| ᠬᠤᠶᠠᠳᠤᠭᠠᠷ ᠤᠯᠠᠷᠢᠯ ᠳᠤ᠂ ᠪᠦᠬᠦ ᠬᠤᠲᠠ ᠶᠢᠨ ᠪᠦᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ | ᠡᠵᠡᠮᠳᠡᠵᠦ ᠪᠣᠯᠬᠤ ᠣᠷᠣᠯᠭ᠎ᠠ 16397 ᠲᠥᠭᠦᠷᠢᠭ ᠢ ᠪᠡᠶᠡᠯᠡᠭᠦᠯᠵᠦ᠂ ᠪᠦᠬᠦ ᠠᠶᠢᠮᠠᠭ ᠤᠨ ᠳᠤᠮᠳᠠᠴᠢ ᠬᠢᠷᠢ | ᠲᠦᠪᠰᠢᠨ ᠠᠴᠠ 2819 ᠲᠥᠭᠦᠷᠢᠭ ᠥᠨᠳᠥᠷ ᠪᠣᠯᠵᠤ᠂ ᠠᠳᠠᠯᠢ ᠬᠤᠭᠤᠴᠠᠭᠠᠨ ᠤ ᠬᠢ ᠠᠴᠠ 6.9% ᠪᠠᠷ | ᠨᠡᠮᠡᠭᠳᠡᠪᠡ᠃ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ | ᠡᠵᠡᠮᠳᠡᠵᠦ ᠪᠣᠯᠬᠤ ᠣᠷᠣᠯᠭ᠎ᠠ 22330 ᠲᠥᠭᠦᠷᠢᠭ ᠢ ᠪᠡᠶᠡᠯᠡᠭᠦᠯᠵᠦ᠂ ᠪᠥᠬᠦ ᠠᠶᠢᠮᠠᠭ ᠤᠨ ᠳᠤᠮᠳᠠᠴᠢ ᠬᠢᠷᠢ | ᠲᠦᠪᠰᠢᠨ ᠠᠴᠠ 1915 ᠲᠥᠭᠦᠷᠢᠭ ᠥᠨᠳᠥᠷ ᠪᠣᠯᠵᠣ᠂ ᠠᠳᠠᠯᠢ ᠬᠤᠭᠤᠴᠠᠭᠠᠨ ᠤ ᠬᠢ ᠠᠴᠠ 4.9% ᠪᠠᠷ | ᠨᠡᠮᠡᠭᠳᠡᠵᠦ᠂ ᠶᠡᠷᠦᠩᠬᠡᠶ ᠬᠡᠮᠵᠢᠶ᠎ᠡ ᠨᠢ ᠪᠥᠬᠦ ᠠᠶᠢᠮᠠᠭ ᠤᠨ ᠨᠢᠭᠡᠳᠦᠭᠡᠷ ᠲᠤ ᠣᠷᠣᠵᠤ᠂ ᠨᠡᠮᠡᠭᠳᠡᠯ ᠤᠨ ᠬᠤᠷᠳᠤᠴᠠ ᠨᠢ | ᠪᠥᠬᠦ ᠠᠶᠢᠮᠠᠭ ᠤᠨ ᠳᠥᠷᠪᠡᠳᠦᠭᠡᠷ ᠲᠤ ᠣᠷᠣᠪᠠ︔ ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠰᠠᠭᠤᠭᠠᠯᠢ | ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 9282 ᠲᠥᠭᠦᠷᠢᠭ ᠢ ᠪᠡᠶᠡᠯᠡᠭᠦᠯᠵᠦ᠂ ᠪᠥᠬᠦ | ᠠᠶᠢᠮᠠᠭ ᠤᠨ ᠳᠤᠮᠳᠠᠴᠢ ᠬᠢᠷᠢ ᠲᠦᠪᠰᠢᠨ ᠠᠴᠠ 1915 ᠲᠥᠭᠦᠷᠢᠭ ᠥᠨᠳᠥᠷ ᠪᠣᠯᠵᠣ᠂ ᠠᠳᠠᠯᠢ | ᠬᠤᠭᠤᠴᠠᠭᠠᠨ ᠤ ᠬᠢ ᠠᠴᠠ 8.0% ᠢᠶᠠᠷ ᠨᠡᠮᠡᠭᠳᠡᠵᠦ᠂ ᠶᠡᠷᠦᠩᠬᠡᠶ ᠬᠡᠮᠵᠢᠶ᠎ᠡ ᠨᠢ ᠪᠥᠬᠦ ᠠᠶᠢᠮᠠᠭ ᠤᠨ ᠨᠢᠭᠡᠳᠦᠭᠡᠷ ᠲᠤ | ᠣᠷᠣᠵᠤ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ ᠲᠠᠪᠤᠳᠤᠭᠠᠷ ᠲᠤ ᠣᠷᠣᠪᠠ᠃ |