ᠬᠢᠩᠭᠠᠨ ᠤ ᠠᠮᠤ ᠪᠤᠳᠠᠭᠠᠨ ᠤ ︽ᠨᠢᠭᠤᠴᠠ ᠵᠤᠷ︾ ᠤᠨ ᠲᠤᠬᠠᠢ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2023/9/20
    ᠨᠠᠷᠠᠨ ᠲᠤᠯᠠᠶᠢᠵᠤ ᠨᠠᠪᠴᠢᠰ ᠰᠢᠷᠭᠠᠯᠳᠤᠬᠰᠠᠨ 9 ᠰᠠᠷ᠎ᠠ ᠳᠤ᠂ ᠬᠢᠩᠭᠠᠨ ᠨᠤᠳᠤᠭ ᠲᠤ ᠬᠦᠪᠡᠭᠡ ᠬᠢᠵᠠᠭᠠᠷ ᠨᠢ ᠬᠠᠷᠠᠭᠳᠠᠬᠤ ᠦᠭᠡᠢ ᠠᠯᠳᠠᠨ ᠰᠢᠷᠭᠠᠯ ᠲᠤᠳᠤᠷᠭ᠎ᠠ ᠶᠢᠨ ᠲᠠᠷᠢᠶ᠎ᠠ ᠨᠢ ᠰᠠᠯᠬᠢᠨ ᠤ ᠠᠶ᠎ᠠ ᠪᠠᠷ ᠲᠠᠪᠠᠯᠭᠠᠯᠠᠨ᠂ ᠡᠯᠳᠡᠪ ᠵᠦᠢᠯ ᠤᠨ ᠭᠤᠸᠠ ᠵᠢᠮᠢᠰ ᠪᠤᠯᠪᠠᠰᠤᠷᠠᠵᠦ ᠠᠩᠬᠢᠯᠤᠮ᠎ᠡ ᠦᠨᠦᠷ ᠬᠠᠩᠬᠤᠯᠤᠨ᠎ᠠ᠃ ᠡᠯᠪᠡᠭ ᠬᠤᠷᠢᠶᠠᠯᠳᠠ ᠶᠢᠨ ᠡᠭᠡᠰᠢᠭ ᠲᠠᠭᠤᠤ ᠨᠢ ᠮᠠᠨ ᠤ ᠬᠢᠩᠭᠠᠨ ᠨᠤᠳᠤᠭ ᠤᠨ ︽ᠰᠠᠩ ᠬᠦᠮᠦᠷᠭᠡ ᠶᠢᠨ ᠠᠮᠤ ᠪᠤᠳᠠᠭ᠎ᠠ ᠡᠯᠪᠡᠭ ᠲᠠᠯᠪᠡᠭ︾ ᠪᠤᠯᠬᠤ ᠬᠠᠮᠤᠭ ᠤᠨ ᠰᠠᠶᠢᠨ ᠪᠤᠳᠠᠳᠦ ᠵᠢᠷᠤᠭᠯᠠᠯ ᠪᠤᠯᠬᠤ ᠶᠤᠮ᠃    2023 ᠣᠨ ᠤ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ ᠠᠮᠦ ᠪᠤᠳᠠᠭ᠎ᠠ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠤᠨᠠᠯᠲᠠ ᠶᠢ ᠲᠣᠭᠲᠠᠪᠤᠷᠢᠵᠢᠭᠤᠯᠵᠤ ᠬᠠᠩᠭᠠᠯᠭ᠎ᠠ ᠶᠢ ᠪᠠᠲᠤᠯᠠᠬᠤ ᠶᠢ ᠡᠩ ᠲᠡᠷᠢᠬᠦᠨ ᠳᠤ ᠴᠢᠬᠤᠯᠠᠴᠢᠯᠠᠪᠠ᠃ ᠡᠨᠡ ᠪᠤᠯ ᠤᠯᠤᠰ ᠤᠨ ᠪᠠᠶᠢᠯᠳᠤᠬᠤ ᠪᠤᠳᠤᠯᠭ᠎ᠠ ᠪᠤᠯᠤᠨ᠎ᠠ᠂ ᠮᠦᠨᠴᠦ ᠮᠠᠨ ᠤ ᠠᠶᠢᠮᠠᠭ ᠤᠨ ᠢᠮᠠᠭᠳᠠ ᠴᠢᠩᠭ᠎ᠠ ᠱᠠᠭᠠᠷᠳᠠᠭᠰᠠᠭᠠᠷ ᠢᠷᠡᠭᠰᠡᠨ ︽ᠠᠮᠦ ᠪᠤᠳᠠᠭᠠᠨ ᠤ ᠠᠮᠤᠷ ᠲᠦᠪᠰᠢᠨ︾   ᠤ ᠶᠠᠪᠤᠳᠠᠯ ᠪᠤᠯᠤᠨ᠎ᠠ᠃    2022 ᠣᠨ ᠢ ᠡᠷᠭᠢᠴᠡᠭᠦᠯᠬᠦᠶ᠎ᠡ᠂ ᠮᠠᠨ ᠤ ᠠᠶᠢᠮᠠᠭ ᠤᠨ ᠠᠮᠤ ᠪᠤᠳᠠᠭᠠᠨ ᠤ ᠤᠨᠠᠯᠲᠠ 134.3 ᠳ᠋ᠦᠩᠰᠢᠭᠤᠷ ᠵᠢᠩ ᠳᠤ ᠬᠦᠷᠴᠦ᠂ ᠠᠷᠪᠠᠨ ᠭᠤᠷᠪᠠᠨ ᠵᠢᠯ ᠲᠠᠷᠠᠭᠠᠯᠠᠨ ᠡᠯᠪᠡᠭ ᠬᠤᠷᠢᠶᠠᠯᠳᠠ ᠤᠯᠪᠠ᠃ 2023 ᠤᠨ ᠳᠤ᠂ ᠪᠦᠬᠦ ᠠᠶᠢᠮᠠᠭ ᠤᠨ ᠠᠮᠦ ᠪᠤᠳᠠᠭᠠᠨ ᠤ ᠲᠠᠷᠢᠮᠠᠯ ᠤᠨ ᠲᠠᠯᠠᠪᠠᠢ ᠵᠢᠱᠢᠯᠳᠡ ᠪᠠᠷ 1703 ᠲᠦᠮᠡᠨ ᠮᠤ᠋ ᠳᠤ ᠬᠦᠷᠴᠦ᠂ ᠨᠢᠳᠤᠨᠤᠨ ᠤ ᠬᠢ ᠠᠴᠠ 14 ᠲᠦᠮᠡᠨ ᠮᠥ ᠨᠡᠮᠡᠭᠳᠡᠭᠰᠡᠨ ᠪᠠᠶᠢᠨ᠎ᠠ᠃ ᠨᠠᠷᠢᠨ ᠨᠢᠮᠪᠠᠢ ᠤᠬᠠᠭᠠᠯᠡᠨ ᠲᠤᠭᠳᠠᠭᠠᠭᠰᠠᠨ ᠠᠷᠭ᠎ᠠ ᠪᠤᠳᠤᠯᠭ᠎ᠠ ᠨᠢ ᠮᠠᠨ ᠤ ᠠᠶᠢᠮᠠᠭ ᠤᠨ ᠠᠮᠦ ᠪᠤᠳᠠᠭᠠᠨ ᠤ ᠬᠦᠮᠦᠷᠭᠡ ᠶᠢ ᠨᠡᠩ ᠡᠯᠪᠡᠭ ᠲᠡᠯᠪᠡᠭ ᠪᠤᠯᠭᠠᠬᠤ ᠪᠤᠯᠤᠨ᠎ᠠ᠃
  ᠲᠠᠷᠢᠶᠠᠨ ᠭᠠᠵᠠᠷ ᠢ ᠦᠭᠡᠷᠡᠴᠢᠯᠡᠵᠦ ᠡᠯᠪᠡᠭ ᠬᠤᠷᠢᠶᠠᠯᠳᠠ ᠲᠠᠢ ᠪᠤᠯᠭᠠᠨ᠎ᠠ    ᠵᠠᠯᠠᠶᠢᠳ ᠬᠤᠰᠢᠭᠤᠨ ᠤ ᠾᠧ ᠹᠧᠩ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠶᠢᠨ ︽ᠤᠷᠢᠳᠠᠪᠡᠷ ᠪᠠᠶᠢᠭᠤᠯᠵᠦ ᠲᠠᠷᠠᠭ᠎ᠠ ᠨᠢ ᠨᠦᠬᠦᠪᠦᠷᠢᠯᠡᠬᠦ︾ ᠦᠨᠳᠦᠷ ᠪᠠᠷᠢᠮᠵᠢᠶᠠᠳᠦ ᠲᠠᠷᠢᠶᠠᠨ ᠭᠠᠵᠠᠷ ᠤᠨ ᠪᠠᠶᠢᠭᠤᠯᠤᠯᠳᠠ ᠶᠢᠨ ᠰᠠᠭᠤᠷᠢᠨ ᠭᠠᠵᠠᠷ ᠲᠤ᠂ ᠪᠦᠰᠡᠯᠢᠭ ᠬᠡᠯᠪᠡᠷᠢ ᠪᠠᠷ ᠠᠯᠠᠬᠯᠠᠨ ᠲᠠᠷᠢᠭᠰᠠᠨ ᠡᠷᠳᠡᠨᠢ ᠰᠢᠰᠢ ᠶᠢᠨ ᠤᠷᠭᠤᠴᠠ ᠶᠡᠭᠡ ᠰᠠᠶᠢᠨ ᠪᠠᠶᠢᠵᠦ᠂ ᠰᠢᠷ᠎ᠠ ᠪᠤᠷᠴᠠᠭ ᠨᠢ ᠨᠢᠭᠡᠨᠳᠡ ᠪᠤᠯᠪᠠᠰᠤᠷᠠᠵᠠᠢ᠃ ᠲᠤᠰ ᠲᠠᠷᠢᠶᠠᠯᠠᠩ ᠮᠠᠯᠵᠢᠯ ᠤᠨ ᠲᠠᠯᠠᠪᠠᠢ ᠶᠢᠨ ᠬᠠᠷᠢᠭᠤᠴᠠᠯᠭᠠᠳᠠᠨ ᠳ᠋ᠦ᠋ ᠸᠧᠨ ᠢ ᠬᠦᠮᠦᠨ ᠢ ᠪᠠᠶᠠᠷᠯᠠᠭᠤᠯᠤᠮ᠎ᠠ ᠪᠠᠶᠢᠳᠠᠯ ᠢᠶᠠᠨ ᠬᠠᠷᠠᠭᠠᠳ ᠨᠢᠭᠤᠷ ᠲᠦᠭᠦᠷᠡᠩ ᠮᠦᠰᠢᠶᠡᠳᠦ ᠲᠤᠳᠤᠷᠠᠭᠤᠯᠵᠦ ᠪᠠᠶᠢᠯ᠎ᠠ᠃ ᠡᠨᠡᠬᠦ 2350 ᠮᠤ᠋ ᠦᠨᠳᠦᠷ ᠪᠠᠷᠢᠮᠵᠢᠶᠠᠳᠦ ᠲᠠᠷᠢᠶ᠎ᠠ ᠨᠢ ᠦᠩᠭᠡᠷᠡᠭᠰᠡᠨ ᠵᠢᠯ ᠳᠤ ᠲᠠᠷᠢᠶᠠᠴᠢᠳ ᠦᠪᠡᠷ ᠦᠪᠡᠷ ᠢᠶᠠᠨ ᠲᠠᠷᠢᠵᠦ ᠪᠠᠶᠢᠭᠰᠠᠨ ᠡᠩ ᠤᠨ ᠲᠠᠷᠢᠶ᠎ᠠ ᠪᠠᠶᠢᠭᠰᠠᠨ ᠶᠤᠮ᠃    ᠡᠨᠡ ᠵᠢᠯ᠂ ᠵᠠᠯᠠᠶᠢᠳ ᠬᠤᠰᠢᠭᠤ ᠤᠯᠤᠰ ᠤᠨ ᠠᠩᠬᠠᠳᠠᠭᠴᠢ ᠪᠦᠯᠦᠭ ᠤᠨ ᠣᠷᠣᠨ ᠪᠦᠰᠡ ᠪᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠶᠢᠭᠤᠯᠤᠯᠲᠠ ᠶᠢ ᠳᠥᠯᠭᠢᠨ ᠠᠬᠢᠭᠤᠯᠬᠤ ᠲᠤᠷᠰᠢᠯᠲᠠ ᠶᠢᠨ ᠴᠡᠭ ᠢᠶᠠᠷ ᠰᠣᠩᠭᠤᠭᠳᠠᠵᠠᠶ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠶᠢᠭᠤᠯᠤᠯᠳᠠ ᠶᠢ ᠢᠳᠡᠪᠬᠢᠳᠡᠢ ᠠᠬᠢᠭᠤᠯᠬᠤ ᠶᠢᠨ ᠲᠦᠯᠦ᠋ᠭᠡ᠂ ᠲᠤᠰ ᠭᠠᠵᠠᠷ ᠤᠷᠤᠨ ᠤ ᠬᠢᠨ ᠲᠤᠰᠬᠠᠶ ᠬᠤᠷᠰᠢᠶ᠎ᠠ᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ᠂ ᠠᠮᠤ ᠪᠤᠳᠠᠭ᠎ᠠ ᠳᠠᠷᠢᠬᠤ ᠲᠣᠮᠣ ᠡᠷᠦᠬᠡ ᠵᠡᠷᠭᠡ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠪᠡᠶᠡᠴᠢ ᠴᠣᠭᠴᠠ ᠶᠢᠨ ᠡᠵᠡᠨ ᠮᠡᠳᠡᠬᠦ ᠴᠢᠨᠠᠷ ᠪᠠ ᠢᠳᠡᠪᠬᠢᠵᠢᠯ ᠢ ᠭᠦᠢᠴᠡᠳ ᠳᠠᠶᠢᠴᠢᠯᠠᠪᠠ᠃ ᠡᠭᠦᠨ ᠤ ᠵᠡᠷᠭᠡ ᠳᠤ ᠲᠡᠳᠡ ᠪᠠᠰᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ︽ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠥᠷᠢᠯᠡᠬᠦ︾ ᠪᠠᠶᠢᠭᠤᠯᠤᠯᠲᠠ ᠶᠢᠨ ᠰᠢᠨ᠎ᠡ ᠵᠠᠭᠪᠤᠷ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠤᠤᠯ ᠤᠨ ᠡᠩ ᠤᠨ ᠠᠮᠤ ᠪᠤᠳᠠᠭᠠᠨ ᠤ ᠲᠠᠷᠢᠶᠠᠨ ᠭᠠᠵᠠᠷ ᠢ ᠦᠨᠳᠦᠷ ᠤᠨᠠᠯᠳᠠ ᠲᠠᠢ ᠦᠨᠳᠦᠷ ᠪᠠᠷᠢᠮᠵᠢᠶᠠᠳᠦ ᠲᠠᠷᠢᠶᠠᠨ ᠭᠠᠵᠠᠷ ᠪᠤᠯᠭᠠᠭᠰᠠᠨ ᠪᠠᠶᠢᠨ᠎ᠠ᠃ ᠳ᠋ᠦ᠋ ᠸᠧᠨ ᠢ ᠪᠣᠯ ᠳᠠᠷᠤᠶ ᠡᠨᠡᠬᠦ ᠰᠢᠨ᠎ᠡ ᠵᠠᠭᠪᠤᠷ ᠤᠨ ᠠᠰᠢᠭ ᠬᠦᠷᠲᠡᠭᠴᠢ ᠪᠤᠯᠤᠨ᠎ᠠ᠃
   ︽ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠶᠢᠭᠤᠯᠤᠯᠲᠠ ᠪᠠᠷ ᠳᠡᠮᠵᠢᠨ᠂ ᠰᠢᠷ᠎ᠠ ᠪᠤᠷᠴᠠᠭ ᠤᠨ ᠤᠨᠠᠯᠳᠠ ᠶᠢ ᠪᠠᠳᠤᠯᠠᠬᠤ ᠪᠠ ᠡᠷᠳᠡᠨᠢ ᠰᠢᠰᠢ ᠶᠢᠨ ᠮᠥ ᠪᠦᠷᠢ ᠶᠢᠨ ᠤᠨᠠᠯᠲᠠ ᠶᠢᠨ ᠲᠠᠯ᠎ᠠ ᠪᠠᠷ ᠢᠯᠡᠳᠳᠡ ᠨᠡᠮᠡᠭᠳᠡᠵᠡᠶ᠃ 1175 ᠮᠥ ᠡᠷᠳᠡᠨᠢ ᠰᠢᠰᠢ ᠳᠠᠷᠢᠭᠰᠠᠨ ᠪᠠᠶᠢᠳᠠᠯ ᠳᠣᠣᠷ᠎ᠠ᠂ ᠵᠢᠯ ᠤᠨ ᠠᠮᠤ ᠪᠤᠳᠠᠭᠠᠨ ᠤ ᠤᠨᠠᠯᠲᠠ ᠪᠠᠷᠤᠭ 70 ᠲᠦᠮᠡᠨ ᠵᠢᠩ ᠨᠡᠮᠡᠭᠳᠡᠬᠦ ᠪᠤᠯᠤᠨ᠎ᠠ᠃ ᠡᠨᠡ ᠨᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ︿ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠥᠷᠢᠯᠡᠬᠦ﹀ ᠲᠦᠷᠦᠯ ᠵᠦᠢᠯ ᠢ ᠬᠡᠷᠡᠭᠵᠢᠬᠦᠯᠦᠭᠰᠡᠨ ᠠᠴᠠ ᠪᠤᠯᠤᠭᠰᠠᠨ ᠶᠤᠮ᠃ ᠡᠭᠦᠨ ᠠᠴᠠ ᠭᠠᠳᠠᠨ᠎ᠠ᠂ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠦᠨᠳᠦᠰᠦᠯᠡᠪᠡᠯ᠂ ᠲᠥᠷᠥᠯ ᠵᠤᠶᠢᠯ ᠢ ᠰᠢᠯᠭᠠᠨ ᠠᠪᠬᠤ ᠳᠤ ᠬᠢᠷᠢ ᠲᠡᠩᠴᠡᠭᠰᠡᠨ ᠤ ᠲᠠᠷᠠᠭ᠎ᠠ ᠮᠤ᠋ ᠪᠦᠷᠢ ᠳᠤ ᠤᠯᠤᠰ ᠤᠨ 80% ᠠᠴᠠ 85% ᠶᠢᠨ ᠨᠥᠬᠦᠪᠥᠷᠢ ᠶᠢ ᠭᠥᠷᠳᠡᠵᠦ ᠪᠣᠯᠤᠨ᠎ᠠ︾ ᠭᠡᠵᠦ ᠳ᠋ᠦ᠋ ᠸᠧᠨ ᠢ ᠬᠡᠯᠡᠵᠦ ᠪᠠᠶᠢᠯ᠎ᠠ᠃    ᠮᠠᠨ ᠤ ᠠᠶᠢᠮᠠᠭ ᠲᠠᠷᠢᠶᠠᠨ ᠭᠠᠵᠠᠷ ᠪᠠ ᠠᠮᠤ ᠪᠤᠳᠠᠭᠠᠨ ᠤ ᠴᠢᠬᠤᠯᠠ ᠴᠢᠨᠠᠷ ᠢ ᠭᠦᠨᠵᠡᠭᠡᠶ ᠲᠠᠨᠢᠵᠤ᠂ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠲᠦᠷᠢᠮ ᠢ ᠬᠡᠷᠡᠭᠵᠢᠭᠦᠯᠵᠦ᠂ ᠦᠨᠳᠦᠷ ᠪᠠᠷᠢᠮᠵᠢᠶᠠᠳᠦ ᠲᠠᠷᠢᠶᠠᠨ ᠭᠠᠵᠠᠷ ᠤᠨ ᠪᠠᠶᠢᠭᠤᠯᠤᠯᠳᠠ ᠶᠢ ᠢᠳᠡᠪᠬᠢᠳᠡᠢ ᠠᠬᠢᠭᠤᠯᠪᠠ᠃ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠪᠠᠶᠢᠭᠤᠯᠤᠯᠲᠠ ᠪᠠᠷ ᠳᠡᠮᠵᠢᠨ᠂ ᠨᠢᠭᠡᠨᠲᠡ 730.62 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠠᠶᠢᠭᠤᠯᠵᠤ ᠳᠠᠭᠤᠰᠬᠠᠪᠠ᠃ 2023 ᠣᠨ ᠳᠤ᠂ ᠳᠡᠭᠡᠳᠦ ᠱᠠᠲᠤᠨ ᠠᠴᠠ ᠮᠠᠨ ᠤ ᠠᠶᠢᠮᠠᠭ ᠲᠤ ᠬᠤᠪᠢᠶᠠᠷᠢᠯᠠᠨ ᠥᠭᠭᠦᠭᠰᠡᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠶᠢᠭᠤᠯᠤᠯᠲᠠ ᠶᠢᠨ ᠡᠭᠦᠷᠭᠡ 71 ᠲᠦᠮᠡᠨ ᠮᠥ ᠪᠠᠶᠢᠵᠤ᠂ ᠲᠣᠰ ᠲᠣᠰ ᠶᠡᠷᠦ ᠶᠢᠨ ᠵᠠᠭᠪᠤᠷ᠂ ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠥᠷᠢᠯᠡᠬᠦ ᠵᠠᠭᠪᠤᠷ᠂ EPC ᠵᠠᠭᠪᠤᠷ ᠢ ᠬᠡᠷᠡᠭᠯᠡᠨ᠂ ᠤᠳᠤᠬᠠᠨ ᠳᠤ ᠡᠳᠡᠭᠡᠷ ᠡᠬᠦᠷᠭᠡ ᠶᠢ ᠨᠢᠭᠡᠨᠳᠡ ᠪᠦᠬᠦᠨ ᠢ ᠪᠦᠬᠦ ᠲᠠᠯ᠎ᠠ ᠪᠠᠷ ᠪᠠᠶᠡᠯᠡᠬᠦᠯᠦᠭᠰᠡᠨ ᠪᠠᠶᠢᠨ᠎ᠠ᠃
   ᠡᠭᠦᠨ ᠠᠴᠠ ᠭᠠᠳᠠᠨ᠎ᠠ᠂ ᠮᠠᠨ ᠤ ᠠᠶᠢᠮᠠᠭ ᠪᠠᠰᠠ ᠨᠡᠶᠢᠭᠡᠮ ᠤᠨ ᠬᠥᠷᠥᠩᠭᠡ ᠶᠢ ᠠᠰᠢᠭᠯᠠᠨ ︽EPC+ O︾ ᠵᠠᠭᠪᠤᠷ ᠤᠨ ᠬᠡᠯᠪᠡᠷᠢ ᠪᠠᠷ 20 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠠᠶᠢᠭᠤᠯᠪᠠ᠃ ᠡᠳᠡᠭᠡᠷ ᠠᠷᠭ᠎ᠠ ᠬᠡᠮᠵᠢᠶ᠎ᠠ ᠶᠢ ᠬᠡᠷᠡᠭᠵᠢᠬᠦᠯᠦᠭᠰᠡᠨ ᠨᠢ ᠮᠠᠨ ᠤ ᠠᠶᠢᠮᠠᠭ ᠤᠨ ᠲᠠᠷᠢᠶᠠᠨ ᠭᠠᠵᠠᠷ ᠤᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠮᠤ ᠪᠤᠳᠠᠭᠠᠨ ᠤ ᠤᠶᠢᠯᠡᠳᠪᠤᠷᠢᠯᠠᠯ ᠤᠨ ᠴᠢᠳᠠᠪᠤᠷᠢ ᠶᠢ ᠳᠡᠭᠡᠭᠰᠢᠯᠡᠭᠦᠯᠤᠨ᠂ ᠤᠯᠤᠰ ᠤᠨ ᠠᠮᠦ ᠪᠤᠳᠠᠭᠠᠨ ᠤ ᠠᠮᠤᠷ ᠲᠦᠪᠰᠢᠨ ᠢ ᠪᠠᠳᠤᠯᠠᠬᠤ ᠳᠤ ᠢᠳᠡᠪᠬᠢᠳᠡᠢ ᠬᠤᠪᠢ ᠨᠡᠮᠡᠷᠢ ᠦᠵᠡᠬᠦᠯᠬᠦ ᠪᠤᠯᠤᠨ᠎ᠠ᠃    ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠬᠠᠳᠠᠭᠠᠯᠠᠨ ᠬᠤᠷᠤᠭᠳᠠᠯ ᠢ ᠪᠠᠭᠠᠰᠬᠠᠨ᠎ᠠ    ︽ᠨᠢᠳᠤᠨᠤᠨ ᠵᠢᠯ ᠪᠢ ᠪᠤᠤ ᠱᠸᠤ ᠲᠠᠷᠢᠶᠠᠯᠠᠩ ᠤᠨ ᠲᠤᠰᠬᠠᠢ ᠬᠤᠷᠰᠢᠶ᠎ᠠ ᠲᠠᠢ 200 ᠮᠦ ᠡᠷᠳᠡᠨᠢ ᠰᠢᠰᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠪᠦᠬᠦ ᠶᠠᠪᠤᠴᠠ ᠶᠢ ᠨᠠᠶᠢᠳᠠᠨ ᠬᠠᠮᠢᠶᠠᠷᠤᠭᠤᠯᠬᠤ ᠵᠠᠬᠢᠶᠠᠯᠠᠭ᠎ᠠ ᠲᠤᠭᠳᠠᠭᠰᠠᠨ ᠪᠠᠶᠢᠨ᠎ᠠ᠂ ᠬᠤᠷᠢᠶᠠᠭᠰᠠᠨ ᠡᠷᠳᠡᠨᠢ ᠰᠢᠰᠢ ᠪᠠᠨ ᠰᠢᠭᠤᠳ ᠰᠠᠯᠬᠢᠨ ᠳᠤ ᠬᠠᠳᠠᠭᠠᠬᠤ ᠬᠦᠮᠦᠷᠭᠡ ᠳᠤ ᠤᠷᠤᠭᠤᠯᠵᠦ᠂ 5 — 7 ᠡᠳᠦᠷ ᠰᠠᠯᠬᠢᠨ ᠳᠤ ᠬᠠᠳᠠᠭᠠᠭᠠᠳ ᠰᠢᠭᠤᠳ ᠬᠤᠳᠠᠯᠳᠤᠭᠰᠠᠨ ᠪᠠᠶᠢᠨ᠎ᠠ᠃ ᠡᠨᠡ ᠨᠢ ᠮᠤ᠋ ᠪᠦᠷᠢ 140 — 150 ᠲᠦᠭᠦᠷᠢᠭ ᠢᠯᠡᠬᠦᠦ ᠬᠤᠳᠠᠯᠳᠤᠭᠰᠠᠨ ᠪᠠᠶᠢᠨ᠎ᠠ︾ ᠭᠡᠵᠦ ᠵᠠᠯᠠᠶᠢᠳ ᠬᠤᠰᠢᠭᠤᠨ ᠤ ᠢᠨᠳᠡᠷ ᠪᠠᠯᠭᠠᠰᠤᠨ ᠤ ᠵᠢᠤᠢ ᠪᠤᠤ ᠲᠤᠰᠬᠤᠨ ᠤ ᠯᠢᠤᠢ ᠳ᠋ᠦᠩ ᠯᠢᠨ ᠬᠡᠯᠡᠨ᠎ᠠ᠃ ᠤᠳᠤᠬᠠᠨ ᠳᠤ᠂ ᠰᠢᠨᠵᠢᠯᠡᠬᠦ ᠤᠬᠠᠭᠠᠨᠴᠢ ᠪᠠᠷ ᠠᠮᠦ ᠪᠤᠳᠠᠭ᠎ᠠ ᠬᠠᠳᠠᠭᠠᠯᠠᠬᠤ ᠨᠢ ᠲᠤᠰ ᠲᠤᠰᠬᠤᠨ ᠤ ᠰᠢᠨ᠎ᠡ ︽ᠬᠡᠪ ᠵᠠᠩᠰᠢᠯ︾ ᠪᠤᠯᠤᠭᠰᠠᠨ ᠪᠠᠶᠢᠨ᠎ᠠ᠃
   ᠬᠤᠬᠢᠷᠠᠯ ᠢ ᠪᠠᠭᠠᠰᠬᠠᠬᠤ ᠨᠢ ᠭᠠᠷᠤᠯᠲᠠ ᠪᠠᠨ ᠨᠡᠮᠡᠭᠳᠡᠭᠦᠯᠦᠭᠰᠡᠨ ᠲᠠᠢ ᠠᠳᠠᠯᠢ᠃ ᠪᠦᠷᠢᠳᠭᠡᠯ ᠢ ᠦᠨᠳᠦᠰᠦᠯᠡᠪᠡᠯ᠂ ᠦᠡᠭᠭᠡᠷᠡᠭᠰᠡᠨ ᠳᠤ ᠮᠠᠨ ᠤ ᠠᠶᠢᠮᠠᠭ ᠵᠢᠯ ᠪᠦᠷᠢ ᠶᠢᠨ ᠨᠠᠮᠤᠷ ᠤᠨ ᠰᠡᠭᠦᠯᠴᠢ ᠶᠢᠨ ᠠᠮᠤ ᠪᠤᠳᠠᠭ᠎ᠠ ᠬᠠᠳᠠᠭᠠᠯᠠᠵᠦ ᠨᠦᠭᠡᠴᠡᠯᠡᠬᠦ ᠭᠤᠭᠴᠤᠭ᠎ᠠ ᠶᠢᠨ ᠬᠤᠷᠤᠭᠳᠠᠯ ᠤᠨ ᠬᠡᠮᠵᠢᠶ᠎ᠠ 6% ᠠᠴᠠ 10% ᠶᠢ ᠡᠵᠡᠯᠡᠵᠦ᠂ ᠬᠤᠬᠢᠷᠠᠯ ᠤᠨ ᠬᠡᠮᠵᠢᠶ᠎ᠠ 12 ᠳ᠋ᠦᠩᠰᠢᠭᠤᠷ ᠲᠦᠭᠦᠷᠢᠭ ᠬᠦᠷᠦᠭᠰᠡᠨ ᠪᠠᠶᠢᠨ᠎ᠠ᠃ ᠭᠡᠪᠡᠴᠦ᠂ 2022 ᠤᠨ ᠳᠤ᠂ ᠮᠠᠨ ᠤ ᠠᠶᠢᠮᠠᠭ ᠬᠦᠷᠢᠶ᠎ᠠ ᠬᠠᠰᠢᠶᠠᠨ ᠳᠤ ᠪᠠᠨ ᠪᠤᠰᠤᠭ᠎ᠠ ᠬᠡᠯᠪᠡᠷᠢ ᠪᠠᠷ ᠠᠮᠦ ᠪᠤᠳᠠᠭ᠎ᠠ ᠬᠠᠳᠠᠭᠠᠯᠠᠬᠤ᠂ ᠲᠦᠪᠯᠡᠷᠡᠬᠦᠯᠤᠨ ᠠᠮᠦ ᠪᠤᠳᠠᠭ᠎ᠠ ᠬᠠᠳᠠᠭᠠᠯᠠᠬᠤ ᠴᠡᠭ ᠢ ᠵᠤᠬᠢᠰᠳᠠᠢ ᠪᠠᠶᠢᠭᠤᠯᠬᠤ ᠵᠡᠷᠭᠡ ᠠᠷᠭ᠎ᠠ ᠪᠠᠷ ᠲᠠᠮᠵᠢᠨ᠂ ︽ᠠᠮᠦ ᠪᠤᠳᠠᠭ᠎ᠠ ᠶᠢ ᠤᠷᠤᠯᠠᠨ ᠬᠠᠳᠠᠭᠠᠯᠠᠬᠤ︾ ᠵᠠᠭᠪᠤᠷ ᠵᠡᠷᠭᠡ ᠠᠯᠢ ᠤᠯᠠᠨ ᠰᠢᠨ᠎ᠡ ᠶᠢ ᠡᠬᠦᠳᠬᠦ ᠠᠷᠭ᠎ᠠ ᠬᠡᠮᠵᠢᠶ᠎ᠠ ᠶᠢ ᠰᠦᠪᠡᠭᠴᠢᠯᠡᠵᠦ᠂ ᠬᠤᠷᠢᠶᠠᠯᠳᠠ ᠶᠢᠨ ᠲᠠᠷᠠᠭᠠᠬᠢ ᠠᠮᠦ ᠪᠤᠳᠠᠭᠠᠨ ᠤ ᠬᠤᠷᠤᠭᠳᠠᠯ ᠢ ᠶᠡᠭᠡᠪᠡᠷ ᠪᠠᠭᠠᠰᠬᠠᠪᠠ᠃    ᠡᠲᠡᠭᠡᠷ ᠠᠷᠭ᠎ᠠ ᠬᠡᠮᠵᠢᠶ᠎ᠡ ᠪᠠᠷ ᠳᠡᠮᠵᠢᠨ᠂ ᠪᠥᠬᠦ ᠠᠶᠢᠮᠠᠭ 72 ᠳ᠋ᠦᠩᠰᠢᠭᠤᠷ ᠵᠢᠩ ᠡᠷᠳᠡᠨᠢ ᠰᠢᠰᠢ ᠶᠢ ᠰᠢᠨᠵᠢᠯᠡᠬᠦ ᠤᠬᠠᠭᠠᠨᠴᠢ ᠪᠠᠷ ᠠᠮᠵᠢᠯᠳᠠᠳᠠᠢ ᠬᠠᠳᠠᠭᠠᠯᠠᠵᠦ᠂ ᠲᠤᠬᠠᠢ ᠶᠢᠨ ᠵᠢᠯ ᠤᠨ ᠤᠨᠠᠯᠳᠠ ᠶᠢᠨ 60% ᠶᠢ ᠡᠵᠡᠯᠡᠪᠡ᠃ 5% ᠶᠢᠨ ᠬᠤᠷᠤᠭᠳᠠᠯ ᠤᠨ ᠨᠤᠷᠮ᠎ᠠ ᠪᠠᠷ ᠪᠤᠳᠤᠪᠠᠯ᠂ 3.6 ᠳ᠋ᠦᠩᠰᠢᠭᠤᠷ ᠵᠢᠩ ᠤᠨ ᠬᠤᠷᠤᠭᠳᠠᠯ ᠢ ᠪᠠᠭᠠᠰᠬᠠᠵᠦ᠂ ᠠᠮᠦ ᠪᠤᠳᠠᠭ᠎ᠠ ᠬᠠᠳᠠᠭᠠᠯᠠᠬᠤ ᠬᠤᠷᠤᠭᠳᠠᠯ ᠢ ᠪᠠᠷᠤᠭ 4 ᠳ᠋ᠦᠩᠰᠢᠭᠤᠷ ᠲᠥᠭᠦᠷᠢᠭ ᠪᠠᠭᠠᠰᠬᠠᠵᠠᠶ᠃ ᠡᠨᠡ ᠨᠢ ᠬᠤᠬᠢᠷᠠᠯ ᠢ ᠪᠠᠭᠠᠰᠬᠠᠬᠤ ᠬᠠᠷᠠᠯᠳᠠ ᠶᠢ ᠪᠡᠶᠡᠯᠡᠬᠦᠯᠦᠭᠰᠡᠨ ᠢᠶᠠᠷ ᠪᠠᠷᠠᠬᠤ ᠦᠭᠡᠢ᠂ ︽ᠤᠯᠤᠰ ᠤᠨ ᠠᠮᠦ ᠪᠤᠳᠠᠭᠠᠨ ᠤ ᠤᠨᠠᠯᠳᠠ ᠶᠢᠨ ᠲᠤᠮᠦ ᠰᠢᠶᠠᠨ︾ ᠤ ᠤᠨᠠᠯᠳᠠ ᠶᠢ ᠠᠷᠪᠢᠯᠠᠵᠤ ᠭᠠᠷᠭᠠᠭᠰᠠᠨ ᠲᠠᠢ ᠠᠳᠠᠯᠢ ᠶᠤᠮ᠃   ᠰᠢᠨᠵᠢᠯᠡᠭᠡ ᠮᠡᠷᠭᠡᠵᠢᠯ ᠢ ᠠᠰᠢᠭᠯᠠᠨ ᠦᠷ᠎ᠠ ᠠᠰᠢᠭ ᠢ ᠨᠡᠮᠡᠭᠳᠡᠬᠦᠯᠤᠨ᠎ᠠ    ︽ᠡᠲᠡᠭᠡᠷ ᠲᠤᠷᠰᠢᠯᠲᠠ ᠶᠢᠨ ᠲᠠᠷᠢᠮᠠᠯ ᠪᠤᠯ ᠪᠦᠷ ᠮᠠᠨ ᠤ ᠰᠤᠳᠤᠯᠤᠭᠴᠢ ᠨᠠᠷᠢᠨ ᠨᠢᠮᠪᠠᠢ ᠪᠤᠶᠢᠵᠢᠭᠤᠯᠤᠭᠰᠠᠨ ᠶᠤᠮ᠂ ᠲᠤᠷᠰᠢᠯᠲᠠ ᠶᠢᠨ ᠲᠠᠷᠢᠶᠠᠨ ᠤ ᠪᠦᠯᠬᠦᠮ ᠤᠨ ᠬᠢᠨ ᠬᠠᠮᠤᠭ ᠤᠨ ᠤᠯᠠᠨ ᠳᠠᠭᠠᠨ 8 ᠰᠤᠳᠤᠯᠤᠭᠴᠢ ᠲᠠᠢ᠂ ᠪᠢᠳᠡ ᠡᠨᠡᠬᠦ 100 ᠮᠦ ᠲᠠᠷᠢᠶᠠᠨ ᠤ ᠲᠠᠷᠢᠮᠠᠯ ᠳᠤ ᠤᠷᠭᠤᠯᠲᠠ ᠶᠢᠨ ᠰᠤᠳᠤᠯᠭᠠᠨ ᠬᠢᠨ᠎ᠠ᠃ 2023 ᠣᠨ ᠳᠤ᠂ ᠮᠠᠨ ᠤ ᠰᠤᠳᠤᠯᠭᠠᠨ ᠤ ᠭᠠᠵᠠᠷ ᠤᠨ ᠪᠡᠶ᠎ᠡ ᠪᠠᠨ ᠳᠠᠭᠠᠭᠠᠵᠤ ᠰᠤᠩᠭᠤᠨ ᠪᠤᠶᠢᠵᠢᠭᠤᠯᠤᠭᠰᠠᠨ ᠪᠠ ᠣᠷᠣᠭᠤᠯᠤᠨ ᠠᠪᠴᠢᠷᠠᠭᠰᠠᠨ ᠵᠡᠷᠯᠢᠭ ᠰᠢᠷ᠎ᠠ ᠪᠤᠷᠴᠠᠭ᠂ ᠥᠩᠭᠡᠲᠦ ᠪᠤᠭᠤᠳᠠᠢ᠂ ᠰᠠᠭᠠᠭ ᠤᠨ ᠦᠷ᠎ᠡ ᠵᠡᠷᠭᠡ ᠲᠤᠷᠰᠢᠯᠲᠠ ᠶᠢᠨ ᠮᠠᠲ᠋ᠧᠷᠢᠶᠠᠯ ᠨᠢ ᠬᠤᠪᠢᠯᠭᠠᠨ ᠤᠩᠭᠤᠴᠠ ᠠᠷᠪᠠᠨ ᠵᠢᠷᠭᠤᠳᠤᠭᠠᠷ ᠬᠦᠮᠦᠨ ᠰᠠᠭᠤᠯᠭᠠᠭᠰᠠᠨ ᠨᠢᠰᠬᠦ ᠤᠩᠭᠤᠴᠠ ᠶᠢ ᠲᠠᠭᠠᠨ ᠰᠠᠨᠰᠠᠷ ᠲᠤ ᠭᠠᠷᠤᠯ᠎ᠠ︾ ᠭᠡᠵᠤ ᠠᠶᠢᠮᠠᠭ ᠤᠨ ᠲᠠᠷᠢᠶᠠᠯᠠᠩ ᠮᠠᠯ ᠠᠵᠦ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠲᠠᠷᠢᠮᠠᠯ ᠤᠨ ᠦᠷ᠎ᠠ ᠪᠤᠶᠢᠵᠢᠭᠤᠯᠬᠤ ᠪᠠ ᠲᠠᠷᠢᠵᠦ ᠤᠷᠭᠤᠭᠤᠯᠬᠤ ᠰᠤᠳᠤᠯᠭᠠᠨ ᠤ ᠰᠠᠯᠠᠭ᠎ᠠ ᠶᠢᠨ ᠲᠠᠷᠤᠭ᠎ᠠ ᠭᠤᠤ ᠰᠢᠨ ᠮᠸᠢ ᠲᠠᠨᠢᠯᠴᠠᠭᠤᠯᠤᠨ ᠬᠡᠯᠡᠨ᠎ᠠ᠃    ︽ᠰᠠᠨᠰᠠᠷ ᠤᠨ ᠦᠷ᠎ᠠ︾ ᠪᠤᠯ ᠮᠠᠨ ᠤ ᠠᠶᠢᠮᠠᠭ ᠤᠨ ᠲᠠᠷᠢᠶᠠᠨ ᠦᠷ᠎ᠠ ᠪᠤᠶᠢᠵᠢᠭᠤᠯᠬᠤ ᠦᠢᠯᠡᠰ ᠤᠨ ᠬᠦᠭᠵᠢᠯᠳᠡ ᠶᠢᠨ ᠦᠷ᠎ᠠ ᠪᠦᠳᠦᠭᠡᠯ ᠪᠠ ᠬᠤᠷᠢᠶᠠᠩᠭᠤᠢ ᠲᠦᠷᠰᠦ ᠮᠦᠨ᠂ ᠮᠦᠨᠴᠤ ᠮᠠᠨ ᠤ ︽ᠬᠢᠩᠭᠠᠨ ᠤ ᠠᠮᠦ ᠪᠤᠳᠠᠭ᠎ᠠ︾ ᠶᠢᠨ ᠬᠦᠰᠡᠯ ᠡᠷᠡᠮᠡᠯᠵᠡᠯ ᠪᠤᠯᠤᠨ᠎ᠠ᠃ 2022 ᠣᠨ ᠤ ᠰᠡᠭᠦᠯᠴᠢ ᠪᠣᠯᠲᠠᠯ᠎ᠠ᠂ ᠮᠠᠨ ᠤ ᠠᠶᠢᠮᠠᠭ ᠤᠨ ᠬᠢᠨ ᠨᠢᠭᠡᠨᠳᠡ 126 ᠰᠢᠨ᠎ᠡ ᠲᠦᠷᠦᠯ ᠵᠦᠢᠯ ᠤᠨ ᠦᠷ᠎ᠠ ᠶᠢ ᠠᠮᠵᠢᠯᠲᠠ ᠲᠠᠢ ᠪᠤᠶᠢᠵᠢᠭᠤᠯᠵᠦ᠂ 2023 ᠣᠨ ᠳᠤ ᠠᠶᠢᠮᠠᠭ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠤᠷᠤᠨ ᠤ ᠤᠮᠠᠷᠠᠳᠦ ᠶᠢᠨ ᠬᠦᠢᠳᠡᠨ ᠭᠠᠵᠠᠷ ᠤᠨ ᠤᠰᠤᠨ ᠲᠤᠲᠤᠷᠭ᠎ᠠ ᠶᠢᠨ ᠡᠭᠦᠯᠳᠡᠷ ᠪᠤᠶᠢᠵᠢᠭᠤᠯᠬᠤ ᠰᠢᠨ᠎ᠡ ᠶᠢ ᠡᠬᠦᠳᠬᠦ ᠭᠤᠤᠯᠳᠠᠯᠭ᠎ᠠ ᠲᠠᠢ ᠲᠤᠷᠰᠢᠯᠳᠠ ᠶᠢᠨ ᠲᠠᠰᠤᠭ︾ ᠨᠢ ᠵᠥᠪᠰᠢᠶᠡᠷᠡᠯ ᠣᠯᠵᠤ᠂ ᠪᠥᠬᠦ ᠣᠷᠣᠨ ᠤ ᠴᠣᠷ ᠤᠨ ᠭᠠᠭᠴᠠ ᠤᠰᠤᠨ ᠲᠤᠲᠤᠷᠭ᠎ᠠ ᠶᠢᠨ ᠬᠦᠷᠢᠶᠡᠨ ᠳᠤ ᠠᠩᠬᠠᠷᠤᠯ ᠢᠶᠠᠨ ᠲᠦᠪᠯᠡᠷᠡᠬᠦᠯᠦᠭᠰᠡᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠪᠣᠯᠤᠭᠰᠠᠨ ᠪᠠᠶᠢᠨ᠎ᠠ᠃ ᠡᠬᠦᠨ ᠠᠴᠠ ᠭᠠᠳᠠᠨ᠎ᠠ᠂ ︽ᠬᠢᠩᠭᠠᠨ ᠠᠶᠢᠮᠠᠭ ᠤᠨ ᠰᠢᠷ᠎ᠠ ᠪᠤᠷᠴᠠᠭ ᠤᠨ ᠠᠮᠢᠳᠤ ᠪᠣᠳᠠᠰ ᠤᠨ ᠡᠭᠦᠯᠳᠡᠷ ᠪᠤᠶᠢᠵᠢᠭᠤᠯᠬᠤ ᠰᠠᠭᠤᠷᠢᠨ ᠭᠠᠵᠠᠷ︾ ᠴᠤ ᠵᠦᠪᠰᠢᠶᠡᠷᠡᠯ ᠤᠯᠵᠦ ᠪᠠᠶᠢᠭᠤᠯᠤᠭᠳᠠᠨ᠂ ᠪᠥᠬᠦ ᠣᠷᠣᠨ ᠤ ᠠᠩᠬᠠᠳᠠᠭᠴᠢ ᠰᠢᠷ᠎ᠠ ᠪᠤᠷᠴᠠᠭ ᠤᠨ ᠠᠮᠢᠳᠤ ᠪᠣᠳᠠᠰ ᠤᠨ ᠡᠭᠦᠯᠳᠡᠷ ᠪᠤᠶᠢᠵᠢᠭᠤᠯᠬᠤ ᠰᠠᠭᠤᠷᠢᠨ ᠭᠠᠵᠠᠷ ᠪᠣᠯᠤᠭᠰᠠᠨ ᠪᠠᠶᠢᠨ᠎ᠠ᠃
   ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠤᠷᠭᠠᠰᠦᠳᠠᠢ ᠰᠢᠶᠠᠩ ᠤᠨ ᠪᠦᠦ ᠠᠨ ᠲᠣᠰᠬᠤᠨ ᠤ ᠰᠢᠷ᠎ᠠ ᠪᠤᠷᠴᠠᠭ ᠲᠠᠷᠢᠬᠤ ᠰᠠᠭᠤᠷᠢᠨ ᠳᠤ ᠬᠦᠷᠬᠦ ᠳᠤ᠂ ᠲᠤᠰᠤᠯᠭᠠᠨ ᠤᠰᠤᠯᠠᠬᠤ ᠬᠤᠭᠤᠯᠠᠢ ᠨᠢ ᠮᠤᠷᠤᠯᠵᠠᠨ ᠰᠤᠨᠤᠯᠵᠠᠵᠦ᠂ 5000 ᠮᠤ᠋ ᠰᠢᠷ᠎ᠠ ᠪᠤᠷᠴᠠᠭ ᠤᠨ ᠳᠠᠷᠢᠶ᠎ᠠ ᠶᠢ ᠤᠰᠤᠯᠠᠵᠤ ᠪᠠᠶᠢᠯ᠎ᠠ᠃    ︽ᠲᠠᠷᠢᠬᠤ ᠦᠶᠡᠰ ᠡᠳᠡᠭᠡᠷ ᠳᠤᠰᠤᠯᠭᠠᠨ ᠤᠰᠤᠯᠠᠬᠤ ᠬᠤᠭᠤᠯᠠᠢ ᠶᠢ ᠲᠠᠷᠢᠶᠠᠨ ᠦᠷ᠎ᠠ ᠲᠠᠢ ᠬᠠᠮᠳᠦ ᠬᠦᠷᠦᠰᠦᠨ ᠳᠤ ᠪᠤᠯᠠᠵᠤ ᠤᠷᠤᠭᠤᠯᠳᠠᠭ᠃ ᠲᠣᠰᠣᠯᠭᠠᠨ ᠤᠰᠤᠯᠠᠬᠤ ᠬᠤᠭᠤᠯᠠᠶ ᠶᠢ ᠭᠠᠵᠠᠷ ᠳᠣᠣᠷ᠎ᠠ 3 — 4 ᠰᠠᠨᠲ᠋ᠢᠮᠧᠲᠷ ᠭᠦᠢᠬᠡᠨ ᠪᠤᠯᠠᠵᠤ᠂ 30 ᠰᠠᠨᠲ᠋ᠢᠮᠧᠲᠷ ᠤᠨ ᠣᠷᠴᠢᠮ ᠠᠯᠤᠰᠯᠠᠬᠤ ᠪᠦᠷᠢ ᠨᠢᠭᠡ ᠵᠢᠵᠢᠭ ᠨᠦᠬᠡ ᠲᠠᠢ ᠪᠠᠶᠢᠵᠦ᠂ ᠤᠰᠤ ᠪᠣᠯᠤᠨ ᠪᠣᠷᠳᠣᠭᠤᠷ ᠢ ᠲᠠᠷᠢᠮᠠᠯ ᠤᠨ ᠦᠨᠳᠦᠰᠦᠨ ᠳᠤ ᠰᠢᠭᠤᠳ ᠬᠦᠷᠭᠡᠳᠡᠭ ᠪᠤᠯᠬᠤᠷ ᠦᠷ᠎ᠠ ᠪᠦᠳᠦᠮᠵᠢ ᠰᠠᠶᠢᠳᠠᠢ᠂ ᠡᠯᠪᠡᠭ ᠬᠤᠷᠢᠶᠠᠯᠳᠠ ᠤᠯᠬᠤ ᠳᠤ ᠪᠠᠳᠤᠯᠠᠭ᠎ᠠ ᠲᠠᠢ ᠪᠤᠯᠭᠠᠵᠠᠢ︾ ᠭᠡᠵᠦ ᠡᠮᠦᠨᠡᠳᠦ ᠬᠤᠰᠢᠭᠤᠨ ᠤ ᠢᠤᠢ ᠹᠧᠩ ᠲᠠᠷᠢᠵᠦ ᠤᠷᠭᠤᠭᠤᠯᠬᠤ ᠲᠤᠰᠬᠠᠢ ᠬᠤᠷᠰᠢᠶ᠎ᠠ ᠶᠢᠨ ᠬᠡᠷᠡᠭ ᠡᠷᠬᠢᠯᠡᠭᠴᠢᠳ ᠤᠨ ᠲᠠᠷᠤᠭ᠎ᠠ ᠰᠢᠶᠤᠤ ᠬᠤᠢ ᠲᠠᠨᠢᠯᠴᠠᠭᠤᠯᠤᠨ ᠬᠡᠯᠡᠨ᠎ᠠ᠃    ᠣᠶᠢᠯᠠᠭᠠᠭᠰᠠᠨ ᠢᠶᠠᠷ᠂ ᠡᠮᠦᠨᠡᠲᠦ ᠬᠤᠰᠢᠭᠤ 2023 ᠣᠨ ᠳᠤ ᠥᠪᠡᠷᠲᠡᠭᠡᠨ ᠵᠠᠰᠠᠬᠤ ᠣᠷᠣᠨ ᠤ ᠰᠢᠷ᠎ᠠ ᠪᠤᠷᠴᠠᠭ ᠳᠠᠷᠢᠬᠤ ᠲᠣᠮᠣ ᠰᠢᠶᠠᠨ ᠢᠶᠠᠷ ᠵᠥᠪᠰᠢᠶᠡᠷᠡᠭᠳᠡᠵᠦ᠂ 5 ᠲᠦᠮᠡᠨ ᠮᠥ ᠰᠢᠷ᠎ᠠ ᠪᠤᠷᠴᠠᠭ ᠳᠠᠷᠢᠬᠤ ᠰᠠᠭᠤᠷᠢᠨ ᠭᠠᠵᠠᠷ ᠢ ᠪᠠᠶᠢᠭᠤᠯᠵᠤ᠂ ᠵᠢᠯ ᠳᠤ 1500 ᠲᠦᠮᠡᠨ ᠵᠢᠩ ᠰᠢᠷ᠎ᠠ ᠪᠤᠷᠴᠠᠭ ᠤᠨ ᠦᠷ᠎ᠡ ᠭᠠᠷᠬᠤ ᠪᠤᠯᠤᠨ᠎ᠠ᠃ ᠡᠬᠦᠨ ᠠᠴᠠ ᠭᠠᠳᠠᠨ᠎ᠠ᠂ ᠮᠠᠨ ᠤ ᠠᠶᠢᠮᠠᠭ ᠪᠠᠰᠠ ᠮᠢᠩᠭᠠᠨ ᠮᠦ ᠴᠢᠨᠠᠷ ᠰᠠᠶᠢᠲᠠᠢ ᠥᠨᠳᠥᠷ ᠦᠷ᠎ᠡ ᠠᠰᠢᠭᠳᠦ ᠠᠮᠤ ᠪᠤᠳᠠᠭ᠎ᠠ ᠶᠢ ᠨᠡᠮᠡᠭᠳᠡᠭᠦᠯᠬᠦ ᠵᠢᠱᠢᠶ᠎ᠡ ᠦᠵᠡᠭᠦᠯᠬᠦ ᠣᠷᠣᠨ ᠢ 12 ᠪᠠᠶᠢᠭᠤᠯᠵᠤ᠂ ᠡᠷᠳᠡᠨᠢ ᠰᠢᠰᠢ ᠶᠢ ᠨᠢᠭᠲᠠ ᠲᠠᠷᠢᠬᠤ ᠰᠢᠯᠢᠳᠡᠭ ᠡᠭᠦᠯᠳᠡᠷ᠂ ᠤᠰᠤᠨ ᠲᠤᠲᠤᠷᠭ᠎ᠠ ᠶᠢᠨ ᠴᠢᠬᠢᠭ ᠲᠠᠢ ᠪᠠᠷ ᠡᠭᠡᠯᠵᠢᠯᠡᠨ ᠤᠰᠤᠯᠠᠬᠤ ᠤᠰᠤ ᠠᠷᠪᠢᠯᠠᠬᠤ ᠵᠡᠷᠭᠡ ᠴᠢᠨᠠᠷ ᠰᠠᠶᠢᠲᠠᠢ ᠥᠨᠳᠥᠷ ᠦᠷ᠎ᠡ ᠠᠰᠢᠭ ᠲᠠᠢ ᠮᠡᠷᠭᠡᠵᠢᠯ ᠤᠨ ᠵᠠᠭᠪᠤᠷ ᠢ ᠲᠥᠪᠯᠡᠷᠡᠭᠦᠯᠤᠨ ᠳᠡᠯᠭᠡᠷᠡᠭᠦᠯᠵᠡᠢ᠃
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号