ᠠᠩᠬᠠᠳᠤᠭᠠᠷ ᠬᠤᠭᠤᠴᠠᠭᠠᠨ ᠤ ᠰᠤᠯᠠ ᠪᠠᠶᠢᠭ᠎ᠠ ᠣᠷᠣᠨ ᠰᠠᠭᠤᠴᠠ ᠶᠢᠨ ᠭᠠᠵᠠᠷ ︵ᠬᠥᠳᠡᠭᠡ ᠲᠣᠰᠬᠤᠨ ᠤ ᠭᠡᠷ ᠪᠠᠶᠢᠰᠢᠩ︶ ᠤᠨ ᠬᠤᠳᠠᠯᠳᠤᠭᠠᠴᠢᠨ ᠤᠷᠢᠬᠤ ᠲᠠᠨᠢᠯᠴᠠᠭᠤᠯᠭ᠎ᠠ ᠶᠢᠨ ᠬᠤᠷᠠᠯ ᠬᠢᠭᠰᠡᠨ ᠤᠯᠠᠭᠠᠨᠬᠤᠳᠠ  ᠶᠢᠨ ᠲᠤᠬᠠᠢ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2024/1/9
   ᠣᠷᠣᠨ ᠰᠠᠭᠤᠴᠠ ᠶᠢᠨ ᠭᠠᠵᠠᠷ ᠤᠨ ᠳᠦᠷᠢᠮ ᠤᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠥᠷᠭᠡᠳᠬᠡᠵᠦ᠂ ᠣᠷᠣᠨ ᠰᠠᠭᠤᠴᠠ ᠶᠢᠨ ᠭᠠᠵᠠᠷ ᠤᠨ ᠡᠳ᠋ ᠬᠥᠷᠥᠩᠭᠡ ᠶᠢᠨ ᠰᠢᠨᠵᠢ ᠴᠢᠨᠠᠷ ᠢ ᠭᠦᠢᠴᠡᠳ ᠪᠠᠳᠠᠷᠠᠭᠤᠯᠤᠨ᠂ ᠣᠷᠣᠨ ᠰᠠᠭᠤᠴᠠ ᠶᠢᠨ ᠭᠠᠵᠠᠷ ᠤᠨ ᠳᠦᠷᠢᠮ ᠤᠨ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠪᠠᠷ ᠰᠢᠪᠲᠤᠯᠤᠯᠲᠠ ᠪᠣᠯᠭᠠᠵᠤ᠂ ᠡᠯ᠎ᠡ ᠲᠥᠷᠥᠯ ᠤᠨ ᠠᠵᠤ ᠠᠬᠤᠶᠢᠯᠠᠯ᠂ ᠴᠢᠳᠠᠪᠤᠷᠢᠲᠠᠨ᠂ ᠬᠤᠲᠠ ᠶᠢᠨ ᠠᠷᠠᠳ ᠢ ᠬᠥᠳᠡᠭᠡ ᠪᠠᠭᠤᠯᠭᠠᠵᠤ ᠪᠡᠯᠡ ᠣᠷᠣᠭᠤᠯᠤᠨ ᠠᠵᠤ ᠦᠢᠯᠡᠰ ᠢ ᠬᠥᠭᠵᠢᠭᠦᠯᠬᠦ ᠶᠢᠨ ᠲᠥᠯᠥᠭᠡ᠂ 1 ᠰᠠᠷ᠎ᠠ ᠶᠢᠨ 6 ᠤ ᠡᠳᠦᠷ᠂ ᠤᠯᠠᠭᠠᠨᠬᠤᠲᠠ ᠠᠩᠬᠠᠳᠤᠭᠠᠷ ᠬᠤᠭᠤᠴᠠᠭᠠᠨ ᠤ ᠰᠤᠯᠠ ᠪᠠᠶᠢᠭ᠎ᠠ ᠣᠷᠣᠨ ᠰᠠᠭᠤᠴᠠ ᠶᠢᠨ ᠭᠠᠵᠠᠷ ︵ᠲᠠᠷᠢᠶᠠᠴᠢᠨ ᠤ ᠭᠡᠷ ᠪᠠᠶᠢᠰᠢᠩ︶ ᠤᠨ ᠬᠤᠳᠠᠯᠳᠤᠭᠠᠴᠢᠨ ᠤᠷᠢᠬᠤ ᠲᠠᠨᠢᠯᠴᠠᠭᠤᠯᠭ᠎ᠠ ᠶᠢᠨ ᠬᠤᠷᠠᠯ ᠬᠤᠷᠠᠯᠳᠤᠭᠤᠯᠵᠤ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠶᠢᠩ ᠺᠦᠨ ᠵᠢᠴᠢ ᠬᠠᠮᠢᠶ᠎ᠠ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠵᠠᠢ᠃
   ᠲᠠᠨᠢᠯᠴᠠᠭᠤᠯᠭ᠎ᠠ ᠶᠢᠨ ᠬᠤᠷᠠᠯ ᠳᠡᠭᠡᠷ᠎ᠡ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠶᠢᠩ ᠺᠦᠨ ᠪᠠᠶᠠᠷ ᠤᠨ ᠦᠭᠡ ᠬᠡᠯᠡᠵᠡᠢ᠃ ᠬᠤᠲᠠ ᠶᠢᠨ ᠣᠷᠣᠨ ᠰᠠᠭᠤᠴᠠ ᠶᠢᠨ ᠭᠠᠵᠠᠷ ᠤᠨ ᠥᠭᠡᠷᠡᠴᠢᠯᠡᠯᠲᠡ ᠶᠢᠨ ᠠᠯᠪᠠᠨ ᠭᠡᠷ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠣᠷᠣᠨ ᠰᠠᠭᠤᠴᠠ ᠶᠢᠨ ᠭᠠᠵᠠᠷ ᠤᠨ ᠳᠦᠷᠢᠮ ᠤᠨ ᠥᠭᠡᠷᠡᠴᠢᠯᠡᠯᠲᠡ᠂ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ ᠣᠷᠣᠭᠤᠯᠬᠤ ᠵᠡᠷᠭᠡ ᠲᠥᠷᠥ ᠶᠢᠨ ᠪᠤᠳᠤᠯᠭ᠎ᠠ ᠳᠤ ᠲᠠᠶᠢᠯᠤᠮᠵᠢ ᠬᠢᠵᠠᠢ᠃ ᠡᠯ᠎ᠡ ᠪᠠᠯᠭᠠᠰᠤ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠰᠤᠯᠠ ᠪᠠᠶᠢᠭ᠎ᠠ ᠣᠷᠣᠨ ᠰᠠᠭᠤᠴᠠ ᠶᠢᠨ ᠭᠠᠵᠠᠷ ︵ᠬᠥᠳᠡᠭᠡ ᠲᠣᠰᠬᠤᠨ ᠤ ᠭᠡᠷ ᠪᠠᠶᠢᠰᠢᠩ︶ ᠤᠨ ᠲᠠᠨᠢᠯᠴᠠᠭᠤᠯᠭ᠎ᠠ ᠬᠢᠵᠠᠢ᠃ ᠠᠵᠤ ᠠᠬᠤᠶᠢᠯᠠᠯ ᠤᠨ ᠲᠥᠯᠥᠭᠡᠯᠡᠭᠴᠢ ᠲᠠᠷᠢᠶᠠᠴᠢᠨ ᠡᠷᠦᠬᠡ ᠲᠠᠢ ᠭᠡᠷ᠎ᠡ ᠲᠣᠭᠲᠠᠭᠰᠠᠨ ᠤ ᠳᠠᠷᠠᠭ᠎ᠠ ᠬᠤᠷᠠᠯ ᠳᠡᠭᠡᠷ᠎ᠡ ᠶᠠᠷᠢᠶ᠎ᠠ ᠲᠠᠯᠪᠢᠪᠠ᠃
   ︽ᠪᠢᠳᠡ ᠬᠤᠲᠠ ᠶᠢᠨ ᠣᠷᠣᠨ ᠰᠠᠭᠤᠴᠠ ᠶᠢᠨ ᠭᠠᠵᠠᠷ ᠤᠨ ᠲᠤᠬᠠᠢ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠣᠶᠢᠯᠠᠭᠠᠭᠰᠠᠨ ᠤ ᠳᠠᠷᠠᠭ᠎ᠠ᠂ ᠲᠡᠷᠡ ᠳᠠᠷᠤᠢ ᠳᠤᠨᠢ ᠰᠠᠨ ᠾᠧ ᠲᠤᠰᠬᠤᠨ ᠤ ᠬᠠᠷᠢᠭᠤᠴᠠᠯᠭᠠᠲᠠᠨ ᠲᠠᠢ ᠬᠠᠷᠢᠯᠴᠠᠵᠤ᠂ ᠬᠠᠷᠢᠭᠤᠴᠠᠯᠭᠠᠲᠠᠨ ᠪᠢᠳᠡᠨ ᠢ ᠳᠠᠭᠠᠭᠤᠯᠤᠨ ᠲᠣᠬᠢᠷᠠᠮᠵᠢᠲᠠᠢ ᠬᠦᠷᠢᠶ᠎ᠡ ᠬᠠᠰᠢᠶ᠎ᠠ ᠶᠢ ᠰᠣᠩᠭᠤᠨ ᠲᠣᠭᠲᠠᠭᠠᠪᠠ᠃ ᠲᠠᠷᠠᠭᠠᠴᠢ ᠪᠠᠷ᠂  ᠪᠢᠳᠡ ᠰᠠᠨ ᠾᠧ ᠲᠣᠰᠬᠤᠨ ᠤ ᠴᠢᠨᠠᠷ ᠰᠠᠶᠢᠲᠠᠢ ᠲᠠᠯᠠᠪᠠᠢ ᠶᠢ ᠠᠰᠢᠭᠯᠠᠵᠤ᠂ ᠭᠡᠷ ᠪᠦᠯᠢ ᠶᠢᠨ ᠬᠠᠮᠲᠤᠪᠠᠷ ᠡᠳ᠋ᠯᠡᠬᠦ ᠨᠣᠭᠤᠭ᠎ᠠ ᠶᠢᠨ ᠬᠦᠷᠢᠶᠡᠯᠡᠩ ᠢ ᠪᠠᠶᠢᠭᠤᠯᠵᠤ᠂ ᠪᠦᠬᠦ ᠬᠤᠳᠠ ᠶᠢᠨ ᠵᠠᠯᠠᠭᠤᠴᠤᠳ ᠪᠠᠭᠠᠴᠤᠳ ᠲᠤ ᠲᠠᠷᠢᠶᠠᠨ ᠠᠵᠢᠯ ᠤᠨ ᠰᠤᠳᠤᠯᠤᠨ ᠰᠤᠷᠤᠯᠴᠠᠬᠤ ᠲᠤᠷᠰᠢᠯᠲᠠ ᠶᠢᠨ ᠰᠠᠭᠤᠷᠢᠨ ᠬᠠᠩᠭᠠᠬᠤ ᠶᠢᠨ ᠬᠠᠮᠲᠤ᠂ ᠪᠠᠰᠠ ᠬᠥᠳᠡᠯᠮᠦᠷᠢ ᠶᠢᠨ ᠬᠥᠮᠦᠵᠢᠯ ᠤᠨ ᠦᠢᠯᠡᠳᠦᠯᠭᠡ ᠶᠢᠨ ᠰᠠᠭᠤᠷᠢᠨ ᠭᠠᠵᠠᠷ ᠢ ᠪᠠᠶᠢᠭᠤᠯᠤᠨ᠎ᠠ︾ ᠭᠡᠵᠦ ᠬᠢᠩᠭᠠᠨ ᠠᠶᠢᠮᠠᠭ ᠤᠨ ᠰᠢᠶᠣᠣ ᠮᠠ ᠢ ᠰᠤᠷᠭᠠᠨ ᠬᠥᠮᠦᠵᠢᠯ ᠤᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠬᠦ᠋ ᠱᠤᠸᠠᠩ ᠬᠡᠯᠡᠪᠡ᠃
 
ᠢᠷᠡᠯᠲᠡ᠄ ᠤᠯᠠᠭᠠᠨᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号