| ᠠᠮᠦᠷ ᠲᠦᠪᠰᠢᠨ ᠢᠶᠠᠷ ᠡᠮ ᠬᠡᠷᠡᠭᠯᠡᠬᠦ ᠮᠡᠳᠡᠯᠬᠡ ᠶᠢ ᠤᠯᠠᠨ ᠲᠦᠮᠡᠨ ᠳᠤ ᠲᠦᠬᠡᠮᠡᠯᠵᠢᠬᠦᠯᠵᠦ᠂ ᠡᠷᠡᠬᠦᠯ ᠴᠢᠬᠢᠷᠠᠭ | ᠠᠮᠢᠳᠦᠷᠠᠯ ᠤᠨ ᠤᠷᠴᠢᠨ ᠢ ᠪᠦᠷᠢᠯᠳᠦᠬᠦᠯᠬᠦ ᠪᠠᠷ ᠤᠶᠢᠷ᠎ᠠ ᠳᠤ᠂ ᠤᠯᠠᠭᠠᠨᠬᠤᠳᠠ ᠶᠢᠨ ᠵᠠᠬ᠎ᠠ ᠲᠡᠯᠬᠡᠬᠦᠷ ᠤᠨ ᠬᠢᠨᠠᠯᠳᠠ | ᠬᠠᠮᠢᠶᠠᠷᠦᠯᠳᠠ ᠶᠢᠨ ᠲᠤᠪᠴᠢᠶ᠎ᠠ᠂ ᠬᠢᠨᠭ᠍ᠭᠠᠨ ᠠᠶᠢᠮᠠᠭ ᠤᠨ ᠵᠠᠬ᠎ᠠ ᠲᠡᠯᠬᠡᠬᠦᠷ ᠤᠨ ᠬᠢᠨᠠᠯᠳᠠ ᠬᠠᠮᠢᠶᠠᠷᠦᠯᠳᠠ ᠶᠢᠨ | ᠲᠤᠪᠴᠢᠶ᠎ᠠ᠂ ᠬᠢᠨᠭ᠍ᠭᠠᠨ ᠠᠶᠢᠮᠠᠭ ᠤᠨ ᠢᠳᠡᠬᠡᠨ ᠪᠡ ᠡᠮ ᠤᠨ ᠵᠦᠢᠯᠡᠰ ᠢ ᠰᠢᠯᠭᠠᠨ ᠪᠠᠶᠢᠴᠠᠭᠠᠬᠤ ᠲᠦᠪ ᠵᠡᠷᠭᠡ | ᠪᠠᠶᠢᠭᠤᠯᠭ᠎ᠠ ᠨᠢᠬᠡᠴᠢ ᠬᠤᠷᠴᠢᠨ ᠪᠠᠷᠠᠭᠤᠨ ᠭᠠᠷᠦᠨ ᠡᠮᠦᠨᠡᠳᠤ ᠬᠤᠰᠢᠭᠤᠨ ᠤ ᠵᠠᠬ᠎ᠠ ᠲᠡᠯᠬᠡᠬᠦᠷ ᠤᠨ ᠬᠢᠨᠠᠯᠳᠠ | ᠬᠠᠮᠢᠶᠠᠷᠦᠯᠳᠠ ᠶᠢᠨ ᠲᠤᠪᠴᠢᠶ᠎ᠠ ᠲᠠᠢ ᠬᠠᠮᠳᠤᠷᠠᠵᠦ ᠤᠯᠠᠭᠠᠨᠬᠤᠳᠠ ᠳᠤ ︽ᠡᠮ ᠤᠨ ᠵᠦᠢᠯᠡᠰ ᠤᠨ ᠠᠮᠤᠷ ᠲᠦᠪᠰᠢᠨ ᠤ | ᠰᠡᠷᠬᠡᠶᠢᠯᠡᠯᠳᠡ ᠶᠢᠨ ᠱᠤᠭᠤᠮ ᠢ ᠪᠠᠬᠢᠵᠢᠬᠦᠯᠬᠦ︾ ᠭᠤᠤᠯ ᠰᠡᠳᠤᠪᠳᠤ ᠡᠮ ᠤᠨ ᠵᠦᠢᠯᠡᠰ ᠤᠨ ᠠᠮᠦᠷ ᠲᠦᠪᠰᠢᠨ ᠤ | ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠵᠡᠢ᠃ | ᠲᠤᠰ ᠤᠳᠠᠭ᠎ᠠ ᠲᠡᠳᠡ ᠬᠦᠨᠳᠡᠯᠡᠨ ᠪᠢᠴᠢᠭᠡᠰᠦ ᠡᠯᠬᠦᠬᠦ᠂ ᠠᠮᠦᠷ ᠲᠦᠪᠰᠢᠨ ᠢᠶᠠᠷ ᠡᠮ ᠬᠡᠷᠡᠭᠯᠡᠬᠦ ᠠᠰᠠᠭᠤᠨ | ᠯᠠᠪᠯᠠᠯᠳᠠ ᠶᠢᠨ ᠲᠠᠶᠢᠰᠠ ᠲᠤᠬᠢᠷᠠᠭᠤᠯᠬᠤ᠂ ᠤᠬᠠᠭᠤᠯᠭ᠎ᠠ ᠶᠢᠨ ᠭᠠᠷ ᠲᠡᠪᠳᠡᠷ ᠲᠠᠷᠬᠠᠭᠠᠬᠤ ᠵᠡᠷᠭᠡ ᠬᠡᠯᠪᠡᠷᠢ ᠪᠠᠷ | ᠡᠮ ᠤᠨ ᠵᠦᠢᠯᠡᠰ ᠤᠨ ᠵᠠᠬ᠎ᠠ ᠲᠡᠯᠬᠡᠬᠦᠷ ᠢ ᠴᠡᠭᠴᠡᠯᠡᠨ ᠵᠠᠰᠠᠬᠰᠠᠨ ᠦᠷ᠎ᠡ ᠪᠦᠳᠦᠬᠡᠯ ᠢ ᠤᠯᠠᠨ ᠲᠦᠮᠡᠨ ᠳᠤ ᠲᠡᠯᠬᠡᠨ | ᠦᠵᠡᠬᠦᠯᠵᠡᠢ᠃ ᠪᠠᠰᠠ ᠡᠮ ᠤᠨ ᠵᠦᠢᠯᠡᠰ ᠤᠨ ᠠᠮᠦᠷ ᠲᠦᠪᠰᠢᠨ ᠤ ᠤᠬᠠᠭᠤᠯᠭ᠎ᠠ ᠶᠢ ᠠᠵᠦ ᠠᠬᠤᠶᠢᠯᠠᠯ᠂ ᠨᠡᠶᠢᠬᠡᠮ | ᠲᠤᠭᠤᠷᠢᠭ᠂ ᠰᠤᠷᠭᠠᠭᠤᠯᠢ ᠳᠤ ᠬᠦᠷᠭᠡᠬᠦ ᠠᠵᠢᠯᠯᠠᠭ᠎ᠠ ᠦᠷᠨᠢᠬᠦᠯᠵᠦ᠂ ᠡᠮ ᠤᠨ ᠵᠦᠢᠯᠡᠰ ᠤᠨ ᠦᠨᠳᠦᠰᠦᠨ ᠮᠡᠳᠡᠯᠬᠡ᠂ | ᠠᠮᠦᠷ ᠲᠦᠪᠰᠢᠨ ᠢᠶᠠᠷ ᠡᠮ ᠬᠡᠷᠡᠭᠯᠡᠬᠦ ᠵᠠᠷᠴᠢᠮ᠂ ᠠᠩᠬᠠᠷᠬᠤ ᠵᠦᠢᠯ ᠪᠠ ᠵᠠᠯᠠᠭᠤ ᠪᠠᠭᠠᠴᠤᠳ᠂ ᠨᠠᠰᠦᠨ ᠳᠤ ᠦᠯᠦ | ᠬᠦᠷᠦᠭᠰᠡᠳ ᠰᠢᠨᠦᠯ ᠤᠨ ᠴᠢᠨᠠᠷᠳᠠᠢ ᠡᠮ ᠢ ᠲᠤᠷᠠᠪᠡᠷ ᠬᠡᠷᠡᠭᠯᠡᠬᠦ ᠶᠢᠨ ᠬᠤᠤᠷ ᠬᠦᠨᠦᠬᠡᠯ ᠵᠡᠷᠭᠡ ᠶᠢ ᠭᠤᠤᠯᠳᠠᠯᠭ᠎ᠠ ᠲᠠᠢ | ᠤᠬᠠᠭᠤᠯᠵᠦ᠂ ᠤᠯᠠᠨ ᠨᠡᠶᠢᠳᠡ ᠶᠢᠨ ᠠᠮᠦᠷ ᠲᠦᠪᠰᠢᠨ ᠢᠶᠠᠷ ᠡᠮ ᠬᠡᠷᠡᠭᠯᠡᠬᠦ ᠶᠡᠷᠦ ᠶᠢᠨ ᠮᠡᠳᠡᠯᠭᠡ ᠪᠠ ᠬᠠᠤᠯᠢ | ᠶᠤᠰᠤᠭᠠᠷ ᠡᠷᠬᠡ ᠪᠠᠨ ᠬᠠᠮᠠᠭᠠᠯᠠᠬᠤ ᠤᠬᠠᠮᠰᠠᠷ ᠢ ᠲᠡᠭᠡᠭᠰᠢᠯᠡᠬᠦᠯᠵᠡᠢ᠃ ︵ | ᠰᠡᠷᠬᠦᠯᠡᠩ︶ |