ᠵᠢᠯ ᠪᠦᠷᠢ ᠶᠢᠨ 10 ᠰᠠᠷ᠎ᠠ ᠪᠣᠯ ᠳᠡᠯᠡᠬᠡᠢ ᠶᠢᠨ ︽ᠬᠥᠬᠦᠨ ᠪᠤᠯᠴᠢᠷᠬᠠᠢ ᠶᠢᠨ ᠥᠮᠡᠨ ᠢ ᠰᠡᠷᠭᠡᠶᠢᠯᠡᠨ ᠵᠠᠰᠠᠬᠤ | ᠰᠠᠷ᠎ᠠ︾ ᠪᠤᠯᠤᠨ᠎ᠠ᠃ ᠣᠶᠢᠷ᠎ᠠ ᠶᠢᠨ ᠵᠢᠯ ᠳᠤ᠂ ᠪᠥᠬᠦ ᠳᠡᠯᠡᠬᠡᠢ ᠶᠢᠨ ᠬᠥᠬᠦᠨ ᠪᠤᠯᠴᠢᠷᠬᠠᠢ ᠶᠢᠨ ᠥᠮᠡᠨ ᠤ | ᠡᠪᠡᠳᠴᠢᠯᠡᠬᠦ ᠨᠣᠷᠮ᠎ᠠ ᠢᠮᠠᠭᠲᠠ ᠥᠨᠳᠥᠷ ᠪᠠᠶᠢᠵᠦ᠂ ᠬᠥᠬᠦᠨ ᠪᠤᠯᠴᠢᠷᠬᠠᠢ ᠶᠢᠨ ᠥᠮᠡᠨ ᠨᠢ ᠡᠮᠡᠭᠲᠡᠢ ᠶᠢᠨ ᠬᠤᠣᠷᠲᠤ | ᠬᠠᠪᠤᠳᠠᠷ ᠢᠶᠠᠷ ᠡᠪᠡᠳᠴᠢᠯᠡᠬᠦ ᠨᠣᠷᠮ᠎ᠠ ᠶᠢᠨ ᠲᠡᠷᠢᠭᠦᠨ ᠳᠤ ᠵᠢᠭᠰᠠᠭᠠᠭᠳᠠᠵᠠᠢ᠃ | ᠡᠨᠡ ᠵᠢᠯ ᠤᠨ ᠳᠡᠯᠡᠬᠡᠢ ᠶᠢᠨ ᠥᠮᠡᠨ ᠡᠪᠡᠳᠴᠢᠨ ᠤ ᠣᠯᠠᠨ ᠤᠯᠤᠰ ᠤᠨ ᠰᠤᠳᠤᠯᠭᠠᠨ ᠤ ᠲᠥᠪ ᠤᠨ | ᠨᠡᠶᠢᠲᠡᠯᠡᠭᠰᠡᠨ ᠪᠥᠬᠦ ᠳᠡᠯᠡᠬᠡᠢ ᠶᠢᠨ ᠬᠥᠬᠦᠨ ᠪᠤᠯᠴᠢᠷᠬᠠᠢ ᠶᠢᠨ ᠥᠮᠡᠨ ᠳᠤ ᠨᠡᠷᠪᠡᠭᠳᠡᠭᠰᠡᠳ 230 ᠲᠦᠮᠡ ᠪᠠᠶᠢᠵᠤ᠂ | ᠮᠠᠨ ᠤ ᠤᠯᠤᠰ ᠲᠤ 35.7 ᠲᠦᠮᠡ ᠪᠠᠶᠢᠨ᠎ᠠ᠃ | ᠬᠥᠬᠦᠨ ᠪᠤᠯᠴᠢᠷᠬᠠᠢ ᠶᠢᠨ ᠥᠮᠡᠨ ᠤ ᠡᠪᠡᠳᠴᠢᠯᠡᠬᠦ ᠨᠣᠷᠮ᠎ᠠ ᠨᠢ ᠬᠡᠳᠤᠶᠢᠪᠡᠷ ᠬᠡᠳᠦᠪᠡᠷ ᠥᠨᠳᠥᠷ ᠰᠢᠭ ᠪᠣᠯᠪᠠᠴᠤ | ᠡᠬᠢᠨ ᠤ ᠬᠤᠭᠤᠴᠠᠭᠠᠨ ᠳᠤ ᠡᠷᠳᠡᠬᠡᠨ ᠢᠯᠡᠷᠡᠬᠦᠯᠪᠡᠯ ᠡᠳᠡᠭᠡᠷᠡᠯᠲᠡ ᠶᠢᠨ ᠨᠣᠷᠮ᠎ᠠ ᠶᠢ ᠳᠡᠭᠡᠭᠰᠢᠯᠡᠭᠦᠯᠬᠦ ᠳᠤ | ᠰᠶᠢᠳᠪᠦᠷᠢᠯᠡᠬᠦ ᠴᠢᠨᠠᠷᠲᠠᠢ ᠦᠢᠯᠡᠳᠦᠯ ᠦᠵᠡᠭᠦᠯᠦᠨ᠎ᠡ᠃ ᠣᠳᠣᠬᠠᠨ ᠳᠤ ᠬᠥᠬᠦᠨ ᠪᠤᠯᠴᠢᠷᠬᠠᠢ ᠶᠢᠨ ᠥᠮᠡᠨ ᠢ ᠡᠮᠨᠡᠨ | ᠵᠠᠰᠠᠬᠤ ᠠᠷᠭ᠎ᠠ ᠪᠠᠷᠢᠯ ᠤᠯᠠᠨ ᠪᠠᠶᠢᠵᠤ᠂ ᠵᠠᠩᠭᠢᠯᠠᠭ᠎ᠠ ᠨᠢ ︽ᠡᠷᠲᠡ ᠢᠯᠡᠷᠡᠬᠦᠯᠵᠦ᠂ ᠡᠷᠲᠡ ᠣᠨᠣᠰᠢᠯᠠᠬᠤ᠂ ᠡᠷᠲᠡ | ᠡᠮᠨᠡᠨ ᠵᠠᠰᠠᠬᠤ︾ ᠳᠤ ᠪᠣᠢ᠃ | ᠹᠦᠳᠠᠨ ᠶᠡᠭᠡ ᠰᠤᠷᠭᠠᠭᠤᠯᠢ ᠶᠢᠨ ᠬᠠᠷᠢᠶᠠᠲᠤ ᠬᠠᠪᠤᠳᠠᠷ ᠤᠨ ᠡᠮᠨᠡᠯᠭᠡ ᠶᠢᠨ ᠬᠤᠷᠢᠶᠠᠨ ᠤ ᠬᠥᠬᠦᠨ | ᠪᠤᠯᠴᠢᠷᠬᠠᠢ ᠶᠢᠨ ᠭᠠᠳᠠᠷ ᠰᠠᠯᠠᠭᠠᠨ ᠤ ᠡᠷᠬᠢᠯᠡᠭᠴᠢ ᠱᠣᠤ ᡁᠢ ᠮᠢᠨ᠄ ︽40 ᠨᠠᠰᠤᠨ ᠠᠴᠠ ᠳᠡᠭᠡᠭᠰᠢᠬᠢ | ᠡᠮᠡᠭᠲᠡᠶᠢᠴᠦᠳ ᠵᠢᠯ ᠪᠦᠷᠢ ᠨᠢᠭᠡ ᠤᠳᠠᠭ᠎ᠠ ᠪᠡᠶ᠎ᠠ ᠶᠢᠨ ᠪᠠᠶᠢᠴᠠᠭᠠᠯᠳᠡ ᠬᠢᠪᠡᠯ ᠵᠤᠬᠢᠨ᠎ᠠ᠃ ᠪᠣᠶ ᠪᠦᠬᠦᠢ | ᠮᠠᠲ᠋ᠧᠷᠢᠶᠠᠯ ᠳᠤ ᠢᠯᠡᠷᠡᠭᠦᠯᠦᠭᠰᠡᠨ ᠢᠶᠠᠷ᠂ ᠰᠢᠭᠰᠢᠨ ᠪᠠᠶᠢᠴᠠᠭᠠᠯᠲᠠ ᠠᠴᠠ ᠣᠯᠵᠤ ᠮᠡᠳᠡᠭᠰᠡᠨ ᠬᠥᠬᠦᠨ ᠪᠤᠯᠴᠢᠷᠬᠠᠢ ᠶᠢᠨ | ᠥᠮᠡᠨ ᠨᠢ ᠰᠢᠭᠰᠢᠨ ᠪᠠᠶᠢᠴᠠᠭᠠᠯᠲᠠ ᠠᠴᠠ ᠣᠯᠵᠤ ᠮᠡᠳᠡᠭᠰᠡᠨ ᠦᠭᠡᠢ ᠬᠥᠬᠦᠨ ᠪᠤᠯᠴᠢᠷᠬᠠᠢ ᠶᠢᠨ ᠥᠮᠡᠨ ᠤ | ᠦᠬᠦᠯᠳᠡ ᠶᠢᠨ ᠨᠣᠷᠮ᠎ᠠ ᠶᠢ 30% ᠪᠠᠷ ᠪᠠᠭᠤᠷᠠᠭᠤᠯᠤᠨ᠎ᠠ︾ ᠬᠡᠵᠡᠢ᠃ |