| 1 - 7 ᠰᠠᠷ᠎ᠠ ᠳᠤ᠂ ᠮᠠᠨ ᠤ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠦᠢᠯᠡᠳᠬᠦᠨ ᠤ ᠶᠡᠷᠦᠩᠬᠡᠶ ᠥᠷᠲᠡᠭ 129.0 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 14.7% ᠪᠠᠷ ᠪᠠᠭᠤᠷᠠᠪᠠ᠃ ᠮᠠᠨ ᠤ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 0.2% ᠢᠶᠠᠷ ᠨᠡᠮᠡᠭᠳᠡᠵᠦ᠂ ᠪᠥᠬᠦ | ᠠᠶᠢᠮᠠᠭ ᠤᠨ ᠳᠥᠷᠪᠡᠳᠦᠭᠡᠷ ᠲᠤ ᠵᠢᠭᠰᠠᠭᠠᠭᠳᠠᠪᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠦᠢᠯᠡᠳᠬᠦᠨ ᠤ ᠪᠣᠷᠣᠯᠠᠭᠤᠯᠤᠯᠲᠠ ᠶᠢᠨ ᠨᠣᠷᠮ᠎ᠠ ᠨᠡᠶᠢᠲᠡ 98.3% ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 2.0 ᠵᠠᠭᠤᠨ ᠤ ᠨᠢᠭᠡᠴᠢ ᠪᠠᠷ ᠪᠠᠭᠤᠷᠠᠪᠠ᠃ |