| ᠤᠶᠢᠷ᠎ᠠ ᠳᠤ᠂ ᠤᠯᠠᠭᠠᠨᠬᠤᠲᠠ ᠶᠢᠨ ᠭᠡᠭᠡᠨᠰᠦ᠋ᠮ᠎ᠡ ᠪᠠᠯᠭᠠᠰᠤᠨ ᠤ ᠶᠡᠷᠤᠩᠬᠡᠢ ᠲᠡᠭᠡᠭᠡᠪᠦᠷᠢ ᠶᠢᠨ ᠦᠢᠯᠡᠴᠢᠯᠡᠭᠡᠨ ᠤ | ᠦᠷᠳᠡᠭᠡ ᠶᠢ ᠥᠭᠡᠷᠡᠴᠢᠯᠡᠨ ᠪᠠᠶᠢᠭᠤᠯᠬᠤ ᠪᠦᠳᠤᠭᠡᠨ ᠪᠠᠶᠢᠭᠤᠯᠤᠯᠳᠠ ᠶᠢᠨ ᠲᠦᠷᠦᠯ ᠵᠦᠢᠯ ᠢ ᠤᠷᠤᠭᠰᠢᠲᠠᠢ | ᠳᠠᠭᠤᠰᠬᠠᠬᠤ ᠶᠢᠨ ᠬᠠᠮᠲᠤ ᠠᠰᠢᠭᠯᠠᠯᠲᠠ ᠳᠤ ᠣᠷᠣᠭᠤᠯᠵᠠᠢ᠃ ᠲᠤᠰ ᠲᠦᠷᠦᠯ ᠵᠦᠢᠯ ᠢ ᠪᠠᠶᠢᠭᠤᠯᠤᠭᠰᠠᠨ ᠨᠢ ᠬᠤᠳᠠ | ᠬᠥᠳᠡᠭᠡ ᠶᠢᠨ ᠵᠠᠮ ᠬᠠᠷᠢᠯᠴᠠᠭᠠᠨ ᠤ ᠦᠢᠯᠡᠴᠢᠯᠡᠭᠡᠨ ᠤ ᠳᠤᠲᠠᠭᠤᠳᠠᠯ ᠢ ᠨᠥᠬᠦᠪᠥᠷᠢᠯᠡᠬᠦ᠂ ᠤᠯᠠᠨ ᠨᠡᠶᠢᠲᠡ ᠶᠢᠨ ᠵᠠᠮ | ᠬᠠᠷᠢᠯᠴᠠᠭᠠᠨ ᠤ ᠦᠢᠯᠡᠴᠢᠯᠡᠭᠡᠨ ᠤ ᠶᠠᠰᠤ ᠴᠢᠨᠠᠷ ᠪᠣᠯᠤᠨ ᠬᠢᠷᠢ ᠲᠦᠪᠰᠢᠨ ᠢ ᠳᠡᠭᠡᠭᠰᠢᠯᠡᠭᠦᠯᠵᠤ᠂ ︽ᠨᠢᠭᠡ ᠦᠷᠳᠡᠭᠡ | ᠤᠯᠠᠨ ᠴᠢᠳᠠᠪᠬᠢ ᠲᠠᠢ᠂ ᠨᠢᠭᠡ ᠦᠷᠳᠡᠭᠡ ᠤᠯᠠᠨ ᠬᠡᠷᠡᠭᠴᠡᠭᠡ ᠲᠠᠢ︾ ᠵᠠᠮ ᠬᠠᠷᠢᠯᠴᠠᠭ᠎ᠠ ᠲᠡᠭᠡᠭᠡᠪᠦᠷᠢ ᠶᠢᠨ | ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ ᠲᠠᠯ᠎ᠠ ᠪᠠᠷ ᠢᠳᠡᠪᠬᠢᠲᠡᠢ ᠦᠢᠯᠡᠳᠦᠯ ᠦᠵᠡᠭᠦᠯᠬᠦ ᠪᠣᠯᠤᠨ᠎ᠠ᠃ | ᠰᠤᠷᠪᠤᠯᠵᠢᠯᠠᠭᠴᠢ ᠤᠶᠢᠷ᠎ᠠ ᠳᠤ ᠭᠡᠭᠡᠨᠰᠦ᠋ᠮ᠎ᠡ ᠪᠠᠯᠭᠠᠰᠤᠨ ᠤ ᠶᠡᠷᠤᠩᠬᠡᠢ ᠲᠡᠭᠡᠭᠡᠪᠦᠷᠢ ᠶᠢᠨ ᠦᠢᠯᠡᠴᠢᠯᠡᠭᠡᠨ ᠤ | ᠦᠷᠳᠡᠭᠡ ᠪᠠᠷ ᠬᠦᠷᠬᠦ ᠳᠤ᠂ ᠠᠭᠤᠵᠢᠮ ᠰᠠᠷᠠᠭᠤᠯ ᠲᠢᠩᠬᠢᠮ ᠳᠤ᠂ ᠪᠢᠯᠧᠲ ᠬᠤᠳᠠᠯᠳᠤᠬᠤ᠂ ᠬᠠᠳᠠᠭᠠᠯᠠᠬᠤ᠂ | ᠨᠠᠶᠢᠳᠠᠨ ᠲᠡᠭᠡᠭᠡᠪᠦᠷᠢᠯᠡᠬᠦ ᠴᠤᠩᠬᠤᠪᠴᠢ ᠶᠢᠨ ᠢᠯᠡᠳᠬᠡᠮᠵᠢ ᠳᠡᠮᠳᠡᠭ ᠲᠣᠳᠣᠷᠬᠠᠢ᠂ ᠲᠡᠷᠭᠡ ᠬᠦᠯᠢᠶᠡᠬᠦ ᠣᠷᠴᠢᠨ | ᠲᠣᠭᠤᠷᠢᠨ ᠴᠡᠪᠡᠷ ᠴᠡᠮᠴᠡᠭᠡᠷ ᠲᠠᠭᠠᠯᠠᠮᠵᠢᠲᠠᠢ ᠬᠠᠷᠠᠭᠳᠠᠨ᠎ᠠ᠃ ᠲᠡᠷᠭᠡ ᠵᠣᠭᠰᠣᠭᠠᠬᠤ ᠲᠣᠭᠤᠷᠢᠭ ᠲᠤ ᠴᠠᠬᠢᠯᠭᠠᠨ | ᠴᠡᠨᠡᠭᠯᠡᠬᠦ ᠱᠣᠩ ᠲᠤᠬᠢᠷᠠᠭᠤᠯᠵᠤ᠂ ᠰᠢᠨ᠎ᠡ ᠡᠨᠧᠷᠭᠢ ᠶᠢᠨ ᠲᠡᠷᠭᠡ ᠬᠥᠰᠬᠡ ᠴᠠᠬᠢᠯᠭᠠᠨ ᠴᠡᠨᠡᠭᠯᠡᠬᠦ ᠳᠤ ᠲᠦᠬᠦᠮ | ᠦᠵᠡᠭᠦᠯᠪᠡ᠃ ᠥᠷᠲᠡᠭᠡᠨ ᠤ ᠳᠣᠲᠣᠷᠠᠬᠢ ᠵᠠᠮ ᠬᠠᠷᠢᠯᠴᠠᠭᠠᠨ ᠤ ᠦᠢᠯᠡᠴᠢᠯᠡᠭᠡᠨ ᠤ ᠲᠥᠬᠦᠭᠡᠷᠦᠮᠵᠢ ᠶᠢᠨ ᠴᠢᠳᠠᠮᠵᠢ | ᠪᠦᠷᠢᠨ ᠲᠡᠭᠦᠯᠳᠡᠷ᠂ ᠦᠵᠡᠮᠵᠢᠳᠠᠢ ᠪᠦᠭᠡᠳ ᠬᠡᠷᠡᠭᠴᠡᠭᠡ ᠲᠠᠢ ᠪᠠᠶᠢᠵᠤ᠂ ᠠᠶᠠᠨᠴᠢᠳ ᠤᠨ ᠪᠣᠳᠠᠲᠠᠶ ᠬᠡᠷᠡᠭᠴᠡᠭᠡ ᠶᠢ | ᠭᠦᠢᠴᠡᠳ ᠪᠣᠳᠣᠯᠬᠢᠯᠠᠵᠤ᠂ ᠠᠶᠠᠨᠴᠢᠳ ᠲᠤ ᠲᠡᠷᠭᠡ ᠬᠦᠯᠢᠶᠡᠬᠦ ᠪᠠ ᠭᠠᠳᠠᠭᠰᠢ ᠭᠠᠷᠬᠤ ᠳᠤ ᠰᠢᠯᠢᠳᠡᠭ ᠤᠶᠢᠯᠡᠴᠢᠯᠡᠭᠡ | ᠬᠠᠩᠭᠠᠵᠤ ᠲᠡᠶᠢᠯᠬᠦ ᠨᠢ ᠢᠯᠡᠭᠡᠨ ᠪᠠᠶᠢᠯ᠎ᠠ᠃ | ᠣᠶᠢᠯᠠᠭᠠᠭᠰᠠᠨ ᠢᠶᠠᠷ᠂ ᠤᠯᠠᠭᠠᠨᠬᠤᠲᠠ ᠶᠢᠨ ᠭᠡᠭᠡᠨᠰᠦ᠋ᠮ᠎ᠡ ᠪᠠᠯᠭᠠᠰᠤᠨ ᠤ ᠶᠡᠷᠤᠩᠬᠡᠢ ᠲᠡᠭᠡᠭᠡᠪᠦᠷᠢ ᠶᠢᠨ | ᠦᠢᠯᠡᠴᠢᠯᠡᠭᠡᠨ ᠤ ᠥᠷᠲᠡᠭᠡ ᠶᠢ ᠥᠭᠡᠷᠡᠴᠢᠯᠡᠨ ᠪᠠᠶᠢᠭᠤᠯᠬᠤ ᠪᠦᠳᠤᠭᠡᠨ ᠪᠠᠶᠢᠭᠤᠯᠤᠯᠳᠠ ᠶᠢᠨ ᠲᠥᠷᠥᠯ ᠵᠦᠢᠯ ᠳᠤ | 232.27 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠭᠡᠭᠡᠨᠰᠦ᠋ᠮ᠎ᠡ ᠪᠠᠷ ᠥᠩᠭᠡᠷᠡᠬᠦ 2 ᠠᠶᠠᠨᠴᠢᠳ ᠤᠨ | ᠲᠡᠭᠡᠭᠡᠪᠦᠷᠢ ᠶᠢᠨ ᠵᠠᠮ ᠱᠤᠭᠤᠮ ᠤᠨ ᠡᠭᠡᠯᠵᠢ ᠶᠢᠨ ᠮᠠᠰᠢᠨ ᠤ ᠥᠷᠲᠡᠭᠡᠨ ᠳᠤ ᠣᠷᠣᠬᠤ ᠦᠢᠯᠡᠴᠢᠯᠡᠭᠡ ᠬᠠᠩᠭᠠᠵᠤ᠂ | ᠡᠷᠬᠢᠨ ᠲᠣᠭᠤᠷᠢᠨ ᠤ 10 ᠭᠠᠷᠤᠢ ᠠᠶᠢᠯ ᠲᠣᠰᠬᠤᠨ ᠢ ᠬᠠᠮᠤᠷᠴᠤ᠂ ᠵᠠᠮ ᠳᠠᠭᠠᠤ ᠲᠡᠷᠭᠡᠨ ᠳᠤ ᠰᠠᠭᠤᠬᠤ ᠭᠠᠴᠠᠭ᠎ᠠ | ᠲᠣᠰᠬᠤᠨ ᠤ ᠠᠷᠠᠳ ᠤᠨ ᠶᠠᠪᠤᠵᠤ ᠰᠠᠭᠤᠬᠤ ᠳᠤ ᠨᠡᠩ ᠠᠮᠤᠷ ᠲᠦᠪᠰᠢᠨ᠂ ᠲᠠᠭᠠᠯᠠᠮᠵᠢᠲᠠᠢ᠂ ᠳᠥᠭᠦᠮ ᠳᠥᠲᠡ | ᠪᠤᠯᠭᠠᠵᠠᠢ᠃ |