| | ᠬᠢᠩᠭᠠᠨ ᠵᠠᠬᠢᠷᠭ᠎ᠠ ᠲᠠᠷᠬᠠᠭᠠᠭᠰᠠᠨ ︹2023︺ 55 ᠳ᠋ᠤᠭᠠᠷ ᠲᠣᠭᠠᠲᠤ | ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ | ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ᠂ ᠳᠤᠮᠳᠠ | ᠣᠷᠣᠨ ᠤ ᠰᠢᠭᠤᠳ ᠬᠠᠷᠢᠶ᠎ᠠ ᠰᠢᠭᠤᠳ ᠬᠠᠮᠢᠶᠠᠷᠤᠯᠲᠠ ᠶᠢᠨ ᠨᠢᠭᠡᠴᠢ ᠳᠤ᠄ | ︽ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠲᠦᠷᠢᠮ︾ ᠤᠨ ᠬᠤᠯᠪᠣᠭᠳᠠᠯ ᠪᠥᠬᠦᠶ | ᠲᠣᠭᠲᠠᠭᠠᠯ ᠢ ᠦᠨᠳᠦᠰᠦᠯᠡᠨ᠂ ᠲᠥᠷᠥ ᠶᠢᠨ ᠶᠠᠪᠤᠳᠠᠯ ᠤᠨ ᠬᠤᠷᠢᠶ᠎ᠠ 2023 ᠣᠨ ᠳᠤ ᠲᠠᠪᠤᠳᠤᠭᠠᠷ ᠤᠳᠠᠭᠠᠨ ᠤ | ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠪᠠᠷ ᠲᠣᠭᠲᠠᠪᠠ᠃ ︽ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ | ᠪᠠᠶᠢᠴᠠᠭᠠᠯᠲᠠ ᠶᠢ ᠥᠷᠨᠢᠭᠦᠯᠬᠦ ᠲᠤᠬᠠᠶ ᠮᠡᠳᠡᠭᠳᠡᠯ︾ ︵ᠲᠥᠷᠥ ᠲᠠᠷᠬᠠᠭᠠᠭᠰᠠᠨ ﹇2022﹈ 22 ᠳ᠋ᠤᠭᠠᠷ ᠲᠣᠭᠠᠲᠤ | ︶ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠶ | ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2023﹈ 5 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ | ᠮᠠᠨ ᠤ ᠠᠶᠢᠮᠠᠭ ᠤᠨ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ | ᠠᠵᠢᠯ ᠢ ᠦᠨᠡᠨᠬᠦ ᠰᠠᠶᠢᠲᠤᠷ ᠬᠢᠬᠦ ᠶᠢᠨ ᠲᠤᠰᠠᠳᠠ᠂ ᠬᠢᠩᠭᠠᠨ ᠠᠶᠢᠮᠠᠭ ᠤᠨ ᠪᠣᠳᠠᠲᠠᠶ ᠲᠠᠢ ᠤᠶᠠᠯᠳᠤᠭᠤᠯᠤᠨ᠂ | ᠡᠳᠦᠭᠡ ᠬᠤᠯᠪᠣᠭᠳᠠᠯ ᠪᠥᠬᠦᠶ ᠤᠴᠢᠷ ᠢ ᠳᠣᠤᠷᠠᠬᠢ ᠮᠡᠲᠦ ᠮᠡᠳᠡᠭᠳᠡᠶ᠎ᠡ᠃ | ᠨᠢᠭᠡ᠂ ᠶᠡᠷᠦᠩᠬᠡᠶ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠦ᠂ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠶᠡᠷᠦᠩᠬᠡᠶ ᠱᠦᠵᠢ | ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠨᠠᠷᠢᠨ ᠬᠢᠨᠠᠮᠠᠭᠠᠶ | ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ᠂ ᠣᠨᠣᠪᠴᠢᠲᠠᠶ᠂ ᠪᠥᠬᠦ | ᠲᠠᠯ᠎ᠠ ᠪᠠᠷ ᠲᠤᠭᠤᠰᠢᠯᠠᠭᠤᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠭᠤᠯᠤᠨ᠂ | ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠵᠤ᠂ ᠬᠠᠤᠯᠢ ᠶᠣᠰᠣᠭᠠᠷ ᠨᠡᠶᠢᠳᠡᠮ ᠪᠠᠶᠢᠴᠠᠭᠠᠬᠤ᠂ ᠰᠢᠨᠵᠢᠯᠡᠬᠦ | ᠤᠬᠠᠭᠠᠨᠴᠢ ᠪᠠᠷ ᠨᠡᠶᠢᠳᠡᠮ ᠪᠠᠶᠢᠴᠠᠭᠠᠬᠤ᠂ ᠠᠷᠠᠳ ᠤᠨ ᠲᠥᠯᠥᠭᠡ ᠨᠡᠶᠢᠳᠡᠮ ᠪᠠᠶᠢᠴᠠᠭᠠᠬᠤ ᠶᠢ ᠪᠠᠷᠢᠮᠲᠠᠯᠠᠨ᠂ | ᠦᠨᠡᠨ ᠠᠴᠠ ᠵᠥᠪ ᠢ ᠡᠷᠢᠬᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠨᠡᠶᠢᠳᠡᠮ | ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠶ ᠣᠨᠣᠪᠴᠢᠲᠠᠶ ᠪᠠᠶᠢᠬᠤ ᠶᠢ ᠦᠨᠡᠨᠬᠦ ᠪᠠᠲᠤᠯᠠᠵᠤ᠂ | ᠬᠢᠩᠭᠠᠨ ᠠᠶᠢᠮᠠᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠪᠥᠬᠦ ᠲᠠᠯ᠎ᠠ ᠪᠠᠷ ᠪᠤᠰᠤᠳᠴᠢ ᠪᠠᠷ | ᠲᠤᠰᠬᠠᠨ᠎ᠠ᠃ | ︵ᠬᠤᠶᠠᠷ︶ ᠨᠡᠶᠢᠳᠡᠮ ᠪᠠᠶᠢᠴᠠᠭᠠᠯᠲᠠ ᠶᠢᠨ ᠵᠣᠷᠢᠯᠭ᠎ᠠ᠃ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ | ᠠᠬᠤᠶ ᠶᠢᠨ ᠨᠡᠶᠢᠳᠡᠮ ᠪᠠᠶᠢᠴᠠᠭᠠᠯᠲᠠ ᠪᠣᠯ ᠨᠢᠭᠡᠨ ᠴᠢᠬᠤᠯᠠ ᠶᠡᠭᠡ ᠤᠯᠤᠰ ᠤᠨ ᠪᠠᠶᠢᠳᠠᠯ ᠤᠯᠤᠰ ᠤᠨ ᠬᠦᠴᠦᠨ ᠤ | ᠪᠠᠶᠢᠴᠠᠭᠠᠯᠲᠠ ᠠᠩᠬ᠎ᠠ ᠤᠳᠠᠭ᠎ᠠ ᠣᠷᠣᠭᠤᠯᠤᠯᠲᠠ ᠭᠠᠷᠭᠠᠯᠲᠠ ᠶᠢᠨ ᠪᠠᠶᠢᠴᠠᠭᠠᠯᠲᠠ ᠶᠢ ᠨᠢᠭᠡᠳᠦᠯᠲᠡᠶ ᠲᠥᠯᠥᠪᠯᠡᠵᠦ᠂ | ᠬᠢᠩᠭᠠᠨ ᠠᠶᠢᠮᠠᠭ ᠤᠨ ᠬᠤᠶᠠᠳᠤᠭᠠᠷ ᠠᠵᠤ ᠦᠢᠯᠡᠰ ᠪᠣᠯᠤᠨ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢᠨ | ᠬᠡᠪᠴᠢᠶ᠎ᠡ᠂ ᠪᠠᠶᠢᠷᠢᠰᠢᠯ ᠪᠣᠯᠤᠨ ᠦᠷ᠎ᠡ ᠠᠰᠢᠭ ᠢ ᠪᠦᠬᠦ ᠲᠠᠯ᠎ᠠ ᠪᠠᠷ ᠪᠠᠶᠢᠴᠠᠭᠠᠵᠤ᠂ ᠡᠯ᠎ᠡ ᠲᠥᠷᠥᠯ ᠤᠨ ᠨᠢᠭᠡᠴᠢ ᠶᠢᠨ | ᠦᠨᠳᠦᠰᠦᠨ ᠪᠠᠶᠢᠳᠠᠯ ᠢ ᠣᠶᠢᠯᠠᠭᠠᠵᠤ᠂ ᠤᠯᠤᠰ ᠠᠷᠠᠳ ᠤᠨ ᠠᠵᠤ ᠠᠬᠤᠢ ᠶᠢᠨ ᠠᠵᠢᠯ ᠲᠦᠷᠦᠯ ᠤᠨ | ᠬᠤᠭᠤᠷᠣᠨᠳᠣᠬᠢ ᠠᠵᠤ ᠠᠬᠤᠢ ᠶᠢᠨ ᠬᠠᠷᠢᠯᠴᠠᠭ᠎ᠠ ᠶᠢ ᠡᠵᠡᠮᠰᠢᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ | ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠬᠤ᠂ ᠣᠳᠣᠬᠢᠴᠢᠯᠠᠭᠰᠠᠨ ᠠᠵᠤ ᠠᠬᠤᠢ ᠶᠢᠨ | ᠰᠢᠰᠲ᠋ᠧᠮ ᠢ ᠪᠠᠶᠢᠭᠤᠯᠬᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠵᠢᠴᠢ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ᠂ ᠣᠷᠣᠨ ᠪᠦᠰᠡ ᠶᠢᠨ | ᠵᠣᠬᠢᠴᠠᠩᠭᠤᠢ ᠬᠥᠭᠵᠢᠯᠲᠡ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ᠂ ᠥᠨᠳᠥᠷ ᠲᠦᠪᠰᠢᠨ ᠪᠦᠬᠦᠢ | ᠭᠠᠳᠠᠭᠠᠳᠤ ᠨᠡᠭᠡᠭᠡᠯᠳᠡ᠂ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠵᠡᠷᠭᠡ ᠲᠠᠯ᠎ᠠ ᠶᠢᠨ | ᠰᠢᠨ᠎ᠡ ᠠᠬᠢᠴᠠ ᠶᠢ ᠪᠤᠰᠤᠳᠴᠢ ᠪᠠᠷ ᠲᠤᠰᠬᠠᠨ᠎ᠠ᠃ ᠨᠡᠶᠢᠳᠡᠮ ᠪᠠᠶᠢᠴᠠᠭᠠᠬᠤ ᠪᠠᠷ ᠳᠠᠮᠵᠢᠭᠤᠯᠤᠨ᠂ ᠲᠤᠭ᠎ᠠ | ᠪᠦᠷᠢᠳᠬᠡᠯ ᠤᠨ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠲᠤᠭ᠎ᠠ ᠪᠦᠷᠢᠳᠬᠡᠯ ᠤᠨ ᠣᠳᠣᠬᠢᠴᠢᠯᠠᠬᠤ | ᠥᠭᠡᠷᠡᠴᠢᠯᠡᠯᠲᠡ ᠶᠢ ᠲᠥᠯᠬᠢᠨ ᠠᠬᠢᠭᠤᠯᠵᠤ᠂ ᠬᠤᠷᠸ᠎ᠠ ᠠᠵᠤ ᠠᠬᠤᠶ ᠶᠢᠨ ᠵᠠᠰᠠᠯᠲᠠ ᠶᠢ ᠴᠢᠩᠭᠠᠳᠬᠠᠨ | ᠰᠠᠶᠢᠵᠢᠷᠠᠭᠤᠯᠬᠤ᠂ ᠤᠷᠲᠤᠪᠲᠤᠷ ᠪᠠ ᠤᠷᠳᠤ ᠬᠤᠭᠤᠴᠠᠭᠠᠨ ᠤ ᠬᠥᠭᠵᠢᠯᠲᠡ ᠶᠢᠨ ᠲᠥᠯᠥᠪᠵᠢᠭᠦᠯᠭᠡ ᠶᠢ ᠰᠢᠨᠵᠢᠯᠡᠬᠦ | ᠤᠬᠠᠭᠠᠨᠴᠢ ᠪᠠᠷ ᠲᠣᠭᠲᠠᠭᠠᠬᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠳᠥᠭᠡᠨ | ᠪᠠᠶᠢᠭᠤᠯᠬᠤ ᠳᠤ ᠰᠢᠨᠵᠢᠯᠡᠬᠦ ᠤᠬᠠᠭᠠᠨᠴᠢ ᠣᠨᠣᠪᠴᠢᠲᠠᠶ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢᠨ ᠳᠡᠮᠵᠢᠯᠭᠡ | ᠬᠠᠩᠭᠠᠨ᠎ᠠ᠃ | ᠬᠤᠶᠠᠷ᠂ ᠨᠡᠶᠢᠳᠡᠮ ᠪᠠᠶᠢᠴᠠᠭᠠᠬᠤ ᠡᠲᠡᠭᠡᠳ ᠪᠣᠯᠤᠨ ᠬᠡᠪᠴᠢᠶ᠎ᠡ ᠨᠡᠶᠢᠳᠡᠮ ᠪᠠᠶᠢᠴᠠᠭᠠᠯᠲᠠ ᠶᠢᠨ ᠡᠲᠡᠭᠡᠳ ᠪᠣᠯ | ᠬᠢᠩᠭᠠᠨ ᠠᠶᠢᠮᠠᠭ ᠤᠨ ᠬᠢᠯᠢ ᠳᠣᠲᠣᠷ᠎ᠠ ᠬᠤᠶᠠᠳᠤᠭᠠᠷ ᠠᠵᠤ ᠦᠶ᠋ᠯᠡᠰ ᠪᠣᠯᠤᠨ ᠭᠤᠷᠪᠠᠳᠤᠭᠠᠷ ᠠᠵᠤ ᠦᠶ᠋ᠯᠡᠰ ᠤᠨ | ᠠᠵᠢᠯᠯᠠᠭ᠎ᠠ ᠡᠷᠭᠢᠯᠡᠵᠦ ᠪᠠᠶᠢᠭ᠎ᠠ ᠪᠥᠬᠦ ᠬᠠᠤᠯᠢ ᠶᠢᠨ ᠡᠷᠬᠡᠲᠡᠨ ᠤ ᠨᠢᠭᠡᠴᠢ᠂ ᠠᠵᠤ ᠦᠢᠯᠡᠰ ᠤᠨ ᠠᠵᠢᠯᠯᠠᠭ᠎ᠠ ᠶᠢᠨ | ᠨᠢᠭᠡᠴᠢ ᠪᠣᠯᠤᠨ ᠬᠤᠪᠢ ᠶᠢᠨ ᠡᠵᠡᠩᠨᠡᠯᠲᠡ ᠶᠢᠨ ᠡᠷᠦᠬᠡ ᠪᠣᠯᠤᠨ᠎ᠠ᠃ ᠪᠣᠳᠠᠲᠠᠶ ᠬᠦᠷᠢᠶ᠎ᠡ ᠬᠡᠪᠴᠢᠶ᠎ᠡ ᠳᠤ ᠪᠠᠭᠲᠠᠬᠤ ᠨᠢ | ᠄ ᠠᠭᠤᠷᠬᠠᠶ ᠮᠠᠯᠲᠠᠬᠤ ᠦᠢᠯᠡᠰ᠂ ᠦᠢᠯᠡᠳᠬᠦ ᠦᠢᠯᠡᠰ᠂ ᠴᠠᠬᠢᠯᠭᠠᠨ ᠬᠦᠴᠦ᠂ ᠢᠯᠴᠢ ᠶᠢᠨ ᠬᠦᠴᠦ᠂ ᠰᠢᠲᠠᠮᠠᠬᠠᠶ | ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ᠂ ᠪᠠᠷᠢᠯᠭ᠎ᠠ ᠶᠢᠨ ᠦᠢᠯᠡᠰ᠂ ᠪᠥᠭᠡᠮ ᠢᠶᠠᠷ | ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ᠂ ᠵᠠᠮ ᠲᠡᠭᠡᠭᠡᠪᠦᠷᠢ᠂ ᠬᠥᠮᠥᠷᠭᠡᠯᠡᠯᠲᠡ ᠪᠠ ᠰᠢᠦᠳᠠᠨ ᠤ ᠦᠢᠯᠡᠰ | ᠂ ᠬᠤᠨᠣᠭᠯᠠᠬᠤ ᠪᠠ ᠢᠳᠡᠭᠡᠨ ᠤᠮᠳᠠᠭᠠᠨ ᠤ ᠦᠢᠯᠡᠰ᠂ ᠮᠡᠳᠡᠭᠡ ᠵᠠᠩᠭᠢ ᠶᠢᠨ ᠳᠠᠮᠵᠢᠭᠤᠯᠭ᠎ᠠ᠂ ᠵᠥᠭᠡᠯᠡᠨ ᠳᠤᠨᠤᠭ ᠪᠠ | ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠮᠥᠩᠭᠦᠨ ᠭᠦᠢᠯᠭᠡᠭᠡᠨ ᠤ ᠦᠢᠯᠡᠰ᠂ ᠭᠡᠷ | ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢᠨ ᠦᠢᠯᠡᠰ᠂ ᠲᠦᠷᠢᠶᠡᠰᠦᠯᠡᠯ ᠪᠠ ᠬᠤᠳᠠᠯᠳᠤᠭᠠᠨ ᠤ ᠶᠠᠪᠤᠳᠠᠯ ᠤᠨ | ᠦᠢᠯᠡᠴᠢᠯᠡᠭᠡᠨ ᠤ ᠦᠢᠯᠡᠰ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ | ᠤᠰᠤᠨ ᠠᠰᠢᠭᠯᠠᠯᠲᠠ᠂ ᠣᠷᠴᠢᠨ ᠠᠬᠤᠶ ᠪᠠ ᠤᠯᠠᠨ ᠨᠡᠶᠢᠲᠡ ᠶᠢᠨ ᠲᠥᠬᠦᠭᠡᠷᠦᠮᠵᠢ ᠶᠢᠨ ᠬᠠᠮᠢᠶᠠᠷᠤᠯᠲᠠ ᠶᠢᠨ | ᠦᠢᠯᠡᠰ᠂ ᠰᠠᠭᠤᠭᠠᠯᠢ ᠠᠷᠠᠳ ᠤᠨ ᠦᠢᠯᠡᠴᠢᠯᠡᠭᠡ᠂ ᠰᠡᠯᠪᠢᠨ ᠵᠠᠰᠠᠯᠲᠠ ᠪᠠ ᠪᠤᠰᠤᠳ ᠦᠢᠯᠡᠴᠢᠯᠡᠭᠡᠨ ᠤ ᠦᠢᠯᠡᠰ᠂ | ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠪᠠ ᠨᠡᠶᠢᠭᠡᠮ ᠤᠨ ᠠᠵᠢᠯ᠂ ᠰᠣᠶᠣᠯ᠂ ᠪᠡᠶ᠎ᠡ ᠶᠢᠨ ᠲᠠᠮᠢᠷ ᠪᠠ ᠵᠤᠭ᠎ᠠ | ᠴᠡᠩᠭᠡᠯ ᠤᠨ ᠦᠢᠯᠡᠰ᠂ ᠤᠯᠠᠨ ᠨᠡᠶᠢᠲᠡ ᠶᠢᠨ ᠬᠠᠮᠢᠶᠠᠷᠤᠯᠲᠠ᠂ ᠨᠡᠶᠢᠭᠡᠮ ᠤᠨ ᠪᠠᠲᠤᠯᠠᠭ᠎ᠠ ᠪᠠ ᠨᠡᠶᠢᠭᠡᠮ ᠤᠨ ᠵᠣᠬᠢᠶᠠᠨ | ᠪᠠᠶᠢᠭᠤᠯᠤᠯᠲᠠ ᠵᠡᠷᠭᠡ ᠶᠢ ᠪᠠᠭᠲᠠᠭᠠᠨ᠎ᠠ᠃ | ᠭᠤᠷᠪᠠ᠂ ᠨᠡᠶᠢᠳᠡᠮ ᠪᠠᠶᠢᠴᠠᠭᠠᠯᠲᠠ ᠶᠢᠨ ᠠᠭᠤᠯᠭ᠎ᠠ ᠪᠠ ᠴᠠᠭ ᠬᠤᠭᠤᠴᠠᠭ᠎ᠠ ᠨᠡᠶᠢᠳᠡᠮ ᠪᠠᠶᠢᠴᠠᠭᠠᠯᠲᠠ ᠶᠢᠨ | ᠭᠤᠣᠯ ᠠᠭᠤᠯᠭ᠎ᠠ ᠳᠤ ᠨᠡᠶᠢᠳᠡᠮ ᠪᠠᠶᠢᠴᠠᠭᠠᠯᠲᠠ ᠶᠢᠨ ᠡᠲᠡᠭᠡᠳ ᠤᠨ ᠦᠨᠳᠦᠰᠦᠨ ᠪᠠᠶᠢᠳᠠᠯ᠂ ᠵᠣᠬᠢᠶᠠᠨ | ᠪᠠᠶᠢᠭᠤᠯᠤᠯᠲᠠ ᠶᠢᠨ ᠪᠦᠲᠦᠴᠡ᠂ ᠠᠵᠢᠯᠳᠠᠨ ᠤ ᠴᠠᠯᠢᠩ᠂ ᠦᠢᠯᠡᠳᠪᠦᠷᠢᠯᠡᠯ ᠤᠨ ᠴᠢᠳᠠᠪᠤᠷᠢ᠂ ᠡᠳ᠋ ᠤᠨ ᠶᠠᠪᠤᠳᠠᠯ ᠤᠨ | ᠪᠠᠶᠢᠳᠠᠯ᠂ ᠦᠢᠯᠡᠳᠪᠦᠷᠢᠯᠡᠯ ᠡᠵᠡᠩᠨᠡᠯᠲᠡ᠂ ᠡᠨᠧᠷᠭᠢ ᠶᠢᠨ ᠦᠢᠯᠡᠳᠪᠦᠷᠢᠯᠡᠯ ᠪᠠ ᠬᠡᠷᠡᠭᠯᠡᠭᠡ᠂ ᠰᠤᠳᠤᠯᠤᠨ ᠨᠡᠭᠡᠭᠡᠬᠦ | ᠠᠵᠢᠯᠯᠠᠭ᠎ᠠ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠪᠠ ᠡᠯᠧᠺᠲᠷᠣᠨ ᠬᠤᠳᠠᠯᠳᠤᠭᠠᠨ ᠤ ᠶᠠᠪᠤᠳᠠᠯ ᠤᠨ | ᠠᠷᠠᠯᠵᠢᠶ᠎ᠠ ᠶᠢᠨ ᠪᠠᠶᠢᠳᠠᠯ ᠵᠢᠴᠢ ᠣᠷᠣᠭᠤᠯᠤᠯᠲᠠ ᠶᠢᠨ ᠪᠦᠲᠦᠴᠡ᠂ ᠦᠢᠯᠡᠳᠬᠦᠨ ᠤ ᠬᠡᠷᠡᠭᠯᠡᠯᠲᠡ ᠶᠢᠨ ᠬᠠᠨᠳᠤᠰᠢ ᠪᠠ | ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢᠨ ᠪᠦᠷᠢᠯᠳᠦᠯ ᠤᠨ ᠪᠠᠶᠢᠳᠠᠯ ᠵᠡᠷᠭᠡ ᠪᠠᠭᠲᠠᠨ᠎ᠠ᠃ ᠨᠡᠶᠢᠳᠡᠮ | ᠪᠠᠶᠢᠴᠠᠭᠠᠯᠲᠠ ᠶᠢᠨ ᠪᠠᠷᠢᠮᠵᠢᠶᠠᠲᠤ ᠴᠠᠭ ᠨᠢ 2023 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠠᠶᠢᠵᠤ᠂ | ᠨᠡᠶᠢᠳᠡᠮ ᠪᠠᠶᠢᠴᠠᠭᠠᠯᠲᠠ ᠶᠢᠨ ᠬᠤᠭᠤᠴᠠᠭᠠᠨ ᠤ ᠮᠠᠲ᠋ᠧᠷᠢᠶᠠᠯ ᠨᠢ 2023 ᠣᠨ ᠤ ᠣᠨ ᠤ ᠮᠠᠲ᠋ᠧᠷᠢᠶᠠᠯ ᠪᠣᠯᠤᠨ᠎ᠠ᠃ | ᠳᠥᠷᠪᠡ᠂ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠲᠠᠪᠤᠳᠤᠭᠠᠷ ᠤᠳᠠᠭᠠᠨ ᠤ | ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠪᠠᠶᠢᠴᠠᠭᠠᠯᠲᠠ ᠶᠢᠨ ᠠᠭᠤᠯᠭ᠎ᠠ ᠨᠡᠮᠡᠭᠳᠡᠵᠦ᠂ | ᠮᠡᠷᠭᠡᠵᠢᠯ ᠤᠨ ᠱᠠᠭᠠᠷᠳᠠᠯᠭ᠎ᠠ ᠳᠡᠭᠡᠭᠰᠢᠯᠡᠵᠦ᠂ ᠠᠵᠢᠯ ᠤᠨ ᠬᠦᠴᠢᠷᠳᠡᠯ ᠶᠡᠬᠡᠰᠴᠦ ᠪᠠᠶᠢᠭ᠎ᠠ ᠪᠣᠯᠬᠤᠷ᠂ ᠡᠯ᠎ᠡ ᠭᠠᠵᠠᠷ | ᠣᠷᠣᠨ ᠡᠯ᠎ᠡ ᠰᠠᠯᠠᠭ᠎ᠠ ᠮᠥᠴᠢᠷ ᠤᠳ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠨ᠂ ᠠᠷᠭ᠎ᠠ | ᠮᠠᠶ᠋ᠢᠭ ᠢᠶᠠᠨ ᠰᠢᠯᠢᠳᠡᠭᠵᠢᠭᠦᠯᠵᠦ᠂ ᠭᠤᠣᠯᠳᠠᠯᠭ᠎ᠠ ᠪᠠᠨ ᠲᠤᠪᠤᠶᠢᠯᠭᠠᠨ᠂ ᠠᠷᠭ᠎ᠠ ᠪᠠᠷᠢᠯ ᠤᠨ ᠰᠢᠨ᠎ᠡ ᠶᠢ ᠡᠭᠦᠳᠴᠦ᠂ | ᠨᠡᠶᠢᠳᠡᠮ ᠪᠠᠶᠢᠴᠠᠭᠠᠯᠲᠠ ᠶᠢᠨ ᠤᠬᠠᠭᠤᠯᠤᠨ ᠳᠠᠶᠢᠴᠢᠯᠠᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠠᠵᠢᠯ ᠢ | ᠬᠢᠨᠠᠮᠠᠭᠠᠶ ᠰᠠᠶᠢᠲᠤᠷ ᠬᠢᠬᠦ ᠬᠡᠷᠡᠭᠲᠡᠶ᠃ | ᠨᠡᠶᠢᠳᠡᠮ ᠪᠠᠶᠢᠴᠠᠭᠠᠯᠲᠠ ᠶᠢᠨ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ | ᠴᠢᠩᠭᠠᠳᠬᠠᠬᠤ ᠶᠢᠨ ᠲᠤᠰᠠᠳᠠ᠂ ᠠᠶᠢᠮᠠᠭ ᠤᠨ ᠵᠠᠬᠢᠷᠭ᠎ᠠ ᠠᠴᠠ ᠬᠢᠩᠭᠠᠨ ᠠᠶᠢᠮᠠᠭ ᠤᠨ ᠲᠠᠪᠤᠳᠤᠭᠠᠷ ᠤᠳᠠᠭᠠᠨ ᠤ | ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ | ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠳᠤᠮᠳᠠᠬᠢ ᠴᠢᠬᠤᠯᠠ ᠶᠡᠭᠡ ᠠᠰᠠᠭᠤᠳᠠᠯ ᠢ | ᠰᠤᠳᠤᠯᠬᠤ ᠪᠠ ᠰᠢᠢᠳᠪᠦᠷᠢᠳᠦ ᠪᠣᠳᠣᠯᠭ᠎ᠠ ᠲᠣᠭᠲᠠᠭᠠᠬᠤ ᠶᠢ ᠬᠠᠷᠢᠭᠤᠴᠠᠭᠤᠯᠬᠤ ᠪᠠᠷ ᠲᠣᠭᠲᠠᠪᠠ᠃ ᠪᠥᠬᠦ | ᠠᠶᠢᠮᠠᠭ ᠤᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠨᠢᠭᠡᠴᠡ ᠨᠦᠭᠦᠳ ᠲᠣᠰ ᠲᠣᠰ ᠤᠨ ᠡᠭᠦᠷᠭᠡ | ᠲᠤᠰᠢᠶᠠᠯ ᠢᠶᠠᠨ ᠭᠦᠢᠴᠡᠳᠭᠡᠵᠦ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠭᠡᠵᠦ᠂ ᠨᠢᠭᠲᠠ ᠬᠠᠮᠵᠢᠯᠴᠠᠨ᠂ | ᠨᠡᠶᠢᠳᠡᠮ ᠤᠨ ᠪᠠᠶᠢᠴᠠᠭᠠᠯᠲᠠ ᠶᠢᠨ ᠡᠯ᠎ᠡ ᠵᠦᠢᠯ ᠤᠨ ᠠᠵᠢᠯ ᠤᠨ ᠤᠷᠤᠭᠰᠢᠲᠠᠶ ᠶᠠᠪᠤᠭᠳᠠᠬᠤ ᠶᠢ ᠬᠦᠴᠦ ᠪᠠᠨ | ᠬᠠᠮᠲᠤᠳᠬᠠᠨ ᠠᠬᠢᠭᠤᠯᠬᠤ ᠬᠡᠷᠡᠭᠲᠡᠶ᠃ ᠠᠶᠢᠮᠠᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠨᠢ ᠪᠥᠬᠦ ᠠᠶᠢᠮᠠᠭ ᠤᠨ | ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠪᠣᠳᠠᠲᠠᠶ ᠬᠡᠷᠡᠭᠵᠢᠭᠦᠯᠬᠦ ᠪᠠ ᠶᠡᠷᠦᠩᠬᠡᠶᠢᠯᠡᠨ ᠵᠣᠬᠢᠴᠠᠭᠤᠯᠬᠤ | ᠠᠵᠢᠯ ᠢ ᠬᠠᠷᠢᠭᠤᠴᠠᠨ᠎ᠠ︔ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠤᠨ ᠲᠠᠯ᠎ᠠ ᠳᠤ ᠬᠤᠯᠪᠣᠭᠳᠠᠬᠤ ᠵᠦᠢᠯᠡᠰ ᠢ | ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ ᠠᠴᠠ ᠬᠠᠷᠢᠭᠤᠴᠠᠬᠤ ᠪᠠ ᠵᠣᠬᠢᠴᠠᠭᠤᠯᠤᠨ᠎ᠠ︔ ᠲᠤᠭ᠎ᠠ ᠪᠠᠷᠢᠮᠲᠠ ᠶᠢ | ᠰᠢᠢᠳᠪᠦᠷᠢᠯᠡᠬᠦ ᠴᠢᠳᠠᠪᠤᠷᠢ ᠶᠢᠨ ᠪᠠᠶᠢᠭᠤᠯᠤᠯᠲᠠ ᠶᠢᠨ ᠲᠠᠯ᠎ᠠ ᠳᠤ ᠬᠤᠯᠪᠣᠭᠳᠠᠬᠤ ᠵᠦᠢᠯᠡᠰ ᠢ ᠠᠶᠢᠮᠠᠭ ᠤᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠣᠮᠣ ᠳ᠋ᠠᠶᠢᠲ᠋ᠠ ᠶᠢᠨ ᠲᠥᠪ ᠠᠴᠠ ᠬᠠᠷᠢᠭᠤᠴᠠᠬᠤ ᠪᠠ | ᠵᠣᠬᠢᠴᠠᠭᠤᠯᠤᠨ᠎ᠠ︔ ᠨᠡᠶᠢᠳᠡᠮ ᠪᠠᠶᠢᠴᠠᠭᠠᠯᠲᠠ ᠶᠢᠨ ᠤᠬᠠᠭᠤᠯᠤᠨ ᠳᠠᠶᠢᠴᠢᠯᠠᠬᠤ ᠲᠠᠯ᠎ᠠ ᠳᠤ ᠬᠤᠯᠪᠣᠭᠳᠠᠬᠤ ᠵᠦᠢᠯᠡᠰ ᠢ | ᠠᠶᠢᠮᠠᠭ ᠤᠨ ᠲᠤᠭ᠎ᠠ ᠪᠦᠷᠢᠳᠬᠡᠯ ᠤᠨ ᠲᠣᠪᠴᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠤᠬᠠᠭᠤᠯᠬᠤ | ᠬᠡᠯᠲᠡᠰ ᠠᠴᠠ ᠬᠠᠷᠢᠭᠤᠴᠠᠬᠤ ᠪᠠ ᠵᠣᠬᠢᠴᠠᠭᠤᠯᠤᠨ᠎ᠠ︔ ᠠᠵᠤ ᠠᠬᠤᠶᠢᠯᠠᠯ ᠪᠠ ᠬᠤᠪᠢ ᠶᠢᠨ ᠠᠵᠤ ᠦᠢᠯᠡᠳᠪᠦᠷᠢ | ᠬᠤᠳᠠᠯᠳᠤᠭᠠᠨ ᠤ ᠡᠷᠦᠬᠡ ᠶᠢᠨ ᠨᠡᠷᠡᠰ ᠤᠨ ᠵᠢᠭᠰᠠᠭᠠᠯᠲᠠ ᠳᠤ ᠬᠤᠯᠪᠣᠭᠳᠠᠬᠤ ᠵᠦᠢᠯᠡᠰ ᠢ ᠠᠶᠢᠮᠠᠭ ᠤᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠶᠢᠮᠠᠭ ᠤᠨ ᠭᠠᠶᠢᠯᠢ ᠶᠢᠨ ᠶᠠᠪᠤᠳᠠᠯ ᠤᠨ | ᠲᠣᠪᠴᠢᠶ᠎ᠠ ᠠᠴᠠ ᠬᠠᠷᠢᠭᠤᠴᠠᠬᠤ ᠪᠠ ᠵᠣᠬᠢᠴᠠᠭᠤᠯᠤᠨ᠎ᠠ︔ ᠪᠠᠶᠢᠭᠤᠯᠤᠯᠭ᠎ᠠ ᠪᠠ ᠠᠵᠢᠯ ᠦᠢᠯᠡᠰ ᠤᠨ ᠨᠢᠭᠡᠴᠢ ᠶᠢᠨ | ᠨᠡᠷᠡᠰ ᠤᠨ ᠵᠢᠭᠰᠠᠭᠠᠯᠲᠠ ᠳᠤ ᠬᠤᠯᠪᠣᠭᠳᠠᠬᠤ ᠵᠦᠢᠯᠡᠰ ᠢ ᠠᠶᠢᠮᠠᠭ ᠤᠨ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ | ᠠᠯᠪᠠᠨ ᠬᠡᠷ ᠠᠴᠠ ᠬᠠᠷᠢᠭᠤᠴᠠᠬᠤ ᠪᠠ ᠵᠣᠬᠢᠴᠠᠭᠤᠯᠤᠨ᠎ᠠ︔ ᠨᠡᠶᠢᠭᠡᠮ ᠤᠨ ᠪᠦᠯᠬᠦᠮ᠂ ᠰᠠᠭᠤᠷᠢ ᠮᠥᠩᠭᠦᠨ ᠤ | ᠨᠡᠶᠢᠭᠡᠮᠯᠢᠭ᠂ ᠠᠷᠠᠳ ᠠᠴᠠ ᠡᠷᠭᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠢ ᠵᠢᠴᠢ ᠦᠨᠳᠦᠰᠦᠨ ᠱᠠᠲᠤᠨ ᠤ | ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠶᠢᠨ ᠨᠡᠷᠡᠰ ᠤᠨ ᠵᠢᠭᠰᠠᠭᠠᠯᠲᠠ ᠳᠤ ᠬᠤᠯᠪᠣᠭᠳᠠᠬᠤ ᠵᠦᠢᠯᠡᠰ ᠢ | ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠬᠠᠷᠢᠭᠤᠴᠠᠬᠤ ᠪᠠ ᠵᠣᠬᠢᠴᠠᠭᠤᠯᠤᠨ᠎ᠠ︔ ᠨᠢᠭᠡᠳᠦᠯᠲᠡᠶ | ᠨᠡᠶᠢᠭᠡᠮ ᠤᠨ ᠢᠲᠡᠭᠡᠮᠵᠢ ᠶᠢᠨ ᠣᠷᠣᠯᠠᠬᠤ ᠨᠣᠮᠧᠷ ᠤᠨ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠲᠠᠯ᠎ᠠ ᠳᠤ | ᠬᠤᠯᠪᠣᠭᠳᠠᠬᠤ ᠵᠦᠢᠯᠡᠰ ᠢ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ | ᠬᠠᠷᠢᠭᠤᠴᠠᠬᠤ ᠪᠠ ᠵᠣᠬᠢᠴᠠᠭᠤᠯᠤᠨ᠎ᠠ︔ ᠬᠤᠲᠠ ᠬᠥᠳᠡᠭᠡ ᠨᠡᠶᠢᠭᠡᠮ ᠲᠣᠭᠤᠷᠢᠭ ᠤᠨ ᠲᠣᠤᠷᠵᠢᠭᠤᠯᠤᠭᠰᠠᠨ | ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠳᠤ ᠬᠤᠯᠪᠣᠭᠳᠠᠬᠤ ᠵᠦᠢᠯᠡᠰ ᠢ ᠠᠶᠢᠮᠠᠭ ᠤᠨ ᠨᠠᠮ ᠤᠨ ᠬᠤᠷᠢᠶ᠎ᠠ ᠶᠢᠨ | ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠠᠴᠠ ᠵᠣᠬᠢᠴᠠᠭᠤᠯᠤᠨ᠎ᠠ᠃ | ᠬᠢᠩᠭᠠᠨ ᠠᠶᠢᠮᠠᠭ ᠤᠨ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ | ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠢ ᠠᠶᠢᠮᠠᠭ ᠤᠨ ᠲᠤᠭ᠎ᠠ ᠪᠦᠷᠢᠳᠬᠡᠯ ᠤᠨ | ᠲᠣᠪᠴᠢᠶ᠎ᠠ ᠳᠤ ᠪᠠᠶᠢᠷᠢᠯᠠᠭᠤᠯᠵᠤ᠂ ᠨᠡᠶᠢᠳᠡᠮ ᠪᠠᠶᠢᠴᠠᠭᠠᠯᠲᠠ ᠶᠢᠨ ᠪᠣᠳᠠᠲᠠᠶ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ | ᠵᠣᠬᠢᠴᠠᠭᠤᠯᠬᠤ ᠶᠢ ᠬᠠᠷᠢᠭᠤᠴᠠᠭᠤᠯᠵᠤ᠂ ᠡᠯ᠎ᠡ ᠪᠦᠷᠢᠯᠳᠦᠬᠦᠨ ᠨᠢᠭᠡᠴᠢ ᠨᠦᠭᠦᠳ ᠲᠣᠰ ᠲᠣᠰ ᠤᠨ ᠡᠭᠦᠷᠭᠡ | ᠴᠢᠳᠠᠪᠤᠷᠢ ᠶᠢᠨ ᠢᠶᠠᠨ ᠶᠣᠰᠣᠭᠠᠷ᠂ ᠬᠦᠴᠦ ᠪᠠᠨ ᠬᠠᠮᠲᠤᠳᠬᠠᠨ ᠬᠠᠮᠲᠤᠷᠠᠯᠴᠠᠵᠤ᠂ ᠮᠡᠳᠡᠭᠡ ᠵᠠᠩᠭᠢ ᠶᠢ ᠬᠠᠮᠲᠤᠪᠠᠷ | ᠭᠥᠷᠳᠡᠬᠦ ᠶᠢ ᠴᠢᠩᠭᠠᠷᠠᠭᠤᠯᠬᠤ ᠬᠡᠷᠡᠭᠲᠡᠶ᠃ ᠪᠠᠩᠬᠢ᠂ ᠲᠡᠮᠳᠡᠭᠲᠦ᠂ ᠳᠠᠭᠠᠳᠬᠠᠯ᠂ ᠲᠡᠮᠦᠷ ᠵᠠᠮ ᠵᠡᠷᠭᠡ ᠰᠠᠯᠠᠭ᠎ᠠ | ᠮᠥᠴᠢᠷ ᠪᠣᠯᠤᠨ ᠨᠢᠭᠡᠴᠢ ᠬᠢᠭᠡᠳ ᠬᠤᠯᠪᠣᠭᠳᠠᠯ ᠪᠦᠬᠦᠢ ᠲᠠᠯ᠎ᠠ ᠶᠢᠨ ᠬᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ | ᠱᠠᠭᠠᠷᠳᠠᠯᠭ᠎ᠠ ᠶᠣᠰᠣᠭᠠᠷ᠂ ᠲᠤᠰ ᠰᠢᠰᠲ᠋ᠧᠮ ᠤᠨ ᠢᠶᠠᠨ ᠨᠡᠶᠢᠳᠡᠮ ᠪᠠᠶᠢᠴᠠᠭᠠᠯᠲᠠ ᠶᠢᠨ ᠠᠵᠢᠯ ᠢ ᠵᠣᠬᠢᠶᠠᠨ ᠪᠠᠶᠢᠭᠤᠯᠤᠨ | ᠥᠷᠨᠢᠭᠦᠯᠬᠦ ᠶᠢ ᠬᠠᠷᠢᠭᠤᠴᠠᠨ᠎ᠠ᠃ ᠷᠠᠰᠢᠶᠠᠨ ᠤ ᠪᠣᠭᠤᠮᠲᠠ ᠨᠢ ᠨᠡᠶᠢᠳᠡᠮ ᠪᠠᠶᠢᠴᠠᠭᠠᠯᠲᠠ ᠶᠢᠨ ᠠᠵᠢᠯ ᠤᠨ ᠳᠤᠮᠳᠠᠬᠢ | ᠭᠠᠳᠠᠭᠠᠳᠤ ᠠᠴᠠ ᠣᠷᠣᠭᠤᠯᠬᠤ ᠪᠠᠷᠠᠭ᠎ᠠ ᠶᠢᠨ ᠬᠡᠷᠡᠭᠯᠡᠯᠲᠡ ᠶᠢᠨ ᠴᠢᠭᠯᠡᠯ ᠢ ᠪᠠᠶᠢᠴᠠᠭᠠᠬᠤ ᠡᠭᠦᠷᠭᠡ ᠶᠢ ᠵᠣᠬᠢᠶᠠᠨ | ᠪᠠᠶᠢᠭᠤᠯᠤᠨ ᠥᠷᠨᠢᠭᠦᠯᠬᠦ ᠶᠢ ᠬᠠᠷᠢᠭᠤᠴᠠᠨ᠎ᠠ᠃ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ | ᠨᠢᠭᠡᠴᠢ ᠨᠦᠭᠦᠳ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠪᠠᠨ ᠴᠢᠩᠭᠠᠷᠠᠭᠤᠯᠵᠤ᠂ ᠨᠡᠶᠢᠳᠡᠮ ᠪᠠᠶᠢᠴᠠᠭᠠᠯᠲᠠ ᠶᠢᠨ | ᠬᠤᠯᠪᠣᠭᠳᠠᠯ ᠪᠥᠬᠦᠶ ᠰᠠᠭᠤᠷᠢ ᠮᠠᠲ᠋ᠧᠷᠢᠶᠠᠯ ᠢ ᠡᠵᠡᠮᠰᠢᠭᠰᠡᠨ ᠡᠯ᠎ᠡ ᠱᠠᠲᠤᠨ ᠤ ᠰᠠᠯᠠᠭ᠎ᠠ ᠮᠥᠴᠢᠷ ᠤᠳ ᠰᠠᠯᠠᠭ᠎ᠠ | ᠮᠥᠴᠢᠷ ᠤᠨ ᠢᠶᠠᠨ ᠵᠠᠰᠠᠭ ᠵᠠᠬᠢᠷᠭᠠᠨ ᠤ ᠲᠡᠮᠳᠡᠭᠯᠡᠯ ᠪᠣᠯᠤᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠴᠠᠭ | ᠲᠤᠬᠠᠶ ᠳᠤᠨᠢ ᠣᠨᠣᠪᠴᠢᠲᠠᠶ ᠬᠠᠩᠭᠠᠬᠤ ᠬᠡᠷᠡᠭᠲᠡᠶ᠃ | ᠡᠯ᠎ᠡ ᠬᠤᠰᠢᠭᠤ ᠰᠢᠶᠠᠨ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠰᠤᠮᠤ ᠰᠢᠶᠠᠩ ᠪᠠᠯᠭᠠᠰᠤ ︵ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠴᠤ ᠭᠡᠳ ᠵᠣᠬᠢᠴᠠᠩᠭᠤᠶ ᠪᠥᠬᠦᠢ ᠨᠡᠶᠢᠳᠡᠮ ᠪᠠᠶᠢᠴᠠᠭᠠᠯᠲᠠ ᠶᠢᠨ | ᠤᠳᠤᠷᠢᠳᠬᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠪᠠᠶᠢᠭᠤᠯᠵᠤ᠂ ᠲᠤᠰ ᠭᠠᠵᠠᠷ ᠣᠷᠣᠨ ᠤ ᠪᠠᠨ | ᠨᠡᠶᠢᠳᠡᠮ ᠪᠠᠶᠢᠴᠠᠭᠠᠯᠲᠠ ᠶᠢ ᠬᠡᠷᠡᠭᠵᠢᠭᠦᠯᠬᠦ ᠠᠵᠢᠯ ᠢ ᠬᠢᠨᠠᠮᠠᠭᠠᠶ ᠰᠠᠶᠢᠲᠤᠷ ᠵᠣᠬᠢᠶᠠᠨ ᠪᠠᠶᠢᠭᠤᠯᠵᠤ᠂ ᠨᠡᠶᠢᠳᠡᠮ | ᠪᠠᠶᠢᠴᠠᠭᠠᠯᠲᠠ ᠶᠢᠨ ᠠᠵᠢᠯ ᠤᠨ ᠳᠤᠮᠳᠠ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠴᠠᠭ ᠲᠤᠬᠠᠶ ᠳᠤᠨᠢ | ᠠᠷᠭ᠎ᠠ ᠬᠡᠮᠵᠢᠶ᠎ᠡ ᠠᠪᠴᠤ ᠰᠢᠢᠳᠪᠦᠷᠢᠯᠡᠬᠦ ᠬᠡᠷᠡᠭᠲᠡᠶ᠃ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ | ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠯᠤᠨ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ | ᠤ ᠲᠣᠰᠬᠤᠨ ︵ᠰᠠᠭᠤᠭᠠᠯᠢ︶ ᠤ ᠠᠷᠠᠳ ᠤᠨ ᠵᠥᠪᠯᠡᠯ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠠᠰᠠᠷ | ᠲᠠᠭᠳᠤ ᠠᠳᠠᠯ ᠠᠬᠤᠶ ᠪᠣᠯᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠠᠭᠪᠤᠷ ᠢ ᠭᠦᠢᠴᠡᠳ ᠠᠰᠢᠭᠯᠠᠨ᠂ | ᠨᠡᠶᠢᠭᠡᠮ ᠤᠨ ᠬᠦᠴᠦᠨ ᠢ ᠥᠷᠭᠡᠨ ᠢᠶᠠᠷ ᠳᠠᠶᠢᠴᠢᠯᠠᠬᠤ ᠪᠠ ᠵᠣᠬᠢᠶᠠᠨ ᠪᠠᠶᠢᠭᠤᠯᠵᠤ ᠪᠠᠶᠢᠭᠠᠳ ᠢᠳᠡᠪᠬᠢᠲᠡᠶ | ᠣᠷᠣᠯᠴᠠᠭᠤᠯᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠬᠢᠨᠠᠮᠠᠭᠠᠶ ᠬᠠᠮᠵᠢᠯᠴᠠᠨ ᠰᠠᠶᠢᠲᠤᠷ ᠬᠢᠬᠦ ᠬᠡᠷᠡᠭᠲᠡᠶ᠃ | ᠣᠷᠣᠨ ᠨᠤᠲᠤᠭ ᠤᠨ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠠᠵᠢᠯ ᠤᠨ ᠬᠡᠷᠡᠭᠴᠡᠭᠡ ᠪᠠᠨ ᠦᠨᠳᠦᠰᠦᠯᠡᠵᠦ᠂ | ᠨᠥᠬᠦᠴᠡᠯ ᠳᠤ ᠨᠡᠶᠢᠴᠡᠬᠦ ᠨᠡᠶᠢᠳᠡᠮ ᠤᠨ ᠪᠠᠶᠢᠴᠠᠭᠠᠯᠲᠠ ᠶᠢᠨ ᠵᠢᠭᠠᠨ ᠵᠢᠯᠣᠭᠤᠳᠣᠭᠴᠢ ᠪᠣᠯᠤᠨ ᠨᠡᠶᠢᠳᠡᠮ ᠤᠨ | ᠪᠠᠶᠢᠴᠠᠭᠠᠭᠴᠢ ᠶᠢ ᠤᠷᠢᠨ ᠬᠡᠷᠡᠭᠯᠡᠬᠦ ᠪᠤᠶᠤ ᠬᠤᠯᠪᠣᠭᠳᠠᠯ ᠪᠦᠬᠦᠢ ᠨᠢᠭᠡᠴᠢ ᠠᠴᠠ ᠵᠥᠪᠳᠡᠯᠴᠡᠨ ᠰᠢᠯᠵᠢᠭᠦᠯᠵᠦ ᠪᠣᠯᠤᠨ᠎ᠠ | ᠂ ᠤᠷᠢᠨ ᠬᠡᠷᠡᠭᠯᠡᠬᠦ ᠬᠥᠮᠦᠰ ᠤᠨ ᠬᠥᠳᠡᠯᠮᠦᠷᠢ ᠶᠢᠨ ᠬᠥᠯᠥᠰᠥ ᠣᠯᠭᠤᠮᠵᠢ ᠶᠢ ᠴᠠᠭ ᠲᠤᠬᠠᠶ ᠳᠤᠨᠢ ᠥᠭᠴᠦ᠂ | ᠵᠥᠪᠳᠡᠯᠴᠡᠨ ᠰᠢᠯᠵᠢᠭᠦᠯᠬᠦ ᠬᠥᠮᠦᠰ ᠤᠨ ᠤᠤᠯ ᠤᠨ ᠨᠢᠭᠡᠴᠢ ᠳᠠᠬᠢ ᠴᠠᠯᠢᠩ᠂ ᠠᠰᠠᠷᠠᠮᠵᠢ ᠵᠢᠴᠢ ᠪᠤᠰᠤᠳ | ᠣᠯᠭᠤᠮᠵᠢ ᠶᠢ ᠬᠤᠪᠢᠷᠠᠭᠤᠯᠬᠤ ᠥᠭᠡᠢ ᠪᠠᠶᠢᠬᠤ ᠶᠢ ᠪᠠᠲᠤᠯᠠᠵᠤ᠂ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ | ᠢᠳᠡᠪᠬᠢᠲᠡᠶ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠬᠡᠪ ᠴᠢᠨᠠᠷ ᠢ | ᠳᠡᠭᠡᠭᠰᠢᠯᠡᠭᠦᠯᠬᠦ ᠶᠢᠨ ᠬᠠᠮᠲᠤ ᠰᠢᠮᠳᠠᠭᠤᠯᠤᠨ ᠵᠢᠯᠣᠭᠤᠳᠬᠤ ᠪᠠᠨ ᠴᠢᠩᠭᠠᠳᠬᠠᠨ᠂ ᠨᠡᠶᠢᠳᠡᠮ ᠪᠠᠶᠢᠴᠠᠭᠠᠯᠲᠠ ᠶᠢᠨ | ᠠᠵᠢᠯ ᠤᠨ ᠡᠩᠨᠡᠭᠡ ᠶᠢ ᠲᠣᠭᠲᠠᠪᠤᠷᠢᠵᠢᠭᠤᠯᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠶ | ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠶ᠃ | ᠲᠠᠪᠤ᠂ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠤᠨ ᠪᠠᠲᠤᠯᠠᠭ᠎ᠠ ᠲᠠᠪᠤᠳᠤᠭᠠᠷ ᠤᠳᠠᠭᠠᠨ ᠤ ᠪᠥᠬᠦ | ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠳᠤ ᠬᠡᠷᠡᠭᠰᠡᠬᠦ ᠵᠠᠷᠤᠳᠠᠯ ᠢ ᠣᠲᠣ ᠶᠢᠨ ᠬᠡᠷᠡᠭᠵᠢᠭᠦᠯᠵᠦ | ᠪᠠᠶᠢᠭ᠎ᠠ ᠵᠠᠷᠤᠳᠠᠯ ᠤᠨ ᠠᠷᠭ᠎ᠠ ᠵᠠᠮ ᠢᠶᠠᠷ ᠲᠥᠪ ᠪᠠ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ | ᠣᠷᠳᠣᠨ ᠬᠠᠮᠲᠤᠪᠠᠷ ᠡᠭᠦᠷᠭᠡᠯᠡᠵᠦ᠂ ᠵᠣᠬᠢᠬᠤ ᠣᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠤᠨ᠎ᠠ᠃ ᠡᠯ᠎ᠡ | ᠬᠤᠰᠢᠭᠤ ᠰᠢᠶᠠᠨ ᠬᠤᠳᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠨᠡᠶᠢᠳᠡᠮ ᠪᠠᠶᠢᠴᠠᠭᠠᠯᠲᠠ ᠶᠢᠨ | ᠵᠠᠷᠤᠳᠠᠯ ᠢ ᠴᠠᠭ ᠲᠤᠬᠠᠶ ᠳᠤᠨᠢ ᠰᠠᠯᠭᠠᠨ ᠥᠭᠬᠦ ᠶᠢ ᠬᠦᠴᠦᠯᠡᠨ ᠠᠬᠢᠭᠤᠯᠵᠤ᠂ ᠪᠣᠳᠠᠲᠠᠶᠢᠵᠢᠭᠤᠯᠬᠤ ᠶᠢ ᠦᠨᠡᠨᠬᠦ | ᠪᠠᠲᠤᠯᠠᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠬᠡᠷᠡᠭᠲᠡᠶ᠃ ᠡᠯ᠎ᠡ | ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠨᠤᠭᠤᠳ ᠬᠠᠮᠢᠶᠠᠷᠤᠯᠲᠠ ᠪᠠᠨ ᠴᠢᠩᠭᠠᠳᠬᠠᠨ᠂ ᠰᠠᠶᠢᠲᠤᠷ | ᠠᠷᠪᠢᠯᠠᠵᠤ᠂ ᠲᠤᠰᠬᠠᠶ ᠵᠣᠭᠤᠰ ᠢ ᠲᠤᠰᠬᠠᠶ ᠵᠦᠢᠯ ᠳᠤᠨᠢ ᠬᠡᠷᠡᠭᠯᠡᠵᠦ᠂ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠤᠨ | ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ | ᠵᠢᠷᠭᠤᠭ᠎ᠠ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠱᠠᠭᠠᠷᠳᠠᠯᠭ᠎ᠠ | ︵ᠨᠢᠭᠡ︶ ᠬᠠᠤᠯᠢ ᠶᠣᠰᠣᠭᠠᠷ ᠨᠡᠶᠢᠳᠡᠮ ᠪᠠᠶᠢᠴᠠᠭᠠᠬᠤ ᠶᠢ ᠪᠠᠷᠢᠮᠲᠠᠯᠠᠨ᠎ᠠ᠃ ᠨᠡᠶᠢᠳᠡᠮ ᠪᠠᠶᠢᠴᠠᠭᠠᠯᠲᠠ ᠶᠢᠨ | ᠠᠵᠢᠯᠳᠠᠨ ᠪᠣᠯᠤᠨ ᠨᠡᠶᠢᠳᠡᠮ ᠪᠠᠶᠢᠴᠠᠭᠠᠯᠲᠠ ᠶᠢᠨ ᠡᠲᠡᠭᠡᠳ ᠪᠦᠬᠦᠨ ᠡᠷᠬᠡᠪᠰᠢ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠲᠤᠭ᠎ᠠ ᠪᠦᠷᠢᠳᠬᠡᠯ ᠤᠨ ᠬᠠᠤᠯᠢ ᠶᠢ ᠬᠡᠷᠡᠭᠵᠢᠭᠦᠯᠬᠦ ᠳᠦᠷᠢᠮ︾᠂ ︽ᠪᠦᠬᠦ ᠤᠯᠤᠰ ᠤᠨ ᠠᠵᠤ ᠠᠬᠤᠶ | ᠶᠢᠨ ᠨᠡᠶᠢᠳᠡᠮ ᠪᠠᠶᠢᠴᠠᠭᠠᠯᠲᠠ ᠶᠢᠨ ᠳᠦᠷᠢᠮ︾ ᠤᠨ ᠲᠣᠭᠲᠠᠭᠠᠯ ᠢ ᠴᠢᠩᠭ᠎ᠠ ᠵᠢᠷᠤᠮᠯᠠᠨ᠂ ᠨᠡᠶᠢᠳᠡᠮ ᠪᠠᠶᠢᠴᠠᠭᠠᠯᠲᠠ | ᠶᠢᠨ ᠬᠦᠰᠦᠨᠦᠭᠲᠦ ᠶᠢ ᠴᠠᠭ ᠲᠤᠬᠠᠶ ᠳᠤᠨᠢ᠂ ᠦᠨᠡᠨ ᠮᠥᠨ ᠢᠶᠠᠷ ᠨᠢ ᠲᠠᠭᠯᠠᠨ ᠮᠡᠳᠡᠭᠦᠯᠬᠦ ᠬᠡᠷᠡᠭᠲᠡᠶ᠃ ᠶᠠᠮᠠᠷᠪᠠ | ᠨᠢᠭᠡᠴᠢ ᠪᠣᠯᠤᠨ ᠬᠤᠪᠢ ᠬᠥᠮᠦᠨ ᠭᠡᠳ ᠬᠤᠳᠠᠯ ᠢᠶᠠᠷ ᠮᠡᠳᠡᠭᠦᠯᠵᠦ᠂ ᠮᠡᠳᠡᠭᠦᠯᠬᠦ ᠥᠭᠡᠢ ᠨᠢᠭᠤᠬᠤ᠂ ᠮᠡᠳᠡᠭᠦᠯᠬᠦ ᠶᠢ | ᠲᠡᠪᠴᠢᠬᠦ᠂ ᠤᠳᠠᠭᠠᠰᠢᠷᠠᠭᠤᠯᠤᠨ ᠮᠡᠳᠡᠭᠦᠯᠵᠦ ᠪᠣᠯᠬᠤ ᠥᠭᠡᠢ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ | ᠬᠠᠭᠤᠷᠮᠠᠭᠯᠠᠨ ᠵᠣᠬᠢᠶᠠᠵᠤ᠂ ᠥᠭᠡᠷᠡᠲᠦᠭᠦᠯᠵᠦ ᠪᠣᠯᠬᠤ ᠥᠭᠡᠢ᠃ ᠨᠡᠶᠢᠳᠡᠮ ᠪᠠᠶᠢᠴᠠᠭᠠᠯᠲᠠ ᠶᠢᠨ ᠣᠯᠤᠭᠰᠠᠨ ᠨᠢᠭᠡᠴᠢ | ᠪᠣᠯᠤᠨ ᠬᠤᠪᠢ ᠬᠥᠮᠦᠨ ᠤ ᠮᠠᠲ᠋ᠧᠷᠢᠶᠠᠯ ᠢ ᠨᠡᠶᠢᠳᠡᠮ ᠪᠠᠶᠢᠴᠠᠭᠠᠯᠲᠠ ᠳᠤ ᠬᠡᠷᠡᠭᠯᠡᠬᠦ ᠵᠣᠷᠢᠯᠭ᠎ᠠ ᠪᠠᠷ ᠴᠢᠩᠭ᠎ᠠ | ᠬᠢᠵᠠᠭᠠᠷᠯᠠᠨ ᠲᠣᠭᠲᠠᠭᠠᠵᠤ᠂ ᠶᠠᠮᠠᠷᠪᠠ ᠨᠢᠭᠡᠴᠢ ᠠᠴᠠ ᠨᠡᠶᠢᠳᠡᠮ ᠪᠠᠶᠢᠴᠠᠭᠠᠯᠲᠠ ᠶᠢᠨ ᠡᠲᠡᠭᠡᠳ ᠢ ᠱᠠᠩᠨᠠᠵᠤ | ᠲᠣᠷᠭᠠᠬᠤ ᠶᠢᠨ ᠦᠨᠳᠦᠰᠦᠯᠡᠯ ᠪᠣᠯᠭᠠᠬᠤ ᠥᠭᠡᠢ᠃ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ | ᠵᠢᠴᠢ ᠲᠡᠭᠦᠨ ᠤ ᠠᠵᠢᠯᠲᠠᠳ᠂ ᠨᠡᠶᠢᠳᠡᠮ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠤᠯᠤᠰ ᠤᠨ ᠨᠢᠭᠤᠴᠠ ᠪᠠ | ᠨᠡᠶᠢᠳᠡᠮ ᠪᠠᠶᠢᠴᠠᠭᠠᠯᠲᠠ ᠶᠢᠨ ᠡᠲᠡᠭᠡᠳ ᠤᠨ ᠬᠤᠳᠠᠯᠳᠤᠭᠠᠨ ᠤ ᠨᠢᠭᠤᠴᠠ᠂ ᠬᠤᠪᠢ ᠬᠥᠮᠦᠨ ᠤ ᠮᠡᠳᠡᠭᠡ ᠵᠠᠩᠭᠢ ᠶᠢᠨ | ᠨᠢᠭᠤᠴᠠ ᠶᠢ ᠬᠠᠮᠠᠭᠠᠯᠠᠬᠤ ᠡᠭᠦᠷᠭᠡ ᠶᠢ ᠡᠷᠬᠡᠪᠰᠢ ᠴᠢᠩᠭ᠎ᠠ ᠭᠦᠢᠴᠡᠳᠭᠡᠬᠦ ᠬᠡᠷᠡᠭᠲᠡᠶ︔ ᠵᠥᠪᠰᠢᠶᠡᠷᠡᠭᠦᠯᠦᠭᠰᠡᠨ ᠥᠭᠡᠢ | ᠪᠣᠯ ᠶᠠᠮᠠᠷᠪᠠ ᠨᠢᠭᠡᠴᠢ ᠪᠣᠯᠤᠨ ᠬᠤᠪᠢ ᠬᠥᠮᠦᠨ ᠭᠡᠳ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠭᠠᠳᠠᠭᠰᠢ | ᠨᠡᠶᠢᠲᠡᠯᠡᠵᠦ ᠪᠣᠯᠬᠤ ᠥᠭᠡᠢ᠃ ᠨᠡᠶᠢᠳᠡᠮ ᠪᠠᠶᠢᠴᠠᠭᠠᠯᠲᠠ ᠶᠢᠨ ᠠᠵᠢᠯ ᠤᠨ ᠳᠤᠮᠳᠠᠬᠢ ᠰᠠᠬᠢᠯᠭ᠎ᠠ ᠪᠠᠲᠤ ᠬᠠᠤᠯᠢ | ᠴᠠᠭᠠᠵᠠ ᠠᠴᠠ ᠵᠥᠷᠢᠴᠡᠭᠰᠡᠨ ᠵᠡᠷᠭᠡ ᠦᠢᠯᠡ ᠠᠵᠢᠯᠯᠠᠭ᠎ᠠ ᠶᠢ ᠰᠠᠬᠢᠯᠭ᠎ᠠ ᠪᠠᠲᠤ ᠬᠠᠤᠯᠢ ᠴᠠᠭᠠᠵᠠ ᠶᠢᠨ ᠶᠣᠰᠣᠭᠠᠷ | ᠰᠢᠢᠳᠪᠦᠷᠢᠯᠡᠬᠦ ᠶᠢᠨ ᠬᠠᠮᠲᠤ ᠨᠡᠶᠢᠲᠡᠯᠡᠨ ᠢᠯᠡᠴᠢᠯᠡᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃ | ︵ᠬᠤᠶᠠᠷ︶ ᠲᠤᠭ᠎ᠠ ᠪᠠᠷᠢᠮᠲᠠ ᠶᠢᠨ ᠶᠠᠰᠤ ᠴᠢᠨᠠᠷ ᠢ ᠦᠨᠡᠨᠬᠦ ᠪᠠᠲᠤᠯᠠᠨ᠎ᠠ᠃ ᠲᠤᠭ᠎ᠠ ᠪᠠᠷᠢᠮᠲᠠ ᠶᠢᠨ ᠶᠠᠰᠤ | ᠴᠢᠨᠠᠷ ᠢ ᠲᠡᠷᠢᠭᠦᠨ ᠳᠤ ᠲᠠᠯᠪᠢᠬᠤ ᠵᠠᠷᠴᠢᠮ ᠢ ᠢᠮᠠᠭᠲᠠ ᠪᠠᠲᠤ ᠰᠠᠬᠢᠵᠤ᠂ ᠨᠡᠶᠢᠳᠡᠮ ᠪᠠᠶᠢᠴᠠᠭᠠᠯᠲᠠ ᠶᠢᠨ ᠲᠥᠰᠦᠯ ᠢ | ᠴᠢᠩᠭ᠎ᠠ ᠬᠡᠷᠡᠭᠵᠢᠭᠦᠯᠦᠨ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠴᠤᠪᠤᠷᠠᠯ ᠢ ᠵᠢᠷᠤᠮᠵᠢᠭᠤᠯᠵᠤ᠂ ᠬᠡᠷᠡᠭ ᠤᠨ | ᠡᠮᠦᠨ᠎ᠡ ᠪᠠ ᠬᠡᠷᠡᠭ ᠤᠨ ᠳᠤᠮᠳᠠ ᠪᠠ ᠬᠡᠷᠡᠭ ᠤᠨ ᠳᠠᠷᠠᠭᠠᠬᠢ ᠲᠤᠭ᠎ᠠ ᠪᠠᠷᠢᠮᠲᠠ ᠶᠢᠨ ᠶᠠᠰᠤ ᠴᠢᠨᠠᠷ ᠢ ᠪᠠᠶᠢᠴᠠᠭᠠᠵᠤ | ᠬᠠᠷᠭᠤᠭᠤᠯᠤᠨ ᠪᠠᠶᠢᠴᠠᠭᠠᠬᠤ ᠶᠢ ᠴᠢᠩᠭᠠᠷᠠᠭᠤᠯᠤᠨ᠂ ᠲᠤᠭ᠎ᠠ ᠪᠦᠷᠢᠳᠬᠡᠯ ᠤᠨ ᠬᠠᠭᠤᠷᠮᠠᠭ ᠢᠶᠠᠷ ᠵᠣᠬᠢᠶᠠᠬᠤ᠂ | ᠬᠤᠳᠠᠯ ᠢᠶᠠᠷ ᠵᠣᠬᠢᠶᠠᠨ ᠬᠠᠭᠤᠷᠮᠠᠭ ᠢᠶᠠᠷ ᠵᠣᠬᠢᠶᠠᠬᠤ ᠶᠢ ᠦᠨᠡᠨᠬᠦ ᠰᠡᠷᠭᠡᠶᠢᠯᠡᠬᠦ ᠪᠠ ᠵᠠᠯᠬᠠᠭᠠᠨ ᠰᠢᠳᠬᠡᠵᠦ᠂ ᠨᠡᠶᠢᠳᠡᠮ | ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠶ ᠣᠨᠣᠪᠴᠢᠲᠠᠶ᠂ ᠪᠦᠷᠢᠨ ᠪᠦᠲᠦᠨ ᠢᠲᠡᠭᠡᠮᠵᠢᠲᠡᠶ | ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠨᠤᠭᠤᠳ | ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠡᠵᠡᠮᠳᠡᠬᠦ ᠰᠢᠰᠲ᠋ᠧᠮᠵᠢ ᠪᠣᠯᠤᠨ ᠠᠵᠢᠯ ᠤᠨ | ᠪᠠᠶᠢᠷᠢ ᠶᠢᠨ ᠬᠠᠷᠢᠭᠤᠴᠠᠯᠭ᠎ᠠ ᠶᠢᠨ ᠲᠥᠷᠢᠮ ᠢ ᠪᠠᠶᠢᠭᠤᠯᠤᠨ ᠪᠥᠷᠢᠨᠰᠢᠬᠦᠯᠵᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ | ᠪᠠᠷᠢᠮᠲᠠ ᠶᠢᠨ ᠶᠠᠰᠤ ᠴᠢᠨᠠᠷ ᠢ ᠨᠡᠬᠡᠮᠵᠢᠯᠡᠬᠦ ᠪᠠ ᠬᠠᠷᠢᠭᠤᠴᠠᠯᠭ᠎ᠠ ᠬᠡᠯᠡᠯᠴᠡᠬᠦ ᠲᠣᠭᠲᠠᠴᠠ ᠶᠢ ᠲᠡᠭᠦᠯᠳᠡᠷᠵᠢᠭᠦᠯᠦᠨ᠂ | ᠨᠡᠶᠢᠳᠡᠮ ᠪᠠᠶᠢᠴᠠᠭᠠᠯᠲᠠ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠳᠤ | ᠵᠣᠷᠢᠭᠤᠳᠠ ᠭᠠᠷ ᠲᠦᠷᠦᠭᠦ ᠡᠯ᠎ᠡ ᠵᠦᠢᠯ ᠤᠨ ᠥᠢᠯᠡ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠶ᠃ ᠪᠦᠲᠦᠮᠵᠢᠲᠡᠶ | ᠮᠡᠷᠭᠡᠵᠢᠯ ᠤᠨ ᠠᠷᠭ᠎ᠠ ᠪᠠᠷᠢᠯ ᠪᠣᠯᠤᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠠᠪᠴᠤ᠂ ᠨᠡᠶᠢᠳᠡᠮ | ᠪᠠᠶᠢᠴᠠᠭᠠᠯᠲᠠ ᠶᠢᠨ ᠲᠤᠭ᠎ᠠ ᠪᠠᠷᠢᠮᠲᠠ ᠴᠤᠭᠯᠠᠭᠤᠯᠬᠤ᠂ ᠳᠠᠮᠵᠢᠭᠤᠯᠬᠤ᠂ ᠬᠠᠳᠠᠭᠠᠯᠠᠬᠤ ᠪᠠ ᠬᠡᠷᠡᠭᠯᠡᠬᠦ ᠶᠢᠨ ᠠᠶᠤᠯ | ᠥᠭᠡᠢ ᠶᠢ ᠦᠨᠡᠨᠬᠦ ᠪᠠᠲᠤᠯᠠᠬᠤ ᠬᠡᠷᠡᠭᠲᠡᠶ᠃ ᠨᠡᠶᠢᠳᠡᠮ ᠤᠨ ᠪᠠᠶᠢᠴᠠᠭᠠᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ | ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠰᠢᠢᠳᠪᠦᠷᠢᠯᠡᠬᠦ ᠵᠦᠢᠯᠡᠰ ᠲᠤ ᠴᠠᠭ ᠲᠤᠨᠢ ᠳᠣᠭᠢᠷᠠᠭᠤᠯᠤᠨ ᠣᠷᠣᠭᠤᠯᠬᠤ | ᠬᠡᠷᠡᠭᠲᠡᠶ᠃ | ︵ᠭᠤᠷᠪᠠ︶ ᠠᠷᠭ᠎ᠠ ᠪᠠᠷᠢᠯ ᠠᠷᠭ᠎ᠠ ᠮᠠᠶ᠋ᠢᠭ ᠲᠤ ᠰᠢᠨ᠎ᠡ ᠶᠢ ᠡᠭᠦᠳᠦᠨ᠎ᠡ᠃ ᠰᠠᠯᠠᠭ᠎ᠠ ᠮᠥᠴᠢᠷ ᠤᠨ ᠵᠠᠰᠠᠭ | ᠵᠠᠬᠢᠷᠭᠠᠨ ᠤ ᠲᠡᠮᠳᠡᠭᠯᠡᠯ ᠢ ᠥᠷᠭᠡᠨ ᠢᠶᠠᠷ ᠬᠡᠷᠡᠭᠯᠡᠵᠦ᠂ ᠡᠯᠧᠺᠲᠷᠣᠨ ᠦᠨᠡᠮᠯᠡᠯ ᠤᠨ ᠮᠡᠳᠡᠭᠡ ᠵᠠᠩᠭᠢ ᠵᠡᠷᠭᠡ ᠶᠢᠨ | ᠨᠡᠶᠢᠳᠡᠮ ᠪᠠᠶᠢᠴᠠᠭᠠᠯᠲᠠ ᠶᠢᠨ ᠳᠤᠮᠳᠠᠬᠢ ᠬᠡᠷᠡᠭᠯᠡᠯᠲᠡ ᠶᠢ ᠠᠬᠢᠭᠤᠯᠵᠤ᠂ ᠰᠦᠯᠵᠢᠶᠡᠨ ᠳᠡᠭᠡᠷ᠎ᠡ ᠲᠠᠭᠯᠠᠨ ᠮᠡᠳᠡᠭᠦᠯᠬᠦ ᠪᠠ | ᠡᠯᠧᠺᠲᠷᠣᠨ ᠦᠵᠦᠭᠦᠷ ᠤᠨ ᠲᠤᠬᠠᠶ ᠶᠢᠨ ᠲᠠᠯᠠᠪᠤᠷ ᠲᠤ ᠲᠤᠭ᠎ᠠ ᠪᠠᠷᠢᠮᠲᠠ ᠴᠤᠭᠯᠠᠭᠤᠯᠬᠤ ᠶᠢ ᠬᠠᠷᠢᠯᠴᠠᠨ | ᠤᠶᠠᠯᠳᠤᠭᠤᠯᠬᠤ ᠠᠷᠭ᠎ᠠ ᠮᠠᠶ᠋ᠢᠭ ᠢ ᠠᠪᠴᠤ ᠪᠠᠶᠢᠭᠠᠳ ᠨᠡᠶᠢᠳᠡᠮ ᠪᠠᠶᠢᠴᠠᠭᠠᠯᠲᠠ ᠶᠢ ᠥᠷᠨᠢᠭᠦᠯᠵᠦ᠂ ᠮᠡᠳᠡᠭᠡ | ᠵᠠᠩᠭᠢᠵᠢᠯᠲᠠ ᠶᠢᠨ ᠠᠷᠭ᠎ᠠ ᠪᠠᠷᠢᠯ ᠢᠶᠠᠷ ᠳᠠᠮᠵᠢᠭᠤᠯᠤᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ | ᠰᠢᠢᠳᠪᠦᠷᠢᠯᠡᠬᠦ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠪᠠᠶᠢᠩᠭᠤᠵᠢᠭᠰᠠᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠬᠡᠷᠡᠭᠴᠡᠭᠡ ᠳᠤ ᠵᠣᠬᠢᠴᠠᠭᠤᠯᠤᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ | ᠭᠠᠳᠠᠭᠤᠷᠬᠢ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠨᠡᠶᠢᠳᠡᠮ | ᠪᠠᠶᠢᠴᠠᠭᠠᠯᠲᠠ ᠶᠢᠨ ᠡᠲᠡᠭᠡᠳ ᠤᠨ ᠰᠦᠯᠵᠢᠶ᠎ᠡ ᠪᠠᠷ ᠳᠡᠮᠵᠢᠨ ᠪᠡᠶ᠎ᠡ ᠪᠠᠨ ᠳᠠᠭᠠᠭᠠᠨ ᠨᠡᠶᠢᠳᠡᠮ ᠪᠠᠶᠢᠴᠠᠭᠠᠯᠲᠠ ᠶᠢᠨ | ᠲᠤᠭ᠎ᠠ ᠪᠠᠷᠢᠮᠲᠠ ᠪᠠᠨ ᠮᠡᠳᠡᠭᠦᠯᠦᠨ ᠬᠦᠷᠭᠡᠬᠦ ᠶᠢ ᠳᠡᠮᠵᠢᠵᠦ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠰᠢᠨᠵᠢᠯᠡᠬᠦ | ᠤᠬᠠᠭᠠᠨᠴᠢ ᠪᠠᠷ᠂ ᠵᠢᠷᠤᠮᠵᠢᠯ ᠲᠠᠢ᠂ ᠥᠨᠳᠥᠷ ᠦᠷ᠎ᠡ ᠪᠦᠲᠦᠮᠵᠢᠲᠡᠶ ᠪᠠᠷ ᠳᠥᠯᠭᠢᠨ ᠠᠬᠢᠭᠤᠯᠤᠨ᠎ᠠ᠃ | ︵ᠳᠥᠷᠪᠡ︶ ᠤᠬᠠᠭᠤᠯᠵᠤ ᠬᠥᠲᠥᠯᠦᠨ ᠵᠢᠯᠣᠭᠤᠳᠬᠤ ᠶᠢ ᠴᠢᠩᠭᠠᠷᠠᠭᠤᠯᠤᠨ᠎ᠠ᠃ ᠡᠯ᠎ᠡ ᠱᠠᠲᠤᠨ ᠤ ᠨᠡᠶᠢᠳᠡᠮ | ᠪᠠᠶᠢᠴᠠᠭᠠᠯᠲᠠ ᠶᠢᠨ ᠪᠠᠶᠢᠭᠤᠯᠤᠮᠵᠢ ᠨᠤᠭᠤᠳ ᠤᠬᠠᠭᠤᠯᠬᠤ ᠰᠠᠯᠠᠭ᠎ᠠ ᠮᠥᠴᠢᠷ ᠲᠠᠢ ᠬᠠᠮᠲᠤᠷᠠᠨ ᠨᠡᠶᠢᠳᠡᠮ | ᠪᠠᠶᠢᠴᠠᠭᠠᠯᠲᠠ ᠶᠢᠨ ᠤᠬᠠᠭᠤᠯᠭ᠎ᠠ ᠶᠢ ᠲᠥᠰᠦᠪᠯᠡᠬᠦ ᠪᠠ ᠵᠣᠬᠢᠶᠠᠨ ᠪᠠᠶᠢᠭᠤᠯᠬᠤ ᠠᠵᠢᠯ ᠢ ᠬᠢᠨᠠᠮᠠᠭᠠᠶ ᠰᠠᠶᠢᠲᠤᠷ ᠬᠢᠬᠦ | ᠬᠡᠷᠡᠭᠲᠡᠶ᠃ ᠡᠯ᠎ᠡ ᠲᠥᠷᠥᠯ ᠤᠨ ᠰᠣᠨᠢᠨ ᠮᠡᠳᠡᠭᠡᠨ ᠤ ᠵᠠᠭᠤᠴᠢᠯᠠᠭᠤᠷ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠦᠢᠯᠡᠴᠢᠯᠡᠭᠡᠨ ᠤ ᠲᠠᠪᠴᠠᠩ ᠵᠡᠷᠭᠡ ᠤᠬᠠᠭᠤᠯᠭ᠎ᠠ ᠶᠢᠨ ᠠᠷᠭ᠎ᠠ ᠵᠠᠮ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ | ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠴᠢᠬᠤᠯᠠ ᠠᠴᠢ ᠬᠤᠯᠪᠣᠭᠳᠠᠯ ᠪᠣᠯᠤᠨ ᠱᠠᠭᠠᠷᠳᠠᠯᠭ᠎ᠠ ᠶᠢ ᠥᠷᠭᠡᠨ | ᠳᠡᠯᠭᠡᠷ ᠭᠦᠨᠵᠡᠭᠡᠶ ᠤᠬᠠᠭᠤᠯᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠳᠤᠮᠳᠠ ᠴᠣᠯᠭᠤᠷᠠᠨ ᠭᠠᠷᠤᠭᠰᠠᠨ | ᠨᠡᠶᠢᠲᠡᠯᠢᠭ ᠦᠢᠯᠡ ᠶᠠᠪᠤᠳᠠᠯ ᠢ ᠤᠬᠠᠭᠤᠯᠤᠨ᠂ ᠬᠠᠤᠯᠢ ᠴᠠᠭᠠᠵᠠ ᠰᠠᠬᠢᠯᠭ᠎ᠠ ᠪᠠᠲᠤ ᠶᠢ ᠵᠥᠷᠢᠴᠡᠭᠰᠡᠨ ᠬᠡᠷᠡᠭ ᠢ | ᠪᠠᠶᠢᠴᠠᠭᠠᠨ ᠰᠢᠢᠳᠪᠦᠷᠢᠯᠡᠭᠰᠡᠨ ᠪᠠᠶᠢᠳᠠᠯ ᠢ ᠨᠡᠪᠲᠡᠷᠡᠭᠦᠯᠵᠦ᠂ ᠥᠷᠭᠡᠨ ᠤᠯᠠᠨ ᠨᠡᠶᠢᠳᠡᠮ ᠪᠠᠶᠢᠴᠠᠭᠠᠯᠲᠠ ᠶᠢᠨ | ᠡᠲᠡᠭᠡᠳ ᠢ ᠬᠥᠲᠥᠯᠥᠨ ᠵᠢᠯᠣᠭᠤᠳᠴᠤ ᠪᠠᠶᠢᠭᠠᠳ ᠨᠡᠶᠢᠳᠡᠮ ᠪᠠᠶᠢᠴᠠᠭᠠᠯᠲᠠ ᠳᠤ ᠬᠠᠤᠯᠢ ᠶᠣᠰᠣᠭᠠᠷ ᠬᠠᠮᠵᠢᠯᠴᠠᠭᠤᠯᠤᠨ | ᠂ ᠨᠡᠶᠢᠳᠡᠮ ᠪᠠᠶᠢᠴᠠᠭᠠᠯᠲᠠ ᠳᠤ ᠪᠦᠬᠦ ᠨᠡᠶᠢᠭᠡᠮ ᠢᠶᠠᠷ ᠢᠶᠠᠨ ᠢᠳᠡᠪᠬᠢᠲᠡᠶ ᠣᠷᠣᠯᠴᠠᠭᠤᠯᠵᠤ᠂ ᠲᠠᠪᠤᠳᠤᠭᠠᠷ ᠤᠳᠠᠭᠠᠨ ᠤ | ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠤᠷᠤᠭᠰᠢᠲᠠᠶ ᠶᠠᠪᠤᠭᠳᠠᠬᠤ ᠳᠤ ᠰᠠᠶᠢᠨ | ᠰᠠᠶᠢᠬᠠᠨ ᠨᠡᠶᠢᠭᠡᠮ ᠤᠨ ᠣᠷᠴᠢᠨ ᠠᠬᠤᠶ ᠶᠢ ᠪᠤᠢ ᠪᠣᠯᠭᠠᠬᠤ ᠬᠡᠷᠡᠭᠲᠡᠶ᠃ | ︵ᠲᠠᠪᠤ︶ ᠦᠷ᠎ᠡ ᠪᠦᠲᠦᠭᠡᠯ ᠤᠨ ᠬᠡᠷᠡᠭᠯᠡᠯᠲᠡ ᠶᠢ ᠰᠠᠶᠢᠲᠤᠷ ᠠᠳᠬᠤᠨ᠎ᠠ᠃ ᠡᠯ᠎ᠡ ᠱᠠᠲᠤᠨ ᠤ ᠨᠡᠶᠢᠳᠡᠮ | ᠪᠠᠶᠢᠴᠠᠭᠠᠯᠲᠠ ᠶᠢᠨ ᠪᠠᠶᠢᠭᠤᠯᠤᠮᠵᠢ ᠨᠤᠭᠤᠳ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠢ ᠴᠠᠭ ᠲᠤᠬᠠᠶ ᠳᠤᠨᠢ | ᠨᠡᠶᠢᠲᠡᠯᠡᠵᠦ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨ᠎ᠡ ᠦᠷᠳᠡᠭ ᠢ ᠭᠦᠨᠵᠡᠭᠡᠶ ᠠᠭᠤᠳᠠᠯᠯᠠᠨ᠂ | ᠪᠦᠬᠦ ᠠᠶᠢᠮᠠᠭ ᠤᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠪᠣᠯᠤᠨ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠰᠢᠨ᠎ᠡ ᠬᠤᠪᠢᠷᠠᠯᠲᠠ ᠰᠢᠨ᠎ᠡ ᠣᠨᠴᠠᠯᠢᠭ ᠢ ᠵᠠᠳᠠᠯᠤᠨ ᠰᠤᠳᠤᠯᠵᠤ ᠮᠠᠭᠠᠳᠯᠠᠨ᠂ ᠬᠤᠷᠸ᠎ᠠ | ᠰᠢᠢᠳᠪᠦᠷᠢᠳᠦ ᠪᠤᠳᠤᠯᠭ᠎ᠠ ᠲᠣᠭᠲᠠᠭᠠᠬᠤ ᠳᠤ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ | ᠲᠤᠭ᠎ᠠ ᠪᠦᠷᠢᠳᠬᠡᠯ ᠤᠨ ᠵᠠᠰᠠᠭ ᠤᠨ ᠶᠠᠪᠤᠳᠠᠯ ᠢ ᠵᠥᠪᠯᠡᠬᠦ ᠦᠢᠯᠡᠳᠦᠯ ᠢ ᠦᠨᠡᠨᠬᠦ ᠰᠠᠶᠢᠲᠤᠷ ᠪᠠᠳᠠᠷᠠᠭᠤᠯᠬᠤ ᠬᠡᠷᠡᠭᠲᠡᠶ᠃ | | ᠳᠠᠭᠠᠯᠳᠤᠭᠤᠯᠤᠯ᠄ ᠬᠢᠩᠭᠠᠨ ᠠᠶᠢᠮᠠᠭ ᠤᠨ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ | ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ 2023 ᠣᠨ ᠤ 5 ᠰᠠᠷ᠎ᠠ ᠶᠢᠨ 5 ᠤ ᠡᠳᠣᠷ ︵ᠲᠣᠰ | ᠮᠠᠲ᠋ᠧᠷᠢᠶᠠᠯ ᠢ ᠢᠯᠡ ᠨᠡᠶᠢᠲᠡᠯᠡᠨ᠎ᠡ︶ | ᠳᠠᠭᠠᠯᠳᠤᠭᠤᠯᠤᠯ | ᠬᠢᠩᠭᠠᠨ ᠠᠶᠢᠮᠠᠭ ᠤᠨ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ | ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ | ︽ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ | ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠶ ᠮᠡᠳᠡᠭᠳᠡᠯ︾ ︵ᠲᠥᠷᠥ ᠲᠠᠷᠬᠠᠭᠠᠭᠰᠠᠨ ﹇2022﹈ 22 ᠳ᠋ᠤᠭᠠᠷ | ᠲᠣᠭᠠᠲᠤ︶ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠶ | ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2023﹈ 5 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ | ᠂ ᠪᠥᠬᠦ ᠠᠶᠢᠮᠠᠭ ᠤᠨ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ | ᠵᠣᠬᠢᠶᠠᠨ ᠪᠠᠶᠢᠭᠤᠯᠬᠤ ᠠᠵᠢᠯ ᠢ ᠰᠠᠶᠢᠲᠤᠷ ᠬᠢᠬᠦ ᠶᠢᠨ ᠲᠤᠰᠠᠳᠠ᠂ ᠠᠶᠢᠮᠠᠭ ᠤᠨ ᠵᠠᠬᠢᠷᠭ᠎ᠠ ᠠᠴᠠ ᠬᠢᠩᠭᠠᠨ | ᠠᠶᠢᠮᠠᠭ ᠤᠨ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ | ᠤᠳᠤᠷᠢᠳᠬᠤ ᠳᠤᠭᠤᠶᠢᠯᠠᠩ ︵ᠳᠣᠷᠣᠭᠰᠢ ᠤᠳᠤᠷᠢᠳᠬᠤ ᠳᠤᠭᠤᠶᠢᠯᠠᠩ ᠭᠡᠵᠦ ᠲᠣᠪᠴᠢᠯᠠᠨ᠎ᠠ︶ ᠢ ᠪᠠᠶᠢᠭᠤᠯᠬᠤ ᠪᠠᠷ | ᠲᠣᠭᠲᠠᠪᠠ᠃ | ᠨᠢᠭᠡ᠂ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ | ᠳᠤᠭᠤᠶᠢᠯᠠᠩ ᠤᠨ ᠳᠠᠷᠤᠭ᠎ᠠ᠄ ᠵᠢᠶᠠᠩ ᠲᠢᠶᠠᠨ ᠬᠤ᠋ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ | ᠠᠶᠢᠮᠠᠭ ᠤᠨ ᠳᠡᠳ᠋ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ ᠹᠸᠢ ᠯᠢ ᠰᠢᠨ ᠠᠶᠢᠮᠠᠭ ᠤᠨ ᠨᠠᠮ ᠤᠨ ᠬᠤᠷᠢᠶ᠎ᠠ ᠶᠢᠨ ᠤᠬᠠᠭᠤᠯᠬᠤ | ᠬᠡᠯᠲᠡᠰ ᠤᠨ ᠳᠡᠳ᠋ ᠳᠠᠷᠤᠭ᠎ᠠ᠂ ᠭᠠᠳᠠᠭᠠᠳᠤ ᠤᠬᠠᠭᠤᠯᠭ᠎ᠠ ᠶᠢᠨ ᠠᠯᠪᠠᠨ ᠬᠡᠷ ︵ᠰᠣᠨᠢᠨ ᠮᠡᠳᠡᠭᠡᠨ ᠤ ᠠᠯᠪᠠᠨ ᠬᠡᠷ︶ | ᠤᠨ ᠡᠷᠬᠢᠯᠡᠭᠴᠢ | ᠯᠢᠨ ᡁᠢ ᠺᠦᠨ ᠠᠶᠢᠮᠠᠭ ᠤᠨ ᠵᠠᠬᠢᠷᠭ᠎ᠠ ᠶᠢᠨ ᠨᠠᠷᠢᠨ ᠪᠢᠴᠢᠭ ᠤᠨ ᠳᠡᠳ᠋ ᠲᠠᠷᠤᠭ᠎ᠠ | ᠨᠢᠤ ᠰᠢᠤ ᠾᠧ ᠠᠶᠢᠮᠠᠭ ᠤᠨ ᠲᠤᠭ᠎ᠠ ᠪᠦᠷᠢᠳᠬᠡᠯ ᠤᠨ ᠲᠤᠪᠴᠢᠶᠠᠨ ᠳᠠᠷᠤᠭ᠎ᠠ | ᠭᠧ ᠱᠤᠸᠠᠩ ᠫᠧᠩ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ | ᠪᠦᠷᠢᠯᠳᠦᠬᠦᠨ᠄ ᠮᠠ ᠴᠢᠶᠠᠩ ᠠᠶᠢᠮᠠᠭ ᠤᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ | ᠵᠦᠪᠯᠡᠯ ᠤᠨ ᠲᠡᠳ᠋ ᠱᠦᠵᠢ | ᠸᠠᠩ ᠬᠦᠶ ᠬᠤᠸᠠ ᠠᠶᠢᠮᠠᠭ ᠤᠨ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠬᠡᠷ ᠤᠨ | ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ | ᠭᠤᠤ ᠬᠤᠩ ᠠᠶᠢᠮᠠᠭ ᠤᠨ ᠡᠳ᠋ ᠤᠨ ᠵᠠᠰᠠᠭ ᠤᠨ ᠲᠣᠪᠴᠢᠶᠠᠨ ᠤ ᠳᠡᠳ᠋ ᠳᠠᠷᠤᠭ᠎ᠠ | ᠵᠢᠶᠤᠤ ᠳ᠋ᠧ ᠹᠧᠩ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠳᠡᠳ᠋ ᠳᠠᠷᠤᠭ᠎ᠠ | ᠵᠠᠩ ᠯᠢ ᡁᠢ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ | ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ | ᠯᠢᠦ ᠰᠢᠨ ᠭᠠᠩ ᠠᠶᠢᠮᠠᠭ ᠤᠨ ᠭᠠᠶᠢᠯᠢ ᠶᠢᠨ ᠲᠣᠪᠴᠢᠶ᠎ᠠ ᠶᠢᠨ ᠶᠡᠷᠦᠩᠬᠡᠶ ᠨᠢᠭᠲᠠᠯᠠᠨ ᠪᠤᠳᠤᠭᠴᠢ | ᠶᠤᠸᠠᠢ ᠳ᠋ᠠ ᠫᠧᠩ ᠠᠶᠢᠮᠠᠭ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠳᠡᠳ᠋ ᠳᠠᠷᠤᠭ᠎ᠠ ᠬᠤᠶᠠᠷ᠂ | ᠪᠤᠰᠤᠳ ᠵᠦᠢᠯ | ︵ᠨᠢᠭᠡ︶ ᠤᠳᠤᠷᠢᠳᠬᠤ ᠳᠤᠭᠤᠶᠢᠯᠠᠩ ᠤᠨ ᠭᠤᠣᠯ ᠡᠭᠦᠷᠭᠡ ᠬᠠᠷᠢᠭᠤᠴᠠᠯᠭ᠎ᠠ᠄ ᠪᠥᠬᠦ ᠠᠶᠢᠮᠠᠭ ᠤᠨ | ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠬᠤ | ᠪᠠ ᠬᠡᠷᠡᠭᠵᠢᠭᠦᠯᠬᠦ ᠶᠢ ᠬᠠᠷᠢᠭᠤᠴᠠᠵᠤ᠂ ᠨᠡᠶᠢᠳᠡᠮ ᠪᠠᠶᠢᠴᠠᠭᠠᠯᠲᠠ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ | ᠵᠣᠬᠢᠴᠠᠭᠤᠯᠤᠨ ᠰᠢᠢᠳᠪᠦᠷᠢᠯᠡᠨ᠎ᠡ᠃ | ︵ᠬᠤᠶᠠᠷ︶ ᠤᠳᠤᠷᠢᠳᠬᠤ ᠳᠤᠭᠤᠶᠢᠯᠠᠩ ᠤᠨ ᠠᠯᠪᠠᠨ ᠬᠡᠷ ᠢ ᠠᠶᠢᠮᠠᠭ ᠤᠨ ᠲᠤᠭ᠎ᠠ ᠪᠦᠷᠢᠳᠬᠡᠯ ᠤᠨ | ᠲᠣᠪᠴᠢᠶ᠎ᠠ ᠳᠤ ᠳᠣᠭᠢᠷᠠᠭᠤᠯᠤᠨ᠂ ᠤᠳᠤᠷᠢᠳᠬᠤ ᠳᠤᠭᠤᠶᠢᠯᠠᠩ ᠤᠨ ᠡᠳᠦᠷ ᠲᠤᠲᠤᠮ ᠤᠨ ᠠᠵᠢᠯ ᠢ ᠡᠭᠦᠷᠭᠡᠯᠡᠵᠦ᠂ | ᠤᠳᠤᠷᠢᠳᠬᠤ ᠳᠤᠭᠤᠶᠢᠯᠠᠩ ᠤᠨ ᠰᠢᠢᠳᠪᠦᠷᠢᠳᠦ ᠪᠣᠳᠣᠯᠭ᠎ᠠ ᠲᠣᠭᠲᠠᠭᠠᠬᠤ ᠴᠢᠬᠤᠯᠠᠲᠠᠶ ᠰᠠᠨᠠᠭᠤᠯᠭ᠎ᠠ ᠶᠢᠨ ᠲᠥᠰᠦᠯ ᠢ | ᠰᠤᠳᠤᠯᠤᠨ ᠳᠤᠷᠠᠳᠴᠤ᠂ ᠤᠳᠤᠷᠢᠳᠬᠤ ᠳᠤᠭᠤᠶᠢᠯᠠᠩ ᠤᠨ ᠵᠥᠪᠯᠡᠨ ᠲᠣᠭᠲᠠᠭᠠᠭᠰᠠᠨ ᠵᠦᠢᠯᠡᠰ ᠢ ᠰᠢᠮᠳᠠᠭᠤᠯᠤᠨ | ᠨᠠᠶᠢᠳᠠᠪᠤᠷᠢᠵᠢᠭᠤᠯᠵᠤ᠂ ᠬᠤᠯᠪᠣᠭᠳᠠᠯ ᠪᠥᠬᠦᠶ ᠭᠠᠵᠠᠷ ᠣᠷᠣᠨ ᠪᠠ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ | ᠵᠣᠬᠢᠴᠠᠭᠤᠯᠭ᠎ᠠ ᠪᠠᠨ ᠴᠢᠩᠭᠠᠳᠬᠠᠨ᠂ ᠤᠳᠤᠷᠢᠳᠬᠤ ᠳᠤᠭᠤᠶᠢᠯᠠᠩ ᠤᠨ ᠲᠤᠰᠢᠶᠠᠭᠰᠠᠨ ᠪᠤᠰᠤᠳ ᠵᠦᠢᠯᠡᠰ ᠢ | ᠳᠠᠭᠠᠭᠠᠨ ᠭᠦᠢᠴᠡᠳᠭᠡᠨ᠎ᠡ᠃ ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ ᠢ ᠠᠶᠢᠮᠠᠭ ᠤᠨ ᠲᠤᠭ᠎ᠠ ᠪᠦᠷᠢᠳᠬᠡᠯ ᠤᠨ | ᠲᠣᠪᠴᠢᠶ᠎ᠠ ᠶᠢᠨ ᠳᠡᠳ᠋ ᠳᠠᠷᠤᠭ᠎ᠠ ᠶᠤᠸᠠᠢ ᠳ᠋ᠠ ᠫᠧᠩ ᠬᠠᠪᠰᠤᠷᠭᠠᠨ ᠬᠠᠷᠢᠭᠤᠴᠠᠨ᠎ᠠ᠃ | ︵ᠭᠤᠷᠪᠠ︶ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠳᠤ ᠠᠵᠢᠯ ᠤᠨ ᠬᠤᠪᠢᠷᠠᠯᠲᠠ ᠠᠴᠠ ᠪᠣᠯᠵᠣ | ᠲᠣᠬᠢᠷᠠᠭᠤᠯᠤᠯᠲᠠ ᠬᠢᠬᠦ ᠴᠢᠬᠤᠯᠠ ᠲᠠᠢ ᠪᠣᠯ ᠪᠠᠶᠢᠭ᠎ᠠ ᠨᠢᠭᠡᠴᠢ ᠠᠴᠠ ᠤᠳᠤᠷᠢᠳᠬᠤ ᠳᠤᠭᠤᠶᠢᠯᠠᠩ ᠤᠨ ᠠᠯᠪᠠᠨ | ᠬᠡᠷ ᠲᠤ ᠳᠤᠷᠠᠳᠤᠨ ᠭᠠᠷᠭᠠᠵᠤ᠂ ᠤᠳᠤᠷᠢᠳᠬᠤ ᠳᠤᠭᠤᠶᠢᠯᠠᠩ ᠤᠨ ᠳᠠᠷᠤᠭ᠎ᠠ ᠳᠤ ᠮᠡᠳᠡᠭᠦᠯᠵᠦ ᠬᠢᠨᠠᠨ | ᠵᠥᠪᠰᠢᠶᠡᠷᠡᠭᠦᠯᠦᠨ᠎ᠡ᠃ ᠤᠳᠤᠷᠢᠳᠬᠤ ᠳᠤᠭᠤᠶᠢᠯᠠᠩ ᠨᠢ ᠠᠶᠢᠮᠠᠭ ᠵᠠᠬᠢᠷᠭ᠎ᠠ ᠶᠢᠨ ᠬᠡᠷᠡᠭ ᠵᠥᠪᠯᠡᠵᠦ ᠵᠣᠬᠢᠴᠠᠭᠤᠯᠬᠤ | ᠪᠠᠶᠢᠭᠤᠯᠤᠮᠵᠢ ᠪᠣᠯᠬᠤ ᠥᠬᠡᠶ᠂ ᠡᠭᠦᠷᠭᠡ ᠪᠠᠨ ᠪᠡᠶᠡᠯᠡᠭᠦᠯᠦᠭᠰᠡᠨ ᠤ ᠳᠠᠷᠠᠭ᠎ᠠ ᠠᠶᠠᠨᠳᠠᠭᠠᠨ ᠬᠦᠴᠦᠨ ᠥᠬᠡᠶ ᠪᠣᠯᠭᠠᠨ᠎ᠠ᠃ | | ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ᠴᠠᠬᠢᠯᠭᠠᠨ ᠮᠡᠳᠡᠭᠡ ᠶᠢᠨ ᠰᠠᠯᠠᠭ᠎ᠠ 2023 ᠣᠨ ᠤ 5 | ᠰᠠᠷ᠎ᠠ ᠶᠢᠨ 6 ᠤ ᠡᠳᠦᠷ ᠳᠠᠷᠤᠮᠠᠯᠯᠠᠨ ᠲᠠᠷᠬᠠᠭᠠᠪᠠ | |