ᠤᠯᠠᠭᠠᠨᠬᠤᠳᠠ ᠶᠢᠨ ᠡᠮᠴᠢᠯᠡᠭᠡᠨ ᠤ ᠬᠠᠮᠳᠦ ᠶᠢᠨ ᠴᠤᠬᠴᠠ ᠶᠢᠨ ᠶᠡᠷᠦᠩᠭᠡᠢ ᠬᠤᠷᠢᠶ᠎ᠠ ᠶᠢᠨ ᠡᡁᠧ ᠫᠢᠡᠭ ᠨᠡᠶᠢᠭᠡᠮ ᠳᠤᠭᠤᠷᠢᠬ ᠤᠨ ᠬᠤᠪᠢᠶᠠᠷᠢ ᠬᠤᠷᠢᠶ᠎ᠠ ᠠᠯᠪᠠᠨ ᠵᠢᠷᠤᠮ ᠤᠨ ᠡᠮᠴᠢᠯᠡᠭᠡᠨ ᠬᠢᠵᠠᠢ
ᠨᠡᠶᠢᠲᠡᠯᠡᠭᠰᠡᠨ ᠴᠠᠭ᠄
2024/10/22
   ᠪᠡᠶ᠎ᠠ ᠰᠡᠳᠬᠢᠴᠡ ᠶᠢᠨ ᠡᠷᠡᠬᠦᠯ ᠴᠢᠬᠢᠷᠠᠬ ᠪᠤᠯᠤᠨ ᠤᠶᠤᠨ ᠮᠡᠳᠡᠷᠡᠯ ᠤᠨ ᠡᠷᠡᠬᠦᠯ ᠬᠠᠮᠠᠭᠠᠯᠠᠯ ᠤᠨ ᠮᠡᠳᠡᠯᠭᠡ ᠶᠢ ᠲᠦᠭᠡᠮᠡᠯᠵᠢᠬᠦᠯᠤᠨ᠂ ᠰᠠᠭᠤᠭᠠᠯᠢ ᠠᠷᠠᠳ ᠤᠨ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠤᠬᠠᠮᠰᠠᠷ ᠢ ᠳᠡᠭᠡᠭᠰᠢᠯᠡᠬᠦᠯᠬᠦ ᠪᠠᠷ᠂ 10 ᠰᠠᠷ᠎ᠠ ᠶᠢᠨ 11 ᠤ ᠡᠳᠦᠷ ᠤᠯᠠᠭᠠᠨᠬᠤᠳᠠ ᠶᠢᠨ ᠡᠮᠴᠢᠯᠡᠭᠡᠨ ᠤ ᠬᠠᠮᠳᠦ ᠶᠢᠨ ᠴᠤᠬᠴᠠ ᠶᠢᠨ ᠶᠡᠷᠦᠩᠭᠡᠢ ᠬᠤᠷᠢᠶ᠎ᠠ ᠶᠢᠨ ᠡᡁᠧ ᠫᠢᠡᠭ ᠨᠡᠶᠢᠭᠡᠮ ᠳᠤᠭᠤᠷᠢᠬ ᠤᠨ ᠬᠤᠪᠢᠶᠠᠷᠢ ᠬᠤᠷᠢᠶ᠎ᠠ ᠶᠢᠨ ᠬᠢᠨ ᠡᠮᠦᠨ᠎ᠠ ᠪᠢᠨ ᠡᡁᠧ ᠨᠡᠶᠢᠭᠡᠮ ᠳᠤᠭᠤᠷᠢᠬ ᠲᠤ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡᠨ ᠬᠢᠵᠠᠢ᠃    ᠡᡁᠧ ᠫᠢᠡᠭ ᠨᠡᠶᠢᠭᠡᠮ ᠳᠤᠭᠤᠷᠢᠬ ᠤᠨ ᠬᠤᠪᠢᠶᠠᠷᠢ ᠬᠤᠷᠢᠶ᠎ᠠ ᠶᠢᠨ ᠡᠮᠴᠢ ᠠᠵᠢᠯᠳᠡᠨ ᠰᠠᠭᠤᠭᠠᠯᠢ ᠠᠷᠠᠳ ᠤᠨ ᠴᠢᠰᠤᠨ ᠳᠠᠷᠤᠯᠳᠠ ᠪᠠ ᠴᠢᠰᠤᠨ ᠰᠢᠬᠢᠷ ᠢ ᠲᠤᠬᠠᠢ ᠶᠢᠨ ᠲᠠᠯᠠᠪᠠᠢ ᠳᠤ ᠭᠡᠮᠵᠢᠨ ᠦᠭᠬᠦ ᠶᠢᠨ ᠬᠠᠮᠳᠦ ᠤᠳᠤᠬᠢ ᠬᠦᠮᠦᠰ ᠲᠤ ᠦᠷᠬᠦᠯᠵᠢ ᠳᠤᠬᠢᠶᠠᠯᠳᠤᠵᠦ ᠪᠠᠶᠢᠭ᠎ᠠ ᠭᠠᠨᠭ᠍ᠰᠠᠷᠠᠬᠤ ᠭᠡᠮ᠂ ᠨᠦᠢᠷ ᠬᠤᠯᠵᠢᠬᠤ ᠵᠡᠷᠭᠡ ᠪᠡᠶ᠎ᠠ ᠰᠡᠳᠬᠢᠴᠡ ᠶᠢᠨ ᠡᠪᠡᠳᠴᠢᠨ ᠡᠮᠭᠡᠭ ᠲᠤ ᠰᠢᠨᠵᠢᠯᠡᠬᠦ ᠤᠬᠠᠭᠠᠨᠴᠢ ᠳᠠᠶᠢᠯᠪᠤᠷᠢᠯᠠᠯ ᠬᠢᠵᠦ᠂ ᠪᠡᠶ᠎ᠠ ᠰᠡᠳᠬᠢᠴᠡ ᠪᠠᠨ ᠵᠦᠪ ᠤᠨᠤᠴᠠᠳᠠᠢ ᠳᠠᠶᠢᠳᠬᠤᠷᠠᠭᠤᠯᠤᠨ ᠳᠤᠬᠢᠷᠠᠭᠤᠯᠬᠤ ᠠᠷᠭ᠎ᠠ ᠠᠪᠴᠠᠯ ᠢ ᠤᠯᠠᠮᠵᠢᠯᠠᠬᠰᠠᠨ ᠪᠠᠶᠢᠨ᠎ᠠ᠃    ᠳᠤᠰ ᠤᠳᠠᠭ᠎ᠠ 30 ᠭᠠᠷᠤᠢ ᠬᠦᠮᠦᠨ ᠳᠤ ᠠᠯᠪᠠᠨ ᠵᠢᠷᠤᠮ ᠤᠨ ᠡᠮᠴᠢᠯᠡᠭᠡ ᠬᠢᠵᠦ᠂ 100 ᠭᠠᠷᠤᠢ ᠬᠤᠪᠢ ᠤᠬᠠᠭᠤᠯᠭ᠎ᠠ ᠶᠢᠨ ᠬᠠᠭᠤᠳᠠᠰᠦ ᠳᠠᠷᠬᠠᠭᠠᠪᠠ᠃ ᠤᠯᠠᠭᠠᠨᠬᠤᠳᠠ ᠶᠢᠨ ᠡᠮᠴᠢᠯᠡᠭᠡᠨ ᠤ ᠬᠠᠮᠳᠦ ᠶᠢᠨ ᠴᠤᠬᠴᠠ ᠶᠢᠨ ᠶᠡᠷᠦᠩᠭᠡᠢ ᠬᠤᠷᠢᠶ᠎ᠠ ᠶᠢᠨ ᠡᡁᠧ ᠫᠢᠡᠭ ᠨᠡᠶᠢᠭᠡᠮ ᠳᠤᠭᠤᠷᠢᠬ ᠤᠨ ᠬᠤᠪᠢᠶᠠᠷᠢ ᠬᠤᠷᠢᠶ᠎ᠠ ᠲᠠᠷᠠᠭᠠᠴᠢ ᠪᠠᠷ ᠤᠯᠠᠨ ᠲᠦᠮᠡᠨ ᠤ ᠪᠡᠶ᠎ᠠ ᠰᠡᠳᠬᠢᠴᠡ ᠪᠠ ᠤᠶᠤᠨ ᠮᠡᠳᠡᠷᠡᠯ ᠤᠨ ᠪᠠᠶᠢᠳᠡᠯ ᠳᠤ ᠦᠷᠬᠦᠯᠵᠢᠯᠡᠨ ᠠᠩᠬᠠᠷᠤᠯ ᠢᠶᠠᠨ ᠬᠠᠨᠳᠤᠭᠤᠯᠵᠦ ᠂ ᠪᠡᠶ᠎ᠠ ᠰᠡᠳᠬᠢᠴᠡ ᠪᠠᠨ ᠰᠢᠨᠵᠢᠯᠡᠬᠦ ᠤᠬᠠᠭᠠᠨᠴᠢ ᠪᠠᠷ ᠳᠠᠶᠢᠳᠬᠤᠷᠠᠭᠤᠯᠤᠨ ᠳᠤᠬᠢᠷᠠᠭᠤᠯᠬᠤ ᠲᠤᠬᠠᠢ ᠡᠮᠴᠢᠯᠡᠭᠡ ᠬᠠᠨᠭ᠍ᠭᠠᠬᠤ ᠪᠤᠯᠤᠨ᠎ᠠ᠃  ︵ᡁᠢ ᠮᠢᠨ   ᠬᠦᠸᠧ ᠳ᠋ᠠᠨ︶  
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号