ᠤᠯᠠᠭᠠᠨᠬᠤᠲᠠ ᠪᠢᠴᠢᠭ ᠵᠢᠭᠠᠵᠤ ᠬᠥᠮᠥᠨ ᠢ ᠬᠥᠮᠥᠵᠢᠭᠦᠯᠬᠦ ᠡᠭᠦᠷᠭᠡ ᠶᠢ ᠦᠢᠯᠡᠳᠦᠯᠭᠡᠵᠢᠭᠦᠯᠵᠦ ᠪᠦᠬᠦ ᠬᠤᠳᠠ ᠶᠢᠨ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠪᠠᠶᠢᠭ᠎ᠠ ᠲᠤᠬᠠᠢ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2024/1/5
    ᠭᠤᠣᠯ ᠰᠡᠳᠦᠪᠲᠦ ᠬᠥᠮᠦᠵᠢᠯ ᠢ ᠡᠬᠢᠯᠡᠭᠦᠯᠦᠭᠰᠡᠨ ᠠᠴᠠ ᠨᠠᠰᠢ᠂ ᠤᠯᠠᠭᠠᠨᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢᠶᠠᠨ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢᠨ ᠲᠣᠭᠤᠷᠢᠨ ᠳᠤ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠴᠢᠷᠮᠠᠶᠢᠨ ᠰᠠᠶᠢᠲᠤᠷ ᠡᠷᠬᠢᠯᠡᠬᠦ ᠪᠠᠷ ᠬᠠᠷᠠᠯᠲᠠ ᠪᠣᠯᠭᠠᠵᠤ᠂ ᠤᠬᠠᠮᠰᠠᠷ ᠠᠴᠠ ᠪᠠᠨ ᠰᠤᠷᠭᠠᠨ ᠬᠥᠮᠦᠵᠢᠯ ᠤᠨ ᠠᠵᠢᠯ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠵᠤ᠂ ᠶᠣᠰᠣ ᠰᠤᠷᠲᠠᠬᠤᠨ ᠢ ᠪᠤᠢ ᠪᠣᠯᠭᠠᠵᠤ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠪᠢᠴᠢᠭ ᠵᠢᠭᠠᠵᠤ ᠬᠥᠮᠥᠨ ᠢ ᠬᠥᠮᠥᠵᠢᠭᠦᠯᠬᠦ ᠡᠭᠦᠷᠭᠡ ᠶᠢ ᠦᠢᠯᠡᠳᠦᠯᠭᠡᠵᠢᠭᠦᠯᠵᠦ᠂ ᠪᠦᠬᠦ ᠬᠤᠳᠠ ᠶᠢᠨ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠠᠢ᠃
   ᠭᠤᠣᠯ ᠰᠡᠳᠦᠪᠲᠦ ᠬᠥᠮᠦᠵᠢᠯ ᠤᠨ ᠳᠤᠮᠳᠠ᠂ ᠤᠯᠠᠭᠠᠨᠬᠤᠲᠠ ᠰᠠᠭᠤᠷᠢ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ︽ᠲᠣᠭᠲᠠᠭᠰᠠᠨ ᠬᠥᠳᠡᠯᠭᠡᠭᠡᠨ︾  ᠢ ᠦᠷᠭᠦᠯᠵᠢᠯᠡᠨ ᠰᠠᠶᠢᠲᠤᠷ ᠬᠢᠵᠦ᠂ ᠱᠠᠩᠬᠠᠢ ᠶᠢᠨ ᠵᠧᠨ ᠠᠢ ᠬᠦᠰᠡᠯ ᠵᠡᠭᠦᠳᠦ ᠶᠢᠨ ᠨᠡᠶᠢᠲᠡ ᠶᠢᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ ᠲᠠᠢ ᠲᠦᠷᠤᠯ ᠵᠤᠶᠢᠯ ᠢ ᠵᠣᠯᠭᠠᠭᠤᠯᠵᠤ᠂ ᠪᠦᠬᠦ ᠬᠤᠳᠠ ᠶᠢᠨ 5 ᠰᠤᠷᠭᠠᠭᠤᠯᠢ ᠳᠤ ᠬᠦᠰᠡᠯ ᠵᠡᠭᠦᠳᠦ ᠶᠢᠨ ᠬᠢᠴᠢᠶᠡᠯ ᠤᠨ ᠭᠡᠷ ᠪᠠᠶᠢᠭᠤᠯᠵᠤ᠂ ᠬᠦᠰᠡᠯ ᠵᠡᠭᠦᠳᠦ ᠶᠢᠨ ᠬᠢᠴᠢᠶᠡᠯ ᠢ ᠣᠷᠣᠭᠤᠯᠵᠤ᠂ ︽ᠬᠦᠰᠡᠯ ᠵᠡᠭᠦᠳᠦ ᠶᠢᠨ ᠲᠥᠪ︾  ᠢ ᠬᠡᠪ ᠴᠢᠨᠠᠷ ᠤᠨ ᠰᠤᠷᠭᠠᠨ ᠬᠥᠮᠦᠵᠢᠯ ᠳᠣᠣᠷᠠᠬᠢ ᠰᠤᠷᠤᠭᠴᠢᠳ ᠤᠨ ᠡᠷᠡᠭᠦᠯ ᠢᠶᠠᠷ ᠦᠰᠦᠨ ᠪᠣᠶᠢᠵᠢᠬᠤ ᠴᠡᠩᠭᠡᠯ ᠤᠨ ᠣᠷᠣᠨ ᠪᠣᠯᠭᠠᠪᠠ᠃    ᠤᠯᠠᠭᠠᠨᠬᠤᠲᠠ ᠪᠠᠰᠠ ᠪᠣᠳᠠᠲᠠᠢ ᠳᠤ ᠰᠠᠭᠤᠷᠢᠯᠠᠨ᠂ ᠲᠤᠷᠰᠢᠯᠭ᠎ᠠ ᠪᠠᠨ ᠳ᠋ᠦᠩᠨᠡᠵᠦ᠂ ᠵᠢᠮ᠎ᠡ ᠶᠣᠰᠣ ᠶᠢ ᠵᠢᠷᠤᠮᠯᠠᠨ᠂ ᠰᠤᠷᠭᠠᠭᠤᠯᠢ ᠶᠢᠨ ᠲᠣᠰ ᠪᠡᠶ᠎ᠡ ᠶᠢᠨ ᠳᠠᠯᠳᠠ ᠬᠦᠴᠦᠨ ᠢᠶᠠᠨ ᠦᠷᠭᠦᠯᠵᠢᠯᠡᠨ ᠠᠭᠤᠳᠠᠯᠵᠤ᠂ ᠡᠯ᠎ᠡ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠥᠪᠡᠷᠮᠢᠴᠡ ᠣᠨᠴᠠᠯᠢᠭ ᠲᠠᠢ ᠬᠢᠯᠠᠰ ᠴᠡᠭ ᠢ ᠪᠣᠶ ᠪᠣᠯᠭᠠᠪᠠ᠃ ᠤᠯᠠᠭᠠᠨᠬᠤᠲᠠ ᠶᠢᠨ ᠶᠢᠰᠦᠳᠦᠭᠡᠷ ᠳᠤᠮᠳᠠᠳᠤ ᠰᠤᠷᠭᠠᠭᠤᠯᠢ ︽ᠡᠷᠡᠭᠦᠯ ᠡᠩᠬᠡ ᠶᠢ ᠲᠡᠷᠢᠭᠦᠨ ᠳᠤ ᠲᠠᠯᠪᠢᠵᠤ ᠡᠶ᠎ᠡ ᠵᠣᠬᠢᠴᠠᠯ ᠲᠠᠢ ᠬᠥᠭᠵᠢᠬᠦ︾ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠢ ᠪᠣᠶ ᠪᠣᠯᠭᠠᠵᠤ᠂ ᠠᠯᠠᠭᠠᠳᠠᠬᠤ ᠪᠥᠮᠪᠦᠭᠡ ᠶᠢᠨ ᠬᠥᠳᠡᠯᠭᠡᠭᠡᠨ ᠢ ᠨᠢᠭᠡ ᠵᠦᠢᠯ ᠤᠨ ᠬᠠᠮᠲᠤᠯᠢᠭ ᠤᠨ ᠬᠥᠳᠡᠯᠭᠡᠭᠡᠨ ᠪᠣᠯᠭᠠᠨ ᠬᠥᠭᠵᠢᠭᠦᠯᠬᠦ ᠶᠢᠨ ᠬᠠᠮᠲᠤ ᠠᠯᠬᠤᠮ ᠠᠯᠬᠤᠮ ᠢᠶᠠᠷ ᠭᠦᠨᠵᠡᠭᠡᠶᠢᠷᠡᠭᠦᠯᠦᠨ᠂ ᠪᠠᠭᠰᠢ ᠰᠤᠷᠤᠭᠴᠢᠳ ᠢ ᠵᠢᠭᠠᠨ ᠰᠤᠷᠭᠠᠯᠲᠠ ᠬᠠᠷᠢᠯᠴᠠᠨ ᠳᠡᠭᠡᠭᠰᠢᠯᠡᠭᠰᠡᠨ ᠰᠠᠭᠤᠷᠢᠨ ᠳᠡᠭᠡᠷ᠎ᠡ ᠢᠯᠡ ᠲᠣᠳᠣ ᠰᠤᠷᠭᠠᠭᠤᠯᠢ ᠡᠷᠭᠢᠯᠡᠬᠦ ᠬᠡᠪ ᠨᠠᠮᠪᠠ ᠲᠠᠢ ᠪᠣᠯᠭᠠᠵᠤ᠂ ᠡᠭᠦᠨ ᠤ ᠤᠯᠠᠮ ᠢᠶᠠᠷ ᠬᠡᠪ ᠴᠢᠨᠠᠷ ᠤᠨ ᠰᠤᠷᠭᠠᠨ ᠬᠥᠮᠦᠵᠢᠯ ᠢ ᠭᠦᠨᠵᠡᠭᠡᠶᠢᠷᠡᠭᠦᠯᠦᠨ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠪᠡ᠃
   ᠡᠭᠦᠨ ᠤ ᠬᠠᠮᠲᠤ᠂ ᠤᠯᠠᠭᠠᠨᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠪᠠᠰᠠ ᠭᠤᠣᠯ ᠰᠡᠳᠦᠪᠲᠦ ᠰᠤᠷᠭᠠᠨ ᠬᠥᠮᠦᠵᠢᠯ ᠤᠨ ᠲᠠᠯ᠎ᠠ ᠪᠠᠷ ᠨᠠᠷᠢᠨ ᠲᠠᠯ᠎ᠠ ᠠᠴᠠ ᠭᠠᠷᠳᠠᠵᠤ᠂ ᠪᠣᠳᠠᠲᠠᠢ ᠪᠠᠷ ᠬᠦᠴᠦ ᠣᠷᠣᠭᠤᠯᠤᠨ᠂ ᠳᠤᠲᠠᠭᠤᠳᠠᠯ ᠢᠶᠠᠨ ᠨᠥᠬᠦᠪᠦᠷᠢᠯᠡᠵᠦ᠂ ᠪᠠᠭᠤᠷᠠᠢ ᠲᠠᠯ᠎ᠠ ᠪᠠᠨ ᠬᠦᠴᠤᠷᠭᠡᠭᠵᠢᠬᠦᠯᠤᠨ᠂ ᠰᠠᠭᠤᠷᠢ ᠪᠠᠨ ᠪᠠᠬᠢᠵᠢᠭᠦᠯᠵᠦ᠂ 2023 ᠣᠨ ᠳᠤ ᠣᠯᠠᠨ ᠤᠳᠠᠭᠠᠨ ᠤ ᠪᠣᠯᠪᠠᠰᠤᠷᠠᠯ᠂  ᠰᠣᠯᠢᠯᠴᠠᠭ᠎ᠠ᠂ ᠦᠵᠡᠭᠦᠯᠭᠡ ᠶᠢᠨ ᠠᠵᠢᠯᠯᠠᠭ᠎ᠠ ᠶᠢ ᠡᠷᠭᠢᠯᠡᠵᠦ᠂ ᠨᠡᠶᠢᠲᠡ 1000 ᠭᠠᠷᠤᠢ ᠬᠥᠮᠥᠨ ᠤᠳᠠᠭ᠎ᠠ ᠣᠷᠣᠯᠴᠠᠵᠠᠢ᠃
   ᠤᠯᠠᠭᠠᠨᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠯᠢᠦ ᠯᠢ ᠢᠯᠡᠷᠬᠡᠶᠢᠯᠡᠬᠦ ᠳᠡᠭᠡᠨ᠂ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠤᠯᠠᠭᠠᠨᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠭᠤᠣᠯ ᠰᠡᠳᠦᠪᠲᠦ ᠬᠥᠮᠦᠵᠢᠯ ᠢ ᠭᠤᠣᠯ ᠠᠵᠢᠯ ᠲᠠᠢ ᠨᠢᠭᠡᠳᠦᠯᠲᠡᠢ ᠲᠥᠯᠥᠪᠵᠢᠭᠦᠯᠬᠦ ᠶᠢ ᠪᠠᠷᠢᠮᠲᠠᠯᠠᠵᠤ᠂ ᠰᠤᠷᠤᠭᠰᠠᠨ ᠢᠶᠠᠨ ᠬᠡᠷᠡᠭᠯᠡᠬᠦ᠂ ᠮᠡᠳᠡᠬᠦᠢ ᠬᠢᠬᠦᠢ ᠪᠠᠨ ᠨᠢᠭᠡᠳᠬᠡᠬᠦ ᠶᠢ ᠪᠠᠷᠢᠮᠲᠠᠯᠠᠵᠤ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠶᠢ ᠴᠢᠬᠤᠯᠠᠴᠢᠯᠠᠵᠤ᠂ ᠰᠤᠷᠭᠠᠨ ᠬᠥᠮᠦᠵᠢᠯ ᠤᠨ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠪᠠ ᠰᠢᠨ᠎ᠡ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠪᠤᠢ ᠪᠣᠯᠭᠠᠵᠤ᠂ ᠪᠦᠬᠦ ᠬᠤᠲᠠ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠲᠡᠢ ᠠᠬᠢᠭᠤᠯᠵᠠᠢ ᠭᠡᠪᠡ᠃
 
ᠢᠷᠡᠯᠲᠡ᠄ ᠤᠯᠠᠭᠠᠨᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号