠠᠯᠠᠨ ᠬᠠᠯᠬᠠᠪᠴᠢ ᠶᠢ ᠪᠠᠬᠢᠵᠢᠭᠦᠯᠬᠦ︾ ᠢᠨᠵᠧᠨᠧᠷᠢᠩ ᠢ ᠬᠡᠷᠡᠭᠵᠢᠭᠦᠯᠵᠦ᠂ ᠠᠮᠢ ᠠᠬᠤᠶ ᠣᠷᠴᠢᠨ ᠲᠣᠭᠤᠷᠢᠨ ᠢ ᠡᠪᠳᠡᠭᠰᠡᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠦᠵᠡᠰᠭᠦᠯᠡᠩᠲᠦ ᠰᠠᠶᠢᠬᠠᠨ ᠬᠡᠷ ᠣᠷᠣᠨ ᠢᠶᠠᠨ ᠬᠠᠮᠲᠤ ᠪᠠᠷ ᠪᠥᠲᠥᠭᠡᠨ ᠪᠠᠶᠢᠭᠤᠯᠬᠤ ᠶᠢ ᠳᠥᠯᠭᠢᠨ ᠠᠬᠢᠭᠤᠯᠪᠠ︔ ︽ᠵᠠᠭᠤᠨ ᠡᠳᠦᠷ ᠤᠨ ᠠᠵᠢᠯᠯᠠᠭ᠎ᠠ︾᠂ ︽ᠱᠠᠯᠢᠭ ᠵᠠᠪᠬᠠᠶ ᠵᠦᠢᠯᠡᠰ ᠪᠠ ᠵᠣᠭᠤᠰ ᠨᠠᠭᠠᠳᠬᠤ ᠶᠢ ᠠᠷᠢᠯᠭᠠᠬᠤ︾᠂ ︽ᠬᠠᠷ᠎ᠠ ᠪᠦᠯᠦ᠋ᠭᠲᠡᠨ ᠬᠠᠷᠭᠢᠰ ᠬᠦᠴᠦᠨ ᠢ ᠠᠷᠢᠯᠭᠠᠬᠤ︾ ᠵᠡᠷᠭᠡ ᠠᠯᠢ ᠤᠯᠠᠨ ᠲᠤᠰᠬᠠᠶ ᠠᠵᠢᠯᠯᠠᠭ᠎ᠠ ᠪᠠᠷ ᠲᠦᠰᠢᠭ ᠪᠣᠯᠭᠠᠨ᠂ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠦᠴᠦᠲᠡᠶ ᠳᠠᠷᠤᠯᠲᠠ ᠦᠵᠡᠭᠦᠯᠵᠤ᠂ ᠨᠡᠶᠢᠭᠡᠮ ᠤᠨ ᠵᠢᠭᠰᠢᠭᠦᠷᠢᠲᠦ ᠦᠵᠡᠭᠳᠡᠯ ᠤᠨ ᠡᠭᠦᠰᠦᠨ ᠳᠡᠯᠭᠡᠷᠡᠬᠦ ᠶᠢ ᠪᠦᠲᠦᠮᠵᠢᠲᠡᠶ ᠬᠤᠷᠢᠭᠯᠠᠪᠠ᠃ ᠤᠯᠠᠭᠠᠨᠬᠤᠳᠠ ᠶᠢᠨ ᠳᠤᠳᠤᠭᠠᠳᠤ ᠶᠢ ᠬᠠᠮᠠᠭᠠᠯᠠᠬᠤ ᠳᠤᠪᠴᠢᠶ᠎ᠠ ᠤᠢᠢᠷ᠎ᠠ ᠶᠢᠨ ᠭᠤᠷᠪᠠᠨ ᠵᠢᠯ ᠳᠤ᠂ 1600 ᠭᠠᠷᠤᠶ ᠡᠷᠡᠭᠦᠦ ᠶᠢᠨ ᠬᠡᠷᠡᠭ ᠢ ᠢᠯᠡᠷᠡᠭᠦᠯᠵᠦ᠂ ᠳᠣᠲᠣᠭᠠᠳᠤ ᠶᠢ ᠬᠠᠮᠠᠭᠠᠯᠠᠬᠤ ᠶᠠᠮᠤᠨ ᠤ ᠱᠠᠯᠠᠪᠳᠠᠭᠤᠯᠤᠨ  ᠰᠢᠢᠳᠪᠤᠷᠢᠯᠡᠬᠦᠯᠦᠭᠰᠡᠨ 2 ᠬᠡᠷᠡᠭ ᠢ ᠳᠡᠩᠨᠡᠨ ᠢᠯᠡᠷᠡᠭᠦᠯᠵᠦ᠂ ᠠᠷᠪᠠᠨ ᠵᠢᠯ ᠠᠴᠠ ᠳᠡᠭᠡᠭᠰᠢᠬᠢ ᠠᠮᠢᠨ ᠬᠡᠷᠡᠭ ᠳᠠᠷᠤᠭᠳᠠᠮᠠᠯ ᠬᠡᠷᠡᠭ ᠢ 3 ᠢᠯᠡᠷᠡᠭᠦᠯᠵᠦ᠂ 6 ᠡᠪᠰᠡᠯ ᠪᠦᠯᠦᠭ ᠢ ᠴᠣᠬᠢᠨ ᠤᠨᠠᠭᠠᠵᠤ᠂ ︽7.22︾ ᠡᠮᠴᠢᠯᠡᠭᠡᠨ ᠤ ᠬᠦᠷᠢᠶᠡᠨ ᠳᠠᠬᠢ ᠬᠤᠳᠠᠯ ᠢᠶᠠᠷ ᠪᠠᠷᠢᠮᠲᠠ ᠪᠢᠴᠢᠭᠰᠡᠨ ᠣᠨᠴᠠ ᠶᠡᠭᠡ ᠬᠡᠷᠡᠭ ᠂ ᠶᠢᠨ ᠣᠪᠣᠭᠲᠤ ᠣᠯᠠᠨ ᠨᠡᠶᠢᠲᠡ ᠶᠢᠨ ᠬᠠᠳᠠᠭᠠᠯᠠᠮᠵᠢ ᠶᠢ ᠬᠠᠤᠯᠢ ᠪᠤᠰᠤ ᠪᠠᠷ ᠠᠪᠤᠭᠰᠠᠨ ᠬᠡᠷᠡᠭ ᠵᠡᠷᠭᠡ ᠨᠢᠭᠡ ᠪᠦᠯᠦᠭ ᠨᠡᠶᠢᠭᠡᠮ ᠤᠨ ᠨᠥᠯᠤᠭᠡᠯᠡᠬᠦ ᠬᠦᠴᠦᠨ ᠲᠠᠢ ᠬᠡᠷᠡᠭ ᠢ ᠳᠡᠩᠨᠡᠨ ᠢᠯᠡᠷᠡᠭᠦᠯᠵᠦ᠂ ᠣᠯᠠᠨ ᠲᠦᠮᠡᠨ ᠤ 2.4 ᠳ᠋ᠦᠩᠰᠢᠭᠤᠷ ᠲᠥᠭᠦᠷᠢᠭ ᠤᠨ ᠠᠵᠤ ᠠᠬᠤᠶ ᠶᠢᠨ ᠬᠤᠬᠢᠷᠠᠯ ᠢ ᠡᠭᠡᠭᠦᠯᠵᠤ᠂ ᠬᠡᠷᠡᠭ ᠣᠯᠠᠨ ᠭᠠᠷᠬᠤ ᠬᠠᠨᠳᠤᠰᠢ ᠶᠢ ᠪᠦᠲᠦᠮᠵᠢᠲᠡᠶ ᠬᠤᠷᠢᠭᠯᠠᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠪᠡ᠃          ︵ ᠴᠢᠤ ᠰᠢᠶᠠᠩ    ᠲᠠᠨ ᠶᠠᠨ ᠯᠢ  ︶
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号