ᠰᠢᠨᠴᠧᠩ ᠵᠡᠭᠡᠯᠢ ︽ᠠᠨᠠᠷ ᠤᠨ ᠦᠷ᠎ᠡ︾ ᠶᠢᠨ ᠬᠥᠷᠰᠢ ᠵᠡᠷᠭᠡᠯᠡᠳᠡᠭᠡ ᠶᠢᠨ ᠰᠣᠶᠣᠯ ᠤᠨ ᠨᠠᠶᠢᠷ ᠬᠢᠵᠠᠢ
ᠨᠡᠶᠢᠲᠡᠯᠡᠭᠰᠡᠨ ᠴᠠᠭ᠄
2024/10/15
   ᠠᠷᠪᠠᠨ ᠰᠠᠷ᠎ᠠ ᠶᠢᠨ ᠨᠢᠭᠡᠨ ᠤ ᠠᠮᠠᠷᠠᠯᠳᠠ ᠠᠴᠠ ᠡᠮᠦᠨᠡᠭᠡᠨ᠂ ᠤᠯᠠᠭᠠᠨᠬᠤᠳᠠ ᠶᠢᠨ ᠰᠢᠨᠴᠸᠡᠭ ᠵᠡᠭᠡᠯᠢ ᠶᠢᠨ ᠭᠡᠷᠡᠭ ᠡᠷᠬᠢᠯᠡᠬᠦ ᠭᠠᠵᠠᠷ ︽ᠡᠯᠪᠡᠭ ᠬᠤᠷᠢᠶᠠᠯᠲᠠ ᠶᠢ ᠪᠡᠯᠭᠡᠯᠡᠨ ᠤᠯᠤᠰ ᠤᠨ ᠪᠠᠶᠠᠷ ᠢ ᠤᠭᠲᠤᠬᠤ︾ ᠰᠢᠨᠴᠸᠡᠭ ᠵᠡᠭᠡᠯᠢ ᠶᠢᠨ ᠭᠤᠷᠪᠠᠳᠤᠭᠠᠷ ᠬᠤᠭᠤᠴᠠᠭᠠᠨ ᠤ ︽ᠠᠨᠠᠷ ᠤᠨ ᠦᠷ᠎ᠡ︾ ᠶᠢᠨ ᠬᠥᠷᠰᠢ ᠵᠡᠷᠭᠡᠯᠡᠳᠡᠭᠡ ᠶᠢᠨ ᠰᠣᠶᠣᠯ ᠤᠨ ᠨᠠᠶᠢᠷ ᠵᠢᠴᠢ ︽ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ︾ ᠤᠨ ᠠᠵᠢᠯᠯᠠᠭ᠎ᠠ ᠦᠷᠨᠢᠬᠦᠯᠵᠦ᠂ ᠬᠠᠷᠢᠶᠠᠲᠤ ᠣᠷᠣᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠢ ᠨᠢᠭᠡ ᠲᠠᠩᠬᠢᠮ ᠳᠤ ᠴᠤᠭᠯᠠᠷᠠᠭᠤᠯᠤᠨ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢ ᠬᠠᠮᠲᠤ ᠪᠠᠷ ᠪᠡᠯᠭᠡᠯᠡᠪᠡ᠃   ᠠᠵᠢᠯᠯᠠᠭ᠎ᠠ ᠳᠤ᠂ ᠤᠯᠠᠭᠠᠨᠬᠤᠳᠠ ᠶᠢᠨ ᠰᠢᠨᠴᠧᠩ ᠵᠡᠭᠡᠯᠢ ᠶᠢᠨ ᠬᠡᠷᠡᠭ ᠡᠷᠬᠢᠯᠡᠬᠦ ᠭᠠᠵᠠᠷ ᠤᠨ ᠦᠨᠳᠦᠰᠦᠳᠡᠨ ᠨᠦᠭᠦᠳ ᠤᠨ ᠰᠠᠭᠤᠭᠠᠯᠢ ᠠᠷᠠᠳ ᠦᠨᠳᠦᠰᠦᠳᠡᠨ ᠤ ᠬᠤᠪᠴᠠᠰᠦ ᠵᠠᠰᠠᠯ ᠢᠶᠠᠷ ᠢᠶᠠᠨ ᠭᠤᠶᠤᠯᠠᠨ᠂ ᠦᠨᠳᠦᠰᠦᠳᠡᠨ ᠤ ᠤᠨᠴᠠᠯᠢᠬᠳᠦ ᠤᠷᠠᠨ ᠰᠠᠶᠢᠬᠠᠨ ᠤ ᠳᠤᠬᠯᠠᠯᠳᠠ ᠭᠠᠷᠭᠠᠵᠦ᠂ ᠪᠦᠬᠦ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠬᠳᠠᠬᠰᠠᠨ 75 ᠵᠢᠯ ᠤᠨ ᠤᠢ ᠶᠢᠨ ᠪᠠᠶᠠᠷ ᠢ ᠪᠡᠯᠭᠡᠯᠡᠨ᠂ ᠳᠤᠮᠳᠠᠳᠤ ᠶᠢᠨ ᠦᠨᠳᠦᠰᠦᠳᠡᠨ ᠨᠢᠭᠡᠨ ᠭᠡᠷ ᠤᠨ ᠬᠦᠮᠦᠨ ᠮᠡᠳᠦ ᠳᠤᠳᠤᠨᠤᠰᠤᠬ ᠪᠠᠶᠢᠬᠤ ᠶᠢ ᠢᠯᠡᠷᠡᠬᠦᠯᠦᠭᠰᠡᠨ ᠪᠠᠶᠢᠨ᠎ᠠ᠃ ᠪᠠᠰᠠ ᠰᠠᠭᠤᠭᠠᠯᠢ ᠠᠷᠠᠳ ᠢ ᠳᠡᠭᠡᠰᠦ ᠳᠠᠳᠠᠬᠤ᠂ ᠡᠷᠳᠡᠨᠢ ᠰᠢᠰᠢ ᠲᠤᠮᠤᠬᠤ ᠵᠡᠷᠭᠡ ᠳᠤᠷ᠎ᠠ ᠰᠤᠨᠢᠷᠬᠠᠯᠳᠦ ᠳᠤᠬᠯᠠᠭᠠᠮ ᠳᠤ ᠤᠷᠤᠯᠴᠠᠭᠤᠯᠵᠦ᠂ ᠡᠯᠪᠡᠭ ᠬᠤᠷᠢᠶᠠᠯᠳᠠ ᠶᠢᠨ ᠪᠠᠶᠠᠷ ᠢ ᠬᠠᠮᠳᠦ ᠪᠠᠷ ᠪᠡᠯᠭᠡᠯᠡᠭᠰᠡᠨ ᠪᠠᠶᠢᠯ᠎ᠠ᠃    ᠳᠤᠰ ᠤᠳᠠᠭᠠᠨ ᠤ ︽ᠠᠨᠠᠷ ᠤᠨ ᠦᠷ᠎ᠡ︾ ᠬᠥᠷᠰᠢ ᠵᠡᠷᠭᠡᠯᠡᠳᠡᠭᠡ ᠶᠢᠨ ᠰᠣᠶᠣᠯ ᠤᠨ ᠨᠠᠶᠢᠷ ᠰᠢᠨᠴᠸᠡᠭ ᠵᠡᠭᠡᠯᠢ ᠶᠢᠨ ᠰᠠᠭᠤᠭᠠᠯᠢ ᠠᠷᠠᠳ ᠤᠨ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠦᠭᠰᠡᠨ ᠢᠶᠠᠷ ᠪᠠᠷᠠᠬᠤ ᠥᠬᠡᠶ ᠬᠥᠷᠰᠢ ᠵᠡᠷᠭᠡᠯᠡᠳᠡᠭᠡ ᠶᠢᠨ ᠬᠤᠭᠤᠷᠣᠨᠳᠣᠬᠢ ᠶᠠᠪᠤᠯᠴᠠᠭ᠎ᠠ ᠰᠣᠯᠢᠯᠴᠠᠭ᠎ᠠ ᠡᠭᠤᠰᠤᠯᠴᠠᠭ᠎ᠠ ᠶᠢ ᠴᠤ ᠠᠬᠢᠭᠤᠯᠵᠠᠢ᠃       ︵ᡁᠢ ᠮᠢᠨ   ᠴᠢᠮᠡᠭᠡᠯᠡᠭᠴᠢ︶
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号