ᠤᠯᠠᠭᠠᠨᠬᠤᠳᠠ ᠶᠢᠨ ᠡᠮᠴᠢᠯᠡᠬᠡᠨ ᠤ ᠬᠠᠮᠳᠤ ᠶᠢᠨ ᠴᠤᠬᠴᠠ ᠶᠢᠨ ᠶᠡᠷᠦᠩᠭᠡᠢ ᠬᠤᠷᠢᠶ᠎ᠠ ᠶᠢᠨ ᠬᠤᠳᠠ ᠶᠢᠨ ᠲᠡᠬᠦᠷᠭᠡ ᠨᠡᠶᠢᠬᠡᠮ ᠲᠤᠭᠤᠷᠢᠭ ᠤᠨ ᠬᠤᠪᠢᠶᠠᠷᠢ ᠬᠤᠷᠢᠶ᠎ᠠ ᠴᠢᠰᠦᠨ ᠲᠠᠷᠦᠯᠳᠠ ᠦᠨᠳᠦᠷ ᠡᠪᠡᠳᠴᠢᠨ ᠢ ᠰᠡᠷᠭᠡᠶᠢᠯᠡᠬᠦ ᠮᠡᠳᠡᠯᠭᠡ ᠶᠢ ᠤᠯᠠᠨ ᠲᠦᠮᠡᠨ ᠳᠤ ᠤᠬᠠᠭᠤᠯᠪᠡ
ᠨᠡᠶᠢᠲᠡᠯᠡᠭᠰᠡᠨ ᠴᠠᠭ᠄
2024/10/22
   10 ᠰᠠᠷ᠎ᠠ ᠶᠢᠨ 8 ᠤ ᠡᠳᠦᠷ ᠪᠤᠯ ᠬᠤᠷᠢᠨ ᠲᠤᠯᠤᠳᠡᠬᠢ ︽ᠪᠦᠬᠦ ᠤᠯᠤᠰ ᠤᠨ ᠴᠢᠰᠦᠨ ᠲᠠᠷᠦᠯᠳᠠ ᠦᠨᠳᠦᠷ ᠡᠪᠡᠳᠴᠢᠨ ᠢ ᠰᠡᠷᠭᠡᠶᠢᠯᠡᠬᠦ ᠡᠳᠦᠷ︾ ᠪᠤᠯᠤᠨ᠎ᠠ᠃ ᠴᠢᠰᠦᠨ ᠲᠠᠷᠦᠯᠳᠠ ᠦᠨᠳᠦᠷ ᠡᠪᠡᠳᠴᠢᠨ ᠢ ᠰᠡᠷᠬᠡᠶᠢᠯᠡᠨ ᠵᠠᠰᠠᠬᠤ ᠮᠡᠳᠡᠯᠬᠡ ᠶᠢ ᠦᠷᠬᠡᠨ ᠢᠶᠠᠷ ᠤᠬᠠᠭᠤᠯᠵᠦ᠂ ᠤᠯᠠᠨ ᠲᠦᠮᠡᠨ ᠳᠤ ᠴᠢᠰᠦᠨ ᠲᠠᠷᠦᠯᠳᠠ ᠪᠠᠨ ᠬᠡᠮᠵᠢᠬᠦ ᠶᠢᠨ ᠴᠢᠬᠤᠯᠠ ᠴᠢᠨᠠᠷ ᠢ ᠮᠡᠳᠡᠬᠦᠯᠬᠦ ᠶᠢᠨ ᠲᠦᠯᠦᠬᠡ᠂ ᠤᠶᠢᠷ᠎ᠠ ᠳᠤ᠂ ᠤᠯᠠᠭᠠᠨᠬᠤᠳᠠ ᠶᠢᠨ ᠡᠮᠴᠢᠯᠡᠬᠡᠨ ᠤ ᠬᠠᠮᠳᠤ ᠶᠢᠨ ᠴᠤᠬᠴᠠ ᠶᠢᠨ ᠶᠡᠷᠦᠩᠭᠡᠢ ᠬᠤᠷᠢᠶ᠎ᠠ ᠶᠢᠨ ᠬᠤᠳᠠ ᠶᠢᠨ ᠲᠡᠬᠦᠷᠭᠡ ᠨᠡᠶᠢᠬᠡᠮ ᠲᠤᠭᠤᠷᠢᠭ ᠤᠨ ᠬᠤᠪᠢᠶᠠᠷᠢ ᠬᠤᠷᠢᠶ᠎ᠠ ᠶᠢᠨ ᠡᠮᠴᠢᠯᠡᠬᠡᠨ ᠤ ᠠᠵᠢᠯᠳᠠᠳ ᠭᠠᠢ ᠶᠠ ᠬᠤᠸᠠ ᠶᠤᠸᠠᠨ ᠪᠠᠭ᠎ᠠ ᠲᠤᠭᠤᠷᠢᠭ ᠲᠤ ︽ᠴᠢᠰᠦᠨ ᠲᠠᠷᠦᠯᠳᠠ ᠦᠨᠳᠦᠷ ᠡᠪᠡᠳᠴᠢᠨ ᠢ ᠤᠶᠢᠯᠠᠭᠠᠬᠤᠢ︾ ᠭᠤᠤᠯ ᠰᠡᠳᠤᠪᠳᠤ ᠡᠷᠡᠬᠦᠯ ᠮᠡᠨᠳᠤ ᠶᠢᠨ ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠵᠡᠢ᠃    ᠡᠮᠴᠢᠯᠡᠬᠡᠨ ᠤ ᠠᠵᠢᠯᠳᠠᠳ ᠤᠯᠠᠨ ᠲᠦᠮᠡᠨ ᠤ ᠴᠢᠰᠦᠨ ᠲᠠᠷᠦᠯᠳᠠ ᠶᠢ ᠬᠡᠮᠵᠢᠵᠦ᠂ ᠲᠤᠰᠬᠠᠢ ᠮᠡᠷᠬᠡᠵᠢᠯ ᠤᠨ ᠠᠰᠠᠭᠤᠨ ᠯᠠᠪᠯᠠᠯᠳᠠ ᠪᠠ ᠡᠮ ᠬᠡᠷᠡᠭᠯᠡᠬᠦ ᠵᠢᠯᠤᠭᠤᠳᠤᠯᠭ᠎ᠠ ᠬᠠᠨᠭ᠍ᠭᠠᠬᠰᠠᠨ ᠪᠦᠭᠡᠳ ᠤᠬᠠᠭᠤᠯᠭ᠎ᠠ ᠶᠢᠨ ᠬᠠᠭᠤᠳᠠᠰᠦ ᠲᠠᠷᠬᠠᠭᠠᠵᠦ᠂ ᠴᠢᠰᠦᠨ ᠲᠠᠷᠦᠯᠳᠠ ᠦᠨᠳᠦᠷ ᠡᠪᠡᠳᠴᠢᠨ ᠢ ᠰᠡᠷᠬᠡᠶᠢᠯᠡᠨ ᠵᠠᠰᠠᠬᠤ ᠮᠡᠳᠡᠯᠬᠡ ᠶᠢ ᠤᠯᠠᠨ ᠲᠦᠮᠡᠨ ᠳᠤ ᠤᠶᠢᠯᠠᠭᠠᠭᠤᠯᠵᠠᠢ᠃              ︵ᠵᠢᠶᠠᠨ ᠬᠤᠸᠠ   ᠬᠠᠨ᠎ᠠ︶  
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号