ᠢᠯᠠᠯᠳᠠ ᠪᠠᠯᠭᠠᠰᠤ ᠦᠨᠡᠨᠴᠢ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠳᠠ ᠶᠢ ᠳᠡᠭᠦᠯᠳᠡᠷᠵᠢᠭᠦᠯᠦᠨ ᠲᠠᠷᠢᠶᠠᠯᠠᠩ ᠵᠢᠭᠤᠯᠴᠢᠯᠠᠯ ᠢ ᠠᠭᠤᠰᠤᠯᠴᠠᠭᠤᠯᠤᠨ ᠬᠦᠭᠵᠢᠬᠦᠯᠵᠤ ᠪᠤᠢ
ᠨᠡᠶᠢᠲᠡᠯᠡᠭᠰᠡᠨ ᠴᠠᠭ᠄
2024/10/31
    ᠤᠢᠢᠷ᠎ᠠ ᠶᠢᠨ ᠵᠢᠯ ᠠᠴᠠ ᠨᠠᠭᠠᠰᠢ᠂ ᠤᠯᠠᠭᠠᠨᠬᠤᠲᠠ ᠶᠢᠨ ᠢᠯᠠᠯᠳᠠ ᠪᠠᠯᠭᠠᠰᠤ ᠭᠠᠵᠠᠷ ᠣᠷᠣᠨ᠂ ᠠᠮᠢ ᠠᠬᠤᠢ ᠶᠢᠨ ᠳᠠᠪᠠᠭᠤᠯᠢᠭ ᠲᠠᠭᠠᠨ ᠲᠦᠰᠢᠭᠯᠡᠵᠦ᠂ ᠳᠠᠷᠢᠶᠠᠯᠠᠩ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠠᠭᠤᠯᠤᠭᠳᠠᠬᠤᠨ ᠢ ᠳᠠᠰᠤᠷᠠᠯᠳᠠ ᠦᠭᠡᠢ ᠪᠠᠶᠠᠯᠢᠭᠵᠢᠭᠤᠯᠵᠠᠢ᠃ ︽ᠦᠵᠡᠮᠵᠢ ᠲᠣᠰᠬᠤᠨ ᠢ ᠬᠠᠮᠲᠤ ᠳᠤᠨᠢ ᠠᠭᠤᠰᠤᠯᠴᠠᠭᠤᠯᠬᠤ ᠠᠮᠢ ᠠᠬᠤᠶ ᠶᠢᠨ ᠵᠢᠭᠤᠯᠴᠢᠯᠠᠯ︾ ᠢᠶᠠᠷ ᠬᠥᠳᠡᠯᠭᠡᠭᠦᠷ ᠪᠣᠯᠭᠠᠵᠤ᠂ ᠬᠥᠳᠡᠭᠡ ᠲᠣᠰᠬᠤᠨ ᠤ ᠵᠢᠭᠤᠯᠴᠢᠯᠠᠯ ᠢᠶᠠᠷ ᠠᠴᠢᠶᠠᠯᠠᠪᠤᠷᠢ ᠪᠣᠯᠭᠠᠵᠤ᠂ ᠵᠢᠭᠤᠯᠴᠢᠯᠠᠭᠰᠠᠳ ᠤᠨ ᠪᠡᠶᠡᠴᠢᠯᠡᠨ ᠣᠶᠢᠯᠠᠭᠠᠬᠤ ᠵᠠᠭᠪᠤᠷ ᠤᠨ ᠰᠢᠨ᠎ᠡ ᠶᠢ ᠡᠭᠦᠳᠤᠨ᠂ ᠦᠨᠡᠨᠴᠢ ᠢᠲᠡᠭᠡᠮᠵᠢ ᠶᠢᠨ ᠨᠠᠷᠠᠲᠤ ᠲᠥᠷᠥᠯ ᠲᠡᠮᠳᠡᠭ ᠢ ᠦᠷᠭᠦᠯᠵᠢᠯᠡᠨ ᠠᠯᠳᠠᠷᠰᠢᠭᠤᠯᠵᠦ᠂ ᠦᠢᠯᠡᠳᠪᠦᠷᠢᠯᠡᠯ᠂ ᠠᠮᠢᠳᠤᠷᠠᠯ᠂ ᠠᠮᠢ ᠠᠬᠤᠶ ᠶᠢᠨ ᠠᠭᠤᠰᠤᠯᠴᠠᠨ ᠬᠥᠭᠵᠢᠬᠦ ᠶᠢ ᠪᠡᠶᠡᠯᠡᠭᠦᠯᠵᠠᠢ᠃     ᠢᠯᠠᠯᠳᠠ ᠪᠠᠯᠭᠠᠰᠦ ᠶᠢᠨ ᠢᠯᠠᠯᠳᠡ ᠭᠠᠴᠠᠭ᠎ᠠ ︽ᠮᠢᠩᠭ᠎ᠠ ᠲᠦᠮᠨ ᠶᠢᠨ ᠢᠨᠵᠧᠨᠧᠷᠢᠩ︾ ᠤᠨ ᠲᠤᠷᠰᠢᠯᠭ᠎ᠠ ᠶᠢ ᠭᠦᠨᠵᠡᠭᠡᠢ ᠰᠤᠷᠤᠯᠴᠠᠨ ᠬᠡᠷᠡᠭᠵᠢᠭᠦᠯᠵᠥ᠂ ᠪᠦᠬᠦ ᠭᠠᠴᠠᠭ᠎ᠠ ᠪᠠᠷ ᠢᠶᠠᠨ ᠬᠦᠷᠢᠶ᠎ᠠ ᠬᠠᠰᠢᠶᠠᠨ ᠤ ᠠᠵᠤ ᠠᠬᠤᠢ ᠶᠢ ᠬᠦᠭᠵᠢᠬᠦᠯᠵᠤ᠂ ︽ᠨᠢᠭᠡ ᠡᠷᠤᠭᠡ ᠳᠤ ᠨᠢᠭᠡ ᠦᠵᠡᠮᠵᠢ ᠲᠠᠢ ᠪᠠᠶᠢᠬᠤ︾ ᠶᠢ ᠪᠡᠶᠡᠯᠡᠭᠦᠯᠵᠥ᠂ ᠵᠢᠭᠤᠯᠴᠢᠯᠠᠭᠴᠢᠳ ᠭᠠᠴᠠᠭᠠᠨ ᠤ ᠠᠷᠠᠳ ᠤᠨ ᠬᠦᠷᠢᠶ᠎ᠠ ᠬᠠᠰᠢᠶᠠᠨ ᠠᠴᠠ ᠰᠢᠨ᠎ᠠ ᠰᠤᠷᠭᠤᠭ ᠢᠳᠡᠰᠢᠨ ᠨᠤᠭᠤᠭ᠎ᠠ ᠵᠢᠮᠢᠰ ᠲᠡᠭᠦᠵᠦ᠂ ᠪᠡᠶᠡᠴᠢᠯᠡᠨ ᠣᠶᠢᠯᠠᠭᠠᠬᠤ ᠲᠥᠷᠥᠭᠳᠡᠯ ᠢ ᠨᠢ ᠳᠠᠰᠤᠷᠠᠯᠳᠠ ᠥᠬᠡᠢ ᠭᠥᠨᠵᠡᠬᠡᠶᠢᠷᠠᠭᠦᠯᠵᠡᠢ᠃ ᠢᠯᠡᠯᠳᠡ ᠭᠠᠴᠠᠭ᠎ᠠ ᠪᠠᠰᠠ 3 ᠥᠪᠡᠷᠲᠡᠭᠡᠨ ᠦᠢᠯᠡᠴᠢᠯᠡᠬᠦ ᠳᠤᠭᠤᠢ ᠳᠡᠷᠭᠡᠨ ᠤ ᠲᠦᠷᠢᠶᠡᠰᠦᠨ ᠭᠠᠵᠠᠷ ᠳᠤᠬᠢᠷᠠᠭᠤᠯᠵᠦ᠂ ᠵᠢᠭᠤᠯᠴᠢᠯᠠᠭᠰᠠᠳ ᠲᠤ ᠴᠠᠭ ᠤᠨ ᠬᠢᠵᠠᠭᠠᠷᠯᠠᠯ ᠢ ᠬᠦᠯᠢᠶᠡᠬᠦ ᠦᠭᠡᠢ ᠪᠠᠷ ᠬᠥᠳᠡᠭᠡ ᠲᠣᠰᠬᠤᠨ ᠢᠶᠠᠷ ᠵᠢᠭᠤᠯᠴᠢᠯᠠᠬᠤ ᠳᠤ ᠲᠦᠭᠦᠮ ᠦᠵᠡᠭᠦᠯᠪᠡ
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号