| ᠬᠢᠩᠭᠠᠨ ᠵᠠᠬᠢᠷᠭ᠎ᠠ ᠠᠯᠪᠠᠨ ᠲᠠᠷᠬᠠᠭᠠᠭᠰᠠᠨ ︹2023︺ 18 ᠳ᠋ᠤᠭᠠᠷ ᠲᠣᠭᠠᠲᠤ ᠡᠯ᠎ᠡ ᠬᠤᠰᠢᠭᠤ ᠰᠢᠶᠠᠨ | ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ ᠡᠯ᠎ᠡ ᠵᠥᠪᠯᠡᠯ᠂ ᠠᠯᠪᠠᠨ ᠬᠡᠷ᠂ | ᠲᠣᠪᠴᠢᠶ᠎ᠠ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠲᠦᠪ ᠦᠪᠡᠷᠳᠡᠭᠡᠨ ᠵᠠᠰᠠᠬᠤ ᠣᠷᠣᠨ ᠤ | ᠰᠢᠭᠤᠳ ᠬᠠᠷᠢᠶ᠎ᠠ ᠰᠢᠭᠤᠳ ᠬᠠᠮᠢᠶᠠᠷᠤᠯᠲᠠ ᠶᠢᠨ ᠨᠢᠭᠡᠴᠢ ᠳᠤ᠄ | ᠠᠶᠢᠮᠠᠭ ᠤᠨ ᠵᠠᠬᠢᠷᠭ᠎ᠠ ᠪᠠᠷ ᠵᠥᠪᠰᠢᠶᠡᠷᠡᠭᠦᠯᠦᠭᠡᠳ᠂ ᠡᠳᠦᠭᠡ ︽ᠬᠢᠩᠭᠠᠨ ᠠᠶᠢᠮᠠᠭ ᠤᠨ 12345 ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠬᠢᠭᠡᠳ 110 ᠲᠦᠭᠰᠢᠭᠦᠷᠢ | ᠮᠡᠳᠡᠭᠦᠯᠬᠦ ᠦᠢᠯᠡᠴᠢᠯᠡᠭᠡᠨ ᠤ ᠲᠠᠪᠴᠠᠩ ᠢ ᠵᠣᠯᠭᠠᠭᠤᠯᠵᠤ ᠬᠠᠮᠲᠤᠷᠠᠨ ᠬᠥᠳᠡᠯᠦᠯᠴᠡᠬᠦ ᠲᠥᠰᠦᠯ ︵ᠲᠤᠷᠰᠢᠨ | ᠬᠡᠷᠡᠭᠵᠢᠭᠦᠯᠬᠦ︶︾ ᠢ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ | ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ 2023 ᠣᠨ ᠤ 3 ᠰᠠᠷ᠎ᠠ ᠶᠢᠨ 15 ︵ᠲᠣᠰ ᠮᠠᠲ᠋ᠧᠷᠢᠶᠠᠯ ᠢ | ᠢᠯᠡ ᠨᠡᠶᠢᠲᠡᠯᠡᠨ᠎ᠡ︶ | ᠬᠢᠩᠭᠠᠨ ᠠᠶᠢᠮᠠᠭ ᠤᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ | ᠦᠵᠡᠭᠦᠯᠬᠦ ᠬᠠᠯᠠᠮᠰᠢᠯ ᠤᠲᠠᠰᠤ ᠬᠢᠭᠡᠳ 110 ᠲᠦᠭᠰᠢᠭᠦᠷᠢ ᠮᠡᠳᠡᠭᠦᠯᠬᠦ ᠦᠢᠯᠡᠴᠢᠯᠡᠭᠡᠨ ᠤ ᠲᠠᠪᠴᠠᠩ ᠢ | ᠵᠣᠯᠭᠠᠭᠤᠯᠵᠤ ᠬᠠᠮᠲᠤᠷᠠᠨ ᠬᠥᠳᠡᠯᠦᠯᠴᠡᠬᠦ ᠲᠥᠰᠦᠯ ︵ᠲᠤᠷᠰᠢᠨ ᠬᠡᠷᠡᠭᠵᠢᠭᠦᠯᠬᠦ︶ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠠᠷᠠᠳ ᠲᠤ ᠳᠥᠭᠦᠮ ᠦᠵᠡᠭᠦᠯᠬᠦ 12345 ᠬᠠᠯᠠᠭᠤᠨ ᠤᠲᠠᠰᠤ ︵ᠳᠣᠷᠣᠭᠰᠢ 12345 | ᠭᠡᠵᠦ ᠲᠣᠪᠴᠢᠯᠠᠨ᠎ᠠ︶ ᠪᠣᠯᠤᠨ 110 ᠲᠦᠭᠰᠢᠭᠦᠷᠢ ᠮᠡᠳᠡᠭᠦᠯᠬᠦ ᠦᠢᠯᠡᠴᠢᠯᠡᠭᠡᠨ ᠤ ᠲᠠᠪᠴᠠᠩ ︵ᠳᠣᠷᠣᠭᠰᠢ 110 | ᠭᠡᠵᠦ ᠲᠣᠪᠴᠢᠯᠠᠨ᠎ᠠ︶ ᠤᠨ ᠬᠠᠮᠵᠢᠯᠴᠠᠨ ᠦᠢᠯᠡᠴᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ | ᠲᠥᠯᠥᠭᠡ᠂ ᠨᠡᠶᠢᠭᠡᠮ ᠤᠨ ᠵᠠᠰᠠᠯᠲᠠ ᠶᠢᠨ ᠰᠢᠰᠲ᠋ᠧᠮᠵᠢ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠬᠤᠳᠠᠯᠳᠤᠭ᠎ᠠ | ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠦᠨ᠂ ᠦᠢᠯᠡᠴᠢᠯᠡᠭᠡᠨ ᠤ ᠬᠦᠴᠦᠨ ᠴᠢᠳᠠᠪᠤᠷᠢ ᠶᠢ ᠪᠥᠬᠦ ᠲᠠᠯ᠎ᠠ ᠪᠠᠷ | ᠳᠡᠭᠡᠭᠰᠢᠯᠡᠭᠦᠯᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠲᠢᠩᠬᠢᠮ ᠤᠨ ︽ᠥᠪᠡᠷᠲᠡᠭᠡᠨ ᠵᠠᠰᠠᠬᠤ ᠣᠷᠣᠨ ᠤ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠬᠢᠭᠡᠳ 110 ᠲᠦᠭᠰᠢᠭᠦᠷᠢ ᠮᠡᠳᠡᠭᠦᠯᠬᠦ ᠦᠢᠯᠡᠴᠢᠯᠡᠭᠡᠨ ᠤ | ᠲᠠᠪᠴᠠᠩ ᠢ ᠥᠨᠳᠥᠷ ᠦᠷ᠎ᠡ ᠪᠦᠲᠦᠮᠵᠢᠲᠡᠶ ᠪᠠᠷ ᠵᠣᠯᠭᠠᠭᠤᠯᠵᠤ ᠬᠠᠮᠲᠤᠷᠠᠨ ᠬᠥᠳᠡᠯᠦᠯᠴᠡᠬᠦ ᠶᠢ ᠠᠬᠢᠭᠤᠯᠬᠤ | ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ | ﹇2022﹈ 89 ᠳ᠋ᠦ᠋ᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ | ᠠᠶᠢᠮᠠᠭ ᠤᠨ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠲᠥᠰᠦᠯ ᠢ ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ | ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠵᠤ᠂ ᠠᠷᠠᠳ ᠲᠦᠮᠡᠨ ᠢᠶᠠᠷ ᠭᠤᠣᠯ | ᠪᠣᠯᠭᠠᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠲᠦᠷᠭᠡᠨ ᠬᠤᠪᠢᠷᠠᠭᠤᠯᠵᠤ᠂ | 12345 ᠪᠣᠯᠤᠨ 110 ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠬᠦ ᠪᠠᠷ ᠲᠠᠲᠠᠬᠤ ᠬᠦᠴᠦᠨ | ᠪᠣᠯᠭᠠᠵᠤ᠂ ᠲᠠᠪᠴᠠᠩ ᠤᠨ ᠲᠤᠭ᠎ᠠ ᠪᠠᠷᠢᠮᠲᠠ ᠶᠢ ᠣᠶᠤᠨᠴᠢ ᠪᠠᠷ ᠬᠡᠷᠡᠭᠯᠡᠬᠦ ᠪᠠᠷ ᠲᠤᠯᠭᠠᠭᠤᠷᠢᠯᠠᠯ ᠪᠣᠯᠭᠠᠵᠤ᠂ ᠰᠠᠯᠭᠠᠨ | ᠲᠣᠬᠢᠷᠠᠭᠤᠯᠬᠤ ᠬᠠᠮᠲᠤᠷᠠᠨ ᠬᠥᠳᠡᠯᠦᠯᠴᠡᠬᠦ ᠤᠴᠢᠷ ᠶᠠᠪᠤᠳᠠᠯ ᠢ ᠥᠨᠳᠥᠷ ᠦᠷ᠎ᠡ ᠪᠦᠲᠦᠮᠵᠢᠲᠡᠶ ᠪᠠᠷ | ᠰᠢᠢᠳᠪᠦᠷᠢᠯᠡᠬᠦ ᠪᠠᠷ ᠭᠤᠤᠯᠳᠠᠯᠭ᠎ᠠ ᠪᠣᠯᠭᠠᠵᠤ᠂ ︽ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠡᠭᠦᠷᠭᠡ | ᠬᠠᠷᠢᠭᠤᠴᠠᠯᠭ᠎ᠠ ᠨᠢ ᠲᠣᠳᠣᠷᠬᠠᠶ᠂ ᠳᠠᠪᠠᠭᠤᠯᠢᠭ ᠢᠶᠠᠷ ᠢᠶᠠᠨ ᠬᠠᠷᠢᠯᠴᠠᠨ ᠨᠥᠬᠦᠪᠥᠷᠢᠯᠡᠬᠦ᠂ ᠰᠢᠨᠵᠢᠯᠡᠬᠦ ᠤᠬᠠᠭᠠᠨ | ᠮᠡᠷᠭᠡᠵᠢᠯ ᠢᠶᠠᠷ ᠲᠤᠯᠭᠠᠭᠤᠷᠢᠯᠠᠭᠤᠯᠬᠤ᠂ ᠣᠯᠠᠨ ᠲᠦᠮᠡᠨ ᠳᠤ ᠦᠢᠯᠡᠴᠢᠯᠡᠬᠦ︾ ᠬᠠᠮᠲᠤᠷᠠᠨ ᠬᠥᠳᠡᠯᠦᠯᠴᠡᠬᠦ | ᠲᠣᠭᠲᠠᠴᠠ ᠶᠢ ᠪᠠᠶᠢᠭᠤᠯᠤᠨ᠂ ᠠᠷᠠᠳ ᠣᠯᠠᠨ ᠳᠤ ᠨᠠᠩ ᠲᠤᠰᠬᠠᠶ ᠮᠡᠷᠭᠡᠵᠢᠯ ᠤᠨ᠂ ᠳᠥᠭᠦᠮ ᠳᠥᠲᠡ᠂ ᠥᠨᠳᠥᠷ | ᠦᠷ᠎ᠡ ᠪᠦᠲᠦᠮᠵᠢ ᠲᠠᠢ ᠬᠠᠯᠠᠮᠰᠢᠯ ᠦᠢᠯᠡᠴᠢᠯᠡᠭᠡ ᠶᠢ ᠬᠠᠩᠭᠠᠵᠤ᠂ ᠵᠠᠰᠠᠭ ᠤᠨ ᠣᠷᠳᠣᠨ ᠤ ᠶᠠᠰᠤ ᠴᠢᠨᠠᠷ ᠪᠠ ᠬᠢᠷᠢ | ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ | ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠦᠨ᠎ᠡ᠃ | ᠬᠤᠶᠠᠷ᠂ ᠠᠵᠢᠯ ᠤᠨ ᠬᠠᠷᠠᠯᠲᠠ 2023 ᠣᠨ ᠤ 3 ᠰᠠᠷ᠎ᠠ ᠶᠢᠨ ᠰᠡᠭᠦᠯᠴᠢ ᠠᠴᠠ ᠡᠮᠦᠨ᠎ᠡ᠂ 12345 | ᠪᠣᠯᠤᠨ 110 ᠥᠨᠳᠥᠷ ᠪᠦᠲᠦᠮᠵᠢᠲᠡᠶ ᠵᠣᠯᠭᠠᠭᠤᠯᠬᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ | ᠪᠦᠬᠦᠯᠢ 24 ᠴᠠᠭ ᠤᠨ ᠳᠣᠲᠣᠷ᠎ᠠ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠬᠦᠯᠢᠶᠡᠨ ᠠᠪᠴᠤ ᠰᠢᠢᠳᠪᠦᠷᠢᠯᠡᠵᠦ | ᠂ ᠬᠠᠷᠢᠭᠤᠴᠠᠯᠭ᠎ᠠ ᠶᠢᠨ ᠬᠤᠪᠢᠶᠠᠷᠢᠯᠠᠯ ᠢ ᠲᠣᠳᠣᠷᠬᠠᠶᠢᠯᠠᠵᠤ᠂ ᠥᠪᠡᠷ ᠥᠪᠡᠷ ᠤᠨ ᠡᠭᠦᠷᠭᠡ ᠴᠢᠳᠠᠪᠤᠷᠢ ᠪᠠᠨ | ᠪᠠᠳᠠᠷᠠᠭᠤᠯᠵᠤ᠂ ᠪᠠᠴᠢᠮ ᠪᠤᠰᠤ ᠲᠥᠷᠥᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠤᠮᠣᠳᠠᠯ ᠱᠠᠭᠠᠷᠳᠠᠯᠭ᠎ᠠ | ᠪᠠ ᠴᠠᠭᠳᠠᠭᠠᠨ ᠤ ᠶᠠᠪᠤᠳᠠᠯ ᠤᠨ ᠲᠥᠷᠥᠯ ᠤᠨ ᠵᠦᠢᠯᠡᠰ ᠢ ᠰᠠᠯᠭᠠᠨ ᠵᠠᠰᠠᠭ ᠤᠨ ᠣᠷᠳᠣᠨ ᠤ ᠬᠠᠮᠢᠶᠠᠷᠤᠯᠲᠠ ᠪᠠ | ᠦᠢᠯᠡᠴᠢᠯᠡᠭᠡ ᠳᠤ ᠬᠤᠯᠪᠣᠭᠳᠠᠭᠰᠠᠨ ᠪᠠᠴᠢᠮ ᠪᠤᠰᠤ ᠭᠤᠮᠣᠳᠠᠯ ᠱᠠᠭᠠᠷᠳᠠᠯᠭ᠎ᠠ ᠶᠢ ᠨᠢᠭᠡᠳᠦᠯᠲᠡᠶ ᠲᠥᠯᠥᠪᠯᠡᠨ | ᠰᠢᠢᠳᠪᠦᠷᠢᠯᠡᠵᠦ᠂ ᠰᠠᠯᠠᠭ᠎ᠠ ᠮᠥᠴᠢᠷ ᠤᠨ ᠥᠨᠳᠥᠷ ᠪᠦᠲᠦᠮᠵᠢᠲᠡᠶ ᠪᠠᠷ ᠬᠠᠮᠵᠢᠯᠴᠠᠨ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠶᠢ ᠲᠦᠯᠬᠢᠨ ᠠᠬᠢᠭᠤᠯᠵᠤ᠂ 110 ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ | ᠶᠣᠰᠣᠭᠠᠷ ᠴᠣᠬᠢᠯᠲᠠ ᠥᠭᠴᠦ ᠪᠠᠴᠢᠮ ᠪᠠᠶᠢᠳᠠᠯ ᠠᠶᠤᠯ ᠲᠦᠭᠰᠢᠭᠦᠷᠢ ᠴᠠᠭᠳᠠᠭᠠᠨ ᠤ ᠪᠠᠶᠢᠳᠠᠯ ᠢ ᠴᠠᠭ ᠲᠤᠬᠠᠶ ᠳᠤᠨᠢ | ᠰᠢᠢᠳᠪᠦᠷᠢᠯᠡᠵᠦ᠂ ᠨᠡᠶᠢᠭᠡᠮ ᠤᠨ ᠠᠮᠤᠷ ᠲᠦᠪᠰᠢᠨ ᠡᠮᠬᠢ ᠵᠢᠷᠤᠮ ᠢ ᠨᠡᠩ ᠰᠠᠶᠢᠲᠤᠷ ᠬᠠᠮᠠᠭᠠᠯᠠᠬᠤ ᠠᠵᠢᠯ ᠤᠨ | ᠪᠠᠶᠢᠷᠢᠰᠢᠯ ᠢ ᠪᠤᠢ ᠪᠣᠯᠭᠠᠵᠤ᠂ ᠤᠯᠠᠨ ᠲᠦᠮᠡᠨ ᠤ ᠨᠡᠩ ᠲᠤᠰᠬᠠᠶ ᠮᠡᠷᠭᠡᠵᠢᠯ ᠤᠨ ᠲᠦᠷᠭᠡᠨ ᠦᠢᠯᠡᠴᠢᠯᠡᠭᠡ | ᠬᠦᠷᠳᠡᠬᠦ ᠶᠢ ᠦᠨᠡᠨ ᠬᠦ ᠪᠠᠲᠤᠯᠠᠨ᠎ᠠ᠃ 2023 ᠣᠨ ᠤ 8 ᠰᠠᠷ᠎ᠠ ᠶᠢᠨ ᠰᠡᠭᠦᠯᠴᠢ ᠠᠴᠠ ᠡᠮᠦᠨ᠎ᠡ᠂ 12345 | ᠪᠣᠯᠤᠨ 110 ᠲᠠᠪᠴᠠᠩ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠵᠦ᠂ ᠬᠠᠮᠢᠶ᠎ᠠ | ᠪᠥᠬᠦᠶ ᠳ᠋ᠠᠶᠢᠲ᠋ᠠ ᠶᠢᠨ ᠡᠬᠢ ᠪᠠᠶᠠᠯᠢᠭ ᠢ ᠬᠠᠮᠲᠤᠪᠠᠷ ᠡᠳ᠋ᠯᠡᠵᠦ᠂ ᠵᠣᠯᠭᠠᠭᠤᠯᠵᠤ ᠬᠤᠯᠪᠣᠭᠠᠯᠠᠨ ᠬᠥᠳᠡᠯᠦᠯᠴᠡᠬᠦ | ᠠᠵᠢᠯ ᠤᠨ ᠵᠢᠷᠤᠮᠵᠢᠯᠲᠠ᠂ ᠪᠠᠷᠢᠮᠵᠢᠶᠠᠵᠢᠯᠲᠠ᠂ ᠲᠤᠰᠬᠠᠶᠢᠵᠢᠯᠲᠠ᠂ ᠤᠶᠤᠨᠴᠢᠯᠠᠯᠲᠠ ᠶᠢᠨ ᠬᠢᠷᠢ ᠲᠦᠪᠰᠢᠨ ᠢ ᠪᠥᠬᠦ | ᠲᠠᠯ᠎ᠠ ᠪᠠᠷ ᠳᠡᠭᠡᠭᠰᠢᠯᠡᠭᠦᠯᠦᠨ᠎ᠡ᠃ | ᠭᠤᠷᠪᠠ᠂ ᠬᠠᠷᠢᠯᠴᠠᠬᠤ ᠪᠦᠷᠢᠯᠳᠦᠬᠦᠨ | ︵ᠨᠢᠭᠡ︶ 12345 ᠬᠤᠯᠪᠣᠭᠠᠯᠠᠨ ᠬᠥᠳᠡᠯᠦᠯᠴᠡᠬᠦ ᠪᠦᠷᠢᠯᠳᠦᠬᠦᠨ ᠨᠢ ᠠᠶᠢᠮᠠᠭ ᠤᠨ ᠵᠠᠰᠠᠭ ᠵᠠᠬᠢᠷᠭᠠᠨ ᠤ | ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ 12345 ᠬᠠᠯᠠᠮᠰᠢᠯ | ᠤᠲᠠᠰᠤ ᠶᠢᠨ ᠠᠵᠢᠯ ᠢ ᠬᠤᠪᠢᠳᠠᠨ ᠬᠠᠮᠢᠶᠠᠷᠬᠤ ᠤᠳᠤᠷᠢᠳᠤᠯᠭ᠎ᠠ ᠶᠢ ᠬᠠᠷᠢᠭᠤᠴᠠᠵᠤ᠂ ᠠᠶᠢᠮᠠᠭ ᠤᠨ 12345 | ᠬᠠᠯᠠᠮᠰᠢᠯ ᠤᠲᠠᠰᠤ ᠶᠢᠨ ᠬᠠᠮᠢᠶᠠᠷᠤᠯᠲᠠ ᠶᠢᠨ ᠲᠥᠪ ᠤᠨ ᠬᠠᠷᠢᠭᠤᠴᠠᠯᠭᠠᠲᠠᠨ ᠵᠢᠴᠢ ᠡᠯ᠎ᠡ ᠬᠤᠰᠢᠭᠤ ᠰᠢᠶᠠᠨ | ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ 12345 ᠬᠠᠯᠠᠮᠰᠢᠯ ᠤᠲᠠᠰᠤ ᠶᠢᠨ | ᠠᠵᠢᠯ ᠢ ᠬᠤᠪᠢᠳᠠᠨ ᠬᠠᠮᠢᠶᠠᠷᠬᠤ ᠤᠳᠤᠷᠢᠳᠤᠯᠭ᠎ᠠ ᠶᠢ ᠬᠠᠷᠢᠭᠤᠴᠠᠨ᠎ᠠ᠃ | ︵ᠬᠤᠶᠠᠷ︶ 110 ᠬᠤᠯᠪᠣᠭᠠᠯᠠᠨ ᠬᠥᠳᠡᠯᠦᠯᠴᠡᠬᠦ ᠪᠦᠷᠢᠯᠳᠦᠬᠦᠨ ᠨᠢ ᠠᠶᠢᠮᠠᠭ ᠤᠨ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ ᠶᠢᠨ 110 ᠠᠵᠢᠯ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ 110 ᠪᠠᠶᠢᠳᠠᠯ ᠤᠨ | ᠵᠢᠭᠠᠯᠲᠠ ᠲᠤᠭ᠎ᠠ ᠶᠢᠨ ᠲᠥᠪ ᠤᠨ ᠬᠠᠷᠢᠭᠤᠴᠠᠯᠭᠠᠲᠠᠨ᠂ 110 ᠴᠠᠭᠳᠠᠭ᠎ᠠ ᠶᠢ ᠭᠥᠯᠢᠶᠡᠨ ᠠᠪᠬᠤ ᠥᠷᠲᠡᠭᠡ ᠶᠢᠨ | ᠡᠯ᠎ᠡ ᠳᠤᠭᠤᠶᠢᠯᠠᠩ ᠤᠨ ᠬᠠᠷᠢᠭᠤᠴᠠᠯᠭᠠᠲᠠᠨ ᠵᠢᠴᠢ ᠡᠯ᠎ᠡ ᠬᠤᠰᠢᠭᠤ ᠰᠢᠶᠠᠨ ᠬᠤᠲᠠ ᠶᠢᠨ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ ᠶᠢᠨ ᠪᠠᠶᠢᠳᠠᠯ ᠤᠨ ᠵᠢᠭᠠᠯᠲᠠ ᠲᠤᠭ᠎ᠠ ᠶᠢᠨ ᠲᠥᠪ ᠤᠨ ᠬᠠᠷᠢᠭᠤᠴᠠᠯᠭᠠᠲᠠᠨ ᠪᠣᠯᠤᠨ᠎ᠠ᠃ | ᠳᠥᠷᠪᠡ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ 12345 ᠭᠥᠯᠢᠶᠡᠨ ᠠᠪᠴᠤ ᠰᠢᠢᠳᠪᠦᠷᠢᠯᠡᠬᠦ | ᠬᠡᠪᠴᠢᠶ᠎ᠡ᠄ ᠠᠵᠤ ᠠᠬᠤᠶᠢᠯᠠᠯ ᠪᠠ ᠣᠯᠠᠨ ᠲᠦᠮᠡᠨ ᠤ ᠠᠵᠤ ᠠᠬᠤᠶ ᠶᠢᠨ ᠲᠣᠬᠢᠷᠠᠭᠤᠯᠤᠯᠲᠠ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ᠂ ᠨᠡᠶᠢᠭᠡᠮ ᠤᠨ ᠬᠠᠮᠢᠶᠠᠷᠤᠯᠲᠠ᠂ ᠣᠯᠠᠨ ᠨᠡᠶᠢᠲᠡ ᠶᠢᠨ ᠦᠢᠯᠡᠴᠢᠯᠡᠭᠡ᠂ ᠠᠮᠢ ᠠᠬᠤᠶ ᠶᠢᠨ | ᠣᠷᠴᠢᠨ ᠨᠥᠬᠦᠴᠡᠯ ᠤᠨ ᠬᠠᠮᠠᠭᠠᠯᠠᠯᠲᠠ ᠵᠡᠷᠭᠡ ᠬᠦᠷᠢᠶᠡᠨ ᠳᠠᠬᠢ ᠵᠥᠪᠯᠡᠯᠭᠡ᠂ ᠪᠠᠴᠢᠮ ᠪᠤᠰᠤ ᠲᠤᠰᠠᠯᠠᠮᠵᠢ | ᠭᠤᠶᠤᠴᠢᠯᠠᠬᠤ᠂ ᠵᠠᠭᠠᠯᠳᠤᠬᠤ᠂ ᠢᠯᠡᠴᠢᠯᠡᠨ ᠮᠡᠳᠡᠭᠦᠯᠬᠦ ᠪᠠ ᠰᠠᠨᠠᠯ ᠰᠠᠨᠠᠭᠤᠯᠭ᠎ᠠ ᠵᠡᠷᠭᠡ᠃ ᠵᠠᠷᠭᠤᠯᠳᠤᠬᠤ᠂ | ᠬᠥᠨᠳᠡᠯᠡᠨ ᠠᠴᠠ ᠲᠠᠰᠤᠯᠬᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠵᠠᠰᠠᠭ ᠵᠠᠬᠢᠷᠭᠠᠨ ᠢᠶᠠᠷ ᠳᠠᠬᠢᠨ | ᠵᠥᠪᠯᠡᠬᠦ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠵᠡᠷᠭᠡ ᠵᠢᠷᠤᠮ ᠢᠶᠠᠷ ᠳᠠᠮᠵᠢᠭᠤᠯᠤᠨ | ᠰᠢᠢᠳᠪᠦᠷᠢᠯᠡᠬᠦ ᠵᠦᠢᠯᠡᠰ᠂ ᠨᠢᠭᠡᠨᠲᠡ ᠵᠠᠬᠢᠳᠠᠯ ᠰᠤᠷᠪᠤᠯᠵᠢᠯᠠᠭ᠎ᠠ ᠶᠢᠨ ᠠᠷᠭ᠎ᠠ ᠵᠠᠮ ᠳᠤ ᠤᠷᠤᠭᠰᠠᠨ ᠵᠦᠢᠯᠡᠰ ᠵᠢᠴᠢ | ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ᠂ ᠬᠤᠪᠢ ᠬᠥᠮᠦᠨ ᠤ ᠨᠢᠭᠤᠴᠠ ᠪᠠ ᠨᠡᠶᠢᠭᠡᠮ ᠨᠡᠶᠢᠲᠡ ᠶᠢᠨ | ᠡᠮᠬᠢ ᠵᠢᠷᠤᠮ ᠪᠠ ᠬᠡᠪ ᠵᠠᠩᠰᠢᠯ ᠠᠴᠠ ᠵᠥᠷᠢᠴᠡᠭᠰᠡᠨ ᠵᠦᠢᠯᠡᠰ ᠵᠡᠷᠭᠡ ᠶᠢ ᠬᠦᠯᠢᠶᠡᠨ ᠠᠪᠴᠤ ᠰᠢᠢᠳᠪᠦᠷᠢᠯᠡᠬᠦ | ᠬᠡᠪᠴᠢᠶᠡᠨ ᠳᠤ ᠣᠷᠣᠭᠤᠯᠬᠤ ᠦᠭᠡᠢ᠃ | 110 ᠬᠦ᠋ᠯᠢᠶᠡᠨ ᠠᠪᠴᠤ ᠰᠢᠢᠳᠪᠦᠷᠢᠯᠡᠬᠦ ᠬᠡᠪᠴᠢᠶ᠎ᠡ᠄ ᠡᠷᠡᠭᠦᠦ ᠶᠢᠨ ᠬᠡᠷᠡᠭ ᠤᠨ ᠲᠦᠷᠦᠯ ᠤᠨ ᠴᠠᠭᠳᠠᠭ᠎ᠠ ᠶᠢᠨ | ᠪᠠᠶᠢᠳᠠᠯ᠂ ᠠᠮᠤᠷ ᠢ ᠬᠠᠮᠠᠭᠠᠯᠠᠬᠤ ᠲᠦᠷᠦᠯ ᠤᠨ ᠴᠠᠭᠳᠠᠭ᠎ᠠ ᠶᠢᠨ ᠪᠠᠶᠢᠳᠠᠯ᠂ ᠵᠠᠮ ᠬᠠᠷᠢᠯᠴᠠᠭᠠᠨ ᠤ ᠲᠦᠷᠦᠯ ᠤᠨ | ᠴᠠᠭᠳᠠᠭ᠎ᠠ ᠶᠢᠨ ᠪᠠᠶᠢᠳᠠᠯ᠂ ᠬᠥᠮᠦᠨ ᠤ ᠪᠡᠶ᠎ᠡ ᠮᠠᠬᠠᠪᠣᠳ ᠪᠠ ᠡᠳ᠋ ᠬᠦ᠋ᠷᠦᠩᠭᠡ ᠶᠢᠨ ᠠᠮᠤᠷ ᠲᠦᠪᠰᠢᠨ ᠪᠤᠶᠤ | ᠨᠡᠶᠢᠭᠡᠮ ᠤᠨ ᠠᠮᠤᠷ ᠲᠦᠪᠰᠢᠨ ᠤ ᠡᠮᠬᠢ ᠵᠢᠷᠤᠮ ᠳᠤ ᠠᠶᠤᠯ ᠬᠥᠨᠥᠭᠡᠯ ᠤᠴᠠᠷᠠᠭᠤᠯᠤᠭᠰᠠᠨ ᠬᠠᠮᠲᠤᠯᠢᠭ ᠤᠨ | ᠴᠢᠨᠠᠷᠲᠠᠶ ᠬᠡᠷᠡᠭ ᠵᠢᠴᠢ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠤᠯᠪᠣᠭᠳᠠᠬᠤ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠪᠠᠷ ᠰᠢᠢᠳᠪᠦᠷᠢᠯᠡᠭᠦᠯᠬᠦ ᠴᠢᠬᠤᠯᠠᠲᠠᠶ ᠪᠤᠰᠤᠳ ᠴᠠᠭᠳᠠᠭ᠎ᠠ ᠶᠢᠨ ᠮᠡᠳᠡᠭᠡ︔ ᠤᠯᠠᠨ | ᠨᠡᠶᠢᠲᠡ ᠶᠢᠨ ᠲᠥᠬᠦᠭᠡᠷᠦᠮᠵᠢ ᠶᠢᠨ ᠲᠦᠭᠰᠢᠭᠦᠷᠢᠲᠦ ᠪᠠᠶᠢᠳᠠᠯ᠂ ᠭᠠᠶ ᠭᠠᠮᠰᠢᠭ ᠤᠨ ᠡ᠊ᠨᠳᠡᠯ ᠵᠢᠴᠢ ᠬᠥᠮᠦᠨ ᠤ ᠪᠡᠶ᠎ᠡ | ᠮᠠᠬᠠᠪᠣᠳ ᠪᠠ ᠡᠳ᠋ ᠬᠦᠷᠦᠩᠭᠡ ᠶᠢᠨ ᠠᠮᠤᠷ ᠲᠦᠪᠰᠢᠨ᠂ ᠤᠯᠠᠨ ᠨᠡᠶᠢᠲᠡ ᠶᠢᠨ ᠠᠮᠤᠷ ᠲᠦᠪᠰᠢᠨ ᠳᠤ ᠠᠶᠤᠯ | ᠬᠥᠨᠥᠭᠡᠯ ᠤᠴᠠᠷᠠᠭᠤᠯᠬᠤ ᠵᠡᠷᠭᠡ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠣᠷᠣᠯᠴᠠᠵᠤ ᠰᠢᠢᠳᠪᠦᠷᠢᠯᠡᠬᠦ | ᠴᠢᠬᠤᠯᠠᠲᠠᠶ ᠪᠤᠰᠤᠳ ᠪᠠᠴᠢᠮ ᠲᠤᠰᠠᠯᠠᠮᠵᠢ ᠭᠤᠶᠤᠴᠢᠯᠠᠬᠤ︔ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠵᠢᠴᠢ | ᠠᠷᠠᠳ ᠤᠨ ᠴᠠᠭᠳᠠᠭ᠎ᠠ ᠶᠢᠨ ᠶᠠᠭ ᠡᠭᠦᠰᠴᠦ ᠪᠠᠶᠢᠭ᠎ᠠ ᠬᠠᠤᠯᠢ ᠰᠠᠬᠢᠯᠭ᠎ᠠ ᠶᠢ ᠵᠥᠷᠢᠴᠡᠭᠰᠡᠨ ᠪᠤᠶᠤ | ᠬᠠᠷᠢᠭᠤᠴᠠᠯᠭ᠎ᠠ ᠪᠠᠨ ᠠᠯᠳᠠᠭᠰᠠᠨ ᠠᠵᠢᠯᠯᠠᠭ᠎ᠠ ᠶᠢᠨ ᠲᠤᠬᠠᠶ ᠵᠠᠭᠠᠯᠳᠤᠯᠭ᠎ᠠ᠃ | ᠲᠠᠪᠤ᠂ ᠠᠵᠢᠯ ᠤᠨ ᠲᠣᠭᠲᠠᠴᠠ | 1. ᠬᠤᠪᠢᠶᠠᠷᠢ ᠡᠷᠭᠢᠯᠲᠡ ᠶᠢᠨ ᠠᠯᠪᠠᠨ ᠬᠡᠷ ᠤᠨ ᠲᠣᠭᠲᠠᠴᠠ᠃ 12345 ᠪᠤᠶᠤ 110 ᠤᠲᠠᠰᠤ ᠪᠠᠷ | ᠨᠦᠬᠦᠭᠡ ᠡᠲᠡᠭᠡᠳ ᠤᠨ ᠢᠶᠠᠨ ᠬᠦᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠬᠠᠷᠢᠶᠠᠯᠠᠭᠳᠠᠬᠤ ᠵᠦᠢᠯᠡᠰ ᠢ | ᠬᠦᠯᠢᠶᠡᠨ ᠠᠪᠤᠭᠰᠠᠨ ᠪᠠᠶᠢᠪᠠᠯ᠂ ᠨᠢᠭᠡ ᠲᠣᠪᠴᠢ ᠪᠠᠷ ᠳᠠᠮᠵᠢᠭᠤᠯᠤᠨ ᠵᠠᠯᠭᠠᠬᠤ ᠬᠡᠯᠪᠡᠷᠢ ᠪᠠᠷ ᠨᠦᠬᠦᠭᠡ | ᠡᠲᠡᠭᠡᠳ ᠲᠡᠭᠡᠨ ᠴᠠᠭ ᠲᠤᠬᠠᠶ ᠳᠤᠨᠢ ᠰᠢᠯᠵᠢᠭᠦᠯᠦᠨ ᠥᠭᠴᠦ ᠬᠦᠯᠢᠶᠡᠨ ᠠᠪᠴᠤ ᠰᠢᠢᠳᠪᠦᠷᠢᠯᠡᠭᠦᠯᠦᠨ᠎ᠡ᠃ | ᠬᠠᠷᠢᠭᠤᠴᠠᠯᠭ᠎ᠠ ᠲᠠᠢ ᠨᠢᠭᠡᠴᠢ ᠨᠢ ᠲᠣᠳᠣᠷᠬᠠᠶ ᠦᠭᠡᠶ ᠪᠤᠶᠤ ᠲᠤᠰᠢᠶᠠᠯ ᠬᠠᠷᠢᠭᠤᠴᠠᠯᠭ᠎ᠠ ᠨᠢ ᠰᠣᠯᠪᠢᠴᠠᠵᠤ ᠪᠠᠶᠢᠪᠠᠯ᠂ | ᠭᠤᠷᠪᠠᠨ ᠲᠠᠯ᠎ᠠ ᠶᠢᠨ ᠤᠲᠠᠰᠤ ᠪᠠᠷ ᠶᠠᠷᠢᠯᠴᠠᠬᠤ ︵ᠭᠤᠮᠣᠳᠠᠯ ᠲᠣᠭᠠᠴᠢᠭᠰᠠᠨ ᠲᠠᠯ᠎ᠠ᠂ 110᠂ 12345︶ | ᠠᠷᠭ᠎ᠠ ᠮᠠᠶ᠋ᠢᠭ ᠢᠶᠠᠷ ᠪᠣᠳᠠᠲᠠᠶ ᠭᠤᠮᠣᠳᠠᠯ ᠲᠣᠭᠠᠴᠢᠯᠲᠠ ᠶᠢ ᠣᠶᠢᠯᠠᠭᠠᠭᠰᠠᠨ ᠤ ᠲᠠᠷᠠᠭ᠎ᠠ᠂ 12345 ᠪᠣᠯᠤᠨ | 110 ᠪᠠᠷ ᠬᠦᠯᠢᠶᠠᠨ ᠠᠪᠴᠤ ᠰᠢᠢᠳᠪᠦᠷᠢᠯᠡᠬᠦ ᠲᠠᠪᠴᠠᠩ ᠢ ᠵᠥᠪᠳᠡᠯᠴᠡᠨ ᠲᠣᠭᠲᠠᠭᠠᠵᠤ ᠪᠣᠯᠤᠨ᠎ᠠ᠂ | ᠵᠥᠪᠳᠡᠯᠴᠡᠭᠰᠡᠨ ᠤ ᠲᠠᠷᠠᠭ᠎ᠠ ᠮᠥᠨ ᠲᠣᠭᠲᠠᠭᠠᠬᠤ ᠶᠢᠨ ᠠᠷᠭ᠎ᠠ ᠦᠭᠡᠢ ᠪᠠᠶᠢᠪᠠᠯ᠂ ᠤᠷᠢᠳᠠᠪᠠᠷ ᠠᠵᠤ ᠠᠬᠤᠶᠢᠯᠠᠯ ᠪᠠ | ᠤᠯᠠᠨ ᠲᠦᠮᠡᠨ ᠤ ᠭᠤᠮᠣᠳᠠᠯ ᠲᠣᠭᠠᠴᠢᠯᠲᠠ ᠶᠢ ᠣᠯᠤᠭᠰᠠᠨ ᠲᠠᠪᠴᠠᠩ ᠠᠴᠠ ᠤᠷᠢᠳ ᠢᠶᠠᠷ ᠬᠦᠯᠢᠶᠠᠨ ᠠᠪᠴᠤ | ᠰᠢᠢᠳᠪᠦᠷᠢᠯᠡᠨ᠎ᠡ᠂ ᠬᠡᠷᠪᠡ ᠬᠥᠮᠦᠨ ᠤ ᠪᠡᠶ᠎ᠡ ᠮᠠᠬᠠᠪᠣᠳ ᠪᠠ ᠡᠳ᠋ ᠬᠦᠷᠦᠩᠭᠡ ᠶᠢᠨ ᠠᠮᠤᠷ ᠲᠦᠪᠰᠢᠨ᠂ ᠤᠯᠠᠨ | ᠨᠡᠶᠢᠲᠡ ᠶᠢᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠬᠤ ᠪᠠᠴᠢᠮ ᠪᠠᠶᠢᠳᠠᠯ ᠣᠷᠣᠰᠢᠵᠤ ᠪᠠᠶᠢᠪᠠᠯ᠂ | 110 ᠪᠠᠷ ᠴᠠᠭ ᠲᠤᠬᠠᠶ ᠳᠤᠨᠢ ᠴᠠᠭᠳᠠᠭ᠎ᠠ ᠲᠣᠮᠢᠯᠠᠵᠤ ᠤᠷᠢᠳ ᠢᠶᠠᠷ ᠰᠢᠢᠳᠪᠦᠷᠢᠯᠡᠭᠦᠯᠦᠨ᠎ᠡ᠃ 12345 ᠪᠤᠶᠤ | 110 ᠢᠨᠲ᠋ᠧᠷ ᠰᠦᠯᠵᠢᠶᠡᠨ ᠤ ᠠᠷᠭ᠎ᠠ ᠵᠠᠮ ᠢᠶᠠᠷ ᠨᠦᠬᠦᠭᠡ ᠡᠲᠡᠭᠡᠳ ᠤᠨ ᠢᠶᠠᠨ ᠬᠦᠯᠢᠶᠡᠨ ᠠᠪᠴᠤ ᠰᠢᠢᠳᠪᠦᠷᠢᠯᠡᠬᠦ | ᠬᠡᠪᠴᠢᠶᠡᠨ ᠳᠤ ᠪᠠᠭᠲᠠᠬᠤ ᠶᠢ ᠲᠣᠳᠣᠷᠬᠠᠶ ᠲᠣᠭᠲᠠᠭᠠᠭᠰᠠᠨ ᠵᠦᠢᠯᠡᠰ ᠢ ᠬᠦᠯᠢᠶᠡᠨ ᠠᠪᠤᠭᠰᠠᠨ ᠪᠠᠶᠢᠪᠠᠯ᠂ ᠨᠦᠬᠦᠭᠡ | ᠡᠲᠡᠭᠡᠳ ᠲᠡᠭᠡᠨ ᠰᠦᠯᠵᠢᠶᠡᠨ ᠳᠡᠭᠡᠷ᠎ᠡ ᠰᠢᠯᠵᠢᠭᠦᠯᠦᠨ ᠥᠭᠴᠦ ᠬᠦᠯᠢᠶᠡᠨ ᠠᠪᠴᠤ ᠰᠢᠢᠳᠪᠦᠷᠢᠯᠡᠭᠦᠯᠵᠦ ᠪᠣᠯᠤᠨ᠎ᠠ᠃ | 12345 ᠪᠠ 110 ᠭᠥᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠪᠠᠭᠲᠠᠬᠤ ᠥᠬᠡᠶ ᠵᠦᠢᠯᠡᠰ ᠢ ᠲᠣᠳᠣᠷᠬᠠᠶ | ᠲᠣᠭᠲᠠᠭᠠᠬᠤ ᠳᠤ᠂ ᠳ᠋ᠢᠶᠠᠩᠬᠤᠸᠠ ᠵᠠᠯᠭᠠᠯᠲᠠ ᠶᠢᠨ ᠠᠵᠢᠯᠲᠠᠨ ᠵᠦᠶ ᠵᠣᠬᠢᠰᠲᠠᠶ ᠬᠥᠲᠥᠯᠦᠨ ᠵᠢᠯᠣᠭᠤᠳᠬᠤ ᠪᠠ | ᠲᠠᠶᠢᠯᠪᠤᠷᠢᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠭᠥᠯᠢᠶᠡᠨ ᠠᠪᠴᠤ ᠰᠢᠢᠳᠪᠦᠷᠢᠯᠡᠬᠦ ᠶᠠᠪᠤᠴᠠ ᠳᠤ ᠣᠯᠵᠤ | ᠮᠡᠳᠡᠭᠰᠡᠨ ᠠᠵᠤ ᠠᠬᠤᠶᠢᠯᠠᠯ ᠪᠠ ᠣᠯᠠᠨ ᠲᠦᠮᠡᠨ ᠤ ᠬᠦᠰᠡᠯ ᠱᠠᠭᠠᠷᠳᠠᠯᠭ᠎ᠠ ᠨᠢ ᠪᠣᠳᠠᠲᠤ ᠪᠠᠶᠢᠳᠠᠯ ᠲᠠᠢ ᠪᠠᠨ ᠨᠡᠶᠢᠴᠡᠬᠦ | ᠥᠬᠡᠶ ᠪᠠᠶᠢᠪᠠᠯ᠂ ᠤᠷᠢᠳᠠᠪᠠᠷ ᠭᠥᠯᠢᠶᠡᠨ ᠠᠪᠴᠤ ᠰᠢᠢᠳᠪᠦᠷᠢᠯᠡᠬᠦ ᠰᠠᠯᠠᠭ᠎ᠠ ᠮᠥᠴᠢᠷ ᠠᠴᠠ ᠬᠠᠮᠢᠶ᠎ᠠ ᠪᠥᠬᠦᠶ | ᠪᠠᠶᠢᠳᠠᠯ ᠢ ᠴᠤᠭᠯᠠᠭᠤᠯᠤᠨ ᠡᠵᠡᠮᠰᠢᠬᠦ ᠶᠢ ᠬᠠᠷᠢᠭᠤᠴᠠᠬᠤ ᠶᠢᠨ ᠬᠠᠮᠲᠤ᠂ ︽12345 ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠬᠢᠭᠡᠳ 110 ᠲᠦᠭᠰᠢᠭᠦᠷᠢ ᠮᠡᠳᠡᠭᠦᠯᠬᠦ | ᠦᠢᠯᠡᠴᠢᠯᠡᠭᠡᠨ ᠤ ᠲᠠᠪᠴᠠᠩ ᠤᠨ ᠭᠥᠯᠢᠶᠡᠨ ᠠᠪᠴᠤ ᠰᠢᠢᠳᠪᠦᠷᠢᠯᠡᠬᠦ ᠬᠦᠷᠢᠶ᠎ᠡ ᠬᠡᠪᠴᠢᠶ᠎ᠡ ᠶᠢᠨ ᠬᠤᠪᠢᠶᠠᠷᠢᠯᠠᠯ︾ ᠤᠨ | ᠠᠭᠤᠯᠭ᠎ᠠ ᠶᠣᠰᠣᠭᠠᠷ ᠠᠵᠤ ᠠᠬᠤᠶᠢᠯᠠᠯ ᠪᠠ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠵᠦᠶ ᠵᠣᠬᠢᠰᠲᠠᠶ ᠪᠠᠷ | ᠰᠠᠯᠭᠠᠨ ᠲᠣᠬᠢᠷᠠᠭᠤᠯᠵᠤ᠂ ᠰᠢᠢᠳᠪᠦᠷᠢᠯᠡᠬᠦ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠨ᠎ᠠ᠃ ᠡᠯ᠎ᠡ ᠬᠤᠰᠢᠭᠤ | ᠰᠢᠶᠠᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ᠠᠵᠤ ᠠᠬᠤᠶᠢᠯᠠᠯ ᠪᠠ ᠣᠯᠠᠨ ᠲᠦᠮᠡᠨ ᠤ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠰᠢᠭᠤᠳ ᠬᠦᠷᠴᠦ ᠲᠦᠭᠰᠢᠭᠦᠷᠢ ᠮᠡᠳᠡᠭᠦᠯᠦᠭᠰᠡᠨ ᠴᠠᠭᠳᠠᠭᠠᠨ ᠤ | ᠶᠠᠪᠤᠳᠠᠯ ᠤᠨ ᠪᠤᠰᠤ ᠴᠠᠭᠳᠠᠭᠠᠨ ᠤ ᠪᠠᠶᠢᠳᠠᠯ ᠢ ᠭᠥᠯᠢᠶᠡᠨ ᠠᠪᠤᠪᠠᠯ᠂ ᠭᠤᠮᠣᠳᠠᠯ ᠲᠣᠭᠠᠴᠢᠭᠰᠠᠨ ᠲᠠᠯ᠎ᠠ ᠶᠢ | ᠬᠥᠲᠥᠯᠦᠨ ᠵᠢᠯᠣᠭᠤᠳᠴᠤ 12345 ᠤᠲᠠᠰᠤ ᠪᠠᠷ ᠤᠲᠠᠰᠤᠳᠠᠭᠤᠯᠤᠨᠠ︔ ᠬᠤᠰᠢᠭᠤ ᠰᠢᠶᠠᠨ ᠬᠤᠲᠠ ᠶᠢᠨ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ᠵᠣᠬᠢᠴᠠᠭᠤᠯᠤᠨ ᠰᠢᠢᠳᠪᠦᠷᠢᠯᠡᠬᠦ ᠶᠢᠨ ᠠᠷᠭ᠎ᠠ ᠥᠬᠡᠶ ᠶᠢ ᠨᠢ | ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠢᠮᠡᠭᠡ ᠮᠡᠳᠡᠭᠡᠨ ᠤ ᠵᠢᠯᠣᠭᠤᠳᠬᠤ ᠲᠥᠪ ᠠᠴᠠ | ᠵᠣᠬᠢᠴᠠᠭᠤᠯᠤᠨ ᠰᠢᠢᠳᠪᠦᠷᠢᠯᠡᠵᠦ ᠪᠣᠯᠤᠨ᠎ᠠ᠃ | 2. ᠡᠳᠦᠷ ᠲᠤᠲᠤᠮ ᠤᠨ ᠬᠠᠮᠲᠤᠷᠠᠨ ᠬᠥᠳᠡᠯᠦᠯᠴᠡᠬᠦ ᠲᠣᠭᠲᠠᠴᠠ᠃ 110 ᠬᠠᠤᠯᠢ ᠠᠴᠠ ᠵᠥᠷᠢᠴᠡᠭᠰᠡᠨ | ᠶᠠᠯᠠᠲᠤ ᠠᠵᠢᠯᠯᠠᠭ᠎ᠠ ᠢᠯᠠᠩᠭᠤᠶ᠎ᠠ ᠬᠦᠴᠦᠷᠬᠡᠭᠯᠡᠯ᠂ ᠬᠡᠲᠦᠷᠡᠮᠡᠬᠡᠶ ᠬᠡᠷᠡᠭ ᠢ ᠡᠭᠦᠰᠭᠡᠵᠦ ᠮᠡᠳᠡᠬᠦ ᠵᠥᠷᠢᠴᠡᠯ | ᠵᠢᠭᠤᠷᠠᠯᠳᠤᠭᠠᠨ ᠢ ᠣᠯᠤᠭᠰᠠᠨ ᠦᠶ᠎ᠡ ᠳᠤ᠂ ᠲᠡᠷᠡ ᠳᠠᠷᠤᠶ ᠳᠤᠨᠢ ᠴᠠᠭᠳᠠᠭ᠎ᠠ ᠲᠣᠮᠢᠯᠠᠨ ᠰᠢᠢᠳᠪᠦᠷᠢᠯᠡᠭᠦᠯᠵᠦ᠂ | 12345 ᠳᠤ ᠬᠠᠷᠢᠶᠠᠯᠠᠭᠳᠠᠬᠤ ᠭᠤᠮᠣᠳᠠᠯ ᠱᠠᠭᠠᠷᠳᠠᠯᠭ᠎ᠠ ᠶᠢ 110 ᠠᠴᠠ 12345 ᠳᠤ ᠰᠢᠯᠵᠢᠭᠦᠯᠦᠨ | ᠲᠤᠰᠢᠶᠠᠵᠤ᠂ 12345 ᠠᠴᠠ ᠭᠤᠮᠣᠳᠠᠯ ᠱᠠᠭᠠᠷᠳᠠᠯᠭ᠎ᠠ ᠶᠢᠨ ᠤᠴᠢᠷ ᠶᠠᠪᠤᠳᠠᠯ ᠢ ᠬᠠᠷᠢᠶ᠎ᠠ ᠭᠠᠵᠠᠷ ᠤᠨ ᠬᠠᠯᠠᠭᠤᠨ | ᠤᠲᠠᠰᠤᠨ ᠤ ᠬᠤᠪᠢᠶᠠᠷᠢ ᠲᠥᠪ ᠪᠠ ᠬᠤᠯᠪᠣᠭᠳᠠᠯ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠤ ᠴᠠᠭ | ᠲᠤᠬᠠᠶ ᠳᠤᠨᠢ ᠰᠢᠯᠵᠢᠭᠦᠯᠦᠨ ᠰᠢᠢᠳᠪᠦᠷᠢᠯᠡᠭᠦᠯᠵᠦ᠂ ᠬᠠᠮᠲᠤᠷᠠᠨ ᠡᠶᠡᠳᠡᠭᠦᠯᠦᠨ ᠰᠢᠢᠳᠪᠦᠷᠢᠯᠡᠬᠦ ᠠᠵᠢᠯ ᠢ ᠥᠷᠨᠢᠭᠦᠯᠵᠦ | ᠂ ᠵᠥᠷᠢᠴᠡᠯ ᠤᠨ ᠳᠠᠯᠳᠠ ᠭᠡᠮ ᠢ ᠡᠬᠢ ᠰᠤᠷᠪᠤᠯᠵᠢ ᠠᠴᠠ ᠨᠢ ᠠᠷᠢᠯᠭᠠᠬᠤ ᠶᠢ ᠲᠦᠯᠬᠢᠨ ᠠᠬᠢᠭᠤᠯᠤᠨ᠎ᠠ᠃ 12345 | ᠪᠦᠷᠢᠯᠳᠦᠬᠦᠨ ᠨᠢᠭᠡᠴᠢ ᠰᠢᠢᠳᠪᠦᠷᠢᠯᠡᠭᠦᠯᠬᠦ ᠪᠠᠷ ᠲᠤᠰᠢᠶᠠᠭᠰᠠᠨ ᠭᠤᠶᠤᠴᠢᠯᠠᠯ ᠢ ᠣᠯᠤᠭᠰᠠᠨ ᠤ ᠲᠠᠷᠠᠭ᠎ᠠ᠂ ᠲᠡᠷᠡ | ᠳᠠᠷᠤᠶ ᠳᠤᠨᠢ ᠰᠢᠢᠳᠪᠦᠷᠢᠯᠡᠬᠦ ᠠᠵᠢᠯ ᠢ ᠥᠷᠨᠢᠭᠦᠯᠬᠦ ᠬᠡᠷᠡᠭᠲᠡᠶ᠂ ᠲᠤᠬᠠᠶ ᠶᠢᠨ ᠲᠠᠯᠠᠪᠤᠷ ᠲᠤ ᠰᠢᠢᠳᠪᠦᠷᠢᠯᠡᠬᠦ | ᠴᠢᠬᠤᠯᠠᠲᠠᠶ ᠪᠠᠶᠢᠪᠠᠯ᠂ ᠴᠠᠭ ᠲᠤᠬᠠᠶ ᠳᠤᠨᠢ ᠬᠥᠮᠦᠨ ᠲᠣᠮᠢᠯᠠᠨ ᠲᠤᠬᠠᠶ ᠶᠢᠨ ᠲᠠᠯᠠᠪᠤᠷ ᠲᠤ ᠣᠴᠢᠭᠤᠯᠵᠤ | ᠰᠢᠢᠳᠪᠦᠷᠢᠯᠡᠬᠦ ᠠᠵᠢᠯ ᠢ ᠥᠷᠨᠢᠭᠦᠯᠬᠦ ᠬᠡᠷᠡᠭᠲᠡᠶ᠃ 12345 ᠨᠡᠶᠢᠭᠡᠮ ᠤᠨ ᠲᠣᠭᠲᠠᠭᠤᠨ ᠪᠠᠶᠢᠳᠠᠯ ᠢ ᠨᠥᠯᠥᠭᠡᠯᠡᠬᠦ | ᠰᠦᠪᠡᠭᠴᠢ ᠪᠤᠶᠤ ᠠᠵᠢᠯᠲᠠᠨ ᠤ ᠮᠡᠳᠡᠭᠡ ᠵᠠᠩᠭᠢ ᠶᠢ ᠣᠯᠤᠭᠰᠠᠨ ᠪᠠᠶᠢᠪᠠᠯ᠂ ᠲᠡᠷᠡ ᠳᠠᠷᠤᠶ ᠳᠤᠨᠢ 110 ᠳᠤ | ᠬᠦᠷᠭᠡᠵᠦ ᠰᠢᠢᠳᠪᠦᠷᠢᠯᠡᠭᠦᠯᠬᠦ ᠬᠡᠷᠡᠭᠲᠡᠶ᠂ ᠵᠠᠰᠠᠭ ᠤᠨ ᠣᠷᠳᠣᠨ ᠤ ᠪᠤᠰᠤᠳ ᠡᠭᠦᠷᠭᠡ ᠴᠢᠳᠠᠪᠤᠷᠢᠲᠤ ᠰᠠᠯᠠᠭ᠎ᠠ | ᠮᠥᠴᠢᠷ ᠤᠨ ᠬᠠᠮᠵᠢᠯᠴᠠᠨ ᠰᠢᠢᠳᠪᠦᠷᠢᠯᠡᠬᠦ ᠴᠢᠬᠤᠯᠠᠲᠠᠶ ᠪᠠᠶᠢᠪᠠᠯ 12345 ᠨᠢ ᠵᠣᠯᠭᠠᠭᠤᠯᠵᠤ ᠬᠠᠮᠲᠤᠷᠠᠨ | ᠬᠥᠳᠡᠯᠦᠯᠴᠡᠬᠦ ᠶᠢ ᠬᠠᠷᠢᠭᠤᠴᠠᠨ᠎ᠠ᠃ 12345 ᠪᠤᠶᠤ ᠳᠠᠭᠠᠭᠠᠨ ᠠᠪᠴᠤ ᠰᠢᠢᠳᠪᠦᠷᠢᠯᠡᠬᠦ ᠨᠢᠭᠡᠴᠢ ᠭᠤᠮᠣᠳᠠᠯ | ᠱᠠᠭᠠᠷᠳᠠᠯᠭ᠎ᠠ ᠶᠢ ᠰᠢᠢᠳᠪᠦᠷᠢᠯᠡᠬᠦ ᠶᠠᠪᠤᠴᠠ ᠳᠤ ᠵᠥᠷᠢᠴᠡᠯ ᠵᠢᠭᠤᠷᠠᠯᠳᠤᠭᠠᠨ ᠰᠢᠷᠦᠭᠦᠰᠦᠭᠰᠡᠨ᠂ ᠬᠡᠷᠡᠭ ᠤᠨ ᠪᠠᠶᠢᠳᠠᠯ ᠢ | ᠡᠵᠡᠮᠳᠡᠬᠦ ᠳᠤ ᠪᠡᠷᠬᠡᠲᠡᠶ ᠪᠤᠶᠤ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠤᠯᠪᠣᠭᠳᠠᠭᠰᠠᠨ ᠢ ᠣᠯᠵᠤ | ᠮᠡᠳᠡᠪᠡᠯ᠂ ᠲᠡᠷᠡ ᠳᠠᠷᠤᠶ ᠳᠤᠨᠢ 110 ᠴᠠᠭᠳᠠᠭ᠎ᠠ ᠲᠠᠢ ᠬᠤᠯᠪᠣᠭᠠᠯᠠᠨ ᠴᠠᠭᠳᠠᠭ᠎ᠠ ᠪᠠᠷ ᠰᠢᠢᠳᠪᠦᠷᠢᠯᠡᠭᠦᠯᠬᠦ ᠬᠡᠷᠡᠭᠲᠡᠶ᠃ | ᠡᠯ᠎ᠡ ᠨᠢᠭᠡᠴᠢ ᠨᠦᠭᠦᠳ ᠠᠩᠬ᠎ᠠ ᠵᠣᠯᠭᠠᠭᠤᠯᠬᠤ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠬᠡᠷᠡᠭᠵᠢᠭᠦᠯᠵᠦ᠂ | ᠪᠤᠰᠤᠳ ᠨᠢᠭᠡᠴᠢ ᠪᠤᠶᠤ ᠰᠠᠯᠠᠭ᠎ᠠ ᠮᠥᠴᠢᠷ ᠤᠨ ᠬᠠᠷᠢᠶᠠᠯᠠᠬᠤ ᠶᠣᠰᠣᠲᠠᠶ ᠶᠢ ᠣᠯᠵᠤ ᠮᠡᠳᠡᠪᠡᠯ᠂ ᠤᠷᠢᠳᠠᠪᠠᠷ | ᠰᠢᠢᠳᠪᠦᠷᠢᠯᠡᠭᠰᠡᠨ ᠤ ᠳᠠᠷᠠᠭ᠎ᠠ ᠰᠠᠶ᠋ᠢ ᠲᠣᠭᠲᠠᠭᠠᠯ ᠶᠣᠰᠣᠭᠠᠷ ᠰᠢᠯᠵᠢᠭᠦᠯᠦᠨ ᠲᠤᠰᠢᠶᠠᠬᠤ ᠬᠡᠷᠡᠭᠲᠡᠶ᠃ | 3. ᠪᠠᠴᠢᠮ ᠪᠠᠶᠢᠳᠠᠯ ᠢ ᠠᠷᠭᠠᠴᠠᠭᠠᠬᠤ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ᠃ 12345᠂ 110 | ᠪᠣᠯᠤᠨ 119᠂ 120᠂ 122 ᠵᠡᠷᠭᠡ ᠪᠠᠴᠢᠮ ᠬᠠᠯᠠᠭᠤᠨ ᠤᠲᠠᠰᠤ ᠪᠣᠯᠤᠨ ᠤᠰᠤ ᠴᠠᠬᠢᠯᠭᠠᠨ ᠬᠡᠢ ᠢᠯᠴᠢ ᠵᠡᠷᠭᠡ | ᠣᠯᠠᠨ ᠨᠡᠶᠢᠲᠡ ᠶᠢᠨ ᠠᠵᠢᠯ ᠦᠢᠯᠡᠰ ᠤᠨ ᠦᠢᠯᠡᠴᠢᠯᠡᠭᠡᠨ ᠤ ᠬᠠᠯᠠᠭᠤᠨ ᠤᠲᠠᠰᠤ ᠶᠢᠨ ᠪᠠᠴᠢᠮ ᠪᠠᠶᠢᠳᠠᠯ ᠢ | ᠠᠷᠭᠠᠴᠠᠭᠠᠬᠤ ᠬᠠᠮᠲᠤᠷᠠᠭᠰᠠᠨ ᠲᠣᠭᠲᠠᠴᠠ ᠶᠢ ᠪᠠᠶᠢᠭᠤᠯᠵᠤ᠂ 12345 ᠬᠠᠯᠠᠭᠤᠨ ᠤᠲᠠᠰᠤᠨ ᠤ ᠲᠠᠪᠴᠠᠩ ᠠᠴᠠ | ᠸᠢᠴᠠᠲ᠂ ᠳ᠋ᠢᠶᠠᠩᠬᠤᠸᠠ ᠵᠡᠷᠭᠡ ᠠᠷᠭ᠎ᠠ ᠮᠠᠶ᠋ᠢᠭ ᠢᠶᠠᠷ ᠪᠥᠬᠦ ᠠᠶᠢᠮᠠᠭ ᠤᠨ ᠬᠠᠮᠢᠶ᠎ᠠ ᠪᠥᠬᠦᠶ ᠲᠤᠬᠠᠶᠢᠯᠠᠭᠰᠠᠨ | ᠠᠵᠢᠯ ᠤᠨ ᠰᠠᠯᠠᠭ᠎ᠠ ᠮᠥᠴᠢᠷ ᠤᠨ ᠪᠠᠴᠢᠮ ᠬᠤᠯᠪᠣᠭ᠎ᠠ ᠠᠪᠴᠤ ᠳᠣᠭᠢᠷᠠᠭᠤᠯᠬᠤ ᠲᠣᠭᠲᠠᠴᠠ ᠶᠢ ᠪᠠᠶᠢᠭᠤᠯᠵᠤ᠂ | ᠪᠠᠶᠢᠭᠠᠯᠢ ᠶᠢᠨ ᠭᠠᠮᠰᠢᠭ᠂ ᠡ᠊ᠨᠳᠡᠯ ᠤᠨ ᠭᠠᠶ ᠭᠠᠮᠰᠢᠭ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ᠂ | ᠨᠡᠶᠢᠭᠡᠮ ᠤᠨ ᠠᠮᠤᠷ ᠲᠦᠪᠰᠢᠨ ᠤ ᠬᠡᠷᠡᠭ ᠵᠡᠷᠭᠡ ᠭᠡᠨᠡᠳᠲᠡ ᠶᠢᠨ ᠬᠡᠷᠡᠭ ᠡᠭᠦᠰᠪᠡᠯ᠂ ᠲᠦᠷᠭᠡᠨ ᠳᠠᠭᠠᠵᠤ᠂ ᠥᠨᠳᠥᠷ | ᠪᠦᠲᠦᠮᠵᠢᠲᠡᠶ ᠪᠠᠷ ᠰᠢᠢᠳᠪᠦᠷᠢᠯᠡᠬᠦ ᠶᠢ ᠦᠨᠡᠨᠬᠦ ᠪᠠᠲᠤᠯᠠᠵᠤ᠂ ᠠᠵᠤ ᠠᠬᠤᠶᠢᠯᠠᠯ ᠪᠠ ᠣᠯᠠᠨ ᠲᠦᠮᠡᠨ ᠳᠤ ᠨᠠᠩ ᠴᠠᠭ | ᠲᠤᠬᠠᠶ ᠳᠤᠨᠢ᠂ ᠲᠤᠰᠬᠠᠶ ᠮᠡᠷᠭᠡᠵᠢᠯ ᠤᠨ᠂ ᠥᠨᠳᠥᠷ ᠪᠦᠲᠦᠮᠵᠢᠲᠡᠶ ᠪᠠᠷ ᠪᠠᠴᠢᠮ ᠠᠪᠤᠷᠠᠨ ᠲᠤᠰᠠᠯᠠᠬᠤ ᠦᠢᠯᠡᠴᠢᠯᠡᠭᠡ | ᠬᠠᠩᠭᠠᠨ᠎ᠠ᠃ ᠡᠭᠦᠨ ᠤ ᠬᠠᠮᠲᠤ᠂ 12345 ᠪᠣᠯᠤᠨ 110 ᠪᠠᠴᠢᠮ ᠪᠠᠶᠢᠳᠠᠯ ᠢ ᠠᠷᠭᠠᠴᠠᠭᠠᠬᠤ ᠬᠠᠮᠲᠤᠷᠠᠨ | ᠬᠥᠳᠡᠯᠦᠯᠴᠡᠬᠦ ᠲᠥᠰᠦᠯ ᠢ ᠪᠠᠶᠢᠭᠤᠯᠤᠨ ᠲᠡᠭᠦᠯᠳᠡᠷᠵᠢᠭᠦᠯᠵᠦ᠂ ᠬᠢᠵᠢᠭ ᠤᠨ ᠪᠠᠶᠢᠳᠠᠯ᠂ ᠪᠠᠶᠢᠭᠠᠯᠢ ᠶᠢᠨ ᠭᠠᠮᠰᠢᠭ᠂ | ᠣᠯᠠᠨ ᠨᠡᠶᠢᠲᠡ ᠶᠢᠨ ᠲᠥᠬᠦᠭᠡᠷᠦᠮᠵᠢ ᠶᠢᠨ ᠲᠦᠭᠰᠢᠭᠦᠷᠢᠲᠦ ᠪᠠᠶᠢᠳᠠᠯ᠂ ᠬᠦᠨᠳᠦ ᠶᠡᠭᠡ ᠣᠯᠠᠨ ᠨᠡᠶᠢᠲᠡ ᠶᠢᠨ ᠠᠮᠤᠷ | ᠲᠦᠪᠰᠢᠨ ᠤ ᠡ᠊ᠨᠳᠡᠯ ᠤᠨ ᠲᠦᠭᠰᠢᠭᠦᠷᠢ ᠮᠡᠳᠡᠭᠦᠯᠵᠦ ᠲᠤᠰᠠᠯᠠᠮᠵᠢ ᠭᠤᠶᠤᠬᠤ ᠳᠤ ᠬᠦᠷᠪᠡᠯ᠂ ᠪᠠᠴᠢᠮ ᠪᠠᠶᠢᠳᠠᠯ ᠢ | ᠠᠷᠭᠠᠴᠠᠭᠠᠬᠤ ᠶᠢᠨ ᠬᠠᠮᠲᠤᠷᠠᠨ ᠬᠥᠳᠡᠯᠦᠯᠴᠡᠬᠦ ᠲᠥᠰᠦᠯ ᠢ ᠴᠠᠭ ᠲᠤᠬᠠᠶ ᠳᠤᠨᠢ ᠡᠬᠢᠯᠡᠭᠦᠯᠵᠦ᠂ ᠴᠠᠭᠳᠠᠭᠠᠨ ᠤ | ᠬᠦᠴᠦᠨ ᠪᠠ ᠬᠠᠮᠲᠤᠷᠠᠨ ᠬᠥᠳᠡᠯᠦᠯᠴᠡᠬᠦ ᠨᠢᠭᠡᠴᠡ ᠶᠢ ᠳᠠᠷᠤᠶ ᠲᠦᠷᠭᠡᠨ ᠵᠣᠬᠢᠶᠠᠨ ᠪᠠᠶᠢᠭᠤᠯᠤᠨ ᠤᠷᠢᠳᠠᠪᠠᠷ | ᠰᠢᠢᠳᠪᠦᠷᠢᠯᠡᠵᠦ᠂ 12345 ᠵᠠᠰᠠᠭ ᠤᠨ ᠣᠷᠳᠣᠨ ᠤ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠢ | ᠨᠢᠭᠡᠳᠦᠯᠲᠡᠶ ᠲᠥᠯᠥᠪᠯᠡᠨ ᠵᠣᠬᠢᠴᠠᠭᠤᠯᠵᠤ ᠪᠠᠶᠢᠭᠠᠳ ᠲᠤᠰᠬᠠᠶ ᠮᠡᠷᠭᠡᠵᠢᠯ ᠢᠶᠠᠷ ᠰᠢᠢᠳᠪᠦᠷᠢᠯᠡᠬᠦ ᠬᠡᠷᠡᠭᠲᠡᠶ᠂ ᠬᠡᠷᠪᠡ | ᠳ᠋ᠢᠶᠠᠩᠬᠤᠸᠠ ᠵᠠᠯᠭᠠᠯᠲᠠ ᠶᠢᠨ ᠰᠠᠭᠤᠳᠠᠯ ᠬᠦᠨᠳᠦ ᠨᠣᠴᠢᠲᠠᠶ ᠬᠦᠷᠦᠯᠴᠡᠬᠦ ᠥᠬᠡᠶ ᠪᠠᠶᠢᠳᠠᠯ ᠭᠠᠷᠪᠠᠯ᠂ 12345 | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠤᠰᠤᠳ ᠠᠯᠤᠰ ᠡᠵᠡᠮᠰᠢᠯ ᠤᠨ ᠳ᠋ᠢᠶᠠᠩᠬᠤᠸᠠ ᠵᠠᠯᠭᠠᠯᠲᠠ ᠶᠢᠨ | ᠰᠠᠭᠤᠳᠠᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ ᠪᠠᠶᠢᠭᠠᠳ ᠳᠡᠮᠵᠢᠯᠭᠡ ᠦᠵᠡᠭᠦᠯᠦᠨ᠎ᠡ᠃ | 4. ᠵᠥᠪᠳᠡᠯᠴᠡᠨ ᠰᠣᠯᠢᠯᠴᠠᠬᠤ ᠲᠣᠭᠲᠠᠴᠠ᠃ ᠵᠥᠪᠳᠡᠯᠴᠡᠨ ᠰᠣᠯᠢᠯᠴᠠᠬᠤ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠦᠨ᠎ᠡ᠃ ᠬᠠᠷᠢᠶᠠᠯᠠᠯ ᠤᠨ ᠮᠠᠷᠭᠤᠯᠳᠤᠭᠠᠨ ᠣᠷᠣᠰᠢᠵᠤ ᠪᠠᠶᠢᠬᠤ᠂ ᠲᠤᠰᠢᠶᠠᠯ ᠬᠠᠷᠢᠭᠤᠴᠠᠯᠭ᠎ᠠ ᠶᠢᠨ | ᠵᠠᠭᠠᠭ ᠬᠢᠵᠠᠭᠠᠷ ᠲᠤ ᠰᠡᠵᠢᠭᠯᠡᠯ ᠲᠠᠢ ᠪᠠᠶᠢᠬᠤ ᠣᠯᠠᠨᠲᠠ ᠭᠤᠶᠤᠴᠢᠯᠠᠬᠤ ᠵᠦᠢᠯᠡᠰ ᠢ ᠴᠠᠭ ᠲᠤᠬᠠᠶ ᠳᠤᠨᠢ ᠬᠤᠯᠪᠣᠭᠳᠠᠯ | ᠪᠦᠬᠦᠢ ᠰᠠᠯᠠᠭ᠎ᠠ ᠮᠥᠴᠢᠷ ᠢ ᠴᠤᠭᠯᠠᠭᠤᠯᠤᠨ ᠰᠤᠳᠤᠯᠤᠨ ᠵᠥᠪᠳᠡᠯᠴᠡᠵᠦ᠂ ᠲᠤᠰᠢᠶᠠᠯ ᠬᠠᠷᠢᠭᠤᠴᠠᠯᠭ᠎ᠠ ᠶᠢᠨ | ᠡᠷᠬᠡ ᠶᠢᠨ ᠬᠡᠪᠴᠢᠶ᠎ᠡ ᠶᠢ ᠨᠢᠭᠡᠳ ᠨᠢᠭᠡ ᠪᠠᠷ ᠲᠣᠳᠣᠷᠬᠠᠶᠢᠯᠠᠵᠤ᠂ ᠬᠠᠷᠢᠶᠠᠯᠠᠯ ᠤᠨ ᠪᠡᠶᠡᠴᠢ ᠴᠣᠭᠴᠠ ᠶᠢ ᠲᠣᠳᠣᠷᠬᠠᠶ | ᠪᠣᠯᠭᠠᠵᠤ᠂ ᠰᠢᠢᠳᠪᠦᠷᠢᠯᠡᠬᠦ ᠵᠢᠷᠤᠮᠵᠢᠯ ᠢ ᠲᠣᠭᠲᠠᠭᠠᠵᠤ᠂ ᠤᠯᠠᠨ ᠲᠦᠮᠡᠨ ᠤ ᠭᠤᠮᠣᠳᠠᠯ ᠱᠠᠭᠠᠷᠳᠠᠯᠭ᠎ᠠ ᠶᠢ ᠬᠠᠮᠢᠶᠠᠷᠬᠤ | ᠬᠥᠮᠦᠨ ᠲᠠᠢ᠂ ᠰᠠᠶᠢᠲᠤᠷ ᠬᠠᠮᠢᠶᠠᠷᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠭᠦᠨ ᠤ ᠬᠠᠮᠲᠤ 12345 ᠪᠣᠯᠤᠨ | 110 ᠶᠢᠨ ᠵᠥᠪᠳᠡᠯᠴᠡᠨ ᠰᠣᠯᠢᠯᠴᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ 12345 ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠥᠭᠦᠮ ᠦᠵᠡᠭᠦᠯᠬᠦ ᠬᠠᠯᠠᠭᠤᠨ ᠤᠲᠠᠰᠤ ᠪᠣᠯᠤᠨ 110 ᠲᠦᠭᠰᠢᠭᠦᠷᠢ | ᠮᠡᠳᠡᠭᠦᠯᠬᠦ ᠦᠢᠯᠡᠴᠢᠯᠡᠭᠡᠨ ᠤ ᠲᠠᠪᠴᠠᠩ ᠤᠨ ᠬᠦᠯᠢᠶᠡᠨ ᠠᠪᠴᠤ ᠰᠢᠢᠳᠪᠦᠷᠢᠯᠡᠬᠦ ᠬᠡᠪᠴᠢᠶ᠎ᠡ ᠶᠢᠨ ᠬᠤᠪᠢᠶᠠᠷᠢᠯᠠᠯ ᠢ | ᠦᠨᠳᠦᠰᠦᠯᠡᠨ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ | ᠬᠠᠯᠠᠭᠤᠨ ᠤᠲᠠᠰᠤᠨ ᠤ ᠭᠥᠯᠢᠶᠡᠨ ᠠᠪᠴᠤ ᠰᠢᠢᠳᠪᠦᠷᠢᠯᠡᠬᠦ ᠶᠣᠰᠣᠲᠠᠶ ᠴᠠᠭᠳᠠᠭᠠᠨ ᠤ ᠶᠠᠪᠤᠳᠠᠯ ᠤᠨ ᠲᠥᠷᠥᠯ ᠤᠨ | ᠪᠤᠰᠤ ᠭᠤᠮᠣᠳᠠᠯ ᠱᠠᠭᠠᠷᠳᠠᠯᠭ᠎ᠠ ᠶᠢ 12345 ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠴᠤᠭᠯᠠᠭᠤᠯᠤᠨ ᠰᠤᠳᠤᠯᠤᠨ | ᠵᠥᠪᠳᠡᠯᠴᠡᠵᠦ᠂ 110 ᠲᠦᠭᠰᠢᠭᠦᠷᠢ ᠮᠡᠳᠡᠭᠦᠯᠬᠦ ᠦᠢᠯᠡᠴᠢᠯᠡᠭᠡᠨ ᠤ ᠲᠠᠪᠴᠠᠩ ᠤᠨ ᠭᠥᠯᠢᠶᠡᠨ ᠠᠪᠴᠤ | ᠰᠢᠢᠳᠪᠦᠷᠢᠯᠡᠬᠦ ᠶᠣᠰᠣᠲᠠᠶ ᠴᠠᠭᠳᠠᠭᠠᠨ ᠤ ᠶᠠᠪᠤᠳᠠᠯ ᠤᠨ ᠲᠥᠷᠥᠯ ᠤᠨ ᠭᠤᠮᠣᠳᠠᠯ ᠱᠠᠭᠠᠷᠳᠠᠯᠭ᠎ᠠ ᠶᠢ 110 | ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠴᠤᠭᠯᠠᠭᠤᠯᠤᠨ ᠰᠤᠳᠤᠯᠤᠨ ᠵᠥᠪᠳᠡᠯᠴᠡᠵᠦ᠂ ᠵᠥᠪᠳᠡᠯᠴᠡᠬᠦ ᠳᠤ ᠭᠤᠮᠣᠳᠠᠯ | ᠱᠠᠭᠠᠷᠳᠠᠯᠭ᠎ᠠ ᠳᠤ ᠬᠤᠯᠪᠣᠭᠳᠠᠬᠤ ᠰᠠᠯᠠᠭ᠎ᠠ ᠮᠥᠴᠢᠷ ᠤᠨ ᠡᠷᠭᠢᠯᠡᠨ ᠬᠠᠮᠢᠶᠠᠷᠬᠤ ᠤᠳᠤᠷᠢᠳᠤᠯᠭ᠎ᠠ ᠬᠤᠷᠠᠯ ᠳᠤ | ᠣᠷᠣᠯᠴᠠᠵᠤ᠂ ᠵᠥᠪᠳᠡᠯᠴᠡᠭᠡᠳ ᠰᠢᠢᠳᠪᠦᠷᠢᠯᠡᠬᠦ ᠳᠡᠶᠢᠯᠬᠦ ᠥᠬᠡᠶ ᠭᠤᠮᠣᠳᠠᠯ ᠱᠠᠭᠠᠷᠳᠠᠯᠭ᠎ᠠ ᠶᠢ ᠤᠯᠤᠰ ᠤᠨ | ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠶᠣᠰᠣᠭᠠᠷ ᠵᠦᠶ ᠵᠣᠬᠢᠰᠲᠠᠶ ᠪᠠᠷ ᠰᠠᠯᠭᠠᠨ | ᠲᠣᠬᠢᠷᠠᠭᠤᠯᠤᠨ᠎ᠠ᠃ 12345 ᠤᠳᠤᠷᠢᠳᠬᠤ ᠳᠤᠭᠤᠶᠢᠯᠠᠩ ᠤᠨ ᠠᠯᠪᠠᠨ ᠭᠡᠷ ᠪᠣᠯᠤᠨ ᠳᠣᠲᠣᠭᠠᠳᠤ ᠶᠢ ᠬᠠᠮᠠᠭᠠᠯᠠᠬᠤ | ᠰᠠᠯᠠᠭ᠎ᠠ ᠮᠥᠴᠢᠷ ᠤᠨ ᠬᠢᠨ ᠲᠣᠭᠲᠠᠮᠠᠯ ᠬᠤᠭᠤᠴᠠᠭ᠎ᠠ ᠲᠠᠢ ᠪᠠᠷ ᠬᠠᠮᠲᠤᠷᠠᠭᠰᠠᠨ ᠬᠤᠷᠠᠯ ᠢ ᠵᠣᠬᠢᠶᠠᠨ ᠪᠠᠶᠢᠭᠤᠯᠤᠨ | ᠬᠤᠷᠠᠯᠳᠤᠭᠤᠯᠵᠤ᠂ ᠬᠠᠮᠢᠶ᠎ᠠ ᠪᠥᠬᠦᠶ ᠪᠦᠷᠢᠯᠳᠦᠬᠦᠨ ᠨᠢᠭᠡᠴᠢ ᠨᠦᠭᠦᠳ ᠠᠵᠢᠯ ᠤᠨ ᠠᠵᠢᠯᠯᠠᠭᠠᠨ ᠤ ᠪᠠᠶᠢᠳᠠᠯ ᠢᠶᠠᠨ | ᠮᠡᠳᠡᠭᠳᠡᠵᠦ᠂ ᠵᠣᠯᠭᠠᠭᠤᠯᠵᠤ ᠬᠠᠮᠲᠤᠷᠠᠨ ᠬᠥᠳᠡᠯᠦᠯᠴᠡᠬᠦ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠠ | ᠬᠦᠷᠦᠯᠴᠡᠬᠦ ᠥᠬᠡᠶ ᠲᠠᠯ᠎ᠠ ᠶᠢ ᠴᠠᠭ ᠲᠤᠬᠠᠶ ᠳᠤᠨᠢ ᠰᠤᠳᠤᠯᠤᠨ ᠰᠢᠢᠳᠪᠦᠷᠢᠯᠡᠵᠦ᠂ ᠬᠠᠷᠢᠯᠴᠠᠨ ᠠᠵᠢᠯᠲᠠᠨ ᠲᠣᠮᠢᠯᠠᠵᠤ | ᠨᠥᠭᠦᠭᠡ ᠡᠲᠡᠭᠡᠳ ᠤᠨ ᠢᠶᠠᠨ ᠲᠠᠪᠴᠠᠩ ᠳᠤ ᠰᠠᠭᠤᠯᠭᠠᠬᠤ ᠪᠤᠶᠤ ᠨᠢᠭᠡ ᠴᠤᠭᠴᠠᠵᠢᠭᠤᠯᠤᠨ ᠬᠠᠮᠲᠤᠷᠠᠨ | ᠬᠥᠳᠡᠯᠦᠯᠴᠡᠬᠦ ᠲᠠᠪᠴᠠᠩ ᠢ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠣᠯᠭᠠᠭᠤᠯᠵᠤ ᠬᠠᠮᠲᠤᠷᠠᠨ | ᠬᠥᠳᠡᠯᠦᠯᠴᠡᠬᠦ ᠠᠵᠢᠯ ᠤᠨ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠵᠦ᠂ ᠣᠯᠠᠨ ᠲᠦᠮᠡᠨ ᠤ ᠬᠦᠰᠡᠯ | ᠱᠠᠭᠠᠷᠳᠠᠯᠭ᠎ᠠ ᠶᠢ ᠥᠨᠳᠥᠷ ᠦᠷ᠎ᠡ ᠪᠦᠲᠦᠮᠵᠢᠲᠡᠶ ᠪᠠᠷ ᠰᠢᠢᠳᠪᠦᠷᠢᠯᠡᠨ᠎ᠡ᠃ ᠲᠦᠭᠰᠢᠭᠦᠷᠢ ᠶᠢ ᠤᠷᠢᠳᠴᠢᠯᠠᠨ | ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ 12345 ᠪᠣᠯᠤᠨ 110 ᠬᠤᠤᠰ ᠴᠢᠭᠯᠡᠯ ᠢᠶᠠᠷ | ᠰᠠᠯᠭᠠᠨ ᠶᠠᠪᠤᠭᠤᠯᠤᠭᠰᠠᠨ ᠲᠤᠭ᠎ᠠ ᠪᠠᠷᠢᠮᠲᠠ ᠶᠢ ᠬᠠᠷᠢᠴᠠᠭᠤᠯᠬᠤ ᠪᠠᠷ ᠳᠠᠮᠵᠢᠭᠤᠯᠤᠨ᠂ ᠪᠠᠴᠢᠮ ᠪᠠᠶᠢᠳᠠᠯ ᠢ | ᠠᠷᠭᠠᠴᠠᠬᠤ ᠥᠨᠳᠥᠷ ᠳᠠᠪᠲᠠᠮᠵᠢ ᠶᠢᠨ ᠬᠡᠷᠡᠭ ᠢ ᠵᠠᠳᠠᠯᠤᠨ ᠰᠢᠨᠵᠢᠯᠡᠵᠦ᠂ ᠬᠡᠯᠪᠡᠷᠢᠯ ᠤᠨ ᠴᠢᠨᠠᠷᠲᠠᠶ᠂ | ᠴᠤᠬᠤᠶᠢᠯᠲᠠ ᠶᠢᠨ ᠴᠢᠨᠠᠷᠲᠠᠶ ᠠᠰᠠᠭᠤᠳᠠᠯ ᠢ ᠡᠷᠢᠨ ᠭᠠᠷᠭᠠᠵᠤ᠂ ᠬᠠᠯᠠᠭᠤᠨ ᠴᠡᠭ ᠤᠨ ᠭᠤᠮᠣᠳᠠᠯ ᠱᠠᠭᠠᠷᠳᠠᠯᠭ᠎ᠠ ᠶᠢ | ᠴᠠᠭ ᠲᠤᠬᠠᠶ ᠳᠤᠨᠢ ᠬᠠᠷᠢᠭᠤ ᠥᠭᠬᠦ᠂ ᠭᠡᠨᠡᠳᠲᠡ ᠶᠢᠨ ᠬᠡᠷᠡᠭ ᠢ ᠴᠠᠭ ᠲᠤᠬᠠᠶ ᠳᠤᠨᠢ ᠤᠷᠢᠳᠴᠢᠯᠠᠨ | ᠰᠡᠷᠡᠮᠵᠢᠯᠡᠭᠦᠯᠬᠦ ᠶᠢ ᠪᠡᠶᠡᠯᠡᠭᠦᠯᠦᠨ᠂ ᠲᠤᠰᠠᠯᠠᠬᠤ ᠰᠢᠢᠳᠪᠤᠷᠢᠳᠣ ᠪᠣᠳᠣᠯᠭ᠎ᠠ ᠲᠣᠭᠲᠠᠭᠠᠬᠤ ᠴᠢᠳᠠᠪᠤᠷᠢ ᠶᠢ | ᠳᠡᠭᠡᠭᠰᠢᠯᠡᠭᠦᠯᠦᠨ᠎ᠡ᠃ | 5. ᠲᠥᠷᠥᠯ ᠬᠤᠪᠢᠶᠠᠨ ᠬᠢᠨᠠᠯᠲᠠ ᠲᠠᠯᠪᠢᠵᠤ ᠰᠢᠯᠭᠠᠨ ᠬᠢᠨᠠᠬᠤ ᠲᠣᠭᠲᠠᠴᠠ᠃ 12345 ᠪᠠ 110 | ᠰᠢᠪᠠᠳᠠᠨ ᠰᠢᠢᠳᠪᠦᠷᠢᠯᠡᠬᠦᠯᠬᠦ᠂ ᠬᠢᠨᠠᠨ ᠰᠢᠯᠭᠠᠬᠤ ᠪᠠ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠪᠠᠶᠢᠭᠤᠯᠤᠨ | ᠪᠦᠷᠢᠨᠰᠢᠬᠦᠯᠵᠦ᠂ ᠡᠷᠭᠢᠯᠲᠡ ᠶᠢᠨ ᠠᠯᠪᠠᠨ ᠬᠡᠷ ᠤᠨ ᠪᠣᠳᠠᠲᠠᠶ ᠲᠦᠷᠢᠮ ᠪᠠ ᠵᠦᠢᠯᠡᠰ ᠤᠨ ᠨᠠᠷᠢᠨ ᠲᠠᠩᠰᠠ ᠶᠢ | ᠨᠠᠷᠢᠯᠢᠬᠵᠢᠭᠤᠯᠤᠨ ᠬᠤᠪᠢᠶᠠᠵᠤ᠂ ᠭᠤᠮᠣᠳᠠᠯ ᠱᠠᠭᠠᠷᠳᠠᠯᠭ᠎ᠠ ᠶᠢ ᠭᠦᠢᠴᠡᠳᠭᠡᠬᠦ ᠨᠢᠭᠡᠴᠢ ᠶᠢᠨ ᠳᠠᠭᠠᠬᠤ ᠨᠣᠷᠮ᠎ᠠ᠂ | ᠰᠢᠢᠳᠪᠦᠷᠢᠯᠡᠬᠦ ᠨᠣᠷᠮ᠎ᠠ᠂ ᠬᠠᠨᠤᠮᠵᠢ ᠶᠢᠨ ᠨᠣᠷᠮ᠎ᠠ ᠵᠡᠷᠭᠡ ᠭᠦᠢᠴᠡᠳᠭᠡᠯ ᠲᠤᠭ᠎ᠠ ᠶᠢᠨ ᠶᠡᠷᠦᠩᠬᠡᠶᠢᠯᠡᠭᠰᠡᠨ | ᠦᠨᠡᠯᠡᠯᠲᠡ ᠶᠢ ᠴᠢᠩᠭᠠᠳᠬᠠᠨ᠎ᠠ᠃ ᠰᠢᠪᠠᠳᠠᠨ ᠰᠢᠢᠳᠪᠦᠷᠢᠯᠡᠬᠦᠯᠬᠦ ᠬᠠᠭᠤᠳᠠᠰᠤ᠂ ᠲᠤᠰᠬᠠᠶ ᠰᠡᠳᠦᠪ ᠢᠶᠠᠷ | ᠵᠣᠬᠢᠴᠠᠭᠤᠯᠬᠤ᠂ ᠪᠣᠯᠵᠣᠨ ᠶᠠᠷᠢᠯᠴᠠᠵᠤ ᠰᠠᠨᠠᠭᠤᠯᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢ ᠬᠡᠷᠡᠭᠯᠡᠨ᠂ | ᠭᠤᠮᠣᠳᠠᠯ ᠱᠠᠭᠠᠷᠳᠠᠯᠭ᠎ᠠ ᠶᠢ ᠰᠢᠢᠳᠪᠦᠷᠢᠯᠡᠬᠦ ᠨᠢᠭᠡᠴᠢ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠶᠢᠨ ᠬᠠᠮᠲᠤ᠂ | ᠭᠥᠯᠢᠶᠡᠨ ᠠᠪᠴᠤ ᠰᠢᠢᠳᠪᠦᠷᠢᠯᠡᠬᠦ ᠶᠢ ᠵᠢᠷᠤᠮᠵᠢᠭᠤᠯᠬᠤ᠂ ᠲᠡᠷᠡ ᠳᠠᠷᠤᠶ ᠳᠤᠨᠢ ᠰᠢᠯᠵᠢᠭᠦᠯᠦᠨ ᠰᠢᠢᠳᠪᠦᠷᠢᠯᠡᠭᠦᠯᠬᠦ᠂ | ᠴᠠᠭ ᠬᠢᠵᠠᠭᠠᠷᠯᠠᠨ ᠭᠦᠢᠴᠡᠳᠭᠡᠬᠦ᠂ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠶᠢ ᠰᠢᠯᠭᠠᠨ ᠦᠨᠡᠯᠡᠬᠦ ᠶᠢ ᠠᠵᠢᠯ ᠤᠨ | ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠳᠤ ᠣᠷᠣᠭᠤᠯᠵᠤ᠂ 12345᠂ 110 ᠦᠨᠡᠯᠡᠨ ᠵᠢᠱᠢᠬᠦ ᠪᠦᠷᠢᠨ | ᠲᠡᠭᠦᠯᠳᠡᠷ ᠭᠦᠢᠴᠡᠳᠭᠡᠯ ᠲᠤᠭ᠎ᠠ ᠶᠢᠨ ᠰᠢᠰᠲ᠋ᠧᠮᠵᠢ ᠶᠢ ᠪᠠᠶᠢᠭᠤᠯᠤᠨ᠎ᠠ᠃ 12345 ᠬᠢᠭᠡᠳ 110 ᠶᠢ | ᠵᠣᠯᠭᠠᠭᠤᠯᠵᠤ ᠬᠠᠮᠲᠤᠷᠠᠨ ᠬᠥᠳᠡᠯᠦᠯᠴᠡᠬᠦ᠂ ᠭᠤᠮᠣᠳᠠᠯ ᠱᠠᠭᠠᠷᠳᠠᠯᠭ᠎ᠠ ᠶᠢ ᠭᠦᠢᠴᠡᠳᠭᠡᠭᠰᠡᠨ ᠪᠠᠶᠢᠳᠠᠯ ᠳᠤ ᠬᠢᠨᠠᠯᠲᠠ | ᠲᠠᠯᠪᠢᠵᠤ ᠪᠠᠶᠢᠴᠠᠭᠠᠬᠤ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ 12345 ᠶᠢ ᠲᠦᠭᠰᠢᠭᠦᠷᠢ | ᠭᠥᠯᠢᠶᠡᠨ ᠠᠪᠴᠤ ᠰᠢᠢᠳᠪᠦᠷᠢᠯᠡᠬᠦ 110 ᠰᠢᠰᠲ᠋ᠧᠮ ᠳᠤ ᠰᠢᠯᠵᠢᠭᠦᠯᠦᠭᠰᠡᠨ ᠵᠦᠢᠯᠡᠰ ᠲᠤ᠂ 110 ᠶᠢ ᠬᠤᠯᠪᠣᠭᠳᠠᠯ | ᠪᠥᠬᠦᠶ ᠪᠦᠷᠢᠯᠳᠦᠬᠦᠨ ᠨᠢᠭᠡᠴᠢ ᠳᠤ ᠬᠢᠨᠠᠯᠲᠠ ᠲᠠᠯᠪᠢᠵᠤ ᠬᠢᠨᠠᠨ ᠰᠢᠯᠭᠠᠬᠤ ᠬᠡᠷᠡᠭᠲᠡᠶ᠂ 12345 ᠶᠢᠨ ᠪᠦᠷᠢᠯᠳᠦᠬᠦᠨ | ᠨᠢᠭᠡᠴᠢ ᠳᠤ ᠬᠢᠨᠠᠯᠲᠠ ᠲᠠᠯᠪᠢᠵᠤ ᠬᠢᠨᠠᠨ ᠰᠢᠯᠭᠠᠬᠤ ᠳᠤ ᠣᠷᠣᠯᠴᠠᠬᠤ ᠥᠬᠡᠶ︔ 110 ᠪᠠᠶᠢᠭᠰᠠᠨ ᠠᠴᠠ | 12345 ᠳᠤ ᠰᠢᠯᠵᠢᠭᠰᠡᠨ ᠵᠦᠢᠯᠡᠰ ᠲᠤ 12345 ᠨᠢ ᠬᠤᠯᠪᠣᠭᠳᠠᠯ ᠪᠥᠬᠦᠶ ᠪᠦᠷᠢᠯᠳᠦᠬᠦᠨ ᠨᠢᠭᠡᠴᠢ ᠳᠤ ᠬᠢᠨᠠᠯᠲᠠ | ᠲᠠᠯᠪᠢᠵᠤ ᠬᠢᠨᠠᠨ ᠰᠢᠯᠭᠠᠨ᠎ᠠ᠂ 110 ᠨᠢ ᠪᠦᠷᠢᠯᠳᠦᠬᠦᠨ ᠨᠢᠭᠡᠴᠡ ᠳᠤ ᠬᠢᠨᠠᠯᠲᠠ ᠲᠠᠯᠪᠢᠵᠤ ᠬᠢᠨᠠᠨ ᠰᠢᠯᠭᠠᠬᠤ ᠳᠤ | ᠣᠷᠣᠯᠴᠠᠬᠤ ᠥᠬᠡᠶ᠃ | ᠵᠢᠷᠭᠤᠭ᠎ᠠ᠂ ᠲᠠᠪᠴᠠᠩ ᠢ ᠵᠣᠯᠭᠠᠭᠤᠯᠬᠤ ᠰᠢᠰᠲ᠋ᠧᠮ ᠤᠨ ᠲᠤᠯᠭᠠᠭᠤᠷᠢᠯᠠᠯ ᠪᠠ ᠲᠤᠭ᠎ᠠ ᠪᠠᠷᠢᠮᠲᠠ ᠶᠢ ᠬᠠᠮᠲᠤᠪᠠᠷ | ᠡᠳ᠋ᠯᠡᠵᠦ ᠬᠡᠷᠡᠭᠯᠡᠬᠦ ᠶᠢ ᠴᠢᠩᠭᠠᠳᠬᠠᠨ᠎ᠠ᠃ 12345 ᠪᠣᠯᠤᠨ 110 ᠥᠨᠳᠥᠷ ᠪᠦᠲᠦᠮᠵᠢᠲᠡᠢ ᠪᠠᠷ ᠵᠣᠯᠭᠠᠭᠤᠯᠵᠤ | ᠬᠤᠯᠪᠣᠭᠠᠯᠠᠨ ᠬᠥᠳᠡᠯᠦᠯᠴᠡᠬᠦ ᠶᠢᠨ ᠲᠣᠭᠤᠷᠢᠨ ᠳᠤ᠂ ᠬᠤᠶᠠᠷ ᠲᠠᠯ᠎ᠠ ᠶᠢᠨ ᠡᠬᠢ ᠪᠠᠶᠠᠯᠢᠭ ᠢ ᠬᠠᠮᠲᠤᠪᠠᠷ ᠡᠳ᠋ᠯᠡᠬᠦ᠂ | ᠲᠤᠬᠠᠶᠢᠯᠠᠭᠰᠠᠨ ᠠᠵᠢᠯ ᠤᠨ ᠲᠠᠯ᠎ᠠ ᠪᠠᠷ ᠬᠠᠮᠵᠢᠯᠴᠠᠬᠤ᠂ ᠶᠡᠷᠦᠩᠬᠡᠶᠢᠯᠡᠨ ᠬᠡᠷᠡᠭᠯᠡᠬᠦ ᠶᠢ ᠠᠬᠢᠭᠤᠯᠵᠤ᠂ ᠲᠤᠮᠤ ᠳ᠋ᠠᠶᠢᠲ᠋ᠠ | ᠂ ᠵᠣᠬᠢᠶᠠᠮᠠᠯ ᠤᠶᠤᠨ ᠴᠢᠳᠠᠪᠤᠷᠢ᠂ ᠣᠷᠣᠨ ᠬᠡᠰᠡᠭ ᠤᠨ ᠬᠡᠯᠬᠢᠶ᠎ᠡ ᠵᠡᠷᠭᠡ ᠮᠡᠳᠡᠭᠡ ᠵᠠᠩᠭᠢ ᠶᠢᠨ ᠮᠡᠷᠭᠡᠵᠢᠯ ᠤᠨ ᠠᠷᠭ᠎ᠠ | ᠪᠠᠷᠢᠯ ᠳᠤ ᠲᠦᠰᠢᠭᠯᠡᠨ᠂ ᠲᠠᠪᠴᠠᠩ ᠢ ᠵᠣᠯᠭᠠᠭᠤᠯᠬᠤ᠂ ᠳ᠋ᠠᠶᠢᠲ᠋ᠠ ᠶᠢ ᠬᠠᠮᠲᠤᠪᠠᠷ ᠡᠳ᠋ᠯᠡᠬᠦ᠂ ᠦᠷᠳᠡᠭ ᠢ | ᠠᠭᠤᠳᠠᠯᠬᠤ ᠶᠢ ᠲᠦᠷᠭᠡᠨ ᠪᠡᠶᠡᠯᠡᠭᠦᠯᠦᠨ᠎ᠡ᠃ | 1. ᠬᠠᠮᠲᠤᠷᠠᠨ ᠬᠥᠳᠡᠯᠦᠯᠴᠡᠬᠦ ᠲᠠᠪᠴᠠᠩ ᠢ ᠪᠠᠶᠢᠭᠤᠯᠤᠨ᠎ᠠ᠃ ︽ᠰᠢᠰᠲ᠋ᠧᠮ ᠢ ᠠᠭᠤᠰᠤᠯᠴᠠᠭᠤᠯᠤᠨ ᠵᠠᠯᠭᠠᠬᠤ᠂ | ᠲᠤᠭ᠎ᠠ ᠪᠠᠷᠢᠮᠲᠠ ᠶᠢ ᠠᠭᠤᠰᠤᠯᠴᠠᠭᠤᠯᠤᠨ᠂ ᠲᠣᠭᠲᠠᠴᠠ ᠶᠢ ᠠᠭᠤᠰᠤᠯᠴᠠᠭᠤᠯᠤᠨ ᠰᠢᠯᠢᠳᠡᠭᠵᠢᠭᠦᠯᠬᠦ︾ ᠶᠡᠷᠦᠩᠬᠡᠶ | ᠰᠡᠳᠬᠢᠮᠵᠢ ᠶᠢᠨ ᠶᠣᠰᠣᠭᠠᠷ᠂ 12345 ᠪᠠ 110 ᠠᠵᠢᠯ ᠤᠨ ᠲᠠᠪᠴᠠᠩ ᠢ ᠨᠡᠪᠲᠡᠷᠡᠭᠦᠯᠵᠦ᠂ ᠠᠵᠢᠯ ᠤᠨ | ᠬᠠᠭᠤᠳᠠᠰᠤ᠂ ᠴᠠᠭᠳᠠᠭᠠᠨ ᠤ ᠬᠠᠭᠤᠳᠠᠰᠤ ᠶᠢᠨ ᠬᠠᠷᠢᠯᠴᠠᠨ ᠨᠡᠪᠲᠡᠷᠡᠬᠦ ᠵᠠᠮ ᠢ ᠪᠠᠶᠢᠭᠤᠯᠤᠨ᠂ ᠵᠣᠯᠭᠠᠭᠤᠯᠬᠤ | ᠵᠦᠢᠯᠡᠰ ᠢ ᠰᠦᠯᠵᠢᠶᠡᠨ ᠳᠡᠭᠡᠷ᠎ᠡ ᠡᠷᠭᠢᠯᠳᠦᠭᠦᠯᠬᠦ᠂ ᠳᠠᠭᠠᠵᠤ ᠰᠢᠮᠳᠠᠭᠤᠯᠤᠨ ᠭᠦᠢᠴᠡᠳᠭᠡᠬᠦ᠂ ᠬᠠᠷᠢᠭᠤ ᠲᠤᠰᠬᠠᠵᠤ | ᠬᠠᠷᠢᠭᠤ ᠰᠤᠷᠪᠤᠯᠵᠢᠯᠠᠬᠤ᠂ ᠣᠶᠤᠨᠴᠢ ᠪᠠᠷ ᠬᠢᠨᠠᠨ ᠬᠠᠮᠢᠶᠠᠷᠬᠤ ᠪᠢᠲᠡᠭᠦᠤ ᠴᠠᠭᠠᠷᠢᠭ ᠠᠵᠢᠯᠯᠠᠭᠠᠨ ᠤ ᠵᠠᠭᠪᠤᠷ ᠢ | ᠪᠡᠶᠡᠯᠡᠭᠦᠯᠦᠨ᠎ᠡ᠃ 12345 ᠪᠣᠯᠤᠨ 110 ᠨᠢ ᠬᠠᠷᠢᠯᠴᠠᠨ ᠠᠵᠢᠯᠳᠠᠨ ᠲᠣᠮᠢᠯᠠᠨ ᠰᠠᠭᠤᠯᠭᠠᠵᠤ᠂ ᠬᠠᠮᠵᠢᠯᠴᠠᠨ | ᠰᠢᠢᠳᠪᠦᠷᠢᠯᠡᠬᠦ ᠶᠢ ᠵᠢᠷᠤᠮᠵᠢᠭᠤᠯᠬᠤ᠂ ᠪᠠᠷᠢᠮᠵᠢᠶᠠᠵᠢᠭᠤᠯᠬᠤ᠂ ᠲᠤᠰᠬᠠᠶᠢᠵᠢᠭᠤᠯᠬᠤ᠂ ᠤᠶᠤᠨᠴᠢᠯᠠᠬᠤ ᠶᠢ ᠠᠬᠢᠭᠤᠯᠬᠤ | ᠬᠡᠷᠡᠭᠲᠡᠢ᠃ | 2. ᠳ᠋ᠠᠶᠢᠲ᠋ᠠ ᠶᠢᠨ ᠠᠮᠤᠷ ᠲᠦᠪᠰᠢᠨ ᠢ ᠬᠠᠮᠲᠤᠪᠠᠷ ᠡᠳ᠋ᠯᠡᠬᠦ ᠶᠢ ᠠᠬᠢᠭᠤᠯᠤᠨ᠎ᠠ᠃ 12345 ᠪᠠ 110 | ᠣᠲᠣ ᠶᠢᠨ ᠪᠠᠶᠢᠭ᠎ᠠ ᠰᠢᠰᠲ᠋ᠧᠮ ᠳᠤ ᠲᠦᠰᠢᠭᠯᠡᠨ᠂ ᠪᠥᠬᠦ ᠣᠷᠣᠨ ᠤ ᠨᠢᠭᠡᠳᠦᠯᠲᠡᠶ ᠵᠢᠷᠤᠮᠵᠢᠭᠰᠠᠨ ᠵᠣᠬᠢᠶᠠᠨ | ᠪᠠᠶᠢᠭᠤᠯᠤᠯᠲᠠ ᠶᠢᠨ ᠪᠠᠶᠢᠭᠤᠯᠤᠮᠵᠢ ᠶᠢᠨ ᠣᠷᠣᠯᠠᠬᠤ ᠨᠣᠮᠧᠷ᠂ ᠠᠵᠢᠯ ᠤᠨ ᠬᠠᠭᠤᠳᠠᠰᠤ ᠪᠠ ᠴᠠᠭᠳᠠᠭᠠᠨ ᠤ | ᠬᠠᠭᠤᠳᠠᠰᠤ ᠶᠢᠨ ᠪᠠᠷᠢᠮᠵᠢᠶ᠎ᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠬᠠᠷᠢᠭᠤ ᠲᠤᠰᠬᠠᠬᠤ ᠲᠥᠷᠥᠯ ᠵᠦᠢᠯ ᠵᠡᠷᠭᠡ | ᠰᠠᠭᠤᠷᠢ ᠲᠤᠭ᠎ᠠ ᠪᠠᠷᠢᠮᠲᠠ ᠪᠠ ᠭᠤᠤᠯ ᠰᠡᠳᠦᠪᠲᠦ ᠬᠡᠷᠡᠭᠯᠡᠭᠡᠨ ᠤ ᠲᠤᠭ᠎ᠠ ᠪᠠᠷᠢᠮᠲᠠ ᠶᠢ ᠭᠥᠯᠢᠶᠡᠨ ᠠᠪᠴᠤ | ᠰᠢᠢᠳᠪᠦᠷᠢᠯᠡᠵᠦ᠂ ᠲᠤᠬᠠᠶᠢᠯᠠᠭᠰᠠᠨ ᠠᠵᠢᠯ ᠤᠨ ᠴᠤᠪᠤᠷᠠᠯ ᠢ ᠡᠮᠬᠢᠯᠡᠨ ᠳᠢᠭᠯᠡᠵᠦ᠂ ᠬᠤᠯᠪᠣᠭᠠᠯᠠᠨ ᠨᠡᠪᠲᠡᠷᠡᠯᠴᠡᠬᠦ | ᠪᠠᠷᠢᠮᠵᠢᠶ᠎ᠠ ᠶᠢ ᠵᠣᠯᠭᠠᠭᠤᠯᠤᠨ᠂ ᠲᠤᠭ᠎ᠠ ᠪᠠᠷᠢᠮᠲᠠ ᠶᠢᠨ ᠠᠭᠤᠰᠤᠯᠴᠠᠬᠤ ᠬᠡᠪᠴᠢᠶ᠎ᠡ ᠶᠢ ᠵᠣᠯᠭᠠᠭᠤᠯᠤᠨ᠎ᠠ᠃ ︽ | ᠬᠠᠮᠲᠤ ᠪᠠᠷ ᠡᠳ᠋ᠯᠡᠬᠦ ᠪᠠᠷ ᠵᠠᠷᠴᠢᠮ ᠪᠣᠯᠭᠠᠵᠤ᠂ ᠬᠠᠮᠲᠤ ᠪᠠᠷ ᠡᠳ᠋ᠯᠡᠬᠦ ᠦᠭᠡᠶ ᠪᠠᠷ ᠣᠨᠴᠠᠭᠠᠶ ᠵᠦᠢᠯ ᠪᠣᠯᠭᠠᠬᠤ︾ ᠶᠢ | ᠪᠠᠷᠢᠮᠲᠠᠯᠠᠵᠤ᠂ ᠠᠮᠤᠷ ᠲᠦᠪᠰᠢᠨ ᠢ ᠦᠨᠡᠨᠬᠦ ᠪᠠᠲᠤᠯᠠᠭᠰᠠᠨ ᠤᠷᠢᠲᠠᠯ ᠳᠣᠣᠷ᠎ᠠ᠂ 12345 ᠪᠣᠯᠤᠨ 110 ᠶᠢ | ᠰᠠᠯᠭᠠᠨ ᠶᠠᠪᠤᠭᠤᠯᠵᠤ ᠬᠠᠮᠲᠤᠷᠠᠨ ᠬᠥᠳᠡᠯᠦᠯᠴᠡᠬᠦ ᠵᠦᠢᠯᠡᠰ ᠤᠨ ᠠᠵᠢᠯ ᠤᠨ ᠬᠠᠭᠤᠳᠠᠰᠤ ᠶᠢᠨ ᠲᠤᠭ᠎ᠠ ᠪᠠᠷᠢᠮᠲᠠ ᠳᠤ | ᠦᠢᠯᠡᠴᠢᠯᠡᠭᠡᠨ ᠤ ᠵᠠᠯᠭᠠᠰᠤ ᠶᠢ ᠬᠤᠣᠰ ᠴᠢᠭᠯᠡᠯ ᠢᠶᠠᠷ ᠬᠠᠮᠲᠤ ᠪᠠᠷ ᠡᠳ᠋ᠯᠡᠬᠦ ᠠᠷᠭ᠎ᠠ ᠬᠡᠮᠵᠢᠶ᠎ᠡ ᠠᠪᠴᠤ᠂ ᠳᠤᠮᠳᠠᠬᠢ | ᠳ᠋ᠠᠶᠢᠲ᠋ᠠ ᠶᠢᠨ ᠬᠥᠮᠥᠷᠭᠡ ᠶᠢᠨ ᠬᠠᠮᠲᠤᠪᠠᠷ ᠡᠳ᠋ᠯᠡᠬᠦ ᠳ᠋ᠠᠶᠢᠲ᠋ᠠ ᠶᠢ ᠬᠠᠮᠲᠤᠪᠠᠷ ᠪᠠᠶᠢᠭᠤᠯᠵᠤ᠂ ᠮᠡᠳᠡᠭᠡ ᠵᠠᠩᠭᠢ ᠶᠢᠨ | ᠲᠤᠭ᠎ᠠ ᠪᠠᠷᠢᠮᠲᠠ ᠶᠢᠨ ᠬᠤᠯᠪᠣᠯᠳᠤᠨ ᠨᠡᠪᠲᠡᠷᠡᠯᠴᠡᠬᠦ ᠶᠢ ᠪᠡᠶᠡᠯᠡᠭᠦᠯᠵᠦ᠂ ᠠᠵᠢᠯ ᠤᠨ ᠬᠠᠭᠤᠳᠠᠰᠤ ᠰᠡᠷᠡᠮᠵᠢ ᠶᠢᠨ | ᠬᠠᠭᠤᠳᠠᠰᠤ ᠶᠢ ᠬᠤᠣᠰ ᠴᠢᠭᠯᠡᠯ ᠢᠶᠠᠷ ᠡᠷᠭᠢᠯᠳᠦᠭᠦᠯᠵᠦ᠂ ᠬᠠᠷᠢᠭᠤ ᠲᠤᠰᠬᠠᠯ ᠤᠨ ᠪᠢᠲᠡᠭᠦᠦ ᠴᠠᠭᠠᠷᠢᠭ ᠤᠨ | ᠠᠵᠢᠯᠯᠠᠭᠠᠨ ᠢ ᠬᠦᠯᠢᠶᠡᠨ ᠠᠪᠴᠤ ᠰᠢᠢᠳᠪᠦᠷᠢᠯᠡᠨ᠎ᠡ᠃ ᠬᠡᠷᠡᠭᠯᠡᠭᠡᠨ ᠤ ᠬᠤᠶᠠᠷ ᠲᠠᠯ᠎ᠠ ᠶᠢᠨ ᠮᠡᠳᠡᠯᠭᠡ ᠶᠢᠨ ᠬᠥᠮᠥᠷᠭᠡ᠂ | ᠲᠤᠰᠬᠠᠶ ᠮᠡᠷᠭᠡᠵᠢᠯᠲᠡᠨ ᠤ ᠬᠥᠮᠥᠷᠭᠡ ᠵᠡᠷᠭᠡ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠶᠢᠨ ᠬᠠᠮᠲᠤ ᠬᠠᠷᠢᠯᠴᠠᠨ | ᠣᠶᠢᠯᠠᠭᠠᠵᠤ ᠮᠡᠳᠡᠬᠦ ᠪᠤᠰᠤᠳ ᠵᠦᠢᠯᠡᠰ ᠢ ᠬᠠᠮᠲᠤ ᠪᠠᠷ ᠡᠳ᠋ᠯᠡᠬᠦ ᠪᠠᠷ ᠵᠥᠪᠳᠡᠯᠴᠡᠨ ᠲᠣᠭᠲᠠᠭᠠᠵᠤ᠂ ᠣᠶᠢᠯᠠᠭᠠᠵᠤ | ᠮᠡᠳᠡᠬᠦ ᠬᠦᠷᠢᠶ᠎ᠡ ᠬᠡᠪᠴᠢᠶ᠎ᠡ ᠶᠢ ᠲᠣᠳᠣᠷᠬᠠᠶᠢᠯᠠᠨ᠂ ᠪᠠᠶᠢᠴᠠᠭᠠᠵᠤ ᠪᠣᠯᠬᠤ᠂ ᠨᠡᠬᠡᠮᠵᠢᠯᠡᠵᠦ ᠪᠣᠯᠬᠤ᠂ ᠬᠡᠷᠡᠭᠯᠡᠵᠦ | ᠪᠣᠯᠬᠤ ᠶᠢ ᠪᠡᠶᠡᠯᠡᠭᠦᠯᠵᠦ᠂ ᠲᠤᠭ᠎ᠠ ᠪᠠᠷᠢᠮᠲᠠ ᠶᠢᠨ ᠦᠨ᠎ᠡ ᠥᠷᠲᠡᠭ ᠢ ᠬᠠᠮᠤᠭ ᠤᠨ ᠶᠡᠭᠡ ᠬᠡᠮᠵᠢᠶ᠎ᠡ ᠪᠠᠷ ᠠᠭᠤᠳᠠᠯᠵᠤ᠂ | ᠪᠠᠶᠢᠩᠭᠤᠵᠢᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠤᠮᠣᠳᠠᠯ ᠱᠠᠭᠠᠷᠳᠠᠯᠭ᠎ᠠ ᠪᠠ ᠴᠠᠭᠳᠠᠭᠠᠨ ᠤ | ᠪᠠᠶᠢᠳᠠᠯ ᠤᠨ ᠲᠤᠭ᠎ᠠ ᠪᠠᠷᠢᠮᠲᠠ ᠶᠢ ᠠᠭᠤᠰᠤᠯᠴᠠᠭᠤᠯᠤᠨ ᠰᠤᠳᠤᠯᠤᠨ ᠮᠠᠭᠠᠳᠯᠠᠬᠤ ᠶᠢ ᠪᠡᠶᠡᠯᠡᠭᠦᠯᠦᠨ᠎ᠡ᠃ | 3. ᠲᠤᠭ᠎ᠠ ᠪᠠᠷᠢᠮᠲᠠ ᠶᠢᠨ ᠬᠡᠷᠡᠭᠯᠡᠯᠲᠡ ᠶᠢ ᠴᠢᠩᠭᠠᠷᠠᠭᠤᠯᠤᠨ᠎ᠠ᠃ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ | ᠬᠡᠷᠡᠭᠯᠡᠨ᠂ 12345 ᠪᠣᠯᠤᠨ 110 ᠨᠢ ᠲᠤᠰ ᠲᠠᠯ᠎ᠠ ᠶᠢᠨ ᠲᠠᠪᠴᠠᠩ ᠤᠨ ᠲᠤᠭ᠎ᠠ ᠪᠠᠷᠢᠮᠲᠠ ᠶᠢ ᠲᠣᠭᠲᠠᠮᠠᠯ | ᠬᠤᠭᠤᠴᠠᠭ᠎ᠠ ᠲᠠᠢ ᠪᠠᠷ ᠬᠤᠷᠢᠶᠠᠩᠭᠤᠶᠢᠯᠠᠵᠤ᠂ ᠠᠵᠤ ᠠᠬᠤᠶᠢᠯᠠᠯ ᠪᠣᠯᠤᠨ ᠣᠯᠠᠨ ᠲᠦᠮᠡᠨ ᠤ ᠥᠨᠳᠥᠷ | ᠳᠠᠪᠲᠠᠮᠵᠢ ᠶᠢᠨ ᠯᠠᠪᠯᠠᠯᠭ᠎ᠠ ᠶᠢᠨ ᠲᠥᠷᠥᠯ ᠤᠨ ᠠᠰᠠᠭᠤᠳᠠᠯ᠂ ᠥᠨᠳᠥᠷ ᠳᠠᠪᠲᠠᠮᠵᠢ ᠶᠢᠨ ᠰᠢᠯᠵᠢᠭᠦᠯᠦᠨ ᠭᠦᠢᠴᠡᠳᠬᠡᠬᠦ | ᠤᠴᠢᠷ ᠶᠠᠪᠤᠳᠠᠯ ᠢ ᠡᠮᠬᠢᠯᠡᠨ ᠳᠢᠭᠯᠡᠵᠦ᠂ ᠬᠤᠯᠪᠣᠭᠳᠠᠯ ᠢᠶᠠᠷ ᠳᠠᠮᠵᠢᠭᠤᠯᠤᠨ ᠠᠷᠠᠳ ᠤᠨ ᠠᠮᠢᠳᠤᠷᠠᠯ ᠤᠨ ᠬᠦᠰᠡᠯ | ᠱᠠᠭᠠᠷᠳᠠᠯᠭ᠎ᠠ ᠶᠢ ᠰᠤᠳᠤᠯᠤᠨ ᠮᠠᠭᠠᠳᠯᠠᠵᠤ᠂ ᠴᠠᠭᠳᠠᠭ᠎ᠠ ᠶᠢᠨ ᠪᠠᠶᠢᠳᠠᠯ ᠢ ᠠᠮᠤᠷ ᠲᠦᠪᠰᠢᠨ ᠪᠣᠯᠭᠠᠵᠤ᠂ ᠠᠷᠠᠳ ᠤᠨ | ᠰᠠᠨᠠᠭᠠᠨ ᠤ ᠬᠠᠯᠠᠮᠰᠢᠯ ᠴᠡᠭ᠂ ᠠᠶᠤᠯ ᠲᠦᠭᠰᠢᠭᠦᠷᠢ ᠶᠢᠨ ᠳᠠᠯᠳᠠ ᠬᠡᠮ᠂ ᠵᠥᠷᠢᠴᠡᠯ ᠠᠰᠠᠭᠤᠳᠠᠯ ᠢ ᠪᠦᠲᠦᠮᠵᠢᠲᠡᠶ | ᠵᠢᠭᠰᠠᠭᠠᠨ ᠪᠠᠶᠢᠴᠠᠭᠠᠵᠤ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶ᠎ᠡ ᠲᠠᠢ ᠪᠠᠨ ᠤᠶᠠᠯᠳᠤᠭᠤᠯᠤᠨ | ᠲᠣᠰ ᠲᠣᠰ ᠲᠤᠨᠢ ᠰᠤᠳᠤᠯᠤᠨ ᠮᠠᠭᠠᠳᠯᠠᠭᠰᠠᠨ ᠰᠠᠭᠤᠷᠢᠨ ᠳᠡᠭᠡᠷ᠎ᠡ᠂ ᠬᠠᠮᠲᠤᠷᠠᠨ ᠰᠤᠳᠤᠯᠤᠨ ᠮᠠᠭᠠᠳᠯᠠᠬᠤ᠂ | ᠲᠤᠰᠬᠠᠶ ᠰᠡᠳᠦᠪ ᠢᠶᠠᠷ ᠰᠤᠳᠤᠯᠤᠨ ᠮᠠᠭᠠᠳᠯᠠᠬᠤ᠂ ᠶᠡᠷᠦᠩᠬᠡᠶᠢᠯᠡᠨ ᠰᠤᠳᠤᠯᠤᠨ ᠮᠠᠭᠠᠳᠯᠠᠬᠤ ᠶᠢ ᠪᠠᠶᠢᠩᠭᠤᠵᠢᠭᠤᠯᠤᠨ | ᠥᠷᠨᠢᠭᠦᠯᠵᠦ᠂ 12345 ᠬᠢᠭᠡᠳ 110 ᠥᠨᠳᠥᠷ ᠪᠦᠲᠦᠮᠵᠢᠲᠡᠶ ᠵᠣᠯᠭᠠᠭᠤᠯᠤᠨ ᠬᠤᠯᠪᠣᠭᠠᠯᠠᠨ ᠬᠥᠳᠡᠯᠦᠯᠴᠡᠬᠦ ᠶᠢ | ᠦᠨᠡᠨᠬᠦ ᠠᠬᠢᠭᠤᠯᠵᠤ᠂ ᠭᠡᠨᠡᠳᠲᠡ ᠶᠢᠨ ᠴᠠᠭᠳᠠᠭᠠᠨ ᠤ ᠪᠠᠶᠢᠳᠠᠯ ᠢ ᠲᠦᠷᠭᠡᠨ ᠪᠥᠭᠡᠳ ᠪᠦᠲᠦᠮᠵᠢᠲᠡᠶ ᠰᠢᠢᠳᠪᠦᠷᠢᠯᠡᠨ᠂ | ᠴᠠᠭᠳᠠᠭᠠᠨ ᠤ ᠶᠠᠪᠤᠳᠠᠯ ᠤᠨ ᠪᠤᠰᠤ ᠲᠤᠰᠠᠯᠠᠮᠵᠢ ᠭᠤᠶᠤᠴᠢᠯᠠᠬᠤ ᠶᠢ ᠰᠢᠨᠵᠢᠯᠡᠬᠦ ᠤᠬᠠᠭᠠᠨᠴᠢ ᠪᠥᠭᠡᠳ ᠵᠦᠶ | ᠵᠣᠬᠢᠰᠲᠠᠶ ᠪᠠᠷ ᠰᠠᠯᠭᠠᠨ ᠲᠣᠬᠢᠷᠠᠭᠤᠯᠵᠤ᠂ ᠬᠠᠮᠵᠢᠯᠴᠠᠨ ᠦᠢᠯᠡᠴᠢᠯᠡᠬᠦ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠂ | ᠤᠳᠤᠷᠢᠳᠤᠯᠭ᠎ᠠ ᠶᠢᠨ ᠰᠢᠢᠳᠪᠤᠷᠢᠳᠣ ᠪᠣᠳᠣᠯᠭ᠎ᠠ ᠲᠣᠭᠲᠠᠭᠠᠬᠤ ᠳᠤ ᠬᠦᠴᠦᠲᠡᠶ ᠦᠢᠯᠡᠴᠢᠯᠡᠨ᠎ᠡ᠃ | ᠳᠣᠯᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠡᠯ᠎ᠡ ᠭᠠᠵᠠᠷ ᠤᠨ ᠬᠢᠨ 12345 ᠪᠣᠯᠤᠨ 110 ᠶᠢ | ᠵᠣᠯᠭᠠᠭᠤᠯᠵᠤ ᠬᠠᠮᠲᠤᠷᠠᠨ ᠬᠥᠳᠡᠯᠦᠯᠴᠡᠬᠦ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ | ᠰᠡᠳᠬᠢᠯᠭᠡ᠂ ᠡᠭᠦᠷᠭᠡᠲᠦ ᠪᠤᠳᠤᠯ ᠢᠶᠠᠨ ᠦᠨᠡᠨᠬᠦ ᠴᠢᠩᠭᠠᠳᠬᠠᠵᠤ᠂ 12345 ᠲᠠᠪᠴᠠᠩ ᠪᠣᠯᠤᠨ 110 | ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠥᠨᠳᠥᠷ | ᠦᠷ᠎ᠡ ᠪᠦᠲᠦᠮᠵᠢᠲᠡᠢ ᠪᠠᠷ ᠠᠬᠢᠭᠤᠯᠵᠤ᠂ ᠪᠠᠲᠤᠯᠠᠪᠤᠷᠢ ᠶᠢᠨ ᠡᠷᠴᠢᠮ ᠢᠶᠠᠨ ᠴᠢᠩᠭᠠᠷᠠᠭᠤᠯᠵᠤ᠂ ᠵᠣᠯᠭᠠᠭᠤᠯᠵᠤ | ᠬᠠᠮᠲᠤᠷᠠᠨ ᠬᠥᠳᠡᠯᠦᠯᠴᠡᠬᠦ ᠠᠵᠢᠯ ᠢ ᠬᠦᠴᠦᠲᠡᠢ ᠡᠮᠬᠢ ᠵᠢᠷᠤᠮ ᠲᠠᠢ ᠠᠬᠢᠭᠤᠯᠵᠤ᠂ 12345 ᠶᠢ ᠬᠦᠯᠢᠶᠡᠨ ᠠᠪᠴᠤ | ᠭᠦᠢᠴᠡᠳᠬᠡᠬᠦ ᠶᠠᠰᠤ ᠴᠢᠨᠠᠷ ᠦᠷ᠎ᠡ ᠠᠰᠢᠭ ᠪᠣᠯᠤᠨ 110 ᠶᠢ ᠬᠦᠯᠢᠶᠡᠨ ᠠᠪᠴᠤ ᠰᠢᠢᠳᠪᠦᠷᠢᠯᠡᠬᠦ ᠠᠵᠢᠯ ᠤᠨ ᠦᠷ᠎ᠡ | ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ 12345 ᠬᠢᠭᠡᠳ | 110 ᠶᠢ ᠵᠣᠯᠭᠠᠭᠤᠯᠵᠤ ᠬᠠᠮᠲᠤᠷᠠᠨ ᠬᠥᠳᠡᠯᠦᠯᠴᠡᠬᠦ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠲᠣᠭᠲᠠᠴᠠ ᠪᠠ | ᠠᠵᠢᠯ ᠤᠨ ᠲᠤᠰᠬᠠᠶ ᠠᠩᠭᠢ ᠶᠢ ᠪᠠᠶᠢᠭᠤᠯᠵᠤ᠂ 12345 ᠬᠢᠭᠡᠳ 110 ᠶᠢ ᠦᠨᠡᠯᠡᠨ ᠵᠢᠱᠢᠬᠦ ᠭᠦᠢᠴᠡᠳᠭᠡᠯ | ᠲᠤᠭ᠎ᠠ ᠶᠢᠨ ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ 12345 ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢᠨ ᠠᠵᠢᠯ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ ᠨᠢᠭᠡᠴᠢ ᠪᠠ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠬᠠᠮᠲᠤᠷᠠᠨ | ᠬᠥᠳᠡᠯᠦᠯᠴᠡᠬᠦ ᠠᠵᠢᠯ ᠤᠨ ᠡᠭᠦᠷᠭᠡ ᠬᠠᠷᠢᠭᠤᠴᠠᠯᠭ᠎ᠠ ᠪᠠ ᠱᠠᠭᠠᠷᠳᠠᠯᠭ᠎ᠠ ᠶᠢ ᠦᠨᠳᠦᠰᠦᠯᠡᠨ᠂ ᠨᠢᠭᠡᠳᠦᠯᠲᠡᠶ | ᠲᠥᠯᠥᠪᠯᠡᠨ ᠬᠠᠮᠢᠶᠠᠷᠬᠤ ᠪᠠᠨ ᠴᠢᠩᠭᠠᠳᠬᠠᠵᠤ᠂ ᠬᠡᠷᠡᠭᠵᠢᠭᠦᠯᠬᠦ ᠨᠠᠷᠢᠨ ᠲᠦᠷᠢᠮ ᠲᠣᠭᠲᠠᠭᠠᠨ᠂ ᠵᠣᠯᠭᠠᠭᠤᠯᠵᠤ | ᠬᠠᠮᠲᠤᠷᠠᠨ ᠬᠥᠳᠡᠯᠦᠯᠴᠡᠬᠦ ᠠᠵᠢᠯ ᠤᠨ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠴᠠᠭ ᠲᠤᠬᠠᠶ ᠳᠤᠨᠢ | ᠢᠳᠡᠪᠬᠢᠲᠡᠶ ᠵᠣᠬᠢᠴᠠᠭᠤᠯᠤᠨ ᠰᠢᠢᠳᠪᠦᠷᠢᠯᠡᠵᠦ᠂ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠭᠡᠭᠰᠡᠨ᠂ | ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠭᠡᠭᠰᠡᠨ ᠬᠠᠮᠲᠤᠷᠠᠨ ᠬᠥᠳᠡᠯᠦᠯᠴᠡᠬᠦ ᠰᠢᠰᠲ᠋ᠧᠮᠵᠢ ᠶᠢ ᠦᠨᠡᠨᠬᠦ | ᠪᠠᠶᠢᠭᠤᠯᠵᠤ᠂ ᠴᠠᠭ ᠲᠤᠬᠠᠶ ᠳᠤᠨᠢ ᠳᠠᠭᠠᠵᠤ᠂ ᠬᠦᠴᠦᠲᠡᠶ ᠰᠢᠢᠳᠪᠦᠷᠢᠯᠡᠬᠦ ᠶᠢ ᠪᠡᠶᠡᠯᠡᠭᠦᠯᠬᠦ ᠬᠡᠷᠡᠭᠲᠡᠶ᠃ | ︵ᠬᠤᠶᠠᠷ︶ ᠵᠠᠷᠤᠳᠠᠯ ᠤᠨ ᠪᠠᠲᠤᠯᠠᠭ᠎ᠠ ᠶᠢ ᠴᠢᠩᠭᠠᠳᠬᠠᠨ᠎ᠠ᠃ 12345 ᠬᠢᠭᠡᠳ 110 ᠶᠢ ᠵᠣᠯᠭᠠᠭᠤᠯᠵᠤ | ᠬᠠᠮᠲᠤᠷᠠᠨ ᠬᠥᠳᠡᠯᠦᠯᠴᠡᠬᠦ ᠠᠵᠢᠯ᠂ ᠰᠢᠰᠲ᠋ᠧᠮ ᠤᠨ ᠪᠠᠶᠢᠭᠤᠯᠤᠯᠲᠠ᠂ ᠠᠵᠢᠯᠲᠠᠨ ᠤ ᠪᠣᠯᠪᠠᠰᠤᠷᠠᠭᠤᠯᠤᠯ ᠤᠨ ᠡᠳ᠋ ᠤᠨ | ᠵᠠᠰᠠᠭ ᠤᠨ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠵᠤ᠂ ᠡᠳ᠋ ᠤᠨ ᠵᠠᠰᠠᠭ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠰᠠᠯᠠᠭ᠎ᠠ ᠮᠥᠴᠢᠷ ᠤᠳ ᠣᠲᠣ ᠶᠢᠨ ᠪᠠᠶᠢᠭ᠎ᠠ ᠵᠠᠷᠤᠳᠠᠯ ᠤᠨ ᠠᠷᠭ᠎ᠠ ᠵᠠᠮ ᠢ ᠨᠢᠭᠡᠳᠦᠯᠲᠡᠶ | ᠲᠥᠯᠥᠪᠯᠡᠨ ᠠᠰᠢᠭᠯᠠᠵᠤ᠂ 12345 ᠬᠢᠭᠡᠳ 110 ᠶᠢ ᠵᠣᠯᠭᠠᠭᠤᠯᠵᠤ ᠬᠠᠮᠲᠤᠷᠠᠨ ᠬᠥᠳᠡᠯᠦᠯᠴᠡᠬᠦ ᠠᠵᠢᠯ᠂ | ᠰᠢᠰᠲ᠋ᠧᠮ ᠤᠨ ᠪᠠᠶᠢᠭᠤᠯᠤᠯᠲᠠ᠂ ᠠᠵᠢᠯᠲᠠᠨ ᠤ ᠪᠣᠯᠪᠠᠰᠤᠷᠠᠭᠤᠯᠤᠯ ᠵᠡᠷᠭᠡ ᠳᠤ ᠬᠡᠷᠡᠭᠰᠡᠬᠦ ᠵᠠᠷᠤᠳᠠᠯ ᠢ ᠪᠠᠲᠤᠯᠠᠵᠤ᠂ | ᠵᠣᠯᠭᠠᠭᠤᠯᠵᠤ ᠬᠠᠮᠲᠤᠷᠠᠨ ᠬᠥᠳᠡᠯᠦᠯᠴᠡᠬᠦ ᠠᠵᠢᠯ ᠤᠨ ᠡᠮᠬᠢ ᠵᠢᠷᠤᠮ ᠲᠠᠢ ᠥᠨᠳᠥᠷ ᠦᠷ᠎ᠡ ᠪᠦᠲᠦᠮᠵᠢᠲᠡᠶ ᠪᠠᠷ | ᠶᠠᠪᠤᠭᠳᠠᠬᠤ ᠶᠢ ᠳᠡᠮᠵᠢᠨ ᠠᠬᠢᠭᠤᠯᠬᠤ ᠬᠡᠷᠡᠭᠲᠡᠶ᠃ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠬᠦᠨ ᠨᠢᠭᠡᠴᠢ ᠶᠢᠨ ᠲᠠᠰ ᠳᠡᠪᠰᠢᠭᠦᠯᠦᠨ ᠰᠢᠯᠢᠳᠡᠭᠵᠢᠭᠦᠯᠬᠦ ᠰᠢᠰᠲ᠋ᠧᠮ ᠤᠨ ᠲᠠᠪᠴᠠᠩ ᠠᠴᠠ ᠪᠣᠶ ᠪᠣᠯᠤᠭᠰᠠᠨ | ᠵᠠᠷᠤᠳᠠᠯ ᠪᠠ ᠠᠵᠢᠯᠲᠠᠨ ᠤ ᠵᠠᠷᠤᠳᠠᠯ ᠢ ᠪᠦᠷᠢᠯᠳᠦᠬᠦᠨ ᠨᠢᠭᠡᠴᠡ ᠥᠪᠡᠰᠦᠪᠡᠨ ᠡᠭᠦᠷᠭᠡᠯᠡᠨ᠎ᠡ᠃ | ︵ᠭᠤᠷᠪᠠ︶ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ 12345 ᠪᠠ 110 ᠳ᠋ᠢᠶᠠᠩᠬᠤᠸᠠ | ᠵᠠᠯᠭᠠᠯᠲᠠ ᠶᠢᠨ ᠬᠡᠮᠵᠢᠶ᠎ᠡ ᠶᠢ ᠦᠨᠳᠦᠰᠦᠯᠡᠨ᠂ ᠳ᠋ᠢᠶᠠᠩᠬᠤᠸᠠ ᠵᠠᠯᠭᠠᠯᠲᠠ ᠶᠢᠨ ᠰᠠᠭᠤᠳᠠᠯ ᠢ ᠰᠢᠨᠵᠢᠯᠡᠬᠦ | ᠤᠬᠠᠭᠠᠨᠴᠢ ᠪᠠᠷ ᠵᠦᠶ ᠵᠣᠬᠢᠰᠲᠠᠶ ᠳᠣᠭᠢᠷᠠᠭᠤᠯᠵᠤ᠂ ᠳ᠋ᠢᠶᠠᠩᠬᠤᠸᠠ ᠵᠠᠯᠭᠠᠯᠲᠠ ᠶᠢᠨ ᠠᠵᠢᠯᠲᠠᠨ ᠢ ᠭᠦᠢᠴᠡᠳ | ᠳᠣᠭᠢᠷᠠᠭᠤᠯᠤᠨ ᠴᠢᠩᠭ᠎ᠠ ᠳᠣᠭᠢᠷᠠᠭᠤᠯᠵᠤ᠂ ᠨᠢᠭᠡᠳᠦᠭᠡᠷ ᠹᠷᠣᠨᠲ ᠤᠨ ᠠᠵᠢᠯᠲᠠᠨ ᠢ ᠬᠠᠯᠠᠮᠵᠢᠯᠠᠬᠤ ᠡᠷᠴᠢᠮ ᠢᠶᠠᠨ | ᠴᠢᠩᠭᠠᠷᠠᠭᠤᠯᠤᠨ᠂ ᠬᠤᠯᠪᠣᠭᠳᠠᠯ ᠪᠥᠬᠦᠶ ᠠᠵᠢᠯ ᠮᠡᠷᠭᠡᠵᠢᠯ ᠤᠨ ᠲᠥᠯᠥᠪᠵᠢᠭᠦᠯᠭᠡ᠂ ᠴᠠᠯᠢᠩ ᠬᠥᠯᠥᠰᠥ ᠣᠯᠭᠤᠮᠵᠢ᠂ | ᠡᠷᠬᠡ ᠠᠰᠢᠭ ᠤᠨ ᠬᠠᠮᠠᠭᠠᠯᠠᠯᠲᠠ᠂ ᠰᠠᠶᠢᠰᠢᠶᠠᠨ ᠬᠥᠬᠢᠭᠦᠯᠬᠦ ᠵᠡᠷᠭᠡ ᠲᠠᠯ᠎ᠠ ᠶᠢᠨ ᠪᠠᠲᠤᠯᠠᠭ᠎ᠠ ᠶᠢᠨ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠬᠤ ᠬᠡᠷᠡᠭᠲᠡᠶ᠃ ᠡᠭᠦᠨ ᠤ ᠬᠠᠮᠲᠤ | 12345 ᠪᠣᠯᠤᠨ 110 ᠠᠵᠢᠯᠲᠠᠨ ᠤ ᠲᠤᠬᠠᠶᠢᠯᠠᠭᠰᠠᠨ ᠠᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ | ᠴᠢᠩᠭᠠᠳᠬᠠᠵᠤ᠂ ᠳ᠋ᠢᠶᠠᠩᠬᠤᠸᠠ ᠵᠠᠯᠭᠠᠯᠲᠠ ᠶᠢᠨ ᠲᠥᠯᠥᠭᠡᠯᠡᠭᠴᠢ᠂ ᠴᠠᠭᠳᠠᠭᠠᠴᠢ ᠶᠢᠨ ᠰᠣᠯᠢᠯᠴᠠᠭᠠᠨ ᠤ | ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠨᠡᠪᠲᠡᠷᠡᠯᠴᠡᠨ ᠬᠠᠷᠢᠯᠴᠠᠬᠤ ᠶᠢ ᠴᠢᠩᠭᠠᠳᠬᠠᠨ᠂ | ᠬᠤᠯᠪᠣᠭᠠᠯᠠᠨ ᠬᠠᠮᠵᠢᠯᠴᠠᠬᠤ ᠶᠢ ᠴᠢᠩᠭᠠᠳᠬᠠᠨ᠎ᠠ᠃ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠠᠮᠢᠶ᠎ᠠ | ᠪᠥᠬᠦᠶ ᠪᠦᠷᠢᠯᠳᠦᠬᠦᠨ ᠨ᠊ ᠨᠢᠭᠡᠴᠢ ᠨᠦᠭᠦᠳ ᠠᠵᠢᠯ ᠤᠨ ᠡᠭᠦᠷᠭᠡ ᠶᠢᠨ ᠬᠡᠷᠡᠭᠴᠡᠭᠡ ᠪᠠᠨ ᠦᠨᠳᠦᠰᠦᠯᠡᠨ᠂ ᠬᠠᠮᠲᠤᠷᠠᠨ | ᠬᠥᠳᠡᠯᠦᠯᠴᠡᠬᠦ ᠲᠣᠭᠲᠠᠴᠠ ᠯᠤᠭ᠎ᠠ ᠵᠣᠬᠢᠴᠠᠯᠳᠤᠭᠰᠠᠨ ᠠᠵᠢᠯ ᠤᠨ ᠵᠠᠭᠪᠤᠷ ᠢ ᠲᠦᠷᠭᠡᠳᠬᠡᠨ ᠪᠠᠶᠢᠭᠤᠯᠵᠤ᠂ ︽7 × | 24 ᠴᠠᠭ︾ ᠤᠨ ᠵᠢᠵᠢᠭᠦᠷᠯᠡᠨ ᠰᠠᠬᠢᠬᠤ ᠶᠢ ᠥᠷᠨᠢᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠬᠦᠰᠡᠯ | ᠱᠠᠭᠠᠷᠳᠠᠯᠭ᠎ᠠ ᠶᠢ ᠥᠨᠳᠥᠷ ᠦᠷ᠎ᠡ ᠪᠦᠲᠦᠮᠵᠢᠲᠡᠶ ᠪᠠᠷ ᠰᠢᠢᠳᠪᠦᠷᠢᠯᠡᠬᠦ ᠶᠢ ᠦᠨᠡᠨᠬᠦ ᠪᠠᠲᠤᠯᠠᠬᠤ ᠬᠡᠷᠡᠭᠲᠡᠶ᠃ | ︵ᠳᠥᠷᠪᠡ︶ ᠤᠬᠠᠭᠤᠯᠵᠤ ᠬᠥᠲᠥᠯᠦᠨ ᠵᠢᠯᠣᠭᠤᠳᠬᠤ ᠶᠢ ᠴᠢᠩᠭᠠᠳᠬᠠᠨ᠎ᠠ᠃ ᠵᠠᠰᠠᠭ ᠤᠨ ᠣᠷᠳᠣᠨ ᠤ | ᠰᠦᠯᠵᠢᠶ᠎ᠡ᠂ ᠰᠣᠨᠢᠨ ᠮᠡᠳᠡᠭᠡᠨ ᠤ ᠵᠠᠭᠤᠴᠢᠯᠠᠭᠤᠷ ᠵᠡᠷᠭᠡ ᠠᠷᠭ᠎ᠠ ᠵᠠᠮ ᠢ ᠭᠦᠢᠴᠡᠳ ᠠᠰᠢᠭᠯᠠᠨ᠂ 12345 ᠬᠢᠭᠡᠳ | 110 ᠶᠢᠨ ᠠᠵᠢᠯ ᠤᠨ ᠡᠭᠦᠷᠭᠡ ᠬᠠᠷᠢᠭᠤᠴᠠᠯᠭ᠎ᠠ᠂ ᠭᠥᠯᠢᠶᠡᠨ ᠠᠪᠴᠤ ᠰᠢᠢᠳᠪᠦᠷᠢᠯᠡᠬᠦ ᠬᠡᠪᠴᠢᠶ᠎ᠡ᠂ ᠰᠢᠯᠵᠢᠭᠦᠯᠦᠨ | ᠭᠦᠢᠴᠡᠳᠭᠡᠬᠦ ᠬᠠᠮᠲᠤᠷᠠᠨ ᠬᠥᠳᠡᠯᠦᠯᠴᠡᠬᠦ ᠲᠣᠭᠲᠠᠴᠠ ᠵᠡᠷᠭᠡ ᠠᠭᠤᠯᠭ᠎ᠠ ᠶᠢ ᠥᠷᠭᠡᠨ ᠢᠶᠠᠷ ᠤᠬᠠᠭᠤᠯᠵᠤ᠂ ᠠᠷᠠᠳ | ᠣᠯᠠᠨ ᠢ ᠬᠥᠲᠥᠯᠦᠨ ᠵᠢᠯᠣᠭᠤᠳᠴᠤ ᠪᠠᠶᠢᠭᠠᠳ 12345 ᠪᠠ 110 ᠶᠢ ᠵᠥᠪ ᠬᠡᠷᠡᠭᠯᠡᠭᠦᠯᠬᠦ ᠬᠡᠷᠡᠭᠲᠡᠶ᠃ ᠮᠠᠭᠤ | ᠰᠠᠨᠠᠭ᠎ᠠ ᠲᠠᠢ ᠪᠠᠷ ᠲᠦᠢᠪᠡᠭᠡᠭᠰᠡᠨ 12345 ᠪᠠ 110 ᠶᠢᠨ ᠬᠠᠤᠯᠢ ᠶᠢ ᠵᠥᠷᠢᠴᠡᠭᠰᠡᠨ ᠠᠵᠢᠯᠯᠠᠭ᠎ᠠ ᠳᠤ ᠴᠣᠬᠢᠯᠲᠠ | ᠥᠭᠬᠦ ᠪᠠ ᠢᠯᠡᠴᠢᠯᠡᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ᠂ ᠨᠡᠶᠢᠭᠡᠮ ᠤᠨ ᠪᠦᠯᠬᠦᠮ᠂ ᠠᠷᠠᠳ ᠤᠯᠠᠨ ᠪᠠ ᠵᠠᠭᠤᠴᠢᠯᠠᠭᠤᠷ ᠤᠨ ᠬᠢᠨᠠᠯᠲᠠ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠵᠦ᠂ 12345 ᠪᠠ 110 ᠶᠢᠨ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ | ᠥᠷᠭᠡᠳᠬᠡᠬᠦ ᠬᠡᠷᠡᠭᠲᠡᠶ᠃ ᠳᠠᠭᠠᠯᠳᠤᠭᠤᠯᠤᠯ᠄ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ | ᠲᠥᠬᠦᠮ ᠦᠵᠡᠭᠦᠯᠬᠦ ᠬᠠᠯᠠᠮᠰᠢᠯ ᠤᠲᠠᠰᠤ ᠬᠢᠭᠡᠳ 110 ᠲᠦᠭᠰᠢᠭᠦᠷᠢ ᠮᠡᠳᠡᠭᠦᠯᠬᠦ ᠦᠢᠯᠡᠴᠢᠯᠡᠭᠡᠨ ᠤ ᠲᠠᠪᠴᠠᠩ ᠤᠨ | ᠭᠥᠯᠢᠶᠡᠨ ᠠᠪᠴᠤ ᠰᠢᠢᠳᠪᠦᠷᠢᠯᠡᠬᠦ ᠬᠡᠪᠴᠢᠶ᠎ᠡ ᠶᠢᠨ ᠬᠤᠪᠢᠶᠠᠷᠢᠯᠠᠯ ᠳᠠᠭᠠᠯᠳᠤᠭᠤᠯᠤᠯ 12345 ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠬᠢᠭᠡᠳ 110 ᠲᠦᠭᠰᠢᠭᠦᠷᠢ | ᠮᠡᠳᠡᠭᠡᠯᠡᠬᠦ ᠦᠢᠯᠡᠴᠢᠯᠡᠭᠡᠨ ᠤ ᠲᠠᠪᠴᠠᠩ ᠤᠨ ᠭᠥᠯᠢᠶᠡᠨ ᠠᠪᠴᠤ ᠰᠢᠢᠳᠪᠦᠷᠢᠯᠡᠬᠦ ᠬᠡᠪᠴᠢᠶ᠎ᠡ ᠶᠢᠨ ᠬᠤᠪᠢᠶᠠᠷᠢᠯᠠᠯ ᠨᠢᠭᠡ | ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ | ᠤᠲᠠᠰᠤ ᠶᠢᠨ ᠭᠥᠯᠢᠶᠡᠨ ᠠᠪᠴᠤ ᠰᠢᠢᠳᠪᠦᠷᠢᠯᠡᠬᠦ ᠶᠣᠰᠣᠲᠠᠶ ᠴᠠᠭᠳᠠᠭᠠᠨ ᠤ ᠶᠠᠪᠤᠳᠠᠯ ᠤᠨ ᠪᠤᠰᠤ ᠲᠥᠷᠥᠯ ᠤᠨ | ᠭᠤᠮᠣᠳᠠᠯ ᠱᠠᠭᠠᠷᠳᠠᠯᠭ᠎ᠠ ︵ᠭᠤᠤᠯᠳᠠᠭᠤ 16 ᠲᠥᠷᠥᠯ ᠬᠤᠪᠢᠶᠠᠨ᠎ᠠ︶ | ︵ᠨᠢᠭᠡ︶ ᠤᠯᠠᠨ ᠨᠡᠶᠢᠲᠡ ᠶᠢᠨ ᠪᠡᠯᠡᠳᠬᠡᠮᠵᠢ ᠶᠢᠨ ᠲᠦᠷᠦᠯ᠄ ᠤᠰᠤ ᠬᠠᠩᠭᠠᠬᠤ ᠤᠰᠤ ᠵᠠᠯᠠᠬᠤ᠂ ᠴᠠᠬᠢᠯᠭᠠᠨ | ᠬᠠᠩᠭᠠᠬᠤ᠂ ᠰᠢᠲᠠᠮᠠᠬᠠᠶ ᠬᠡᠢ᠂ ᠳᠤᠯᠠᠭᠠᠯᠠᠭ᠎ᠠ᠂ ᠵᠠᠮ ᠤᠨ ᠳ᠋ᠧᠩ᠂ ᠭᠠᠯ ᠤᠨᠲᠠᠷᠠᠭᠠᠬᠤ ᠪᠥᠭᠯᠡᠭᠡᠰᠦ᠂ ᠤᠲᠠᠰᠤ | ᠲᠠᠲᠠᠯᠭ᠎ᠠ ᠶᠢᠨ ᠪᠠᠭᠠᠨ᠎ᠠ ᠵᠡᠷᠭᠡ ᠤᠯᠠᠨ ᠨᠡᠶᠢᠲᠡ ᠶᠢᠨ ᠲᠥᠬᠦᠭᠡᠷᠦᠮᠵᠢ ᠪᠡᠯᠡᠳᠬᠡᠮᠵᠢ ᠶᠢᠨ ᠡᠪᠳᠡᠷᠡᠨ ᠡᠪᠳᠡᠷᠡᠬᠦ᠂ | ᠬᠥᠭᠦᠷᠭᠡ ᠡᠪᠳᠡᠷᠡᠬᠦ᠂ ᠵᠠᠮ ᠤᠨ ᠬᠤᠲᠣᠭᠤᠷ ᠭᠠᠵᠠᠷ᠂ ᠬᠤᠳᠳᠤᠭ ᠤᠨ ᠬᠠᠪᠬᠠᠭᠠᠰᠤ ᠳᠤᠲᠠᠭᠳᠠᠬᠤ᠂ ᠵᠠᠮ ᠤᠨ | ᠮᠥᠰᠥ ᠠᠷᠢᠯᠭᠠᠬᠤ᠂ ᠰᠠᠭᠤᠭᠠᠯᠢ ᠠᠷᠠᠳ ᠤᠨ ᠲᠣᠭᠤᠷᠢᠭ ᠲᠤ ᠤᠰᠤ ᠬᠤᠷᠠᠬᠤ᠂ ᠬᠦᠷᠢᠶ᠎ᠡ ᠬᠡᠷᠡᠮ ᠪᠠ ᠵᠠᠷ ᠤᠨ | ᠫᠠᠶᠢᠰᠠ ᠵᠡᠷᠭᠡ ᠲᠥᠬᠦᠭᠡᠷᠦᠮᠵᠢ ᠡᠪᠳᠡᠷᠡᠨ ᠣᠶᠢᠴᠢᠬᠤ ; ᠤᠯᠠᠨ ᠨᠡᠶᠢᠲᠡ ᠶᠢᠨ ᠪᠡᠯᠡᠳᠬᠡᠮᠵᠢ ᠶᠢᠨ ᠲᠦᠷᠦᠯ ᠵᠦᠢᠯ︶ | ᠡᠪᠳᠡᠷᠡᠨ ᠡᠪᠳᠡᠷᠡᠬᠦ᠂ ᠬᠥᠭᠦᠷᠭᠡ ᠡᠪᠳᠡᠷᠡᠬᠦ᠂ ᠵᠠᠮ ᠤᠨ ᠬᠤᠲᠣᠭᠤᠷ ᠭᠠᠵᠠᠷ᠂ ᠬᠤᠳᠳᠤᠭ ᠤᠨ ᠬᠠᠪᠬᠠᠭᠠᠰᠤ | ᠳᠤᠲᠠᠭᠳᠠᠬᠤ᠂ ᠵᠠᠮ ᠤᠨ ᠮᠥᠰᠥ ᠠᠷᠢᠯᠭᠠᠬᠤ᠂ ᠰᠠᠭᠤᠭᠠᠯᠢ ᠠᠷᠠᠳ ᠤᠨ ᠲᠣᠭᠤᠷᠢᠭ ᠲᠤ ᠤᠰᠤ ᠬᠤᠷᠠᠬᠤ᠂ ᠬᠦᠷᠢᠶ᠎ᠡ | ᠬᠡᠷᠡᠮ ᠪᠠ ᠵᠠᠷ ᠤᠨ ᠫᠠᠶᠢᠰᠠ ᠵᠡᠷᠭᠡ ᠲᠥᠬᠦᠭᠡᠷᠦᠮᠵᠢ ᠡᠪᠳᠡᠷᠡᠨ ᠡᠪᠳᠡᠷᠡᠬᠦ︔ | ︵ᠬᠤᠶᠠᠷ︶ ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠤ ᠲᠥᠷᠥᠯ᠄ ᠲᠦᠷᠢᠮ ᠠᠴᠠ ᠵᠥᠷᠢᠴᠡᠨ | ᠪᠠᠶᠢᠭᠤᠯᠬᠤ᠂ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ᠂ ᠵᠠᠮ ᠳᠡᠭᠡᠷ᠎ᠡ ᠤᠰᠤ ᠬᠤᠷᠠᠭᠤᠯᠬᠤ᠂ ᠵᠠᠮ ᠱᠦᠭᠦᠷᠳᠡᠬᠦ | ᠂ ᠵᠠᠮ ᠳᠡᠭᠡᠷ᠎ᠡ ᠲᠣᠰᠣᠨ ᠤ ᠪᠣᠬᠢᠷᠲᠤᠯ᠂ ᠪᠣᠬᠢᠷ ᠤᠰᠤ ᠪᠢᠯᠬᠠᠬᠤ᠂ ᠦᠨᠡᠮᠯᠡᠯ ᠥᠬᠡᠶ ᠪᠠᠷ ᠳᠡᠯᠭᠡᠭᠡ ᠮᠠᠶᠢᠮᠠᠶ ᠬᠢᠬᠦ᠂ | ᠵᠠᠮ ᠡᠵᠡᠯᠡᠨ ᠡᠵᠡᠩᠨᠡᠬᠦ᠂ ᠭᠤᠤᠯ ᠮᠥᠷᠡᠨ ᠤ ᠪᠣᠬᠢᠷᠲᠤᠯ᠂ ᠬᠤᠭ ᠨᠣᠪᠰᠢ ᠶᠢ ᠳᠤᠷ᠎ᠠ ᠪᠠᠷ ᠢᠶᠠᠨ ᠬᠠᠶᠠᠬᠤ᠂ ᠢᠳᠡᠭᠡᠨ | ᠤᠮᠳᠠᠭᠠᠨ ᠤ ᠲᠣᠰᠣᠨ ᠣᠲᠤᠭ᠎ᠠ᠂ ᠭᠤᠤᠯ ᠮᠥᠷᠡᠨ ᠤ ᠬᠤᠷᠠᠭᠰᠠᠨ ᠢ ᠴᠡᠪᠡᠷᠯᠡᠬᠦ᠂ ᠵᠠᠷ ᠨᠠᠭᠠᠬᠤ᠂ ᠬᠤᠲᠠ ᠶᠢᠨ | ᠲᠡᠵᠢᠭᠡᠪᠦᠷᠢ ᠬᠡᠷ ᠤᠨ ᠲᠡᠵᠢᠭᠡᠪᠦᠷᠢ᠂ ᠲᠡᠨᠦᠭᠦᠯ ᠨᠣᠬᠠᠶ᠂ ᠮᠤᠤᠷ ᠨᠣᠬᠠᠶ ᠵᠡᠷᠭᠡ ᠠᠮᠢᠲᠠᠨ ᠤ ᠢᠯᠭᠠᠳᠠᠰᠤ ᠨᠢ ᠣᠷᠴᠢᠨ | ᠲᠣᠭᠤᠷᠢᠨ ᠤ ᠠᠷᠢᠭᠤᠨ ᠴᠡᠪᠡᠷ ᠢ ᠨᠥᠯᠥᠭᠡᠯᠡᠬᠦ ᠵᠡᠷᠭᠡ︔ | ︵ᠭᠤᠷᠪᠠ︶ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠲᠥᠷᠥᠯ᠄ ᠮᠣᠳᠣ ᠶᠢ ᠠᠰᠬᠠᠵᠤ ᠤᠨᠠᠭᠠᠬᠤ᠂ | ᠮᠣᠳᠣ ᠶᠢ ᠬᠠᠶᠢᠴᠢᠯᠠᠵᠤ ᠵᠠᠰᠠᠬᠤ᠂ ᠨᠣᠭᠤᠭᠠᠷᠠᠭᠤᠯᠤᠯᠲᠠ ᠶᠢ ᠡᠪᠳᠡᠬᠦ᠂ ᠬᠤᠷᠣᠬᠠᠶ ᠰᠢᠪᠠᠵᠢ ᠶᠢ ᠠᠷᠢᠯᠭᠠᠵᠤ | ᠬᠥᠨᠥᠭᠡᠯ ᠢ ᠠᠷᠢᠯᠭᠠᠬᠤ᠂ ᠠᠮᠢᠲᠠᠨ ᠤ ᠦᠬᠦᠳᠡᠯ ᠢ ᠴᠡᠪᠡᠷᠯᠡᠬᠦ ᠵᠡᠷᠭᠡ︔ | ︵ᠲᠥᠷᠪᠡ︶ ᠪᠠᠷᠢᠯᠭ᠎ᠠ ᠶᠢᠨ ᠠᠵᠢᠯ ᠤᠨ ᠬᠠᠮᠢᠶᠠᠷᠤᠯᠲᠠ ᠶᠢᠨ ᠲᠥᠷᠥᠯ᠄ ᠪᠠᠷᠢᠯᠭ᠎ᠠ ᠶᠢᠨ ᠠᠵᠢᠯ ᠤᠨ ᠱᠤᠤᠭᠢᠶᠠᠨ | ᠠᠷᠠᠳ ᠢ ᠦᠢᠮᠡᠭᠦᠯᠬᠦ᠂ ᠲᠣᠭᠲᠠᠭᠠᠯ ᠠᠴᠠ ᠵᠥᠷᠢᠴᠡᠨ ᠮᠠᠯᠲᠠᠬᠤ᠂ ᠪᠠᠷᠢᠯᠭ᠎ᠠ ᠶᠢᠨ ᠭᠠᠵᠠᠷ ᠲᠣᠭᠤᠰᠣ ᠳᠡᠭᠳᠡᠬᠦ᠂ | ᠠᠰᠬᠠᠵᠤ ᠭᠤᠭᠤᠵᠢᠭᠤᠯᠬᠤ᠂ ᠭᠡᠷ ᠪᠠᠶᠢᠰᠢᠩ ᠡᠪᠳᠡᠭᠳᠡᠬᠦ᠂ ᠲᠣᠭᠲᠠᠭᠠᠯ ᠠᠴᠠ ᠵᠥᠷᠢᠴᠡᠨ ᠬᠡᠷᠡᠮ ᠢ ᠨᠤᠷᠠᠭᠠᠵᠤ | ᠥᠭᠡᠷᠡᠴᠢᠯᠡᠬᠦ ᠵᠡᠷᠭᠡ︔ | ︵ᠲᠠᠪᠤ︶ ᠵᠠᠮ ᠬᠠᠷᠢᠯᠴᠠᠭᠠᠨ ᠤ ᠲᠡᠭᠡᠭᠡᠪᠦᠷᠢ ᠶᠢᠨ ᠬᠠᠮᠢᠶᠠᠷᠤᠯᠲᠠ ᠶᠢᠨ ᠲᠦᠷᠦᠯ᠄ ᠲᠦᠷᠢᠶᠡᠰᠦᠨ ᠮᠠᠰᠢᠨ | ᠲᠡᠷᠭᠡ ᠶᠢᠨ ᠡᠵᠡᠩᠨᠡᠯᠲᠡ᠂ ᠬᠠᠷ᠎ᠠ ᠲᠡᠷᠭᠡ ᠶᠢᠨ ᠡᠵᠡᠩᠨᠡᠯᠲᠡ ᠶᠢᠨ ᠡᠵᠡᠩᠨᠡᠯᠲᠡ᠂ ᠵᠣᠴᠢᠳ ᠢ ᠨᠢᠲᠤᠯᠬᠤ ᠪᠠ | ᠵᠣᠴᠢᠳ ᠢ ᠲᠠᠶᠠᠭᠳᠠᠭᠰᠠᠳ︔ | ︵ᠵᠢᠷᠭᠤᠭ᠎ᠠ︶ ᠣᠷᠴᠢᠨ ᠠᠬᠤᠶ ᠶᠢᠨ ᠬᠠᠮᠠᠭᠠᠯᠠᠯᠲᠠ ᠶᠢᠨ ᠲᠦᠷᠦᠯ᠄ ᠣᠷᠴᠢᠨ ᠠᠬᠤᠶ ᠶᠢᠨ ᠪᠣᠬᠢᠷᠲᠤᠯ᠂ ᠬᠤᠭ | ᠨᠣᠪᠰᠢ᠂ ᠭᠡᠷᠡᠯ ᠤᠨ ᠪᠣᠬᠢᠷᠲᠤᠯ᠂ ᠤᠰᠤᠨ ᠴᠣᠭᠴᠠ ᠶᠢᠨ ᠪᠣᠬᠢᠷᠲᠤᠯ᠂ ᠠᠭᠠᠷ ᠤᠨ ᠪᠣᠬᠢᠷᠲᠤᠯ᠂ ᠴᠠᠬᠢᠯᠭᠠᠨ | ᠰᠣᠷᠢᠨᠵᠢᠨ ᠤ ᠪᠣᠬᠢᠷᠲᠤᠯ᠂ ᠠᠵᠤ ᠦᠢᠯᠡᠳᠪᠦᠷᠢ ᠶᠢᠨ ᠱᠤᠤᠭᠢᠶᠠᠨ᠂ ᠪᠠᠷᠢᠯᠭ᠎ᠠ ᠶᠢᠨ ᠠᠵᠢᠯ ᠤᠨ ᠱᠤᠤᠭᠢᠶᠠᠨ᠂ ᠵᠠᠮ | ᠲᠡᠭᠡᠭᠡᠪᠦᠷᠢ ᠶᠢᠨ ᠱᠤᠤᠭᠢᠶᠠᠨ᠂ ᠨᠡᠶᠢᠭᠡᠮ ᠤᠨ ᠠᠮᠢᠳᠤᠷᠠᠯ ᠤᠨ ᠱᠤᠤᠭᠢᠶᠠᠨ ᠵᠡᠷᠭᠡ︔ | ︵ᠲᠤᠯᠤᠭ᠎ᠠ︶ ᠬᠡᠷᠡᠭᠯᠡᠭᠡᠨ ᠤ ᠵᠢᠭᠤᠷᠠᠯᠳᠤᠭᠠᠨ ᠤ ᠲᠦᠷᠦᠯ᠄ ᠬᠤᠳᠠᠯ ᠬᠠᠭᠤᠷᠮᠠᠭ ᠤᠬᠠᠭᠤᠯᠭ᠎ᠠ᠂ | ᠬᠡᠷᠡᠭᠯᠡᠭᠡᠨ ᠤ ᠵᠥᠷᠢᠯᠳᠦᠭᠡᠨ᠂ ᠪᠠᠷᠠᠭᠠᠨ ᠤ ᠦᠨ᠎ᠡ ᠶᠢᠨ ᠠᠰᠠᠭᠤᠳᠠᠯ᠂ ᠬᠡᠷᠡᠭᠯᠡᠭᠡᠨ ᠤ ᠪᠠᠷᠢᠮᠲᠠ᠂ ᠦᠢᠯᠡᠳᠬᠦᠨ ᠤ | ᠶᠠᠰᠤ ᠴᠢᠨᠠᠷ᠂ ᠦᠢᠯᠡᠴᠢᠯᠡᠭᠡᠨ ᠤ ᠵᠠᠭᠠᠯᠳᠤᠯᠭ᠎ᠠ᠂ ᠢᠳᠡᠭᠡᠨ ᠤᠮᠳᠠᠭᠠᠨ ᠤ ᠡᠷᠡᠭᠦᠯ ᠬᠠᠮᠠᠭᠠᠯᠠᠯ ᠵᠡᠷᠭᠡ︔ | ︵ ᠨᠠᠢᠮᠠ︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠥᠷᠥᠯ᠄ ᠦᠨᠡᠮᠯᠡᠯ ᠥᠬᠡᠶ ᠪᠠᠷ ᠡᠵᠡᠩᠨᠡᠬᠦ᠂ | ᠪᠠᠷᠠᠭᠠᠨ ᠤ ᠦᠨ᠎ᠡ ᠬᠠᠩᠰᠢ ᠶᠢ ᠢᠯᠡᠴᠢᠯᠡᠨ ᠮᠡᠳᠡᠭᠦᠯᠬᠦ ᠵᠡᠷᠭᠡ︔ | ︵ᠶᠢᠰᠦ︶ ᠰᠣᠶᠣᠯ ᠤᠨ ᠰᠣᠨᠢᠨ ᠮᠡᠳᠡᠭᠡᠨ ᠤ ᠲᠥᠷᠥᠯ᠄ ᠵᠤᠭ᠎ᠠ ᠴᠡᠩᠭᠡᠯ ᠤᠨ ᠲᠠᠯᠠᠪᠤᠷ ᠭᠠᠵᠠᠷ᠂ ᠰᠣᠶᠣᠯ ᠤᠨ | ᠵᠠᠬ᠎ᠠ ᠳᠡᠯᠭᠡᠭᠦᠷ ᠤᠨ ᠬᠠᠮᠢᠶᠠᠷᠤᠯᠲᠠ ᠵᠡᠷᠭᠡ ᠲᠠᠯ᠎ᠠ ᠳᠤ ᠬᠤᠯᠪᠣᠭᠳᠠᠭᠰᠠᠨ ᠣᠯᠠᠨ ᠲᠦᠮᠡᠨ ᠤ ᠢᠯᠡᠴᠢᠯᠡᠨ ᠮᠡᠳᠡᠭᠦᠯᠬᠦ | ᠪᠠ ᠵᠠᠭᠠᠯᠳᠤᠬᠤ᠂ ᠨᠠᠰᠤᠨ ᠳᠤ ᠥᠯᠥ ᠭᠦᠷᠦᠭᠰᠡᠳ ᠡᠵᠡᠩᠨᠡᠯᠲᠡ ᠶᠢᠨ ᠴᠢᠨᠠᠷᠲᠠᠶ ᠵᠤᠭ᠎ᠠ ᠴᠡᠩᠭᠡᠯ ᠤᠨ ᠲᠠᠯᠠᠪᠤᠷ ᠲᠤ | ᠣᠷᠣᠵᠤ ᠭᠠᠷᠬᠤ ᠵᠡᠷᠭᠡ︔ | ︵ᠠᠷᠪᠠ︶ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠦᠷᠦᠯ᠄ ᠡᠮᠴᠢ ᠡᠪᠡᠳᠴᠢᠲᠡᠨ ᠤ ᠵᠢᠭᠤᠷᠠᠯᠳᠤᠭᠠᠨ᠂ | ᠬᠠᠤᠯᠢ ᠪᠤᠰᠤ ᠪᠠᠷ ᠡᠮᠴᠢᠯᠡᠬᠦ᠂ ᠡᠮᠴᠢᠯᠡᠭᠡᠨ ᠤ ᠭᠡᠨᠡᠳᠡᠯ᠂ ᠡᠮᠴᠢᠯᠡᠭᠡᠨ ᠤ ᠠᠪᠤᠷᠠᠨ ᠲᠤᠰᠠᠯᠠᠯᠲᠠ᠂ ᠡᠮᠴᠢ ᠶᠢᠨ ᠮᠣᠷᠠᠯ | ᠰᠤᠷᠲᠠᠯ᠂ ᠡᠮᠴᠢ ᠰᠤᠪᠢᠯᠠᠭᠴᠢ ᠶᠢᠨ ᠦᠢᠯᠡᠴᠢᠯᠡᠭᠡ ᠵᠡᠷᠭᠡ︔ | ︵ᠠᠷᠪᠠᠨ ᠨᠢᠭᠡ︶ ᠰᠤᠷᠭᠠᠨ ᠬᠥᠮᠦᠵᠢᠯ ᠤᠨ ᠲᠥᠷᠥᠯ᠄ ᠲᠣᠭᠲᠠᠭᠠᠯ ᠠᠴᠠ ᠵᠥᠷᠢᠴᠡᠨ ᠬᠢᠴᠢᠶᠡᠯ ᠨᠥᠬᠦᠪᠥᠷᠢᠯᠡᠬᠦ | ᠂ ᠲᠣᠭᠲᠠᠭᠠᠯ ᠠᠴᠠ ᠵᠥᠷᠢᠴᠡᠨ ᠰᠦᠢᠳᠭᠡᠯ ᠬᠤᠷᠢᠶᠠᠬᠤ᠂ ᠰᠤᠷᠭᠠᠭᠤᠯᠢ ᠶᠢᠨ ᠲᠡᠷᠭᠡ ᠶᠢᠨ ᠬᠠᠮᠢᠶᠠᠷᠤᠯᠲᠠ᠂ | ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ᠂ ᠰᠤᠷᠭᠠᠭᠤᠯᠢ ᠳᠤ ᠣᠷᠣᠬᠤ ᠠᠰᠠᠭᠤᠳᠠᠯ᠂ ᠰᠤᠷᠤᠯᠭ᠎ᠠ ᠶᠢᠨ | ᠰᠦᠢᠳᠭᠡᠯ ᠤᠨ ᠨᠥᠬᠦᠪᠥᠷᠢ᠂ ᠰᠤᠷᠤᠯᠭ᠎ᠠ ᠶᠢᠨ ᠨᠠᠮᠲᠠᠷ ᠤᠨ ᠰᠢᠯᠭᠠᠯᠲᠠ᠂ ᠪᠤᠰᠤᠳ ᠰᠤᠷᠭᠠᠨ ᠬᠥᠮᠦᠵᠢᠯ ᠤᠨ | ᠲᠥᠷᠥ ᠶᠢᠨ ᠪᠣᠳᠣᠯᠭ᠎ᠠ ᠵᠡᠷᠭᠡ︔ | ︵ᠠᠷᠪᠠᠨ ᠬᠤᠶᠠᠷ︶ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠥᠷᠥᠯ᠄ ᠪᠠᠭᠤᠷᠠᠶ ᠬᠠᠮᠲᠤᠯᠢᠭ ᠢ ᠠᠪᠤᠷᠠᠨ | ᠲᠤᠰᠠᠯᠠᠬᠤ ︵ᠵᠢᠱᠢᠶᠡᠯᠡᠪᠡᠯ ᠲᠡᠨᠦᠭᠦᠯᠴᠢᠨ᠂ ᠭᠤᠶᠢᠷᠠᠨᠴᠢ᠂ ᠭᠤᠯᠣᠭᠳᠠᠭᠰᠠᠨ ᠨᠢᠯᠬ᠎ᠠ ᠬᠡᠤᠬᠡᠳ᠂ ᠵᠡᠮᠳᠡᠭ ᠬᠥᠮᠦᠨ᠂ | ᠮᠡᠳᠡᠷᠡᠯ ᠤᠨ ᠡᠪᠡᠳᠴᠢᠲᠡᠨ ᠢ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠠᠪᠤᠷᠠᠨ ᠲᠤᠰᠠᠯᠠᠬᠤ ᠴᠢᠬᠤᠯᠠᠲᠠᠶ᠂ | ᠬᠡᠷ ᠲᠡᠭᠡᠨ ᠮᠡᠳᠡᠷᠡᠯ ᠤᠨ ᠡᠪᠡᠳᠴᠢᠲᠡᠨ ᠢ ᠮᠡᠳᠡᠷᠡᠯ ᠤᠨ ᠡᠪᠡᠳᠴᠢᠨ ᠤ ᠡᠮᠨᠡᠯᠭᠡ ᠶᠢᠨ ᠬᠤᠷᠢᠶ᠎ᠠ ᠳᠤ ᠬᠦᠷᠭᠡᠵᠦ | ᠲᠤᠰᠠᠯᠠᠮᠵᠢ ᠭᠤᠶᠤᠴᠢᠯᠠᠬᠤ ᠴᠢᠬᠤᠯᠠᠲᠠᠶ᠂ ᠮᠡᠳᠡᠷᠡᠯ ᠤᠨ ᠡᠪᠡᠳᠴᠢᠲᠡᠨ ᠢ ᠡᠮᠨᠡᠯᠭᠡ ᠶᠢᠨ ᠬᠤᠷᠢᠶ᠎ᠠ ᠳᠤ ᠬᠦᠷᠭᠡᠬᠦ | ᠵᠣᠭᠤᠰ ᠥᠬᠡᠶ ᠪᠣᠯ ᠵᠠᠰᠠᠭ ᠤᠨ ᠣᠷᠳᠣᠨ ᠠᠴᠠ ᠠᠪᠤᠷᠠᠨ ᠲᠤᠰᠠᠯᠠᠬᠤ ᠴᠢᠬᠤᠯᠠᠲᠠᠶ ᠵᠡᠷᠭᠡ︶᠂ ᠨᠠᠭᠠᠳᠤ ᠵᠠᠬ᠎ᠠ ᠶᠢᠨ | ᠠᠮᠢᠳᠤᠷᠠᠯ ᠤᠨ ᠪᠠᠲᠤᠯᠠᠭ᠎ᠠ ᠶᠢᠨ ᠠᠰᠠᠭᠤᠳᠠᠯ᠂ ᠣᠷᠣᠰᠢᠭᠤᠯᠭ᠎ᠠ ᠶᠢᠨ ᠠᠰᠠᠭᠤᠳᠠᠯ᠂ ᠬᠡᠤᠬᠡᠳ ᠤᠨ ᠠᠰᠠᠷᠠᠮᠵᠢ ᠶᠢᠨ | ᠬᠦᠷᠢᠶᠡᠯᠡᠩ᠂ ᠨᠡᠶᠢᠭᠡᠮ ᠤᠨ ᠳᠠᠭᠠᠳᠬᠠᠯ᠂ ᠠᠳᠠᠯ ᠦᠶ᠋ᠯᠡᠰ ᠴᠣᠭᠴᠠᠯᠠᠬᠤ ᠶᠢᠨ ᠲᠡᠳᠬᠦᠮᠵᠢ᠂ ᠴᠡᠷᠢᠭ ᠠᠴᠠ | ᠪᠠᠭᠤᠭᠰᠠᠳ ᠢ ᠲᠥᠪᠬᠢᠨᠡᠭᠦᠯᠬᠦ᠂ ᠠᠵᠢᠯᠴᠢᠨ ᠤ ᠡᠪᠯᠡᠯ᠂ ᠦᠨᠳᠦᠰᠦᠲᠡᠨ ᠱᠠᠰᠢᠨ ᠰᠤᠷᠲᠠᠬᠤᠨ ᠵᠡᠷᠭᠡ︔ | ︵ᠠᠷᠪᠠᠨ ᠭᠤᠷᠪᠠ︶ ᠬᠡᠭᠡᠷ᠎ᠡ ᠶᠢᠨ ᠠᠮᠢᠲᠠᠨ ᠤ ᠲᠥᠷᠥᠯ᠄ ᠬᠡᠭᠡᠷ᠎ᠡ ᠶᠢᠨ ᠠᠮᠢᠲᠠᠨ ᠢ ᠠᠪᠤᠷᠠᠨ ᠲᠤᠰᠠᠯᠠᠬᠤ︔ | ︵ᠠᠷᠪᠠᠨ ᠲᠦᠷᠪᠡ︶ ᠭᠡᠨᠡᠳᠲᠡ ᠶᠢᠨ ᠬᠡᠷᠡᠭ ᠤᠨ ᠲᠦᠷᠦᠯ᠄ ᠲᠦᠭᠡᠭᠡᠯ ᠤᠰᠤᠨ ᠤ ᠬᠤᠭᠤᠯᠠᠶ ᠬᠠᠭᠠᠷᠠᠬᠤ᠂ | ᠳᠤᠯᠠᠭᠠᠮᠵᠢ ᠶᠢᠨ ᠬᠤᠭᠤᠯᠠᠶ ᠬᠠᠭᠠᠷᠠᠬᠤ᠂ ᠴᠠᠬᠢᠯᠭᠠᠨ ᠬᠠᠩᠭᠠᠯᠭ᠎ᠠ ᠳᠤ ᠰᠠᠭᠠᠳ ᠭᠠᠷᠬᠤ᠂ ᠤᠰᠤ ᠬᠠᠩᠭᠠᠬᠤ ᠳᠤ | ᠰᠠᠭᠠᠳ ᠭᠠᠷᠬᠤ᠂ ᠰᠢᠲᠠᠮᠠᠬᠠᠶ ᠬᠡᠢ ᠯᠡᠪᠡᠷᠡᠬᠦ ᠵᠡᠷᠭᠡ︔ | ︵ᠠᠷᠪᠠᠨ ᠲᠠᠪᠤ︶ ᠪᠤᠰᠤᠳ ᠲᠤᠰᠠᠯᠠᠮᠵᠢ ᠭᠤᠶᠤᠴᠢᠯᠠᠬᠤ ᠲᠥᠷᠥᠯ᠄ ᠲᠡᠷᠭᠡ ᠰᠢᠯᠵᠢᠭᠦᠯᠬᠦ᠂ ᠲᠡᠷᠭᠡ ᠬᠥᠰᠬᠡ | ᠲᠣᠰᠣ ᠥᠬᠡᠶ᠂ ᠴᠠᠬᠢᠯᠭᠠᠨ ᠥᠬᠡᠶ᠂ ᠰᠠᠭᠠᠳ ᠲᠣᠳᠬᠠᠷ ᠲᠠᠢ᠂ ᠱᠠᠯᠪᠠᠭ ᠲᠤ ᠤᠨᠠᠭᠰᠠᠨ᠂ ᠤᠰᠤᠨ ᠳᠤ | ᠠᠪᠲᠠᠭᠰᠠᠨ ᠵᠡᠷᠭᠡ᠂ ᠵᠢᠵᠢᠭ ᠲᠣᠭᠤᠷᠢᠭ ᠲᠤ ︽ᠦᠬᠦᠰᠢᠷᠡᠮᠡᠯ ᠲᠡᠷᠭᠡ︾᠂ ᠪᠠᠩᠬᠢ ᠶᠢᠨ ATM ᠮᠠᠰᠢᠨ ᠢᠶᠠᠷ | ᠵᠠᠯᠭᠢᠭᠰᠠᠨ ᠺᠠᠷᠲ᠂ ᠲᠦᠷᠢᠶᠡᠰᠦᠨ ᠮᠠᠰᠢᠨ ᠲᠡᠷᠭᠡ᠂ ᠨᠡᠶᠢᠲᠡ ᠶᠢᠨ ᠮᠠᠰᠢᠨ ᠲᠡᠷᠭᠡ᠂ ᠬᠠᠮᠲᠤ ᠪᠠᠷ ᠡᠳ᠋ᠯᠡᠬᠦ ᠳᠤᠭᠤᠶ | ᠲᠡᠷᠭᠡᠨ ᠳᠤ ᠭᠡᠭᠡᠭᠰᠡᠨ ᠡᠳ᠋ ᠪᠣᠳᠠᠰ ᠵᠡᠷᠭᠡ ᠶᠢ ᠢᠯᠡᠷᠡᠭᠦᠯᠪᠡ︔ | ︵ᠠᠷᠪᠠᠨ ᠵᠢᠷᠭᠤᠭ᠎ᠠ︶ ᠪᠤᠰᠤᠳ ᠬᠡᠷᠡᠭ ᠶᠠᠪᠤᠳᠠᠯ ᠤᠨ ᠲᠥᠷᠥᠯ᠄ ᠠᠮᠢᠲᠠᠨ ᠤᠷᠭᠤᠮᠠᠯ ᠤᠨ ᠬᠢᠵᠢᠭ ᠤᠨ | ᠪᠠᠶᠢᠳᠠᠯ᠂ ᠠᠮᠢᠲᠠᠨ ᠢ ᠫᠠᠨᠽᠠᠯᠠᠬᠤ᠂ ᠠᠳᠠᠯ ᠠᠬᠤᠶ ᠶᠢᠨ ᠬᠠᠮᠢᠶᠠᠷᠤᠯᠲᠠ᠂ ᠪᠤᠰᠤᠳ ᠵᠠᠰᠠᠭ ᠤᠨ ᠣᠷᠳᠣᠨ ᠤ ᠰᠠᠯᠠᠭ᠎ᠠ | ᠮᠥᠴᠢᠷ ᠤᠨ ᠥᠯᠥ ᠦᠢᠯᠡᠳᠭᠦᠢ ᠪᠤᠶᠤ ᠦᠢᠯᠡᠴᠢᠯᠡᠬᠦ ᠣᠪᠣᠷ ᠢᠶᠠᠷ ᠮᠠᠭᠤ ᠭᠡᠵᠦ ᠵᠠᠭᠠᠯᠳᠤᠬᠤ᠂ ᠠᠰᠠᠭᠤᠨ ᠯᠠᠪᠯᠠᠵᠤ | ᠵᠠᠭᠠᠯᠳᠤᠬᠤ ᠪᠠ ᠠᠪᠤᠷᠠᠨ ᠲᠤᠰᠠᠯᠠᠬᠤ ᠦᠢᠯᠡᠴᠢᠯᠡᠭᠡ ︵12345 ᠭᠥᠯᠢᠶᠡᠨ ᠠᠪᠴᠤ ᠰᠢᠢᠳᠪᠦᠷᠢᠯᠡᠬᠦ | ᠬᠡᠪᠴᠢᠶᠡᠨ ᠳᠠᠬᠢ ᠦᠢᠯᠡᠴᠢᠯᠡᠭᠡ︶᠂ ᠬᠠᠤᠯᠢ ᠴᠠᠭᠠᠵᠠ ᠶᠢᠨ ᠲᠤᠰᠠᠯᠠᠮᠵᠢ ᠭᠤᠶᠤᠴᠢᠯᠠᠬᠤ ᠦᠢᠯᠡᠴᠢᠯᠡᠭᠡ᠂ 110 | ᠬᠢᠭᠡᠳ 12345 ᠶᠢᠨ ᠵᠥᠪᠳᠡᠯᠴᠡᠭᠰᠡᠨ ᠪᠤᠰᠤᠳ ᠵᠦᠢᠯᠡᠰ ᠵᠡᠷᠭᠡ᠃ ᠬᠤᠶᠠᠷ᠂ 110 ᠲᠦᠭᠰᠢᠭᠦᠷᠢ ᠮᠡᠳᠡᠭᠦᠯᠬᠦ | ᠦᠢᠯᠡᠴᠢᠯᠡᠭᠡᠨ ᠤ ᠲᠠᠪᠴᠠᠩ ᠤᠨ ᠬᠦᠯᠢᠶᠡᠨ ᠠᠪᠴᠤ ᠰᠢᠢᠳᠪᠦᠷᠢᠯᠡᠬᠦ ᠶᠣᠰᠣᠲᠠᠢ | ᠴᠠᠭᠳᠠᠭᠠᠨ ᠤ ᠶᠠᠪᠤᠳᠠᠯ ᠤᠨ ᠲᠦᠷᠦᠯ ᠤᠨ ᠭᠤᠮᠣᠳᠠᠯ ᠱᠠᠭᠠᠷᠳᠠᠯᠭ᠎ᠠ ︵ᠭᠤᠣᠯᠳᠠᠭᠤ 7 ᠲᠦᠷᠦᠯ ᠳᠤ | ᠬᠤᠪᠢᠶᠠᠨ᠎ᠠ︶ | ︵ᠨᠢᠭᠡ︶ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ᠄ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ | ᠬᠠᠷᠢᠶᠠᠯᠠᠯ ᠳᠠᠬᠢ ᠡᠷᠡᠭᠦᠦ ᠶᠢᠨ ᠬᠡᠷᠡᠭ᠂ ᠵᠠᠰᠠᠭ ᠵᠠᠬᠢᠷᠭᠠᠨ ᠤ ︵ᠠᠮᠤᠷ ᠢ ᠬᠠᠮᠠᠭᠠᠯᠠᠬᠤ︶ ᠬᠡᠷᠡᠭ ᠵᠢᠴᠢ ᠬᠠᠤᠯᠢ ᠶᠢ | ᠵᠥᠷᠢᠴᠡᠭᠰᠡᠨ ᠶᠠᠯᠠᠲᠤ ᠠᠵᠢᠯᠯᠠᠭ᠎ᠠ ᠶᠢ ᠢᠯᠡᠴᠢᠯᠡᠨ ᠮᠡᠳᠡᠭᠦᠯᠦᠭᠰᠡᠨ ᠰᠦᠪᠡᠭᠴᠢ︔ | ︵ᠬᠤᠶᠠᠷ︶ ᠬᠠᠮᠲᠤᠯᠢᠭ ᠤᠨ ᠴᠢᠨᠠᠷᠲᠠᠶ ᠬᠡᠷᠡᠭ᠄ ᠨᠡᠶᠢᠭᠡᠮ ᠤᠨ ᠲᠣᠭᠲᠠᠭᠤᠨ ᠪᠠᠶᠢᠳᠠᠯ ᠳᠤ ᠬᠤᠯᠪᠣᠭᠳᠠᠭᠰᠠᠨ᠂ | ᠠᠮᠤᠷ ᠢ ᠬᠠᠮᠠᠭᠠᠯᠠᠬᠤ ᠡᠮᠬᠢ ᠵᠢᠷᠤᠮ ᠢ ᠬᠠᠷᠰᠢᠯᠠᠭᠰᠠᠨ ᠪᠤᠶᠤ ᠬᠥᠮᠦᠨ ᠤ ᠪᠡᠶ᠎ᠡ᠂ ᠡᠳ᠋ ᠬᠦᠷᠦᠩᠭᠡ ᠶᠢᠨ ᠠᠮᠤᠷ | ᠲᠦᠪᠰᠢᠨ ᠳᠤ ᠠᠶᠤᠯ ᠬᠥᠨᠥᠭᠡᠯ ᠤᠴᠠᠷᠠᠭᠤᠯᠤᠭᠰᠠᠨ ᠬᠠᠮᠲᠤᠯᠢᠭ ᠤᠨ ᠴᠢᠨᠠᠷᠲᠠᠶ ᠬᠡᠷᠡᠭ︔ | ︵ᠭᠤᠷᠪᠠ︶ ᠵᠠᠮ ᠬᠠᠷᠢᠯᠴᠠᠭᠠᠨ ᠤ ᠬᠠᠮᠢᠶᠠᠷᠤᠯᠲᠠ᠄ ᠵᠠᠮ ᠬᠠᠷᠢᠯᠴᠠᠭᠠᠨ ᠤ ᠭᠡᠨᠡᠳᠡᠯ᠂ ᠵᠠᠮ ᠬᠠᠷᠢᠯᠴᠠᠭᠠᠨ ᠤ | ᠪᠤᠰᠤ ᠭᠡᠨᠡᠳᠡᠯ᠂ ᠤᠰᠤᠨ ᠳᠡᠭᠡᠷᠡᠬᠢ ᠵᠠᠮ ᠬᠠᠷᠢᠯᠴᠠᠭᠠᠨ ᠤ ᠭᠡᠨᠡᠳᠡᠯ᠂ ᠵᠠᠮ ᠬᠠᠷᠢᠯᠴᠠᠭᠠᠨ ᠤ ᠲᠦᠭᠵᠢᠷᠡᠯ᠂ ᠲᠡᠷᠭᠡ | ᠬᠥᠰᠬᠡ ᠶᠢᠨ ᠬᠠᠮᠢᠶᠠᠷᠤᠯᠲᠠ᠂ ᠳᠣᠲᠣᠭᠠᠳᠤ ᠶᠢ ᠬᠠᠮᠠᠭᠠᠯᠠᠬᠤ ᠬᠠᠮᠢᠶᠠᠷᠤᠯᠲᠠ ᠶᠢᠨ ᠵᠠᠮ ᠬᠠᠷᠢᠯᠴᠠᠭᠠᠨ ᠤ | ᠲᠥᠬᠦᠭᠡᠷᠦᠮᠵᠢ ᠡᠪᠳᠡᠷᠡᠵᠦ ᠰᠦᠢᠳᠦᠭᠰᠡᠨ ᠵᠢᠴᠢ ᠳᠤᠷ᠎ᠠ ᠪᠠᠷ ᠢᠶᠠᠨ ᠥᠭᠡᠷᠡᠴᠢᠯᠡᠨ ᠲᠣᠨᠣᠭᠯᠠᠭᠰᠠᠨ ᠮᠠᠰᠢᠨᠲᠤ | ᠲᠡᠷᠭᠡ ᠶᠢ ᠵᠢᠯᠣᠭᠤᠳᠬᠤ ᠳᠤ ᠬᠦᠷᠴᠢᠭᠢᠨᠡᠬᠦ᠂ ᠲᠦᠷᠭᠡᠨ ᠳᠠᠪᠬᠢᠬᠤ ᠵᠡᠷᠭᠡ ᠠᠷᠭ᠎ᠠ ᠮᠠᠶ᠋ᠢᠭ ᠢᠶᠠᠷ ᠪᠤᠶᠤ ᠲᠣᠭᠲᠠᠭᠠᠯ | ᠶᠣᠰᠣᠭᠠᠷ ᠳᠠᠭᠤ ᠴᠢᠮᠡᠭᠡᠨ ᠤ ᠲᠣᠨᠣᠭᠯᠠᠯ ᠢ ᠬᠡᠷᠡᠭᠯᠡᠭᠰᠡᠨ ᠦᠭᠡᠢ ᠠᠴᠠ ᠪᠣᠯᠤᠭᠰᠠᠨ ᠳᠠᠭᠤ ᠱᠤᠤᠭᠢᠶᠠᠨ ᠤ ᠪᠣᠬᠢᠷᠲᠤᠯ︔ | | ︵ᠲᠦᠷᠪᠡ︶ ᠠᠮᠤᠷ ᠢ ᠬᠠᠮᠠᠭᠠᠯᠠᠬᠤ ᠭᠠᠶ ᠭᠠᠮᠰᠢᠭ ᠤᠨ ᠡ᠊ᠨᠳᠡᠯ᠄ ᠠᠶᠤᠯᠲᠠᠶ ᠬᠢᠮᠢ ᠶᠢᠨ ᠪᠣᠳᠠᠰ ᠤᠨ | ᠭᠤᠭᠤᠵᠢᠭᠰᠠᠨ ᠡ᠊ᠨᠳᠡᠯ᠂ ᠬᠤᠣᠷᠳᠠᠭᠳᠠᠭᠰᠠᠨ ᠡ᠊ᠨᠳᠡᠯ᠂ ᠳᠡᠯᠪᠡᠷᠡᠯᠲᠡ ᠶᠢᠨ ᠡ᠊ᠨᠳᠡᠯ᠂ ᠭᠠᠯ ᠤᠨ ᠠᠶᠤᠯ ᠤᠨ ᠡ᠊ᠨᠳᠡᠯ᠂ | ᠣᠩᠭᠤᠴᠠ ᠵᠢᠪᠪᠦᠭᠰᠡᠨ ᠡ᠊ᠨᠳᠡᠯ᠂ ᠰᠢᠬᠠᠨ ᠳᠠᠷᠤᠵᠤ ᠦᠬᠦᠭᠦᠯᠵᠦ ᠰᠢᠷᠬᠠᠲᠤᠭᠤᠯᠤᠭᠰᠠᠨ ᠡ᠊ᠨᠳᠡᠯ᠂ ᠪᠠᠷᠢᠯᠭ᠎ᠠ ᠶᠢᠨ | ᠨᠤᠷᠠᠵᠤ ᠶᠡᠭᠦᠷᠡᠭᠰᠡᠨ ᠡ᠊ᠨᠳᠡᠯ᠂ ᠬᠢᠵᠢᠭ ᠤᠨ ᠭᠠᠶ ᠭᠠᠮᠰᠢᠭ᠂ ᠪᠠᠶᠢᠭᠠᠯᠢ ᠶᠢᠨ ᠴᠠᠭ ᠠᠭᠤᠷ ᠤᠨ ᠭᠠᠶ ᠭᠠᠮᠰᠢᠭ ᠵᠡᠷᠭᠡ | ᠡ᠊ᠨᠳᠡᠯ ᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠠᠷ ᠪᠠᠴᠢᠮ ᠰᠢᠢᠳᠪᠦᠷᠢᠯᠡᠬᠦ ᠳᠤ ᠣᠷᠣᠯᠴᠠᠭᠤᠯᠬᠤ ᠴᠢᠬᠤᠯᠠᠲᠠᠶ | ᠪᠠᠶᠢᠬᠤ︔ | ︵ᠲᠠᠪᠤ︶ ᠣᠯᠠᠨ ᠲᠦᠮᠡᠨ ᠤ ᠠᠪᠤᠷᠠᠨ ᠲᠤᠰᠠᠯᠠᠬᠤ ᠦᠢᠯᠡᠴᠢᠯᠡᠭᠡ᠄ ᠨᠠᠰᠤᠲᠠᠶᠢᠴᠤᠳ᠂ ᠨᠠᠰᠤᠨ ᠳᠤ ᠦᠯᠦ | ᠬᠦᠷᠦᠭᠰᠡᠳ ᠵᠢᠴᠢ ᠤᠶᠤᠨ ᠤ ᠰᠠᠭᠠᠳ ᠲᠠᠢ ᠬᠥᠮᠦᠰ᠂ ᠣᠶᠣᠨ ᠮᠡᠳᠡᠷᠡᠯ ᠤᠨ ᠰᠠᠭᠠᠳ ᠲᠠᠢ ᠡᠪᠡᠳᠴᠢᠲᠡᠨ ᠵᠡᠷᠭᠡ | ᠦᠢᠯᠡ ᠠᠵᠢᠯᠯᠠᠭ᠎ᠠ ᠶᠢᠨ ᠴᠢᠳᠠᠪᠤᠷᠢ ᠲᠠᠢ᠂ ᠢᠯᠭᠠᠨ ᠲᠠᠨᠢᠬᠤ ᠴᠢᠳᠠᠪᠤᠷᠢ ᠪᠠᠷ ᠠᠨᠠᠶ ᠬᠥᠮᠦᠰ ᠨᠢ ᠲᠥᠭᠡᠷᠢᠵᠦ᠂ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠵᠣᠬᠢᠬᠤ ᠬᠡᠪᠴᠢᠶᠡᠨ ᠳᠣᠲᠣᠷ᠎ᠠ ᠬᠠᠪᠰᠤᠷᠴᠤ ᠡᠷᠢᠬᠦ ᠴᠢᠬᠤᠯᠠᠲᠠᠶ | ᠪᠣᠯᠤᠭᠰᠠᠨ᠂ ᠵᠢᠴᠢ ᠤᠰᠤᠨ ᠳᠤ ᠴᠠᠴᠠᠬᠤ᠂ ᠥᠨᠳᠥᠷ ᠤᠨᠠᠬᠤ᠂ ᠪᠡᠶ᠎ᠡ ᠪᠠᠨ ᠬᠤᠣᠷᠯᠠᠬᠤ ᠵᠡᠷᠭᠡ ᠬᠥᠮᠦᠨ ᠤ | ᠪᠡᠶ᠎ᠡ ᠶᠢᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠤᠭᠰᠠᠨ ᠪᠠᠶᠢᠳᠠᠯ ᠵᠢᠴᠢ ᠣᠯᠠᠨ ᠨᠡᠶᠢᠲᠡ ᠳᠤ | ᠪᠤᠰᠤᠳ ᠠᠶᠤᠯ ᠲᠦᠭᠰᠢᠭᠦᠷᠢ ᠲᠤᠯᠭᠠᠷᠠᠵᠤ᠂ ᠲᠤᠰᠠᠯᠠᠮᠵᠢ ᠦᠭᠡᠢ ᠭᠠᠭᠴᠠᠭᠠᠷᠳᠠᠭᠰᠠᠨ ᠪᠠᠶᠢᠳᠠᠯ ᠳᠤ ᠣᠷᠣᠰᠢᠵᠤ᠂ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠪᠠᠴᠢᠮ ᠠᠪᠤᠷᠠᠨ ᠲᠤᠰᠠᠯᠠᠬᠤ ᠴᠢᠬᠤᠯᠠᠲᠠᠶ ᠪᠣᠯᠤᠭᠰᠠᠨ︔ | ︵ᠵᠢᠷᠭᠤᠭ᠎ᠠ︶ ᠠᠶᠤᠯ ᠠᠴᠠ ᠠᠪᠤᠷᠠᠨ ᠭᠠᠮᠰᠢᠭ ᠲᠠᠢ ᠲᠡᠮᠡᠴᠡᠵᠦ ᠠᠪᠤᠷᠠᠨ ᠲᠤᠰᠠᠯᠠᠬᠤ᠄ ᠤᠰᠤ᠂ ᠴᠠᠬᠢᠯᠭᠠᠨ᠂ | ᠲᠤᠰᠤ᠂ ᠭᠡᠢ᠂ ᠢᠯᠴᠢ ᠵᠡᠷᠭᠡ ᠤᠯᠠᠨ ᠨᠡᠶᠢᠲᠡ ᠶᠢᠨ ᠲᠥᠬᠦᠭᠡᠷᠦᠮᠵᠢ ᠶᠢᠨ ᠲᠦᠭᠰᠢᠭᠦᠷᠢᠲᠦ ᠪᠠᠶᠢᠳᠠᠯ ᠳᠤ | ᠬᠤᠯᠪᠣᠭᠳᠠᠵᠤ᠂ ᠤᠯᠠᠨ ᠨᠡᠶᠢᠲᠡ ᠶᠢᠨ ᠠᠮᠤᠷ ᠲᠦᠪᠰᠢᠨ᠂ ᠬᠥᠮᠦᠨ ᠤ ᠪᠡᠶ᠎ᠡ ᠪᠤᠶᠤ ᠡᠳ᠋ ᠬᠦᠷᠦᠩᠭᠡ ᠶᠢᠨ ᠠᠮᠤᠷ | ᠲᠦᠪᠰᠢᠨ ᠢ ᠰᠦᠷᠳᠡᠭᠦᠯᠵᠦ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠠᠷ ᠪᠠᠴᠢᠮ ᠰᠢᠢᠳᠪᠦᠷᠢᠯᠡᠯᠳᠡ ᠳᠤ | ᠣᠷᠣᠯᠴᠠᠭᠤᠯᠬᠤ ᠴᠢᠬᠤᠯᠠᠲᠠᠶ ᠵᠢᠴᠢ ᠭᠠᠵᠠᠷ ᠬᠥᠳᠡᠯᠦᠯᠲᠡ᠂ ᠦᠶᠡᠷ ᠤᠰᠤᠲᠤᠯ᠂ ᠰᠢᠪᠠᠷ ᠴᠢᠯᠠᠭᠤᠨ ᠤ ᠤᠷᠤᠰᠬᠠᠯ | ᠵᠡᠷᠭᠡ ᠪᠠᠶᠢᠭᠠᠯᠢ ᠶᠢᠨ ᠭᠠᠶ ᠭᠠᠮᠰᠢᠭ ᠤᠨ ᠲᠦᠭᠰᠢᠭᠦᠷᠢᠲᠦ ᠪᠠᠶᠢᠳᠠᠯ ᠡᠭᠦᠰᠴᠦ᠂ ᠤᠯᠠᠨ ᠨᠡᠶᠢᠲᠡ ᠶᠢᠨ ᠠᠮᠤᠷ | ᠲᠦᠪᠰᠢᠨ᠂ ᠬᠥᠮᠦᠨ ᠤ ᠪᠡᠶ᠎ᠡ ᠪᠤᠶᠤ ᠡᠳ᠋ ᠬᠦᠷᠦᠩᠭᠡ ᠶᠢᠨ ᠠᠮᠤᠷ ᠲᠦᠪᠰᠢᠨ ᠢ ᠰᠦᠷᠳᠡᠭᠦᠯᠵᠦ᠂ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠪᠠᠷ ᠪᠠᠴᠢᠮ ᠰᠢᠢᠳᠪᠤᠷᠢᠯᠡᠯᠳᠠ ᠳᠤ ᠣᠷᠣᠯᠴᠠᠭᠤᠯᠬᠤ ᠴᠢᠬᠤᠯᠠᠲᠠᠶ ᠪᠠᠶᠢᠬᠤ︔ | ︵ᠳᠣᠯᠤᠭ᠎ᠠ︶ ᠴᠠᠭᠳᠠᠭ᠎ᠠ ᠳᠤ ᠬᠤᠯᠪᠣᠭᠳᠠᠭᠰᠠᠨ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ᠄ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠵᠢᠴᠢ ᠠᠷᠠᠳ ᠤᠨ ᠴᠠᠭᠳᠠᠭ᠎ᠠ ᠶᠢᠨ ᠣᠲᠣ ᠶᠠᠭ ᠡᠭᠦᠰᠴᠦ ᠪᠠᠶᠢᠭ᠎ᠠ ᠬᠠᠤᠯᠢ ᠴᠠᠭᠠᠵᠠ | ᠬᠠᠤᠯᠢ ᠲᠣᠭᠲᠠᠭᠠᠯ ᠪᠠ ᠠᠷᠠᠳ ᠤᠨ ᠴᠠᠭᠳᠠᠭ᠎ᠠ ᠶᠢᠨ ᠡᠯ᠎ᠡ ᠵᠦᠢᠯ ᠤᠨ ᠰᠠᠬᠢᠯᠭ᠎ᠠ ᠪᠠᠲᠤ ᠶᠢᠨ ᠲᠣᠭᠲᠠᠭᠠᠯ ᠢ | ᠵᠥᠷᠢᠴᠡᠵᠦ᠂ ᠬᠠᠤᠯᠢ ᠶᠢ ᠵᠥᠷᠢᠴᠡᠨ ᠡᠷᠬᠡ ᠲᠤᠰᠢᠶᠠᠯ ᠢᠶᠠᠨ ᠬᠡᠷᠡᠭᠵᠢᠭᠦᠯᠵᠦ᠂ ᠬᠠᠤᠯᠢ ᠪᠠᠷ ᠲᠣᠭᠲᠠᠭᠠᠭᠰᠠᠨ ᠡᠭᠦᠷᠭᠡ | ᠬᠠᠷᠢᠭᠤᠴᠠᠯᠭ᠎ᠠ ᠪᠠᠨ ᠭᠦᠢᠴᠡᠳᠭᠡᠬᠦ ᠥᠬᠡᠶ᠂ ᠡᠯ᠎ᠡ ᠵᠦᠢᠯ ᠤᠨ ᠬᠠᠤᠯᠢ ᠬᠡᠷᠡᠭᠵᠢᠭᠦᠯᠬᠦ᠂ ᠦᠢᠯᠡᠴᠢᠯᠡᠬᠦ᠂ ᠵᠣᠬᠢᠶᠠᠨ | ᠪᠠᠶᠢᠭᠤᠯᠬᠤ᠂ ᠬᠠᠮᠢᠶᠠᠷᠬᠤ ᠲᠦᠷᠢᠮ ᠢ ᠵᠢᠷᠤᠮᠯᠠᠬᠤ ᠥᠬᠡᠶ ᠪᠠ ᠠᠵᠢᠯ ᠮᠡᠷᠭᠡᠵᠢᠯ ᠤᠨ ᠶᠣᠰᠣ ᠮᠣᠷᠠᠯ ᠢ ᠵᠥᠷᠢᠴᠡᠭᠰᠡᠨ | ᠡᠯ᠎ᠡ ᠵᠦᠢᠯ ᠤᠨ ᠦᠢᠯᠡ ᠠᠵᠢᠯᠯᠠᠭ᠎ᠠ᠃ | ᠭᠤᠷᠪᠠ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ | ᠤᠲᠠᠰᠤ ᠶᠢ ᠬᠠᠮᠤᠭ ᠤᠨ ᠲᠡᠷᠢᠭᠦᠨ ᠳᠤ 110 ᠲᠦᠭᠰᠢᠭᠦᠷᠢ ᠮᠡᠳᠡᠭᠦᠯᠬᠦ ᠦᠢᠯᠡᠴᠢᠯᠡᠭᠡᠨ ᠤ ᠲᠠᠪᠴᠠᠩ ᠳᠤ | ᠰᠢᠯᠵᠢᠭᠦᠯᠦᠨ ᠲᠤᠰᠢᠶᠠᠬᠤ ᠶᠢᠨ ᠬᠠᠮᠲᠤ᠂ ᠭᠤᠮᠣᠳᠠᠯ ᠲᠣᠭᠠᠴᠢᠬᠤ ᠵᠦᠢᠯᠡᠰ ᠢ ᠬᠠᠷᠢᠶ᠎ᠠ ᠭᠠᠵᠠᠷ ᠤᠨ ᠵᠠᠰᠠᠭ ᠤᠨ | ᠣᠷᠳᠣᠨ ᠪᠠ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠭᠤᠮᠣᠳᠠᠯ ᠲᠣᠭᠠᠴᠢᠬᠤ ︵ᠭᠤᠤᠯᠳᠠᠭᠤ | 4 ᠲᠥᠷᠥᠯ ᠤᠨ ᠪᠠᠴᠢᠮ ᠬᠡᠷᠡᠭ︶ ᠳᠤ ᠰᠢᠯᠵᠢᠭᠦᠯᠦᠨ ᠰᠢᠢᠳᠪᠦᠷᠢᠯᠡᠬᠦᠯᠬᠦ ᠪᠠᠷ ᠭᠤᠶᠤᠴᠢᠯᠠᠬᠤ ᠬᠡᠷᠡᠭᠲᠡᠶ ︵ | ᠭᠤᠤᠯᠳᠠᠭᠤ 4 ᠲᠥᠷᠥᠯ ᠤᠨ ᠪᠠᠴᠢᠮ ᠬᠡᠷᠡᠭ︶ | ︵ᠨᠢᠭᠡ︶ ᠬᠤᠪᠢ ᠬᠥᠮᠦᠨ ᠤ ᠬᠡᠲᠦᠷᠡᠮᠡᠬᠡᠢ ᠬᠡᠷᠡᠭ᠄ 12345 ᠭᠤᠮᠣᠳᠠᠯ ᠲᠣᠭᠠᠴᠢᠭᠴᠢ ᠶᠢ ᠬᠦᠯᠢᠶᠡᠨ | ᠠᠪᠤᠭᠰᠠᠨ ᠬᠥᠮᠦᠨ ᠤ ᠬᠡᠯᠡᠬᠦ ᠪᠠᠷ ᠬᠤᠪᠢ ᠬᠥᠮᠦᠨ ᠤ ᠬᠡᠲᠦᠷᠡᠮᠡᠬᠡᠢ ᠦᠢᠯᠡ ᠠᠵᠢᠯᠯᠠᠭ᠎ᠠ ᠶᠢᠨ ᠬᠡᠷᠡᠭ ᠲᠠᠢ ᠪᠠᠶᠢᠬᠤ︔ | ︵ᠬᠤᠶᠠᠷ︶ ᠨᠡᠶᠢᠭᠡᠮ ᠠᠴᠠ ᠬᠠᠷᠢᠭᠤ ᠠᠪᠤᠭᠰᠠᠨ ᠬᠡᠷᠡᠭ ᠶᠠᠪᠤᠳᠠᠯ ᠤᠨ ᠲᠤᠬᠠᠶ ᠴᠤᠤᠷᠬᠠᠯ ᠲᠠᠯᠪᠢᠬᠤ᠄ | ᠭᠤᠮᠣᠳᠠᠯ ᠲᠣᠭᠠᠴᠢᠭᠰᠠᠳ ᠢ ᠬᠦᠯᠢᠶᠡᠨ ᠠᠪᠤᠭᠰᠠᠨ ᠬᠥᠮᠦᠨ ᠨᠢ ᠵᠠᠰᠠᠭ ᠤᠨ ᠣᠷᠳᠣᠨ ᠪᠠ ᠨᠡᠶᠢᠭᠡᠮ ᠳᠤ ᠳᠤᠷ᠎ᠠ | ᠦᠭᠡᠶᠢᠴᠡᠵᠦ ᠪᠠᠶᠢᠬᠤ᠂ ᠬᠡᠲᠦᠷᠡᠮᠡᠬᠡᠶ ᠠᠷᠭ᠎ᠠ ᠪᠠᠷ ᠨᠡᠶᠢᠭᠡᠮ ᠠᠴᠠ ᠬᠠᠷᠢᠭᠤ ᠠᠪᠬᠤ ᠪᠤᠶᠤ ᠪᠡᠶ᠎ᠡ ᠪᠠᠨ ᠬᠤᠣᠷᠯᠠᠬᠤ | ᠵᠡᠷᠭᠡ ᠠᠷᠭ᠎ᠠ ᠮᠠᠶ᠋ᠢᠭ ᠢᠶᠠᠷ ᠵᠠᠰᠠᠭ ᠤᠨ ᠣᠷᠳᠣᠨ ᠢ ᠰᠢᠬᠠᠮᠳᠠᠭᠤᠯᠵᠤ ᠪᠠᠶᠢᠭᠠᠳ ᠠᠰᠠᠭᠤᠳᠠᠯ ᠢ ᠰᠢᠢᠳᠪᠦᠷᠢᠯᠡᠬᠦᠯᠦᠨ᠎ᠡ | ᠭᠡᠵᠦ ᠴᠤᠤᠷᠬᠠᠯ ᠲᠠᠯᠪᠢᠭᠰᠠᠨ︔ | ︵ᠭᠤᠷᠪᠠ︶ ᠬᠠᠮᠲᠤᠯᠢᠭ ᠤᠨ ᠴᠢᠨᠠᠷᠲᠠᠶ ᠴᠤᠭᠯᠠᠷᠠᠯ ᠤᠨ ᠬᠡᠷᠡᠭ᠄ ᠭᠤᠮᠣᠳᠠᠯ ᠲᠣᠭᠠᠴᠢᠭᠴᠢ ᠶᠢ ᠬᠦᠯᠢᠶᠡᠨ | ᠠᠪᠤᠭᠰᠠᠨ ᠬᠥᠮᠦᠨ ᠤ ᠨᠡᠶᠢᠭᠡᠮ ᠤᠨ ᠲᠠᠯ᠎ᠠ ᠪᠤᠶᠤ ᠴᠢᠬᠤᠯᠠ ᠲᠠᠯᠠᠪᠤᠷ ᠲᠤ ᠬᠥᠮᠦᠨ ᠴᠤᠭᠯᠠᠷᠠᠭᠰᠠᠨ ᠵᠡᠷᠭᠡ | ᠬᠠᠮᠲᠤᠯᠢᠭ ᠤᠨ ᠴᠢᠨᠠᠷᠲᠠᠶ ᠬᠡᠷᠡᠭ︔ | ︵ᠳᠥᠷᠪᠡ︶ ᠣᠯᠠᠨ ᠨᠡᠶᠢᠲᠡ᠂ ᠬᠥᠮᠦᠨ ᠤ ᠪᠡᠶ᠎ᠡ ᠪᠤᠶᠤ ᠡᠳ᠋ ᠬᠥᠷᠥᠩᠭᠡ ᠶᠢᠨ ᠠᠮᠤᠷ ᠲᠦᠪᠰᠢᠨ ᠳᠤ ᠬᠤᠤᠷ | ᠬᠥᠨᠥᠭᠡᠯ ᠤᠴᠠᠷᠠᠭᠤᠯᠤᠭᠰᠠᠨ ᠬᠡᠷᠡᠭ᠄ 12345 ᠠᠵᠢᠯ ᠤᠨ ᠬᠠᠭᠤᠳᠠᠰᠤ ᠶᠢ ᠭᠦᠢᠴᠡᠳᠭᠡᠬᠦ ᠶᠠᠪᠤᠴᠠ ᠳᠤ᠂ | ᠬᠡᠲᠦᠷᠡᠮᠡᠬᠡᠶ ᠦᠢᠯᠡ ᠠᠵᠢᠯᠯᠠᠭ᠎ᠠ ᠬᠢᠬᠦ᠂ ᠵᠥᠷᠢᠴᠡᠯ ᠵᠢᠭᠤᠷᠠᠯᠳᠤᠭᠠᠨ ᠰᠢᠷᠦᠭᠦᠰᠬᠦ᠂ ᠬᠡᠷᠡᠭ ᠤᠨ ᠪᠠᠶᠢᠳᠠᠯ ᠢ | ᠡᠵᠡᠮᠳᠡᠬᠦ ᠳᠤ ᠪᠡᠷᠬᠡᠲᠡᠶ ᠪᠤᠶᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠬᠠᠷᠰᠢᠯᠠᠬᠤ ᠵᠡᠷᠭᠡ ᠪᠠᠶᠢᠳᠠᠯ | ᠲᠣᠬᠢᠶᠠᠯᠳᠤᠵᠤ᠂ 110 ᠬᠤᠯᠪᠣᠭᠠᠯᠠᠨ ᠬᠥᠳᠡᠯᠦᠯᠴᠡᠵᠦ ᠰᠢᠢᠳᠪᠦᠷᠢᠯᠡᠬᠦ ᠴᠢᠬᠤᠯᠠᠲᠠᠶ ᠵᠦᠢᠯᠡᠰ᠃ | ᠳᠥᠷᠪᠡ᠂ 110 ᠴᠠᠭᠳᠠᠭ᠎ᠠ ᠳᠤ ᠮᠡᠳᠡᠭᠦᠯᠬᠦ ᠦᠢᠯᠡᠴᠢᠯᠡᠭᠡᠨ ᠤ ᠲᠠᠪᠴᠠᠩ ᠢ ᠤᠷᠢᠳᠠᠪᠠᠷ ᠰᠢᠢᠳᠪᠦᠷᠢᠯᠡᠵᠦ᠂ | ᠳᠠᠷᠠᠭ᠎ᠠ ᠨᠢ ᠪᠣᠳᠠᠲᠠᠶ ᠰᠢᠢᠳᠪᠦᠷᠢᠯᠡᠭᠰᠡᠨ ᠪᠠᠶᠢᠳᠠᠯ ᠢ ᠦᠨᠳᠦᠰᠦᠯᠡᠨ 12345 ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠭᠤᠶᠤᠴᠢᠯᠠᠯ ᠢ ᠰᠢᠯᠵᠢᠭᠦᠯᠦᠨ | ᠲᠤᠰᠢᠶᠠᠨ᠎ᠠ ︵ᠭᠤᠤᠯᠳᠠᠭᠤ 7 ᠲᠥᠷᠥᠯ ᠤᠨ ᠣᠯᠠᠨ ᠲᠦᠮᠡᠨ ᠠᠴᠠ ᠲᠤᠰᠠᠯᠠᠮᠵᠢ ᠭᠤᠶᠤᠴᠢᠯᠠᠨ᠎ᠠ︶ | ︵ᠨᠢᠭᠡ︶ ᠵᠠᠮ ᠬᠠᠷᠢᠯᠴᠠᠭᠠᠨ ᠤ ᠲᠥᠬᠦᠭᠡᠷᠦᠮᠵᠢ ᠶᠢᠨ ᠲᠦᠷᠦᠯ᠄ ᠵᠠᠮ ᠬᠠᠷᠢᠯᠴᠠᠭᠠᠨ ᠤ ᠢᠯᠡᠳᠬᠡᠮᠵᠢ | ᠳᠡᠮᠳᠡᠭ ᠤᠨ ᠫᠠᠶᠢᠰᠠ᠂ ᠵᠠᠮ ᠬᠠᠷᠢᠯᠴᠠᠭᠠᠨ ᠤ ᠳᠤᠬᠢᠶᠠᠨ ᠳ᠋ᠧᠩ᠂ ᠵᠠᠮ ᠬᠠᠷᠢᠯᠴᠠᠭᠠᠨ ᠤ ᠬᠠᠯᠬᠠᠪᠴᠢ ᠬᠡᠷᠡᠰᠬᠡ᠂ | ᠵᠠᠮ ᠤᠨ ᠳᠤᠬᠢᠶ᠎ᠠ ᠶᠢ ᠦᠵᠡᠭᠦᠯᠬᠦ ᠳᠡᠯᠭᠡᠴᠡ ᠵᠡᠷᠭᠡ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ | ᠬᠠᠮᠢᠶᠠᠷᠤᠯᠲᠠ ᠳᠤ ᠬᠤᠯᠪᠣᠭᠳᠠᠬᠤ ᠲᠦᠭᠰᠢᠭᠦᠷᠢ ᠮᠡᠳᠡᠭᠦᠯᠬᠦ︔ ︵ᠬᠤᠶᠠᠷ︶ ᠵᠡᠭᠡᠯᠢ ᠳᠡᠭᠡᠷᠡᠬᠢ ᠡᠮᠬᠢ ᠳᠢᠭᠯᠢᠮ ᠤᠨ | ᠲᠦᠷᠦᠯ᠄ ᠲᠦᠷᠢᠮ ᠢ ᠵᠥᠷᠢᠴᠡᠨ ᠲᠡᠷᠭᠡ ᠵᠣᠭᠰᠣᠭᠠᠬᠤ᠂ ᠵᠠᠮ ᠲᠦᠭᠵᠢᠷᠡᠬᠦ᠂ ᠵᠠᠰᠠᠬᠤ᠂ ᠵᠡᠭᠡᠯᠢ ᠳᠡᠭᠡᠷ᠎ᠡ | ᠡᠪᠡᠳᠴᠢᠯᠡᠭᠰᠡᠨ ᠬᠥᠮᠦᠰ᠂ ᠵᠠᠮ ᠲᠡᠭᠡᠭᠡᠪᠦᠷᠢ ᠶᠢᠨ ᠱᠤᠤᠭᠢᠶᠠᠨ ᠵᠡᠷᠭᠡ ᠵᠡᠭᠡᠯᠢ ᠳᠡᠭᠡᠷᠡᠬᠢ ᠠᠮᠤᠷ ᠲᠦᠪᠰᠢᠨ ᠤ ᠡᠮᠬᠢ | ᠳᠢᠭᠯᠢᠮ ᠲᠠᠢ ᠬᠤᠯᠪᠣᠭᠳᠠᠬᠤ ᠰᠡᠷᠡᠮᠵᠢ ᠶᠢᠨ ᠳᠤᠬᠢᠶ᠎ᠠ︔ | ︵ᠭᠤᠷᠪᠠ︶ ᠣᠷᠴᠢᠨ ᠠᠬᠤᠶ ᠶᠢᠨ ᠬᠠᠮᠠᠭᠠᠯᠠᠯᠲᠠ ᠶᠢᠨ ᠲᠦᠷᠦᠯ᠄ ᠬᠤᠭ ᠨᠣᠪᠰᠢ ᠶᠢ ᠰᠢᠲᠠᠭᠠᠬᠤ ᠵᠡᠷᠭᠡ ︵ | ᠭᠠᠯ ᠤᠨ ᠠᠶᠤᠯ ᠠᠮᠠᠷᠬᠠᠨ ᠭᠠᠷᠬᠤ ᠳᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠲᠤᠬᠠᠶ ᠶᠢᠨ ᠲᠠᠯᠠᠪᠤᠷ ᠲᠤ | ᠬᠦᠷᠴᠦ ᠤᠷᠢᠳᠠᠪᠠᠷ ᠰᠢᠢᠳᠪᠦᠷᠢᠯᠡᠬᠦ ᠬᠡᠷᠡᠭᠲᠡᠶ︶︔ | ︵ᠳᠥᠷᠪᠡ︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠥᠷᠥᠯ᠄ ᠨᠠᠰᠤᠨ ᠳᠤ ᠥᠯᠥ ᠭᠦᠷᠦᠭᠰᠡᠳ | ᠡᠵᠡᠩᠨᠡᠯᠲᠡ ᠶᠢᠨ ᠴᠢᠨᠠᠷᠲᠠᠶ ᠵᠤᠭ᠎ᠠ ᠴᠡᠩᠭᠡᠯ ᠤᠨ ᠲᠠᠯᠠᠪᠤᠷ ᠲᠤ ᠣᠷᠣᠵᠤ ᠭᠠᠷᠬᠤ ︵ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠲᠤᠬᠠᠶ ᠶᠢᠨ ᠲᠠᠯᠠᠪᠤᠷ ᠲᠤ ᠬᠦᠷᠴᠦ ᠤᠷᠢᠳ ᠢᠶᠠᠷ ᠰᠢᠢᠳᠪᠦᠷᠢᠯᠡᠬᠦ ᠬᠡᠷᠡᠭᠲᠡᠶ︶ ᠵᠡᠷᠭᠡ︔ | ︵ᠲᠠᠪᠤ︶ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠲᠦᠷᠦᠯ᠄ ᠤᠯᠠᠨ ᠢᠶᠠᠷ ᠢᠶᠠᠨ ᠲᠦᠷᠢᠶᠡᠰᠦᠯᠡᠬᠦ | ᠠᠰᠠᠭᠤᠳᠠᠯ᠂ ᠨᠣᠬᠠᠶ ᠶᠢᠨ ᠲᠦᠷᠦᠯ ᠢᠶᠠᠷ ᠬᠥᠮᠦᠨ ᠢ ᠰᠢᠷᠬᠠᠲᠤᠭᠤᠯᠬᠤ᠂ ᠬᠤᠳᠠ ᠶᠢᠨ ᠲᠡᠵᠢᠭᠡᠪᠦᠷᠢ ᠭᠡᠷ ᠤᠨ | ᠵᠢᠭᠦᠷᠲᠡᠨ ᠭᠡᠷ ᠤᠨ ᠲᠡᠵᠢᠭᠡᠪᠦᠷᠢ᠂ ᠠᠮᠤᠷ ᠢ ᠬᠠᠮᠠᠭᠠᠯᠠᠬᠤ ᠢᠯᠡᠴᠢᠯᠡᠨ ᠮᠡᠳᠡᠭᠦᠯᠬᠦ ᠲᠦᠷᠦᠯ ᠤᠨ ᠠᠰᠠᠭᠤᠳᠠᠯ᠂ | ᠠᠷᠠᠯ ᠤᠨ ᠱᠠᠷ ᠫᠢᠶᠣᠣ ᠰᠠᠷᠢᠭᠠᠯᠠᠬᠤ ᠵᠡᠷᠭᠡ ᠠᠮᠤᠷ ᠢ ᠬᠠᠮᠠᠭᠠᠯᠠᠬᠤ ᠬᠠᠮᠢᠶᠠᠷᠤᠯᠲᠠ ᠳᠤ ᠬᠤᠯᠪᠣᠭᠳᠠᠬᠤ | ᠴᠠᠭᠳᠠᠭ᠎ᠠ ᠶᠢᠨ ᠮᠡᠳᠡᠭᠦᠯᠦᠯᠲᠡ︔ | ︵ᠵᠢᠷᠭᠤᠭ᠎ᠠ︶ ᠤᠯᠠᠨ ᠨᠡᠶᠢᠲᠡ ᠶᠢᠨ ᠲᠥᠬᠦᠭᠡᠷᠦᠮᠵᠢ ᠶᠢᠨ ᠲᠦᠷᠦᠯ᠄ ᠬᠤᠳᠳᠤᠭ ᠤᠨ ᠪᠦᠷᠬᠦᠭᠡᠰᠦ | ᠳᠤᠲᠠᠭᠳᠠᠬᠤ᠂ ᠬᠥᠭᠦᠷᠭᠡ ᠡᠪᠳᠡᠷᠡᠬᠦ᠂ ᠬᠦᠷᠢᠶ᠎ᠡ ᠬᠡᠷᠡᠮ ᠨᠤᠷᠠᠬᠤ᠂ ᠵᠠᠷ ᠤᠨ ᠫᠠᠶᠢᠰᠠ᠂ ᠪᠠᠷᠢᠯᠭ᠎ᠠ ᠡᠪᠳᠡᠷᠡᠬᠦ ︵ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠲᠦᠷ ᠴᠠᠭ ᠤᠨ ᠰᠡᠷᠡᠮᠵᠢ ᠶᠢᠨ ᠢᠯᠡᠳᠬᠡᠮᠵᠢ ᠳᠡᠮᠳᠡᠭ ᠲᠠᠯᠪᠢᠬᠤ | ᠴᠢᠬᠤᠯᠠᠲᠠᠶ︶᠂ ᠤᠲᠠᠰᠤ ᠳᠡᠭᠡᠰᠦᠨ ᠤ ᠴᠠᠬᠢᠯᠭᠠᠨ ᠪᠠᠭᠠᠨ᠎ᠠ ᠡᠪᠳᠡᠷᠡᠬᠦ ︵ᠵᠣᠷᠢᠭᠤᠳᠠ ᠡᠪᠳᠡᠭᠰᠡᠨ ᠡᠰᠡᠬᠦ ᠶᠢ | ᠤᠷᠢᠳᠠᠪᠠᠷ ᠰᠢᠢᠳᠪᠦᠷᠢᠯᠡᠬᠦ ᠴᠢᠬᠤᠯᠠᠲᠠᠶ︶ ᠵᠡᠷᠭᠡ︔ | ︵ᠲᠤᠯᠤᠭ᠎ᠠ︶ ᠭᠡᠨᠡᠳᠲᠡ ᠶᠢᠨ ᠬᠡᠷᠡᠭ ᠤᠨ ᠲᠦᠷᠦᠯ᠄ ᠠᠮᠢᠳᠠᠨ ᠤᠷᠭᠤᠮᠠᠯ ᠤᠨ ᠲᠦᠷᠦᠯ ᠤᠨ ᠬᠢᠵᠢᠭ ᠤᠨ | ᠪᠠᠶᠢᠳᠠᠯ᠂ ᠠᠶᠤᠯ ᠲᠦᠭᠰᠢᠭᠦᠷᠢ ᠠᠴᠠ ᠠᠪᠤᠷᠠᠨ ᠲᠤᠰᠠᠯᠠᠬᠤ ︵ᠤᠰᠤᠨ ᠳᠤ ᠴᠠᠴᠠᠬᠤ᠂ ᠠᠰᠠᠷ ᠠᠴᠠ ᠤᠨᠠᠬᠤ᠂ | ᠪᠡᠶ᠎ᠡ ᠪᠠᠨ ᠬᠤᠣᠷᠯᠠᠬᠤ ᠵᠡᠷᠭᠡ ᠪᠠᠶᠢᠳᠠᠯ ᠭᠠᠷᠴᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠪᠠᠴᠢᠮ ᠠᠪᠤᠷᠠᠨ | ᠲᠤᠰᠠᠯᠠᠬᠤ ᠴᠢᠬᠤᠯᠠᠲᠠᠶ ᠪᠣᠯᠤᠭᠰᠠᠨ︔ ᠨᠠᠰᠤᠲᠠᠶᠢᠴᠤᠳ᠂ ᠬᠡᠦᠬᠡᠳ ᠵᠢᠴᠢ ᠣᠶᠣᠨ ᠤ ᠰᠠᠭᠠᠳ ᠲᠠᠢ ᠬᠥᠮᠦᠰ᠂ | ᠣᠶᠣᠨ ᠮᠡᠳᠡᠷᠡᠯ ᠤᠨ ᠡᠪᠡᠳᠴᠢᠲᠡᠨ ᠵᠡᠷᠭᠡ ᠬᠥᠮᠦᠰ ᠤᠨ ᠲᠥᠭᠡᠷᠢᠭᠰᠡᠨ ᠪᠠᠶᠢᠳᠠᠯ ᠢ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠠᠴᠠ ᠵᠣᠬᠢᠬᠤ ᠬᠡᠪᠴᠢᠶᠡᠨ ᠳᠤ ᠡᠷᠢᠬᠦ ᠴᠢᠬᠤᠯᠠᠲᠠᠶ ᠪᠠᠶᠢᠬᠤ︔ ᠣᠯᠠᠨ ᠨᠡᠶᠢᠲᠡ ᠠᠶᠤᠯ | ᠲᠦᠭᠰᠢᠭᠦᠷᠢ ᠳᠤ ᠤᠴᠠᠷᠠᠭᠠᠳ ᠲᠤᠰᠠᠯᠠᠮᠵᠢ ᠥᠬᠡᠶ ᠭᠠᠭᠴᠠᠭᠠᠷᠳᠠᠭᠰᠠᠨ ᠪᠠᠶᠢᠳᠠᠯ ᠳᠤ ᠪᠠᠶᠢᠵᠤ᠂ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠠᠴᠠ ᠲᠡᠷᠡ ᠳᠠᠷᠤᠶ ᠳᠤᠨᠢ ᠠᠪᠤᠷᠠᠨ ᠲᠤᠰᠠᠯᠠᠬᠤ ᠴᠢᠬᠤᠯᠠᠲᠠᠶ ᠪᠠᠶᠢᠬᠤ︶᠂ ᠬᠠᠮᠲᠤᠯᠢᠭ ᠤᠨ | ᠴᠢᠨᠠᠷᠲᠠᠶ ᠬᠡᠷᠡᠭ᠂ ᠤᠰᠤ ᠴᠠᠬᠢᠯᠭᠠᠨ ᠬᠡᠢ ᠶᠢᠨ ᠬᠦᠨᠳᠦ ᠶᠡᠭᠡ ᠰᠠᠭᠠᠳ᠂ ᠠᠶᠤᠯᠲᠠᠶ ᠬᠢᠮᠢ ᠶᠢᠨ ᠪᠣᠳᠠᠰ ᠤᠨ ᠬᠦᠨᠳᠦ | ᠶᠡᠭᠡ ᠭᠤᠭᠤᠵᠢᠭᠰᠠᠨ ᠬᠡᠷᠡᠭ᠂ ᠬᠠᠤᠯᠢ ᠶᠢ ᠵᠥᠷᠢᠴᠡᠵᠦ ᠶᠠᠯ᠎ᠠ ᠬᠢᠭᠰᠡᠨ ᠪᠤᠶᠤ ᠪᠤᠰᠤᠳ ᠲᠦᠭᠰᠢᠭᠦᠷᠢ ᠮᠡᠳᠡᠭᠦᠯᠦᠭᠰᠡᠨ | ᠬᠡᠷᠡᠭ ᠶᠠᠪᠤᠳᠠᠯ᠃ ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ᠴᠠᠬᠢᠯᠭᠠᠨ ᠮᠡᠳᠡᠭᠡ ᠶᠢᠨ ᠰᠠᠯᠠᠭ᠎ᠠ | 2023 ᠣᠨ ᠤ 4 ᠰᠠᠷ᠎ᠠ ᠶᠢᠨ 15 ᠤ ᠡᠳᠦᠷ ᠳᠠᠷᠤᠮᠠᠯᠯᠠᠨ ᠲᠠᠷᠬᠠᠭᠠᠪᠠ |