2024 ᠣᠨ ᠤ ᠳᠡᠭᠡᠷ᠎ᠡ ᠬᠠᠭᠠᠰ ᠵᠢᠯ ᠳᠤ ᠤᠯᠠᠭᠠᠨᠬᠤᠲᠠ ᠶᠢᠨ GDP ᠠᠳᠠᠯᠢ ᠬᠤᠭᠤᠴᠠᠭᠠᠨ ᠤ ᠬᠢ ᠠᠴᠠ 4.1% ᠪᠠᠷ ᠨᠡᠮᠡᠭᠳᠡᠪᠡ
ᠨᠡᠶᠢᠲᠡᠯᠡᠭᠰᠡᠨ ᠴᠠᠭ᠄
2024/10/22
  ᠬᠤᠰᠢᠭᠤ ᠰᠢᠶᠠᠨ ᠬᠤᠲᠠ ᠶᠢᠨ ᠲᠡᠰ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠢᠭᠡᠳᠦᠯᠲᠡᠶ ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ 2024 ᠣᠨ ᠤ ᠳᠡᠭᠡᠷ᠎ᠡ ᠬᠠᠭᠠᠰ ᠵᠢᠯ ᠳᠤ᠂ ᠤᠯᠠᠭᠠᠨᠬᠤᠲᠠ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 113.14 ᠳ᠋ᠦᠩᠰᠢᠭᠤᠷ ᠲᠥᠭᠦᠷᠢᠭ ᠲᠤ ᠬᠦᠷᠴᠦ᠂ ᠥᠯᠥ ᠬᠤᠪᠢᠷᠠᠭᠤᠯᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 4.1% ᠪᠠᠷ ᠨᠡᠮᠡᠭᠳᠡᠪᠡ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 2.12 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.8% ᠪᠠᠷ ᠨᠡᠮᠡᠭᠳᠡᠪᠡ᠃ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 56.07 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.7% ᠪᠠᠷ ᠪᠠᠭᠤᠷᠠᠪᠠ᠃ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 54.95 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.2% ᠢᠶᠠᠷ ᠨᠡᠮᠡᠭᠳᠡᠪᠡ᠃
 
ᠢᠷᠡᠯᠲᠡ᠄ ᠲᠤᠭ᠎ᠠ ᠪᠦᠷᠢᠳᠭᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号