ᠬᠢᠩᠭᠠᠨ ᠠᠶᠢᠮᠠᠭ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠠᠶᠢᠮᠠᠭ ᠤᠨ ᠨᠢᠭᠡᠳᠦᠮᠡᠯ ᠹᠷᠤᠨᠲ ᠤᠨ ᠬᠡᠯᠳᠡᠰ ᠲᠤ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2024/10/31
   ᠥᠢᠷ᠎ᠠ ᠳᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠬᠢᠩᠭᠠᠨ ᠠᠶᠢᠮᠠᠭ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠬᠦᠨ᠂ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠲᠡᠳ᠋ ᠵᠠᠬᠢᠷᠤᠯ ᠯᠢ ᠵᠦᠩ ᠬᠠᠢ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠲᠤ ᠤᠬᠠᠭᠤᠯᠤᠨ ᠲᠠᠶᠢᠯᠪᠤᠷᠢᠯᠠᠪᠠ᠃ ᠯᠢ ᠵᠥᠩ ᠬᠠᠶ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠳᠤ ᠲᠦᠷᠢᠮ ᠤᠨ ᠪᠠᠳᠤᠯᠠᠭ᠎ᠠ ᠬᠠᠩᠭᠠᠨ᠎ᠠ︾ ᠭᠡᠬᠦ ᠭᠤᠤᠯ ᠰᠡᠳᠦᠪ ᠢᠶᠠᠷ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠢ ᠬᠤᠷᠠᠯᠳᠤᠭᠤᠯᠤᠭᠰᠠᠨ ᠠᠯᠤᠰ ᠬᠡᠳᠦ ᠶᠢᠨ ᠠᠴᠢ ᠬᠤᠯᠪᠣᠭᠳᠠᠯ᠂ ᠭᠤᠣᠯ ᠠᠭᠤᠯᠭ᠎ᠠ ᠵᠢᠴᠢ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠬᠡᠷᠬᠢᠨ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠭᠤᠷᠢᠨ ᠳᠤ ᠰᠢᠰᠲ᠋ᠧᠮ ᠲᠠᠢ ᠲᠠᠶᠢᠯᠪᠤᠷᠢᠯᠠᠬᠰᠠᠨ ᠪᠠᠶᠢᠨ᠎ᠠ᠃    ᠤᠬᠠᠭᠤᠯᠤᠨ ᠲᠠᠶᠢᠯᠪᠤᠷᠢᠯᠠᠬᠤ ᠶᠢ ᠰᠤᠨᠤᠰᠤᠭᠰᠠᠨ ᠺᠠᠳ᠋ᠷ ᠠᠵᠢᠯᠳᠡᠳ ᠠᠴᠠ ᠲᠣᠰ ᠤᠳᠠᠭᠠᠨ ᠤ ᠲᠤᠰᠬᠠᠶ ᠰᠡᠳᠦᠪᠲᠦ ᠲᠠᠶᠢᠯᠪᠤᠷᠢᠯᠠᠯᠳᠠ ᠨᠢ ᠨᠠᠮ ᠤᠨ ᠲᠥᠪ ᠬᠤᠷᠢᠶᠠᠨ ᠤ ᠥᠭᠡᠷᠡᠴᠢᠯᠡᠯᠲᠡ ᠶᠢᠨ ᠵᠣᠷᠢᠯᠲᠠ ᠶᠢ ᠰᠠᠶᠢᠲᠤᠷ ᠣᠶᠢᠯᠠᠭᠠᠵᠤ᠂ ᠥᠭᠡᠷᠡᠴᠢᠯᠡᠯᠲᠡ ᠶᠢᠨ ᠴᠢᠭᠯᠡᠯ ᠢ ᠣᠨᠣᠴᠠᠲᠠᠶ ᠡᠵᠡᠮᠰᠢᠬᠦ ᠳᠤ ᠲᠦᠢᠯ ᠤᠨ ᠠᠰᠢᠭᠲᠠᠶ ᠭᠡᠵᠦ ᠢᠯᠡᠷᠭᠡᠶᠢᠯᠡᠵᠦ ᠪᠠᠶᠢᠯ᠎ᠠ᠃          ︵ᠢᠤᠢ ᠲᠢᠶᠠᠨ ᠢᠤᠢ   ᠰᠡᠷᠭᠦᠯᠡᠩ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号