ᠲᠠᠷᠢᠶᠠᠴᠢᠳ ᠤᠨ ᠤᠷᠤᠯᠭ᠎ᠠ ᠶᠢ ᠨᠡᠮᠡᠭᠳᠡᠭᠦᠯᠭᠦ ᠪᠠ ᠭᠠᠴᠠᠭ᠎ᠠ ᠲᠤᠰᠬᠤᠨ ᠤ ᠬᠠᠮᠳᠤ ᠶᠢᠨ ᠠᠵᠦ ᠠᠬᠤᠢ ᠶᠢ ᠬᠦᠭᠵᠢᠭᠦᠯᠬᠦ ᠬᠤᠤᠰ ᠠᠮᠵᠢᠯᠳᠠ ᠶᠢ ᠤᠯᠵᠦ ᠪᠠᠶᠢᠭ᠎ᠠ ᠤᠯᠠᠭᠠᠨᠬᠤᠳᠠ
ᠨᠡᠶᠢᠲᠡᠯᠡᠭᠰᠡᠨ ᠴᠠᠭ᠄
2024/10/31
   ᠵᠢᠯ ᠤᠨ ᠡᠬᠢᠨ ᠠᠴᠠ ᠨᠠᠭᠠᠰᠢ᠂ ᠤᠯᠠᠭᠠᠨᠬᠤᠳᠠ ᠨᠠᠮ ᠤᠨ ᠪᠠᠶᠢᠭᠤᠯᠤᠯᠳᠠ ᠪᠠᠷ ᠬᠦᠳᠦᠯᠦᠨ ᠲᠠᠭᠠᠭᠤᠯᠬᠤ ᠶᠢ ᠪᠠᠷᠢᠮᠳᠠᠯᠠᠵᠦ᠂ ︽ᠲᠠᠷᠢᠶᠠᠯᠠᠩ ᠤᠨ ᠬᠤᠯᠪᠤᠭᠠᠳᠤ ᠴᠤᠬᠴᠠ · ᠬᠤᠷᠰᠢᠶ᠎ᠠ︾ ᠶᠢ ᠡᠬᠦᠳᠦᠨ ᠪᠠᠶᠢᠭᠤᠯᠬᠤ ᠪᠠᠷ ᠭᠠᠷᠳᠠᠴᠠ ᠪᠤᠯᠭᠠᠨ᠂ ᠨᠠᠮ ᠤᠨ ᠵᠤᠬᠢᠶᠠᠨ ᠪᠠᠶᠢᠭᠤᠯᠤᠯᠳᠠ ᠪᠠᠷ ᠬᠦᠳᠦᠯᠦᠨ ᠲᠠᠭᠠᠭᠤᠯᠵᠦ᠂ ᠰᠢᠨ᠎ᠠ ᠬᠡᠯᠪᠡᠷᠢ ᠶᠢᠨ ᠡᠵᠡᠩᠨᠡᠯᠳᠡ ᠶᠢᠨ ᠭᠤᠤᠯ ᠴᠤᠬᠴᠠ ᠶᠢᠨ ᠲᠠᠪᠠᠭᠤᠯᠢᠭ ᠪᠠ ᠤᠯᠠᠨ ᠲᠦᠮᠡᠨ ᠤ ᠬᠠᠮᠳᠤᠪᠡᠷ ᠬᠦᠭᠵᠢᠬᠦ ᠶᠢ ᠤᠷᠭᠠᠨᠢᠭ ᠢᠶᠠᠷ ᠤᠶᠠᠯᠳᠤᠭᠤᠯᠤᠨ᠂ ᠲᠠᠷᠢᠶᠠᠴᠢᠳ ᠢ ᠪᠠᠶᠠᠵᠢᠭᠤᠯᠬᠤ ᠰᠢᠨ᠎ᠠ ᠵᠠᠮ ᠢ ᠰᠦᠪᠡᠭᠴᠢᠯᠡᠵᠡᠢ᠃    ᠤᠯᠠᠭᠠᠨᠬᠤᠳᠠ ᠶᠢᠨ ᠭᠤᠤ ᠱᠤ᠋ ᠡᠾᠦ᠋ᠢ ᠮᠧᠬᠠᠨᠢᠭᠵᠢᠭᠰᠠᠨ ᠲᠠᠷᠢᠮᠠᠯ ᠤᠨ ᠲᠤᠰᠬᠠᠢ ᠬᠤᠷᠰᠢᠶ᠎ᠠ ᠶᠢᠨ ᠲᠠᠷᠢᠶᠠᠯᠠᠩ ᠤᠨ ᠮᠠᠰᠢᠨ ᠤ ᠵᠢᠯᠤᠭᠤᠴᠢ ᠯᠢᠤ ᠵᠧᠨ ᠭᠠᠩ ᠮᠠᠰᠢᠨ ᠢᠶᠠᠨ ᠵᠢᠯᠤᠭᠤᠳᠴᠦ ᠰᠡᠷᠬᠡᠨ ᠤᠳᠤ ᠦᠶ᠎ᠡ ᠶᠢᠨ ᠲᠠᠷᠢᠶᠠᠯᠠᠩ ᠤᠨ ᠲᠤᠭᠤᠷᠢᠭ ᠤᠨ ᠰᠢᠶᠠᠩ ᠶᠠᠩ ᠲᠤᠰᠬᠤᠨ ᠤ ᠲᠤᠳᠤᠷᠭᠠᠨ ᠲᠠᠷᠢᠶ᠎ᠠ ᠶᠢ ᠬᠠᠳᠤᠵᠦ ᠪᠠᠶᠢᠯ᠎ᠠ᠃ ᠯᠢᠤ ᠵᠧᠨ ᠭᠠᠩ᠄ ︽ᠮᠢᠨᠦ ᠲᠠᠷᠢᠶ᠎ᠠ 30 ᠮᠤ᠋ ᠬᠦᠷᠬᠦ ᠦᠬᠡᠢ᠂ ᠦᠪᠡᠰᠦᠪᠡᠨ ᠬᠤᠷᠢᠶᠠᠪᠠᠯ ᠠᠷᠪᠠᠭᠠᠳ ᠡᠳᠦᠷ ᠵᠠᠷᠤᠴᠠᠭᠤᠯᠤᠨ᠎ᠠ᠂ ᠤᠳᠤ ᠬᠠᠭᠠᠯᠪᠦᠷᠢᠯᠠᠬᠤ᠂ ᠲᠠᠷᠢᠬᠤ᠂ ᠰᠡᠷᠬᠡᠶᠢᠯᠡᠬᠦ᠂ ᠬᠤᠷᠢᠶᠠᠬᠤ ᠶᠢ ᠨᠢᠬᠡ ᠴᠤᠬᠴᠠᠵᠢᠭᠤᠯᠤᠬᠰᠠᠨ ᠠᠴᠠ ᠨᠢᠬᠡᠯᠡ ᠡᠳᠦᠷ ᠲᠤ ᠲᠠᠭᠤᠰᠬᠠᠴᠢᠬᠠᠨ᠎ᠠ᠃ ᠪᠢ ᠪᠠᠰᠠ ᠰᠡᠯᠡᠬᠦᠦ ᠴᠠᠭ ᠢᠶᠠᠷ ᠢᠶᠠᠨ ᠬᠤᠷᠰᠢᠶ᠎ᠠ ᠶᠢᠨ ᠲᠠᠷᠢᠶ᠎ᠠ ᠶᠢ ᠬᠠᠳᠤᠵᠦ ᠤᠷᠤᠯᠭ᠎ᠠ ᠪᠠᠨ ᠨᠡᠮᠡᠭᠳᠡᠬᠦᠯᠵᠦ ᠪᠠᠶᠢᠨ᠎ᠠ︾ ᠬᠡᠵᠦ ᠪᠠᠶᠠᠷᠳᠠᠶᠢᠬᠠᠨ ᠶᠠᠷᠢᠵᠦ ᠪᠠᠶᠢᠯ᠎ᠠ᠃    ᠰᠡᠷᠬᠡᠨ ᠤᠳᠤ ᠦᠶ᠎ᠡ ᠶᠢᠨ ᠲᠠᠷᠢᠶᠠᠯᠠᠩ ᠤᠨ ᠲᠤᠭᠤᠷᠢᠭ ᠤᠨ ᠰᠢᠶᠠᠩ ᠶᠠᠩ ᠲᠤᠰᠬᠤᠨ ᠤ ᠨᠠᠮ ᠤᠨ ᠡᠬᠦᠷ ︽ᠨᠠᠮ ᠤᠨ ᠡᠬᠦᠷ + ᠬᠤᠷᠰᠢᠶ᠎ᠠ + ᠲᠠᠷᠢᠶᠠᠴᠢᠨ ᠡᠷᠦᠬᠡ︾ ᠶᠢᠨ ᠵᠠᠬᠪᠦᠷ ᠢ ᠬᠡᠷᠡᠭᠵᠢᠭᠦᠯᠵᠦ ᠲᠠᠷᠢᠶᠠᠴᠢᠳ ᠢ ᠪᠠᠶᠠᠵᠢᠭᠤᠯᠵᠦ ᠪᠤᠢ᠃ ᠡᠨᠡ ᠵᠢᠯ᠂ ᠬᠤᠷᠰᠢᠶ᠎ᠠ ᠶᠢᠨ ᠤᠰᠤᠨ ᠲᠤᠳᠤᠷᠭ᠎ᠠ ᠶᠢᠨ ᠮᠤ᠋ ᠨᠢᠭᠡᠴᠢ ᠶᠢᠨ ᠤᠨᠠᠯᠳᠠ ᠨᠢ 1480 ᠵᠢᠩ ᠳᠤ ᠬᠦᠷᠴᠦ᠂ ᠶᠡᠷᠦᠩᠭᠡᠢ ᠤᠨᠠᠯᠳᠠ ᠨᠢ 270 ᠲᠦᠮᠡᠨ ᠵᠢᠩ ᠢ ᠲᠠᠪᠠᠵᠦ᠂ ᠲᠤᠰᠬᠤᠨ ᠤ ᠠᠷᠠᠳ ᠲᠤ ᠭᠤᠴᠢ ᠭᠠᠷᠦᠢ ᠠᠵᠢᠯ ᠤᠨ ᠪᠠᠶᠢᠷᠢ ᠬᠠᠨᠭ᠍ᠭᠠᠬᠰᠠᠨ ᠪᠠᠶᠢᠨ᠎ᠠ᠃    ᠤᠯᠠᠭᠠᠨᠬᠤᠳᠠ ᠶᠢᠨ ᠭᠤᠤ ᠱᠤ᠋ ᠡᠾᠦ᠋ᠢ ᠮᠧᠬᠠᠨᠢᠭᠵᠢᠭᠰᠠᠨ ᠲᠠᠷᠢᠮᠠᠯ ᠤᠨ ᠲᠤᠰᠬᠠᠢ ᠬᠤᠷᠰᠢᠶ᠎ᠠ ᠶᠢᠨ ᠬᠡᠷᠡᠭ ᠮᠡᠳᠡᠭᠴᠢᠳ ᠤᠨ ᠲᠠᠷᠤᠭ᠎ᠠ ᠯᠢᠦ ᠸᠠᠨ ᠴᠢᠤᠸᠠᠨ᠄ ︽ᠪᠢᠳᠡᠨ ᠤ ᠬᠤᠷᠰᠢᠶ᠎ᠠ ᠲᠠᠷᠢᠶᠠᠴᠢᠳ ᠲᠤ ᠨᠡᠶᠢᠬᠡᠮᠴᠢᠯᠡᠭᠰᠡᠨ ᠦᠢᠯᠡᠴᠢᠯᠡᠭᠡ ᠬᠠᠨᠭ᠍ᠭᠠᠵᠦ᠂ ᠲᠠᠷᠢᠵᠦ ᠠᠷᠠᠴᠢᠯᠠᠬᠤ᠂ ᠬᠠᠮᠢᠶᠠᠷᠴᠦ ᠲᠤᠳᠤᠮᠳᠠᠬᠤ ᠪᠠ ᠬᠤᠷᠢᠶᠠᠵᠦ ᠬᠦᠮᠦᠷᠬᠡᠯᠡᠬᠦ ᠵᠡᠷᠬᠡ ᠲᠠᠷᠢᠶᠠᠯᠠᠩ ᠦᠢᠯᠡᠳᠪᠦᠷᠢᠯᠡᠯ ᠤᠨ ᠪᠦᠬᠦ ᠶᠠᠪᠤᠴᠠ ᠶᠢ ᠬᠦᠢᠴᠡᠳᠭᠡᠵᠦ ᠪᠤᠢ᠃ ᠤᠰᠤᠨ ᠲᠤᠳᠤᠷᠭ᠎ᠠ ᠶᠢ ᠬᠠᠳᠦᠵᠦ ᠬᠤᠷᠢᠶᠠᠬᠰᠠᠭᠠᠷ ᠯᠠ ᠬᠠᠳᠠᠭᠠᠭᠠᠳ ᠰᠢᠭᠤᠳ ᠪᠤᠷᠤᠯᠠᠭᠤᠯᠵᠦ ᠪᠠᠶᠢᠬᠤ ᠪᠤᠯᠬᠤᠷ ᠦᠡᠭᠭᠡᠷᠡᠭᠰᠡᠨ ᠤ ᠠᠳᠠᠯᠢ ᠴᠢᠭᠢᠭᠳᠡᠵᠦ ᠬᠤᠷᠤᠬᠠᠶᠢᠳᠠᠬᠤ ᠠᠰᠠᠭᠤᠳᠠᠯ ᠢ ᠪᠦᠳᠦᠮᠵᠢᠳᠡᠢ ᠰᠶᠢᠳᠪᠦᠷᠢᠯᠡᠵᠦ᠂ ᠲᠠᠷᠢᠶᠠᠴᠢᠳ ᠤᠨ ᠤᠷᠤᠯᠭ᠎ᠠ ᠶᠢ ᠪᠠᠳᠦᠯᠠᠵᠠᠢ︾ ᠬᠡᠵᠦ ᠶᠠᠷᠢᠵᠦ ᠪᠠᠶᠢᠯ᠎ᠠ᠃    ᠢᠯᠡᠯᠳᠡ ᠪᠠᠯᠭᠠᠰᠦᠨ ᠤ ᠵᠡᠬᠦᠨ ᠪᠤᠳᠠᠷᠭᠠᠨ ᠭᠠᠴᠠᠭᠠᠨ ᠤ 3500 ᠭᠠᠷᠦᠢ ᠮᠤ᠋ ᠡᠷᠳᠡᠨᠢ ᠰᠢᠰᠢ ᠡᠯᠪᠡᠭ ᠬᠤᠷᠢᠶᠠᠯᠳᠠ ᠤᠯᠪᠠ᠃ ᠬᠠᠳᠤᠵᠦ ᠬᠤᠷᠢᠶᠠᠬᠤ ᠮᠠᠰᠢᠨ ᠪᠠ ᠵᠦᠬᠡᠬᠡᠪᠦᠷᠢᠯᠡᠬᠦ ᠮᠠᠰᠢᠨ ᠲᠠᠷᠢᠶᠠᠨ ᠲᠤᠮᠳᠠᠭᠤᠷ ᠬᠦᠷᠴᠢᠬᠢᠨᠡᠵᠦ᠂ ᠬᠠᠳᠤᠬᠤ᠂ ᠬᠠᠯᠢᠰᠦ ᠶᠢ ᠨᠢ ᠱᠠᠭᠠᠯᠠᠬᠤ᠂ ᠲᠡᠷᠬᠡᠨ ᠳᠤ ᠲᠡᠭᠡᠭᠡᠬᠦ ᠵᠡᠷᠭᠡ ᠶᠢ ᠨᠢᠬᠡᠯᠡ ᠠᠯᠬᠤᠮ ᠢᠶᠠᠷ ᠬᠦᠢᠴᠡᠳᠭᠡᠵᠦ ᠪᠠᠶᠢᠳᠠᠭ᠃ ᠡᠨᠡ ᠵᠢᠯ᠂ ᠲᠤᠰᠬᠤᠨ ᠤ ᠬᠠᠮᠳᠤ ᠶᠢᠨ ᠬᠤᠪᠢ ᠤᠷᠤᠭᠤᠯᠤᠬᠰᠠᠨ ᠠᠵᠦ ᠠᠬᠤᠢ ᠶᠢᠨ ᠬᠤᠷᠰᠢᠶ᠎ᠠ ᠪᠦᠬᠦ ᠭᠠᠴᠠᠭᠠᠨ ᠤ ᠪᠠᠨ ᠨᠠᠶᠠᠭᠠᠳ ᠡᠷᠦᠬᠡ ᠲᠠᠢ ︽ᠤᠷᠤᠯᠠᠨ ᠲᠠᠷᠢᠬᠤ︾ ᠵᠦᠪᠯᠡᠯᠴᠡᠭᠡᠷ ᠲᠤᠬᠳᠠᠵᠦ᠂ ᠬᠠᠭᠠᠯᠪᠦᠷᠢᠯᠠᠬᠤ ᠮᠠᠰᠢᠨ᠂ ᠲᠠᠷᠢᠵᠦ ᠠᠷᠠᠴᠢᠯᠠᠬᠤ ᠮᠠᠰᠢᠨ᠂ ᠬᠠᠳᠤᠵᠦ ᠪᠤᠭᠤᠵᠢᠯᠠᠬᠤ ᠮᠠᠰᠢᠨ ᠵᠡᠷᠭᠡ ᠲᠤᠮᠤ ᠬᠡᠯᠪᠡᠷᠢ ᠶᠢᠨ ᠮᠠᠰᠢᠨ ᠢ ᠬᠤᠳᠠᠯᠳᠤᠨ ᠠᠪᠤᠭᠠᠳ ᠬᠠᠭᠠᠯᠪᠦᠷᠢᠯᠠᠬᠤ᠂ ᠲᠠᠷᠢᠬᠤ᠂ ᠬᠠᠮᠢᠶᠠᠷᠬᠤ᠂ ᠬᠤᠷᠢᠶᠠᠬᠤ ᠪᠦᠬᠦ ᠶᠠᠪᠤᠴᠠ ᠶᠢ ᠮᠧᠬᠠᠨᠢᠭᠴᠢᠯᠠᠵᠤ᠂ ᠲᠠᠷᠢᠶᠠᠯᠠᠩ ᠦᠢᠯᠡᠳᠪᠦᠷᠢᠯᠡᠯ ᠤᠨ ᠦᠷ᠎ᠡ ᠠᠰᠢᠭ ᠢ ᠤᠯᠠᠮ ᠨᠢᠬᠡ ᠠᠯᠬᠤᠮ ᠲᠡᠭᠡᠭᠰᠢᠯᠡᠬᠦᠯᠵᠡᠢ᠃    ᠡᠨᠡ ᠵᠢᠯ ᠪᠦᠬᠦ ᠬᠤᠳᠠ ᠶᠢᠨ ︽ᠲᠠᠷᠢᠶᠠᠯᠠᠩ ᠤᠨ ᠬᠤᠯᠪᠤᠭᠠᠳᠤ ᠴᠤᠬᠴᠠ · ᠬᠤᠷᠰᠢᠶ᠎ᠠ︾ ᠶᠢᠨ ᠵᠢᠱᠢᠶ᠎ᠡ ᠦᠵᠡᠬᠦᠯᠬᠦ 10 ᠴᠡᠭ ᠤᠨ ᠤᠰᠤᠨ ᠲᠤᠳᠤᠷᠭ᠎ᠠ ᠶᠢᠨ ᠶᠡᠷᠦᠩᠭᠡᠢ ᠤᠨᠠᠯᠳᠠ ᠨᠢ 920 ᠲᠦᠮᠡᠨ ᠵᠢᠩ᠂ ᠡᠷᠳᠡᠨᠢ ᠰᠢᠰᠢ ᠶᠢᠨ ᠶᠡᠷᠦᠩᠭᠡᠢ ᠤᠨᠠᠯᠳᠠ ᠨᠢ 1286.5 ᠲᠦᠮᠡᠨ ᠵᠢᠩ ᠳᠤ ᠬᠦᠷᠴᠦ᠂ 2114.4 ᠲᠦᠮᠡᠨ ᠲᠦᠬᠦᠷᠢᠭ ᠤᠨ ᠤᠷᠤᠯᠭ᠎ᠠ ᠡᠭᠦᠳᠭᠦ ᠪᠠᠷ ᠵᠢᠱᠢᠵᠦ ᠪᠤᠢ᠃ 10 ᠭᠠᠴᠠᠭ᠎ᠠ ᠲᠤᠰᠬᠤᠨ ᠤ ᠬᠠᠮᠳᠤ ᠶᠢᠨ ᠠᠵᠦ ᠠᠬᠤᠢ ᠶᠢᠨ ᠤᠷᠤᠯᠭ᠎ᠠ ᠨᠡᠶᠢᠳᠡ 100 ᠲᠦᠮᠡᠨ ᠲᠦᠬᠦᠷᠢᠭ ᠲᠤ ᠬᠦᠷᠴᠦ᠂ ᠲᠤᠰᠬᠤᠨ ᠤ 500 ᠬᠦᠮᠦᠨ ᠳᠤ ᠠᠵᠢᠯ ᠤᠨ ᠪᠠᠶᠢᠷᠢ ᠬᠠᠨᠭ᠍ᠭᠠᠵᠠᠢ᠃ ︽ᠲᠠᠷᠢᠶᠠᠯᠠᠩ ᠤᠨ ᠬᠤᠯᠪᠤᠭᠠᠳᠤ ᠴᠤᠬᠴᠠ · ᠬᠤᠷᠰᠢᠶ᠎ᠠ︾ ᠨᠢ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ ᠪᠠ ᠲᠠᠷᠢᠶᠠᠴᠢᠳ ᠤᠨ ᠤᠷᠤᠯᠭ᠎ᠠ ᠶᠢ ᠨᠡᠮᠡᠭᠳᠡᠬᠦᠯᠬᠦ ᠶᠢ ᠦᠨᠡᠨᠬᠦ ᠪᠡᠶᠡᠯᠡᠬᠦᠯᠵᠦ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠳᠤ ᠰᠢᠨ᠎ᠠ ᠬᠦᠳᠡᠯᠭᠡᠭᠴᠢ ᠬᠦᠴᠦᠨ ᠨᠡᠮᠡᠷᠢᠯᠡᠵᠠᠢ᠃          ︵ᠳ᠋ᠦᠩ ᠯᠢᠨ  ᠰᠦᠩ ᠹᠸᠢ  ᠬᠠᠨ᠎ᠠ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号