︽ᠠᠨᠠᠷ ᠤᠨ ᠦᠷ᠎ᠡ︾ ᠬᠦᠷᠰᠢ ᠵᠡᠷᠭᠡᠯᠡᠳᠡᠭᠡ ᠶᠢᠨ ᠰᠤᠶᠤᠯ ᠤᠨ ᠴᠤᠭᠯᠠᠷᠠᠯ ᠤᠨ  ᠠᠵᠢᠯᠯᠠᠭ᠎ᠠ ᠶᠢᠨ ᠲᠤᠬᠠᠢ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2024/1/3
   ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠶᠢᠨ ᠲᠥᠯᠥᠭᠡ᠂ 2023 ᠤᠨ ᠤ 12 ᠰᠠᠷ᠎ᠠ ᠶᠢᠨ 28  ᠤ ᠡᠳᠦᠷ᠂ ︽ᠠᠨᠠᠷ ᠤᠨ ᠦᠷ᠎ᠡ︾  ᠬᠥᠷᠰᠢ ᠵᠡᠷᠭᠡᠯᠡᠳᠡᠭᠡ ᠶᠢᠨ ᠰᠣᠶᠣᠯ ᠤᠨ ᠴᠤᠭᠯᠠᠷᠠᠯ ᠤᠨ ᠠᠵᠢᠯᠯᠠᠭ᠎ᠠ ᠤᠯᠠᠭᠠᠨᠬᠤᠲᠠ ᠶᠢᠨ ᠡᠾᠧ ᠫᠢᠩ ᠵᠡᠭᠡᠯᠢ ᠶᠢᠨ ᠬᠡᠷᠡᠭ ᠡᠷᠬᠢᠯᠡᠬᠦ ᠭᠠᠵᠠᠷ ᠤᠨ ᠬᠤᠩ ᠶᠦᠨ ᠨᠡᠶᠢᠭᠡᠮ ᠲᠣᠭᠤᠷᠢᠭ ᠲᠤ ᠶᠠᠪᠤᠭᠳᠠᠵᠠᠢ᠃ ᠬᠠᠷᠢᠶ᠎ᠠ ᠲᠣᠭᠤᠷᠢᠭ ᠤᠨ ᠦᠨᠳᠦᠰᠦᠲᠡᠨ ᠨᠦᠭᠦᠳ ᠤᠨ ᠤᠯᠠᠨ ᠲᠦᠮᠡᠨ ᠨᠢᠭᠡ ᠲᠠᠩᠬᠢᠮ ᠳᠤ ᠴᠤᠭᠯᠠᠷᠠᠵᠤ᠂ ᠲᠣᠭᠯᠠᠯᠲᠠ ᠰᠣᠨᠢᠷᠬᠠᠨ᠂ ᠲᠣᠭᠯᠠᠭᠠᠮ ᠬᠢᠵᠦ᠂ ᠵᠣᠭᠤᠭ ᠳᠡᠯᠭᠡᠵᠦ᠂ ᠬᠥᠷᠰᠢ ᠵᠡᠷᠭᠡᠯᠡᠳᠡᠭᠡ ᠶᠢᠨ ᠡᠶ᠎ᠡ ᠨᠠᠶᠢᠷᠲᠠᠢ ᠨᠡᠶᠢᠭᠡᠮ ᠲᠣᠭᠤᠷᠢᠭ ᠤᠨ ᠠᠭᠤᠷ ᠠᠮᠢᠰᠬᠤᠯ ᠢ ᠪᠤᠢ ᠪᠣᠯᠭᠠᠪᠠ᠃
   ᠲᠤᠰ ᠠᠵᠢᠯᠯᠠᠭ᠎ᠠ ᠨᠢ ᠰᠦᠷ ᠵᠢᠪᠬᠤᠯᠠᠩᠲᠤ ᠬᠠᠷᠠᠩᠭ᠎ᠠ ᠬᠡᠩᠭᠡᠷᠭᠡ ᠶᠢᠨ ᠬᠥᠭ ᠠᠶᠠᠰ ᠤᠨ ᠳᠤᠮᠳᠠ
ᠬᠥᠰᠢᠭᠡ ᠪᠠᠨ ᠰᠡᠬᠦᠵᠦ᠂ ᠢᠳᠡ ᠬᠦᠴᠦᠲᠡᠢ ᠠᠶᠢᠵᠠᠮ᠂ ᠰᠦᠷ ᠵᠢᠪᠬᠤᠯᠠᠩᠲᠤ ᠰᠦᠷ ᠬᠦᠴᠦᠨ᠂ ᠣᠷᠭᠢᠯᠤᠮ᠎ᠠ ᠬᠠᠯᠠᠭᠤᠨ ᠰᠡᠳᠬᠢᠯᠭᠡ ᠶᠢᠨ ᠬᠥᠳᠡᠯᠦᠯ ᠨᠢ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠬᠠᠷᠠᠭᠤᠯᠤᠭᠰᠠᠨ ᠪᠠᠶᠢᠨ᠎ᠠ᠃ ᠳᠠᠷᠠᠭ᠎ᠠ ᠨᠢ ᠳᠡᠪᠢᠭᠦᠷ ᠪᠥᠵᠢᠭ ︽ᠳᠤᠮᠳᠠᠳᠤ ᠶᠢᠨ ᠭᠡᠷ ᠬᠤᠳᠠᠯᠠᠭᠠᠷ ᠤᠨ ᠰᠡᠬᠦᠳᠡᠷ︾᠂ ᠰᠢ ᠵᠦᠴᠦᠭᠡ ︽ᠣᠲᠣ ᠦᠶ᠎ᠡ ᠶᠢᠨ ᠪᠡᠭᠡᠵᠢᠩ ᠵᠦᠴᠦᠭᠡ ᠶᠢᠨ ᠰᠢᠷᠢᠰ ᠳᠠᠭᠤᠯᠠᠯ︾ ᠵᠡᠷᠭᠡ ᠲᠣᠭᠯᠠᠯᠲᠠ ᠶᠢ ᠵᠠᠯᠭᠠᠭ᠎ᠠ ᠪᠠᠷ ᠲᠣᠭᠯᠠᠪᠠ᠃ ᠭᠤᠶᠢᠳᠠ ᠰᠠᠶᠢᠬᠠᠨ ᠲᠣᠭᠯᠠᠯᠲᠠ ᠨᠢ ᠲᠠᠶᠢᠰᠠᠨ ᠤ ᠳᠣᠣᠷᠠᠬᠢ ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠶᠢ ᠣᠯᠵᠤ᠂ ᠦᠨᠳᠦᠰᠦᠲᠡᠨ ᠤ ᠪᠦᠯᠬᠦᠮᠳᠡᠯ ᠤᠨ ᠴᠡᠴᠡᠭ ᠢ ᠦᠨᠳᠦᠰᠦᠲᠡᠨ ᠨᠦᠭᠦᠳ ᠤᠨ ᠤᠯᠠᠨ ᠲᠦᠮᠡᠨ ᠤ ᠰᠡᠳᠬᠢᠯ ᠵᠢᠷᠦᠬᠡᠨ ᠳᠤ  ᠬᠠᠳᠠᠩᠰᠢᠭᠤᠯᠵᠠᠢ᠃
    ︽ᠠᠵᠢᠯᠯᠠᠭ᠎ᠠ ᠨᠢ ᠪᠢᠳᠡᠨ ᠳᠤ ᠰᠣᠶᠣᠯ ᠤᠨ ᠷᠢᠳᠢ ᠰᠢᠳᠢ ᠶᠢ ᠮᠡᠳᠡᠷᠡᠭᠦᠯᠵᠦ᠂ ᠪᠢᠳᠡᠨ ᠤ ᠥᠲᠡᠯᠦᠭᠡ ᠨᠠᠰᠤᠨ ᠤ ᠠᠮᠢᠳᠤᠷᠠᠯ ᠢ ᠪᠠᠶᠠᠯᠢᠭᠵᠢᠭᠤᠯᠪᠠ᠂ ᠡᠶᠢᠮᠦ ᠨᠢᠭᠡᠨ ᠬᠠᠷᠢᠯᠴᠠᠨ ᠬᠠᠯᠠᠮᠵᠢᠯᠠᠭᠰᠠᠨ ᠨᠡᠶᠢᠭᠡᠮ ᠲᠣᠭᠤᠷᠢᠭ ᠲᠤ ᠠᠮᠢᠳᠤᠷᠠᠬᠤ ᠳᠤ ᠪᠠᠨ ᠪᠢ ᠲᠤᠶᠢᠯ ᠤᠨ ᠵᠣᠯ ᠵᠢᠷᠭᠠᠯ ᠲᠠᠢ᠂ ᠪᠠᠶᠠᠷ ᠪᠠᠶᠠᠰᠤᠯ ᠲᠠᠢ ᠰᠠᠨᠠᠭᠳᠠᠨ᠎ᠠ︾ ᠭᠡᠵᠦ ᠬᠤᠩ ᠶᠦᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠸᠠᠩ ᠬᠦᠢ ᠶᠦᠨ ᠬᠡᠯᠡᠪᠡ᠃
 
ᠢᠷᠡᠯᠲᠡ᠄ ᠤᠯᠠᠭᠠᠨᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号