| ᠵᠢᠯ ᠤᠨ ᠡᠬᠢᠨ ᠠᠴᠠ ᠨᠠᠭᠠᠰᠢ᠂ ᠤᠯᠠᠭᠠᠨᠬᠤᠳᠠ ᠨᠠᠮ ᠤᠨ ᠪᠠᠶᠢᠭᠤᠯᠤᠯᠳᠠ ᠪᠠᠷ ᠬᠦᠳᠦᠯᠦᠨ ᠲᠠᠭᠠᠭᠤᠯᠬᠤ ᠶᠢ | ᠪᠠᠷᠢᠮᠳᠠᠯᠠᠵᠦ᠂ ︽ᠲᠠᠷᠢᠶᠠᠯᠠᠩ ᠤᠨ ᠬᠤᠯᠪᠤᠭᠠᠳᠤ ᠴᠤᠬᠴᠠ · ᠬᠤᠷᠰᠢᠶ᠎ᠠ︾ ᠶᠢ ᠡᠬᠦᠳᠦᠨ ᠪᠠᠶᠢᠭᠤᠯᠬᠤ ᠪᠠᠷ | ᠭᠠᠷᠳᠠᠴᠠ ᠪᠤᠯᠭᠠᠨ᠂ ᠨᠠᠮ ᠤᠨ ᠵᠤᠬᠢᠶᠠᠨ ᠪᠠᠶᠢᠭᠤᠯᠤᠯᠳᠠ ᠪᠠᠷ ᠬᠦᠳᠦᠯᠦᠨ ᠲᠠᠭᠠᠭᠤᠯᠵᠦ᠂ ᠰᠢᠨ᠎ᠠ ᠬᠡᠯᠪᠡᠷᠢ ᠶᠢᠨ | ᠡᠵᠡᠩᠨᠡᠯᠳᠡ ᠶᠢᠨ ᠭᠤᠤᠯ ᠴᠤᠬᠴᠠ ᠶᠢᠨ ᠲᠠᠪᠠᠭᠤᠯᠢᠭ ᠪᠠ ᠤᠯᠠᠨ ᠲᠦᠮᠡᠨ ᠤ ᠬᠠᠮᠳᠤᠪᠡᠷ ᠬᠦᠭᠵᠢᠬᠦ ᠶᠢ | ᠤᠷᠭᠠᠨᠢᠭ ᠢᠶᠠᠷ ᠤᠶᠠᠯᠳᠤᠭᠤᠯᠤᠨ᠂ ᠲᠠᠷᠢᠶᠠᠴᠢᠳ ᠢ ᠪᠠᠶᠠᠵᠢᠭᠤᠯᠬᠤ ᠰᠢᠨ᠎ᠠ ᠵᠠᠮ ᠢ ᠰᠦᠪᠡᠭᠴᠢᠯᠡᠵᠡᠢ᠃ | ᠤᠯᠠᠭᠠᠨᠬᠤᠳᠠ ᠶᠢᠨ ᠭᠤᠤ ᠱᠤ᠋ ᠡᠾᠦ᠋ᠢ ᠮᠧᠬᠠᠨᠢᠭᠵᠢᠭᠰᠠᠨ ᠲᠠᠷᠢᠮᠠᠯ ᠤᠨ ᠲᠤᠰᠬᠠᠢ ᠬᠤᠷᠰᠢᠶ᠎ᠠ ᠶᠢᠨ | ᠲᠠᠷᠢᠶᠠᠯᠠᠩ ᠤᠨ ᠮᠠᠰᠢᠨ ᠤ ᠵᠢᠯᠤᠭᠤᠴᠢ ᠯᠢᠤ ᠵᠧᠨ ᠭᠠᠩ ᠮᠠᠰᠢᠨ ᠢᠶᠠᠨ ᠵᠢᠯᠤᠭᠤᠳᠴᠦ ᠰᠡᠷᠬᠡᠨ ᠤᠳᠤ ᠦᠶ᠎ᠡ ᠶᠢᠨ | ᠲᠠᠷᠢᠶᠠᠯᠠᠩ ᠤᠨ ᠲᠤᠭᠤᠷᠢᠭ ᠤᠨ ᠰᠢᠶᠠᠩ ᠶᠠᠩ ᠲᠤᠰᠬᠤᠨ ᠤ ᠲᠤᠳᠤᠷᠭᠠᠨ ᠲᠠᠷᠢᠶ᠎ᠠ ᠶᠢ ᠬᠠᠳᠤᠵᠦ ᠪᠠᠶᠢᠯ᠎ᠠ᠃ ᠯᠢᠤ | ᠵᠧᠨ ᠭᠠᠩ᠄ ︽ᠮᠢᠨᠦ ᠲᠠᠷᠢᠶ᠎ᠠ 30 ᠮᠤ᠋ ᠬᠦᠷᠬᠦ ᠦᠬᠡᠢ᠂ ᠦᠪᠡᠰᠦᠪᠡᠨ ᠬᠤᠷᠢᠶᠠᠪᠠᠯ ᠠᠷᠪᠠᠭᠠᠳ ᠡᠳᠦᠷ | ᠵᠠᠷᠤᠴᠠᠭᠤᠯᠤᠨ᠎ᠠ᠂ ᠤᠳᠤ ᠬᠠᠭᠠᠯᠪᠦᠷᠢᠯᠠᠬᠤ᠂ ᠲᠠᠷᠢᠬᠤ᠂ ᠰᠡᠷᠬᠡᠶᠢᠯᠡᠬᠦ᠂ ᠬᠤᠷᠢᠶᠠᠬᠤ ᠶᠢ ᠨᠢᠬᠡ | ᠴᠤᠬᠴᠠᠵᠢᠭᠤᠯᠤᠬᠰᠠᠨ ᠠᠴᠠ ᠨᠢᠬᠡᠯᠡ ᠡᠳᠦᠷ ᠲᠤ ᠲᠠᠭᠤᠰᠬᠠᠴᠢᠬᠠᠨ᠎ᠠ᠃ ᠪᠢ ᠪᠠᠰᠠ ᠰᠡᠯᠡᠬᠦᠦ ᠴᠠᠭ ᠢᠶᠠᠷ ᠢᠶᠠᠨ | ᠬᠤᠷᠰᠢᠶ᠎ᠠ ᠶᠢᠨ ᠲᠠᠷᠢᠶ᠎ᠠ ᠶᠢ ᠬᠠᠳᠤᠵᠦ ᠤᠷᠤᠯᠭ᠎ᠠ ᠪᠠᠨ ᠨᠡᠮᠡᠭᠳᠡᠬᠦᠯᠵᠦ ᠪᠠᠶᠢᠨ᠎ᠠ︾ ᠬᠡᠵᠦ ᠪᠠᠶᠠᠷᠳᠠᠶᠢᠬᠠᠨ ᠶᠠᠷᠢᠵᠦ | ᠪᠠᠶᠢᠯ᠎ᠠ᠃ | ᠰᠡᠷᠬᠡᠨ ᠤᠳᠤ ᠦᠶ᠎ᠡ ᠶᠢᠨ ᠲᠠᠷᠢᠶᠠᠯᠠᠩ ᠤᠨ ᠲᠤᠭᠤᠷᠢᠭ ᠤᠨ ᠰᠢᠶᠠᠩ ᠶᠠᠩ ᠲᠤᠰᠬᠤᠨ ᠤ ᠨᠠᠮ ᠤᠨ ᠡᠬᠦᠷ ︽ | ᠨᠠᠮ ᠤᠨ ᠡᠬᠦᠷ + ᠬᠤᠷᠰᠢᠶ᠎ᠠ + ᠲᠠᠷᠢᠶᠠᠴᠢᠨ ᠡᠷᠦᠬᠡ︾ ᠶᠢᠨ ᠵᠠᠬᠪᠦᠷ ᠢ ᠬᠡᠷᠡᠭᠵᠢᠭᠦᠯᠵᠦ ᠲᠠᠷᠢᠶᠠᠴᠢᠳ ᠢ | ᠪᠠᠶᠠᠵᠢᠭᠤᠯᠵᠦ ᠪᠤᠢ᠃ ᠡᠨᠡ ᠵᠢᠯ᠂ ᠬᠤᠷᠰᠢᠶ᠎ᠠ ᠶᠢᠨ ᠤᠰᠤᠨ ᠲᠤᠳᠤᠷᠭ᠎ᠠ ᠶᠢᠨ ᠮᠤ᠋ ᠨᠢᠭᠡᠴᠢ ᠶᠢᠨ ᠤᠨᠠᠯᠳᠠ ᠨᠢ | 1480 ᠵᠢᠩ ᠳᠤ ᠬᠦᠷᠴᠦ᠂ ᠶᠡᠷᠦᠩᠭᠡᠢ ᠤᠨᠠᠯᠳᠠ ᠨᠢ 270 ᠲᠦᠮᠡᠨ ᠵᠢᠩ ᠢ ᠲᠠᠪᠠᠵᠦ᠂ ᠲᠤᠰᠬᠤᠨ ᠤ | ᠠᠷᠠᠳ ᠲᠤ ᠭᠤᠴᠢ ᠭᠠᠷᠦᠢ ᠠᠵᠢᠯ ᠤᠨ ᠪᠠᠶᠢᠷᠢ ᠬᠠᠨᠭ᠍ᠭᠠᠬᠰᠠᠨ ᠪᠠᠶᠢᠨ᠎ᠠ᠃ | ᠤᠯᠠᠭᠠᠨᠬᠤᠳᠠ ᠶᠢᠨ ᠭᠤᠤ ᠱᠤ᠋ ᠡᠾᠦ᠋ᠢ ᠮᠧᠬᠠᠨᠢᠭᠵᠢᠭᠰᠠᠨ ᠲᠠᠷᠢᠮᠠᠯ ᠤᠨ ᠲᠤᠰᠬᠠᠢ ᠬᠤᠷᠰᠢᠶ᠎ᠠ ᠶᠢᠨ ᠬᠡᠷᠡᠭ | ᠮᠡᠳᠡᠭᠴᠢᠳ ᠤᠨ ᠲᠠᠷᠤᠭ᠎ᠠ ᠯᠢᠦ ᠸᠠᠨ ᠴᠢᠤᠸᠠᠨ᠄ ︽ᠪᠢᠳᠡᠨ ᠤ ᠬᠤᠷᠰᠢᠶ᠎ᠠ ᠲᠠᠷᠢᠶᠠᠴᠢᠳ ᠲᠤ ᠨᠡᠶᠢᠬᠡᠮᠴᠢᠯᠡᠭᠰᠡᠨ | ᠦᠢᠯᠡᠴᠢᠯᠡᠭᠡ ᠬᠠᠨᠭ᠍ᠭᠠᠵᠦ᠂ ᠲᠠᠷᠢᠵᠦ ᠠᠷᠠᠴᠢᠯᠠᠬᠤ᠂ ᠬᠠᠮᠢᠶᠠᠷᠴᠦ ᠲᠤᠳᠤᠮᠳᠠᠬᠤ ᠪᠠ ᠬᠤᠷᠢᠶᠠᠵᠦ ᠬᠦᠮᠦᠷᠬᠡᠯᠡᠬᠦ ᠵᠡᠷᠬᠡ | ᠲᠠᠷᠢᠶᠠᠯᠠᠩ ᠦᠢᠯᠡᠳᠪᠦᠷᠢᠯᠡᠯ ᠤᠨ ᠪᠦᠬᠦ ᠶᠠᠪᠤᠴᠠ ᠶᠢ ᠬᠦᠢᠴᠡᠳᠭᠡᠵᠦ ᠪᠤᠢ᠃ ᠤᠰᠤᠨ ᠲᠤᠳᠤᠷᠭ᠎ᠠ ᠶᠢ ᠬᠠᠳᠦᠵᠦ | ᠬᠤᠷᠢᠶᠠᠬᠰᠠᠭᠠᠷ ᠯᠠ ᠬᠠᠳᠠᠭᠠᠭᠠᠳ ᠰᠢᠭᠤᠳ ᠪᠤᠷᠤᠯᠠᠭᠤᠯᠵᠦ ᠪᠠᠶᠢᠬᠤ ᠪᠤᠯᠬᠤᠷ ᠦᠡᠭᠭᠡᠷᠡᠭᠰᠡᠨ ᠤ ᠠᠳᠠᠯᠢ ᠴᠢᠭᠢᠭᠳᠡᠵᠦ | ᠬᠤᠷᠤᠬᠠᠶᠢᠳᠠᠬᠤ ᠠᠰᠠᠭᠤᠳᠠᠯ ᠢ ᠪᠦᠳᠦᠮᠵᠢᠳᠡᠢ ᠰᠶᠢᠳᠪᠦᠷᠢᠯᠡᠵᠦ᠂ ᠲᠠᠷᠢᠶᠠᠴᠢᠳ ᠤᠨ ᠤᠷᠤᠯᠭ᠎ᠠ ᠶᠢ ᠪᠠᠳᠦᠯᠠᠵᠠᠢ︾ | ᠬᠡᠵᠦ ᠶᠠᠷᠢᠵᠦ ᠪᠠᠶᠢᠯ᠎ᠠ᠃ | ᠢᠯᠡᠯᠳᠡ ᠪᠠᠯᠭᠠᠰᠦᠨ ᠤ ᠵᠡᠬᠦᠨ ᠪᠤᠳᠠᠷᠭᠠᠨ ᠭᠠᠴᠠᠭᠠᠨ ᠤ 3500 ᠭᠠᠷᠦᠢ ᠮᠤ᠋ ᠡᠷᠳᠡᠨᠢ ᠰᠢᠰᠢ ᠡᠯᠪᠡᠭ | ᠬᠤᠷᠢᠶᠠᠯᠳᠠ ᠤᠯᠪᠠ᠃ ᠬᠠᠳᠤᠵᠦ ᠬᠤᠷᠢᠶᠠᠬᠤ ᠮᠠᠰᠢᠨ ᠪᠠ ᠵᠦᠬᠡᠬᠡᠪᠦᠷᠢᠯᠡᠬᠦ ᠮᠠᠰᠢᠨ ᠲᠠᠷᠢᠶᠠᠨ ᠲᠤᠮᠳᠠᠭᠤᠷ | ᠬᠦᠷᠴᠢᠬᠢᠨᠡᠵᠦ᠂ ᠬᠠᠳᠤᠬᠤ᠂ ᠬᠠᠯᠢᠰᠦ ᠶᠢ ᠨᠢ ᠱᠠᠭᠠᠯᠠᠬᠤ᠂ ᠲᠡᠷᠬᠡᠨ ᠳᠤ ᠲᠡᠭᠡᠭᠡᠬᠦ ᠵᠡᠷᠭᠡ ᠶᠢ ᠨᠢᠬᠡᠯᠡ ᠠᠯᠬᠤᠮ ᠢᠶᠠᠷ | ᠬᠦᠢᠴᠡᠳᠭᠡᠵᠦ ᠪᠠᠶᠢᠳᠠᠭ᠃ ᠡᠨᠡ ᠵᠢᠯ᠂ ᠲᠤᠰᠬᠤᠨ ᠤ ᠬᠠᠮᠳᠤ ᠶᠢᠨ ᠬᠤᠪᠢ ᠤᠷᠤᠭᠤᠯᠤᠬᠰᠠᠨ ᠠᠵᠦ ᠠᠬᠤᠢ ᠶᠢᠨ | ᠬᠤᠷᠰᠢᠶ᠎ᠠ ᠪᠦᠬᠦ ᠭᠠᠴᠠᠭᠠᠨ ᠤ ᠪᠠᠨ ᠨᠠᠶᠠᠭᠠᠳ ᠡᠷᠦᠬᠡ ᠲᠠᠢ ︽ᠤᠷᠤᠯᠠᠨ ᠲᠠᠷᠢᠬᠤ︾ ᠵᠦᠪᠯᠡᠯᠴᠡᠭᠡᠷ ᠲᠤᠬᠳᠠᠵᠦ᠂ | ᠬᠠᠭᠠᠯᠪᠦᠷᠢᠯᠠᠬᠤ ᠮᠠᠰᠢᠨ᠂ ᠲᠠᠷᠢᠵᠦ ᠠᠷᠠᠴᠢᠯᠠᠬᠤ ᠮᠠᠰᠢᠨ᠂ ᠬᠠᠳᠤᠵᠦ ᠪᠤᠭᠤᠵᠢᠯᠠᠬᠤ ᠮᠠᠰᠢᠨ ᠵᠡᠷᠭᠡ ᠲᠤᠮᠤ | ᠬᠡᠯᠪᠡᠷᠢ ᠶᠢᠨ ᠮᠠᠰᠢᠨ ᠢ ᠬᠤᠳᠠᠯᠳᠤᠨ ᠠᠪᠤᠭᠠᠳ ᠬᠠᠭᠠᠯᠪᠦᠷᠢᠯᠠᠬᠤ᠂ ᠲᠠᠷᠢᠬᠤ᠂ ᠬᠠᠮᠢᠶᠠᠷᠬᠤ᠂ ᠬᠤᠷᠢᠶᠠᠬᠤ ᠪᠦᠬᠦ | ᠶᠠᠪᠤᠴᠠ ᠶᠢ ᠮᠧᠬᠠᠨᠢᠭᠴᠢᠯᠠᠵᠤ᠂ ᠲᠠᠷᠢᠶᠠᠯᠠᠩ ᠦᠢᠯᠡᠳᠪᠦᠷᠢᠯᠡᠯ ᠤᠨ ᠦᠷ᠎ᠡ ᠠᠰᠢᠭ ᠢ ᠤᠯᠠᠮ ᠨᠢᠬᠡ ᠠᠯᠬᠤᠮ | ᠲᠡᠭᠡᠭᠰᠢᠯᠡᠬᠦᠯᠵᠡᠢ᠃ | ᠡᠨᠡ ᠵᠢᠯ ᠪᠦᠬᠦ ᠬᠤᠳᠠ ᠶᠢᠨ ︽ᠲᠠᠷᠢᠶᠠᠯᠠᠩ ᠤᠨ ᠬᠤᠯᠪᠤᠭᠠᠳᠤ ᠴᠤᠬᠴᠠ · ᠬᠤᠷᠰᠢᠶ᠎ᠠ︾ ᠶᠢᠨ ᠵᠢᠱᠢᠶ᠎ᠡ | ᠦᠵᠡᠬᠦᠯᠬᠦ 10 ᠴᠡᠭ ᠤᠨ ᠤᠰᠤᠨ ᠲᠤᠳᠤᠷᠭ᠎ᠠ ᠶᠢᠨ ᠶᠡᠷᠦᠩᠭᠡᠢ ᠤᠨᠠᠯᠳᠠ ᠨᠢ 920 ᠲᠦᠮᠡᠨ ᠵᠢᠩ᠂ ᠡᠷᠳᠡᠨᠢ | ᠰᠢᠰᠢ ᠶᠢᠨ ᠶᠡᠷᠦᠩᠭᠡᠢ ᠤᠨᠠᠯᠳᠠ ᠨᠢ 1286.5 ᠲᠦᠮᠡᠨ ᠵᠢᠩ ᠳᠤ ᠬᠦᠷᠴᠦ᠂ 2114.4 ᠲᠦᠮᠡᠨ | ᠲᠦᠬᠦᠷᠢᠭ ᠤᠨ ᠤᠷᠤᠯᠭ᠎ᠠ ᠡᠭᠦᠳᠭᠦ ᠪᠠᠷ ᠵᠢᠱᠢᠵᠦ ᠪᠤᠢ᠃ 10 ᠭᠠᠴᠠᠭ᠎ᠠ ᠲᠤᠰᠬᠤᠨ ᠤ ᠬᠠᠮᠳᠤ ᠶᠢᠨ ᠠᠵᠦ | ᠠᠬᠤᠢ ᠶᠢᠨ ᠤᠷᠤᠯᠭ᠎ᠠ ᠨᠡᠶᠢᠳᠡ 100 ᠲᠦᠮᠡᠨ ᠲᠦᠬᠦᠷᠢᠭ ᠲᠤ ᠬᠦᠷᠴᠦ᠂ ᠲᠤᠰᠬᠤᠨ ᠤ 500 ᠬᠦᠮᠦᠨ ᠳᠤ | ᠠᠵᠢᠯ ᠤᠨ ᠪᠠᠶᠢᠷᠢ ᠬᠠᠨᠭ᠍ᠭᠠᠵᠠᠢ᠃ ︽ᠲᠠᠷᠢᠶᠠᠯᠠᠩ ᠤᠨ ᠬᠤᠯᠪᠤᠭᠠᠳᠤ ᠴᠤᠬᠴᠠ · ᠬᠤᠷᠰᠢᠶ᠎ᠠ︾ ᠨᠢ ᠲᠠᠷᠢᠶᠠᠯᠠᠩ ᠤᠨ | ᠦᠷ᠎ᠡ ᠠᠰᠢᠭ ᠢ ᠨᠡᠮᠡᠭᠳᠡᠭᠦᠯᠬᠦ ᠪᠠ ᠲᠠᠷᠢᠶᠠᠴᠢᠳ ᠤᠨ ᠤᠷᠤᠯᠭ᠎ᠠ ᠶᠢ ᠨᠡᠮᠡᠭᠳᠡᠬᠦᠯᠬᠦ ᠶᠢ ᠦᠨᠡᠨᠬᠦ ᠪᠡᠶᠡᠯᠡᠬᠦᠯᠵᠦ᠂ | ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠳᠤ ᠰᠢᠨ᠎ᠠ ᠬᠦᠳᠡᠯᠭᠡᠭᠴᠢ ᠬᠦᠴᠦᠨ ᠨᠡᠮᠡᠷᠢᠯᠡᠵᠠᠢ᠃ ︵ | ᠳ᠋ᠦᠩ ᠯᠢᠨ ᠰᠦᠩ ᠹᠸᠢ ᠬᠠᠨ᠎ᠠ︶ |