ᠬᠢᠩᠭᠠᠨ ᠠᠶᠢᠮᠠᠭ ᠤᠨ ᠵᠠᠬᠢᠷᠭ᠎ᠠ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/15
   10 ᠰᠠᠷ᠎ᠠ ᠶᠢᠨ 9 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠢ ᠵᠢᠢ ᠱᠦᠨ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ᠂ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠵᠢᠭᠠᠵᠦ ᠭᠠᠷᠭᠠᠭᠰᠠᠨ ᠨᠢ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠲᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠦ ᠴᠤᠭᠴᠠᠯᠠᠬᠤ ᠪᠠᠷ ᠡᠯ᠎ᠡ ᠲᠥᠷᠥᠯ ᠤᠨ ᠠᠵᠢᠯ ᠤᠨ ᠢᠶᠠᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠭᠦᠨᠵᠡᠭᠡᠶᠢᠷᠡᠭᠦᠯᠵᠦ᠂ ᠦᠨᠳᠦᠰᠦᠲᠡᠨ ᠨᠦᠭᠦᠳ ᠤᠨ ᠬᠠᠮᠲᠤᠪᠠᠷ ᠬᠥᠭᠵᠢᠬᠦ᠂ ᠬᠠᠮᠲᠤᠪᠠᠷ ᠴᠢᠨᠡᠭᠡᠯᠢᠭᠵᠢᠬᠦ ᠶᠢ ᠠᠬᠢᠭᠤᠯᠬᠤ ᠬᠡᠷᠡᠭᠲᠡᠢ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠬᠠᠷᠢᠭᠤᠴᠠᠯᠭ᠎ᠠ ᠶᠢ ᠡᠷᠡᠰ ᠨᠠᠶᠢᠳᠠᠪᠤᠷᠢᠵᠢᠭᠤᠯᠬᠤ ᠬᠡᠷᠡᠭᠲᠡᠢ᠃ ᠠᠵᠤ ᠠᠬᠤᠶᠢᠯᠠᠯ ᠯᠤᠭ᠎ᠠ ᠶᠢᠨ ᠨᠡᠪᠲᠡᠷᠡᠯᠴᠡᠭᠡ ᠰᠣᠯᠢᠯᠴᠠᠭᠠᠨ ᠤ ᠲᠣᠭᠲᠠᠴᠠ ᠶᠢ ᠪᠠᠶᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠠᠵᠤ ᠠᠬᠤᠶᠢᠯᠠᠯᠲᠠᠨ ᠤ ᠶᠠᠷᠢᠯᠴᠠᠬᠤ ᠬᠤᠷᠠᠯ ᠢ ᠬᠤᠷᠠᠯᠳᠤᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠶᠢᠯᠠᠯ ᠤᠨ ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠢᠲᠡᠭᠡᠯ ᠵᠣᠷᠢᠭ ᠢ ᠬᠥᠪᠴᠢᠯᠡᠵᠦ᠂ ᠠᠵᠤ ᠠᠬᠤᠶᠢᠯᠠᠯ ᠤᠨ ᠰᠢᠯᠢᠳᠡᠭᠵᠢᠨ ᠬᠦᠴᠦᠷᠬᠡᠭᠵᠢᠬᠦ ᠳᠤ ᠬᠦᠴᠦᠨ ᠨᠡᠮᠡᠷᠢᠯᠡᠬᠦ ᠬᠡᠷᠡᠭᠲᠡᠢ ᠭᠡᠪᠡ᠃     ︵ᠵᠠᠩ ᠴᠢᠶᠠᠩ   ᠤᠭ᠍ᠶᠦ︶
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号