ᠬᠤᠪᠢᠰᠬᠠᠯᠳᠤ ᠠᠳᠤᠭᠤᠨ ᠰᠤᠶᠤᠯᠳᠤ ᠪᠠᠯᠭᠠᠰᠤᠨ ᠤ ᠤᠳᠤᠬᠢ ᠪᠠᠶᠢᠳᠠᠯ
ᠨᠡᠶᠢᠲᠡᠯᠡᠭᠰᠡᠨ ᠴᠠᠭ᠄
2023/9/8
   ᠣᠶᠢᠷ᠎ᠠ ᠶᠢᠨ ᠵᠢᠯ ᠠᠴᠠ ᠨᠠᠰᠢ᠂ ᠤᠯᠠᠭᠠᠨᠬᠤᠲᠠ ᠶᠢᠨ ᠭᠡᠭᠡᠨᠰᠦ᠋ᠮ᠎ᠠ ᠪᠠᠯᠭᠠᠰᠤ ᠲᠤᠰ ᠪᠡᠶ᠎ᠡ ᠶᠢᠨ ᠳᠠᠪᠠᠭᠤᠯᠢᠭ ᠲᠠᠭᠠᠨ ᠲᠦᠰᠢᠭᠯᠡᠵᠦ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠳᠠᠰᠤᠷᠠᠯᠳᠠ ᠦᠭᠡᠢ ᠲᠡᠭᠦᠯᠳᠡᠷᠵᠢᠭᠦᠯᠵᠦ᠂ ᠰᠣᠶᠣᠯ ᠵᠤᠭᠠᠴᠠᠯ ᠤᠨ ᠠᠵᠤ ᠦᠢᠯᠡᠰ ᠤᠨ ᠭᠦᠨᠵᠡᠭᠡᠢ ᠠᠭᠤᠰᠤᠯᠴᠠᠯ ᠢ ᠠᠬᠢᠭᠤᠯᠤᠨ᠂ ᠭᠠᠴᠠᠭ᠎ᠠ ᠲᠣᠰᠬᠤᠨ ᠪᠠᠯᠭᠠᠰᠤ ᠵᠡᠭᠡᠯᠢ ᠶᠢᠨ ᠦᠵᠡᠰᠬᠦᠯᠡᠩᠲᠦ ᠰᠠᠶᠢᠬᠠᠨ  ᠲᠦᠷᠢ ᠲᠦᠷᠬᠦ᠂ ᠰᠣᠶᠣᠯ ᠤᠨ ᠡᠬᠢ ᠪᠠᠶᠠᠯᠢᠭ ᠤᠨ ᠳᠠᠪᠠᠭᠤᠯᠢᠭ ᠢ ᠠᠵᠤ ᠠᠬᠤᠢ ᠶᠢᠨ ᠦᠢᠯᠡᠳᠬᠦᠨ ᠤ ᠦᠷᠳᠡᠭ ᠪᠣᠯᠭᠠᠨ ᠬᠤᠪᠢᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠤ ᠪᠤᠢ᠃
   ︽8 · 11︾  ᠤ ᠭᠡᠭᠡᠨᠰᠦ᠋ᠮ᠎ᠠ ᠶᠢᠨ ᠶᠠᠫᠤᠨ ᠢ ᠡᠰᠡᠷᠭᠦᠴᠡᠬᠦ ᠵᠡᠪᠰᠡᠭᠲᠦ ᠪᠣᠰᠣᠯᠭ᠎ᠠ ᠶᠢᠨ ᠬᠠᠭᠤᠴᠢᠨ ᠪᠠᠭᠤᠷᠢ  ᠶᠢᠨ ᠴᠢᠯᠠᠭᠤᠨ ᠬᠥᠰᠢᠶ᠎ᠡ ᠰᠡᠬᠦᠶᠢᠨ ᠰᠦᠨᠳᠡᠷᠯᠡᠵᠦ᠂ ᠠᠭᠤᠯᠠ  ᠲᠠᠯ᠎ᠠ ᠲᠦᠬᠦᠷᠡᠩ ᠨᠡᠷᠡᠨ ᠬᠤᠸᠠᠷ ᠵᠥᠭᠡᠯᠡᠨ ᠰᠠᠯᠬᠢᠨ ᠳᠤ ᠦᠯᠢᠶᠡᠭᠳᠡᠨ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠂ ᠡᠨᠡ ᠪᠣᠯ ᠳᠠᠷᠤᠢ ︽8 · 11︾  ᠤ ᠭᠡᠭᠡᠨᠰᠦ᠋ᠮ᠎ᠠ ᠶᠢᠨ ᠶᠠᠫᠤᠨ ᠢ ᠡᠰᠡᠷᠭᠦᠴᠡᠬᠦ ᠵᠡᠪᠰᠡᠭᠲᠦ ᠪᠣᠰᠣᠯᠭ᠎ᠠ ᠶᠢᠨ ᠬᠠᠭᠤᠴᠢᠨ ᠪᠠᠭᠤᠷᠢ ᠶᠢᠨ ᠲᠠᠯᠠᠪᠠᠢ ᠪᠣᠯᠣᠨ᠎ᠠ᠃    ᠤᠯᠠᠭᠠᠨᠬᠤᠲᠠ ᠶᠢᠨ ᠭᠡᠭᠡᠨᠰᠦ᠋ᠮ᠎ᠠ ᠪᠠᠯᠭᠠᠰᠤᠨ ᠤ ᠬᠠᠷ᠎ᠠ ᠢᠮᠠᠭᠠᠳᠤ ᠭᠠᠴᠠᠭᠠᠨ ᠳᠤ ᠰᠠᠭᠤᠭ᠎ᠠ ᠨᠢᠭᠡᠳᠦᠭᠡᠷ ᠱᠦᠵᠢ ᠴᠠᠩ ᠱᠠᠨ᠄ ︽ᠬᠤᠪᠢᠰᠬᠠᠯᠳᠤ ᠮᠣᠷᠢᠲᠤ ᠴᠡᠷᠢᠭ ᠤᠨ ᠵᠠᠮ ᠨᠢ ᠭᠡᠭᠡᠨᠰᠦ᠋ᠮ᠎ᠠ ᠶᠢᠨ ᠶᠠᠫᠤᠨ ᠢ ᠡᠰᠡᠷᠭᠦᠴᠡᠬᠦ ᠵᠡᠪᠰᠡᠭᠲᠦ ᠪᠣᠰᠣᠯᠭ᠎ᠠ ᠶᠢᠨ ᠬᠠᠭᠤᠴᠢᠨ ᠪᠠᠭᠤᠷᠢ ᠪᠠᠷ ᠡᠬᠢᠯᠡᠯᠲᠡ ᠶᠢᠨ ᠴᠡᠭ ᠪᠣᠯᠭᠠᠵᠤ᠂ ᠪᠦᠬᠦ ᠤᠷᠳᠤ ᠨᠢ 12 ᠺᠢᠯᠤᠮᠧᠲᠷ ᠪᠠᠶᠢᠵᠤ᠂ ᠵᠢᠱᠢᠯᠲᠡ ᠪᠠᠷ 9 ᠰᠠᠷ᠎ᠠ ᠶᠢᠨ ᠳᠤᠮᠳᠠᠴᠢ ᠪᠠᠷ ᠵᠢᠩᠬᠢᠨᠢ ᠪᠠᠷ ᠠᠰᠢᠭᠯᠠᠯᠲᠠ ᠳᠤ ᠣᠷᠣᠭᠤᠯᠬᠤ ᠪᠣᠯᠣᠨ᠎ᠠ︾ ᠭᠡᠵᠠᠢ᠃
   ᠭᠡᠭᠡᠨᠰᠦ᠋ᠮ᠎ᠠ ᠪᠠᠯᠭᠠᠰᠤᠨ ᠤ ᠰᠦᠮ᠎ᠡ ᠶᠢᠨ ᠡᠮᠦᠨᠡᠬᠢ ᠠᠮᠲᠠᠲᠤ ᠢᠳᠡᠭᠡᠨ ᠤ ᠵᠡᠭᠡᠯᠢ ᠪᠠᠷ ᠬᠦᠷᠬᠦ ᠳᠤ᠂ ᠥᠪᠡᠷᠮᠢᠴᠡ ᠣᠨᠴᠠᠯᠢᠭ ᠲᠠᠢ ᠡᠷᠲᠡᠨ ᠤ ᠬᠢ ᠶᠢ ᠳᠠᠭᠤᠷᠢᠶᠠᠭᠰᠠᠨ ᠬᠡᠪ ᠨᠠᠮᠪᠠ ᠲᠠᠢ ᠪᠠᠷᠢᠯᠭ᠎ᠠ᠂ ᠴᠡᠪᠡᠷ ᠰᠠᠶᠢᠬᠠᠨ ᠥᠪᠡᠷᠮᠢᠴᠡ ᠣᠨᠴᠠᠯᠢᠭ ᠲᠠᠢ  ᠢᠳᠡᠭᠡᠨ ᠨᠢ ᠵᠤᠭᠠᠴᠠᠭᠰᠠᠳ ᠲᠤ ᠰᠢᠨ᠎ᠡ ᠰᠡᠪᠡᠭᠦᠨ ᠵᠤᠭᠠᠴᠠᠯ ᠤᠨ ᠲᠥᠷᠥᠭᠳᠡᠯ ᠣᠯᠭᠤᠨ᠎ᠠ᠃ ᠠᠮᠲᠠᠲᠤ ᠢᠳᠡᠭᠡᠨ ᠤ ᠵᠡᠭᠡᠯᠢ ᠨᠢ ᠬᠤᠪᠢᠰᠬᠠᠯᠳᠤ ᠠᠳᠤᠭᠤᠨ ᠰᠤᠶᠤᠯᠳᠤ ᠨᠤᠳᠤᠭ ᠪᠤᠯᠬᠤ ᠭᠡᠭᠡᠨᠰᠦ᠋ᠮ᠎ᠠ ᠪᠠᠯᠭᠠᠰᠤᠨ ᠤ ᠲᠥᠪ ᠲᠤ ᠪᠠᠶᠢᠷᠢᠯᠠᠳᠠᠭ᠃ ᠭᠠᠵᠠᠷ ᠵᠦᠢ ᠶᠢᠨ ᠪᠠᠶᠢᠷᠢᠰᠢᠯ ᠳᠠᠪᠠᠭᠤᠯᠢᠭ᠂ ᠵᠠᠮ ᠬᠠᠷᠢᠯᠴᠠᠭ᠎ᠠ ᠳᠥᠭᠦᠮ᠂ ᠵᠤᠭᠠᠴᠠᠭᠴᠢ ᠯᠢ ᠠᠪᠠᠭ᠋ᠠᠢ ᠨᠠᠶᠢᠵᠠ ᠨᠠᠷ ᠲᠠᠢ ᠪᠠᠨ  ᠡ᠊ᠨᠳᠡ ᠵᠤᠭᠠᠴᠠᠨ ᠨᠠᠭᠠᠳᠴᠤ ᠰᠡᠭᠦᠳᠡᠷ ᠲᠠᠲᠠᠭᠠᠳ᠂ ᠨᠠᠮᠤᠷ ᠤᠨ ᠰᠡᠯᠡᠭᠦᠴᠡᠯ ᠳᠤ ᠰᠤᠭᠳᠤᠭᠤᠷᠤᠨ᠎ᠠ᠂  ︽ᠪᠢ ᠰᠦᠯᠵᠢᠶᠡᠨ ᠤ ᠲᠠᠪᠴᠠᠩ ᠠᠴᠠ ᠬᠤᠪᠢᠰᠬᠠᠯᠳᠤ ᠠᠳᠤᠭᠤᠨ ᠰᠤᠶᠤᠯᠳᠤ ᠨᠤᠳᠤᠭ ᠪᠤᠯᠬᠤ ᠭᠡᠭᠡᠨᠰᠦ᠋ᠮ᠎ᠠ ᠪᠠᠯᠭᠠᠰᠤ ᠶᠢᠨ ᠠᠮᠲᠠᠲᠤ ᠢᠳᠡᠭᠡᠨ ᠤ ᠭᠤᠳᠤᠮᠵᠢ ᠶᠢ ᠣᠶᠢᠯᠠᠭᠠᠭᠰᠠᠨ ᠶᠤᠮ᠂ ᠥᠨᠥᠳᠥᠷ ᠲᠤᠰᠬᠠᠶᠢᠯᠠᠨ ᠨᠠᠶᠢᠵᠠ ᠨᠠᠷ ᠢᠶᠠᠨ ᠳᠠᠭᠠᠭᠤᠯᠤᠨ ᠢᠷᠡᠵᠦ ᠦᠵᠡᠪᠡ ᠂ ᠡ᠊ᠨᠳᠡ ᠢᠷᠡᠭᠡᠳ ᠮᠠᠰᠢ ᠤᠯᠠᠨ ᠰᠠᠶᠢᠬᠠᠨ ᠠᠮᠲᠠᠲᠠᠢ ᠢᠳᠡᠭᠡᠨ᠂ ᠰᠠᠶᠢᠬᠠᠨ ᠦᠵᠡᠮᠵᠢ ᠲᠠᠢ︾ ᠭᠡᠵᠠᠢ᠃
   ᠭᠡᠭᠡᠨᠰᠦ᠋ᠮ᠎ᠠ ᠪᠠᠯᠭᠠᠰᠤᠨ ᠤ ᠨᠡᠷᠡᠳᠦ ᠠᠳᠤᠭᠤᠨ ᠦᠢᠯᠡᠰ ᠤᠨ ᠣᠷᠳᠣᠨ ᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠢᠷᠡᠬᠦ ᠳᠤ᠂ ᠠᠵᠢᠯᠴᠢᠳ ᠲᠤᠰ ᠲᠤᠰ ᠤᠨ ᠢᠶᠠᠨ ᠠᠵᠢᠯ ᠢᠶᠠᠨ ᠡᠮᠬᠢ ᠵᠠᠮᠪᠠᠷᠠᠭ᠎ᠠ ᠲᠠᠢ ᠬᠢᠵᠤ  ᠂ ᠪᠠᠷᠢᠯᠭ᠎ᠠ ᠶᠢᠨ ᠠᠵᠢᠯ ᠬᠦᠷ ᠬᠥᠭᠵᠢᠶᠡᠨ ᠢᠶᠠᠷ ᠪᠢᠯᠬᠠᠨ᠎ᠠ᠃ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂ ᠠᠵᠢᠯᠴᠢᠳ ᠴᠠᠭ ᠨᠡᠮᠡᠵᠦ ᠠᠵᠢᠯᠯᠠᠨ᠂ ᠴᠠᠭ ᠮᠥᠴᠡ ᠶᠢ ᠠᠮᠵᠢᠨ ᠠᠬᠢᠴᠠ ᠶᠢ ᠲᠦᠷᠭᠡᠳᠬᠡᠵᠦ᠂ ᠲᠦᠷᠦᠯ ᠵᠦᠢᠯ ᠢ ᠲᠣᠭᠲᠠᠭᠰᠠᠨ ᠬᠤᠭᠤᠴᠠᠭᠠᠨ ᠳᠤ ᠪᠠᠷᠢᠯᠭ᠎ᠠ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠪᠠᠲᠤᠯᠠᠨ᠎ᠠ᠃
   ᠲᠥᠷᠥᠯ ᠵᠦᠢᠯ ᠤᠨ ᠬᠠᠷᠢᠭᠤᠴᠠᠯᠭᠠᠲᠠᠨ ᠠᠨ ᠭᠦᠸᠧ ᠰᠤᠷᠪᠤᠯᠵᠢᠯᠠᠭᠴᠢ ᠳᠤ ᠬᠡᠯᠡᠬᠦ ᠳᠡᠭᠡᠨ᠂ ᠲᠣᠰ ᠲᠥᠷᠥᠯ ᠵᠦᠢᠯ ᠨᠢ ᠤᠯᠠᠭᠠᠨᠬᠤᠲᠠ ᠶᠢᠨ ᠭᠡᠭᠡᠨᠰᠦ᠋ᠮ᠎ᠠ ᠪᠠᠯᠭᠠᠰᠤᠨ ᠤ ᠠᠭᠤᠢ ᠶᠢᠨ ᠠᠶᠢᠯ ᠭᠠᠴᠠᠭ᠎ᠠ ᠳᠤ ᠪᠠᠶᠢᠷᠢᠯᠠᠵᠤ᠂ ᠨᠡᠶᠢᠲᠡ 8130 ᠲᠡᠭᠰᠢ ᠳᠥᠷᠪᠡᠯᠵᠢᠨ ᠮᠧᠲᠷ ᠪᠠᠷᠢᠯᠭ᠎ᠠ ᠶᠢᠨ ᠲᠠᠯᠠᠪᠠᠶ ᠲᠠᠢ᠂ ᠨᠡᠶᠢᠲᠡ 7000 ᠲᠦᠮᠡᠨ ᠲᠥᠭᠦᠷᠢᠭ ᠤᠨ ᠪᠡᠯᠡ ᠣᠷᠣᠭᠤᠯᠵᠠᠢ᠃ ᠭᠤᠣᠯᠳᠠᠭᠤ ᠨᠠᠷᠠᠲᠤ ᠠᠳᠤᠭᠤᠨ ᠤ ᠦᠵᠡᠰᠬᠦᠯᠡᠩ ᠤᠨ ᠣᠷᠳᠣᠨ᠂ ᠲᠣᠭᠯᠠᠯᠲᠠ ᠶᠢᠨ ᠣᠷᠳᠣᠨ ᠵᠢᠴᠢ ᠬᠠᠮᠲᠤ ᠪᠠᠷ ᠡᠳ᠋ᠯᠡᠬᠦ  ᠲᠢᠩᠬᠢᠮ ᠢ ᠪᠠᠶᠢᠭᠤᠯᠵᠤ᠂ ᠪᠦᠲᠦᠭᠡᠨ ᠪᠠᠶᠢᠭᠤᠯᠤᠯᠲᠠ ᠶᠢᠨ ᠠᠬᠢᠴᠠ ᠶᠢ 90% ᠠᠴᠠ ᠳᠡᠭᠡᠭᠰᠢ ᠳᠤ ᠬᠦᠷᠦᠭᠦᠯᠵᠦ᠂ ᠵᠢᠱᠢᠯᠲᠡ ᠪᠠᠷ 9 ᠰᠠᠷ᠎ᠠ ᠶᠢᠨ ᠰᠡᠭᠦᠯᠴᠢ ᠪᠠᠷ ᠠᠰᠢᠭᠯᠠᠯᠳᠠ  ᠳᠤ ᠤᠷᠤᠭᠤᠯᠬᠤ ᠪᠠᠷ ᠪᠤᠢ᠃
 
ᠢᠷᠡᠯᠲᠡ᠄ ᠤᠯᠠᠭᠠᠨᠬᠤᠳᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号