ᠰᠦᠬᠡ ᠪᠦᠯᠬᠦᠮ ᠳᠠᠭᠠᠭᠤᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠢᠩᠬᠢᠮ ᠳᠤᠪᠴᠢᠶ᠎ᠠ ᠲᠠᠢ ᠠᠵᠢᠯ ᠢᠶᠠᠨ ᠵᠤᠯᠭᠠᠭᠤᠯᠵᠠᠢ
ᠨᠡᠶᠢᠲᠡᠯᠡᠭᠰᠡᠨ ᠴᠠᠭ᠄
2024/10/31
   10 ᠰᠠᠷ᠎ᠠ ᠶᠢᠨ 29 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠰᠦᠬᠡ ᠪᠦᠯᠬᠦᠮ ᠳᠠᠭᠠᠭᠤᠯᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠵᠡᠷᠭᠡ ᠨᠢᠭᠡᠴᠢ ᠪᠠᠷ ᠬᠦᠷᠴᠦ ᠠᠵᠢᠯ ᠢᠶᠠᠨ ᠵᠣᠯᠭᠠᠭᠤᠯᠤᠨ ᠢᠳᠡᠪᠬᠢᠲᠡᠶ ᠪᠠᠷ ᠳᠡᠮᠵᠢᠯᠭᠡ ᠤᠯᠬᠤ ᠪᠠᠷ ᠴᠢᠷᠮᠠᠶᠢᠪᠠ᠃    ᠰᠤᠷᠪᠤᠯᠵᠢᠯᠠᠭ᠎ᠠ ᠶᠢᠨ ᠶᠠᠪᠤᠴᠠ ᠳᠤ᠂ ᠰᠦᠬᠡ ᠥᠪᠡᠷᠲᠡᠭᠡᠨ ᠵᠠᠰᠠᠬᠤ ᠣᠷᠣᠨ ᠤ ᠲᠢᠩᠬᠢᠮ ᠲᠣᠪᠴᠢᠶ᠎ᠠ ᠶᠢᠨ ᠪᠠᠶᠢᠭᠤᠯᠭ᠎ᠠ ᠶᠢᠨ ᠤᠷᠲᠤ ᠬᠤᠭᠤᠴᠠᠭᠠᠨ ᠤ ᠲᠤᠷᠰᠢ ᠬᠢᠩᠭᠠᠨ ᠠᠶᠢᠮᠠᠭ ᠲᠤ ᠦᠵᠡᠭᠦᠯᠦᠭᠰᠡᠨ ᠳᠡᠮᠵᠢᠯᠭᠡ ᠬᠠᠪᠰᠤᠷᠤᠯᠭ᠎ᠠ ᠳᠤ ᠲᠠᠯᠠᠷᠬᠠᠵᠤ ᠪᠠᠶᠢᠬᠤ ᠰᠡᠳᠬᠢᠯᠭᠡ ᠪᠠᠨ ᠢᠯᠡᠳᠭᠡᠵᠦ᠂ ᠡᠭᠦᠨ ᠤ ᠬᠠᠮᠲᠤ ᠥᠪᠡᠷᠲᠡᠭᠡᠨ ᠵᠠᠰᠠᠬᠤ ᠣᠷᠣᠨ ᠤ ᠲᠢᠩᠬᠢᠮ ᠲᠣᠪᠴᠢᠶ᠎ᠠ ᠶᠢᠨ ᠪᠠᠶᠢᠭᠤᠯᠭ᠎ᠠ ᠠᠴᠠ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ᠂ ᠨᠢᠭᠲᠠᠷᠠᠭᠰᠠᠨ ᠬᠡᠯᠪᠡᠷᠢ ᠶᠢᠨ ᠰᠢᠶᠠᠨ ᠤ ᠬᠡᠪᠴᠢᠶᠡᠨ ᠤ ᠡᠮ ᠡᠮᠨᠡᠯᠭᠡ ᠶᠢᠨ ᠬᠠᠮᠲᠤ ᠶᠢᠨ ᠴᠣᠭᠴᠠ ᠶᠢ ᠪᠥᠲᠥᠭᠡᠨ ᠪᠠᠶᠢᠭᠤᠯᠬᠤ᠂ ᠡᠮᠴᠢᠯᠡᠭᠡᠨ ᠤ ᠠᠪᠤᠷᠠᠨ ᠲᠤᠰᠠᠯᠠᠬᠤ ᠪᠠ ᠡᠮ ᠡᠮᠨᠡᠯᠬᠡ ᠶᠢᠨ ᠳᠠᠭᠠᠳᠬᠠᠯ ᠤᠨ ᠴᠢᠳᠠᠪᠤᠷᠢ ᠶᠢ ᠳᠡᠭᠡᠭᠰᠢᠯᠡᠭᠦᠯᠬᠦ᠂ ︽ᠬᠤᠶᠠᠷ ᠣᠷᠣᠨ ᠨᠢᠭᠡ ᠴᠣᠩᠬᠤᠪᠴᠢ︾ ᠶᠢᠨ ᠪᠥᠲᠥᠭᠡᠨ ᠪᠠᠶᠢᠭᠤᠯᠤᠯᠲᠠ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠶᠢ ᠳᠥᠯᠭᠢᠨ ᠠᠬᠢᠭᠤᠯᠬᠤ ᠵᠡᠷᠭᠡ ᠲᠠᠯ᠎ᠠ ᠪᠠᠷ ᠬᠢᠩᠭᠠᠨ ᠠᠶᠢᠮᠠᠭ ᠲᠤ ᠤᠯᠠᠮ ᠨᠢᠭᠡ ᠠᠯᠬᠤᠮ ᠳᠡᠮᠵᠢᠯᠭᠡ ᠪᠠ ᠬᠠᠷᠠᠭᠠᠯᠵᠠᠯ ᠦᠵᠡᠭᠦᠯᠬᠦ ᠶᠢ ᠬᠦᠰᠡᠵᠦ ᠪᠠᠶᠢᠨ᠎ᠠ ᠭᠡᠵᠡᠢ᠃    ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠲᠢᠩᠬᠢᠮ ᠲᠣᠪᠴᠢᠶ᠎ᠠ ᠶᠢᠨ ᠬᠠᠷᠢᠭᠤᠴᠠᠯᠭᠠᠲᠠᠨ ᠨᠥᠬᠦᠳ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠬᠥᠭᠵᠢᠯᠲᠡ ᠶᠢᠨ ᠬᠡᠷᠡᠭᠴᠡᠭᠡ ᠶᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠪᠠᠨ ᠴᠢᠩᠭᠠᠳᠬᠠᠨ᠂ ᠬᠢᠩᠭᠠᠨ ᠠᠶᠢᠮᠠᠭ ᠤᠨ ᠴᠢᠨᠠᠷ ᠰᠠᠶᠢᠲᠠᠶ ᠬᠥᠭᠵᠢᠯᠲᠡ ᠳᠤ ᠲᠠᠰᠤᠷᠠᠯᠲᠠ ᠥᠬᠡᠶ ᠬᠦᠴᠦᠲᠡᠶ ᠳᠡᠮᠵᠢᠯᠭᠡ ᠬᠠᠩᠭᠠᠨ᠎ᠠ ᠭᠡᠵᠦ ᠰᠠᠨᠠᠯ ᠨᠢᠭᠡᠲᠡᠶ ᠢᠯᠡᠷᠬᠡᠶᠢᠯᠡᠪᠡ᠃  ︵ᠰᠢᠨ ᠸᠧᠨ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号