1 - 7 ᠰᠠᠷ᠎ᠠ ᠳᠤ᠂ ᠮᠠᠨ ᠤ ᠬᠤᠲᠠ ᠶᠢᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠤᠨ ᠲᠣᠪᠴᠢ ᠵᠠᠳᠠᠯᠤᠯᠲᠠ
ᠨᠡᠶᠢᠲᠡᠯᠡᠭᠰᠡᠨ ᠴᠠᠭ᠄
2024/10/22
   1 - 7 ᠰᠠᠷ᠎ᠠ ᠳᠤ᠂ ᠮᠠᠨ ᠤ ᠬᠤᠲᠠ ᠶᠢᠨ ᠪᠥᠬᠦ ᠰᠢᠰᠲ᠋ᠧᠮ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 57.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.9% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ ᠬᠤᠶᠠᠳᠤᠭᠠᠷ ᠲᠤ ᠵᠢᠭᠰᠠᠭᠠᠭᠳᠠᠪᠠ᠃ ᠡᠭᠦᠨ ᠳᠤ᠄ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠡᠷᠡᠭᠯᠡᠭᠡᠨ ᠤ ᠵᠤᠶᠢᠯ  ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 20.11 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 16.0% ᠪᠠᠷ ᠨᠡᠮᠡᠭᠳᠡᠪᠡ᠃   ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠵᠢᠵᠢᠭᠯᠡᠨ ᠬᠤᠳᠠᠯᠳᠤᠬᠤ ᠨᠡᠮᠡᠭᠳᠡᠯ ᠢ ᠲᠤᠯᠭᠠᠭᠤᠷᠢᠯᠠᠭᠰᠠᠨ ᠭᠤᠤᠯ ᠠᠵᠢᠯ ᠲᠥᠷᠥᠯ ᠭᠡᠪᠡᠯ᠄ ᠴᠢᠯᠠᠭᠤᠨ ᠲᠣᠰᠣ ᠵᠢᠴᠢ ᠪᠦᠲᠦᠭᠡᠭᠳᠡᠬᠦᠨ ᠤ ᠲᠥᠷᠥᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 14.5% ᠪᠠᠷ ᠨᠡᠮᠡᠭᠳᠡᠪᠡ᠃ ᠮᠠᠰᠢᠨ ᠲᠡᠷᠭᠡᠨ ᠤ ᠲᠥᠷᠥᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 24.2% ᠢᠶᠠᠷ ᠨᠡᠮᠡᠭᠳᠡᠪᠡ᠂ ᠴᠢᠮᠡᠭᠡ ᠬᠤᠯᠪᠣᠭᠠᠨ ᠤ ᠪᠠᠭᠠᠵᠢ ᠬᠡᠷᠡᠭᠰᠡᠯ ᠤᠨ ᠲᠥᠷᠥᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 821.3% ᠪᠠᠷ ᠨᠡᠮᠡᠭᠳᠡᠪᠡ᠃
 
ᠢᠷᠡᠯᠲᠡ᠄ ᠲᠤᠭ᠎ᠠ ᠪᠦᠷᠢᠳᠭᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号