ᠱᠸᠡᠭ ᠬᠤᠨᠭ᠌ ᠨᠡᠶᠢᠭᠡᠮ ᠳᠤᠭᠤᠷᠢᠬ ᠤᠨ ᠰᠢᠨ᠎ᠠ ᠴᠠᠬ ᠦᠶ᠎ᠠ ᠶᠢᠨ ᠪᠤᠯᠪᠠᠰᠤᠨ ᠤ ᠦᠢᠯᠡᠳᠦᠯᠭᠡ ᠶᠢᠨ ᠦᠷᠳᠡᠭᠡ ᠠᠯᠪᠠᠨ ᠵᠢᠷᠤᠮ ᠤᠨ ᠡᠮᠴᠢᠯᠡᠭᠡᠨ ᠬᠢᠵᠦ ᠠᠷᠠᠳ ᠤᠯᠠᠨ ᠳᠤ ᠠᠰᠢᠭ ᠬᠦᠷᠳᠡᠭᠡᠵᠦ ᠪᠠᠶᠢᠨ᠎ᠠ
ᠨᠡᠶᠢᠲᠡᠯᠡᠭᠰᠡᠨ ᠴᠠᠭ᠄
2024/10/31
   ᠡᠷᠡᠬᠦᠯ ᠡᠩᠭᠡ ᠶᠢᠨ ᠳᠤᠬᠠᠢ ᠰᠠᠭᠤᠭᠠᠯᠢ ᠠᠷᠠᠳ ᠤᠨ ᠦᠵᠡᠯ ᠤᠬᠠᠮᠰᠠᠷ ᠢ ᠳᠡᠭᠡᠭᠰᠢᠯᠡᠬᠦᠯᠤᠨ᠂ ᠡᠮᠴᠢᠯᠡᠭᠡᠨ ᠤ ᠨᠠᠩ ᠰᠢᠯᠢᠳᠡᠭ ᠦᠢᠯᠡᠴᠢᠯᠡᠭᠡᠨ ᠢ ᠰᠠᠭᠤᠭᠠᠯᠢ ᠠᠷᠠᠳ ᠲᠤ ᠬᠠᠨᠭ᠍ᠭᠠᠬᠤ ᠪᠠᠷ᠂ ᠤᠶᠢᠷ᠎ᠠ ᠳᠤ ᠤᠯᠠᠭᠠᠨᠬᠤᠳᠠ ᠶᠢᠨ ᠡᠦ ᠢ ᠭᠡᠷᠡᠭ ᠡᠷᠬᠢᠯᠡᠬᠦ ᠭᠠᠵᠠᠷ ᠤᠨ ᠱᠸᠡᠭ ᠬᠤᠨᠭ᠌ ᠨᠡᠶᠢᠭᠡᠮ ᠳᠤᠭᠤᠷᠢᠬ ᠤᠨ ᠰᠢᠨ᠎ᠠ ᠴᠠᠬ ᠦᠶ᠎ᠠ ᠶᠢᠨ ᠪᠤᠯᠪᠠᠰᠤᠨ ᠤ ᠦᠢᠯᠡᠳᠤᠯᠭᠡ ᠶᠢᠨ ᠦᠷᠳᠡᠭᠡ ᠶᠢᠨ ᠬᠢᠨ 2024 ᠤᠨ ᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ︽ᠵᠠᠭᠤᠨ ᠨᠡᠷᠡᠰ ᠳᠤᠰᠬᠠᠢ ᠮᠡᠷᠭᠡᠵᠢᠯᠳᠡᠨ ᠠᠶᠢᠮᠠᠬ ᠬᠤᠳᠠ ᠬᠤᠰᠢᠭᠤ ᠰᠢᠶᠠᠨ ᠢᠶᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠲᠦᠭᠡᠮᠡᠯᠵᠢᠬᠦᠯᠬᠦ ᠠᠶᠠᠯᠠᠯ︾ ᠤᠨ ᠨᠠᠮᠤᠷ ᠤᠨ ᠤᠯᠠᠷᠢᠯ ᠤᠨ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠦᠷᠨᠢᠬᠦᠯᠪᠡ᠃    ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠳᠤᠰᠬᠠᠢ ᠮᠡᠷᠭᠡᠵᠢᠯᠳᠡᠳ ᠰᠠᠭᠤᠭᠠᠯᠢ ᠠᠷᠠᠳ ᠢ ᠬᠠᠯᠠᠭᠤᠮᠰᠤᠬ ᠢᠶᠠᠷ ᠬᠦᠯᠢᠶᠡᠨ ᠠᠪᠴᠦ᠂ ᠪᠡᠶ᠎ᠠ ᠮᠠᠬᠠᠪᠤᠳ ᠤᠨ ᠪᠠᠶᠢᠳᠡᠯ ᠵᠢᠴᠢ ᠡᠪᠡᠳᠴᠢᠨ ᠤ ᠪᠠᠶᠢᠳᠡᠯ ᠢ ᠨᠢ ᠤᠶᠢᠯᠠᠭᠠᠨ᠂ ᠡᠮᠴᠢᠯᠡᠭᠡᠨ ᠤ ᠵᠢᠭᠠᠨ ᠵᠢᠯᠤᠭᠤᠳᠤᠮᠵᠢ ᠬᠠᠨᠭ᠍ᠭᠠᠬᠰᠠᠨ ᠪᠠᠶᠢᠨ᠎ᠠ᠃ ᠤᠨᠴᠠᠭᠠᠶᠢᠯᠠᠨ᠂ ᠳᠡᠳᠡᠭᠡᠷ ᠬᠦᠯ ᠨᠢᠷᠤᠭᠤᠨ ᠤ ᠡᠪᠡᠳᠴᠢᠨ ᠲᠠᠢ ᠰᠠᠭᠤᠭᠠᠯᠢ ᠠᠷᠠᠳ ᠤᠨ ᠬᠦᠯ ᠨᠢᠷᠤᠭᠤ ᠨᠢ ᠡᠪᠡᠳᠴᠦ ᠪᠠᠶᠢᠭ᠎ᠠ ᠰᠢᠯᠳᠠᠭᠠᠨ ᠢ ᠨᠢ ᠳᠤᠳᠤᠯᠠᠨ᠂ ᠪᠡᠶ᠎ᠠ ᠪᠠᠨ ᠰᠤᠪᠢᠯᠠᠬᠤ ᠳᠤ ᠠᠩᠬᠠᠷᠬᠤ ᠴᠢᠬᠤᠯᠠᠳᠠᠢ ᠵᠦᠢᠯ ᠵᠢᠴᠢ ᠡᠳᠦᠷ ᠳᠤᠳᠤᠮ ᠤᠨ ᠢᠯᠢᠵᠦ ᠰᠤᠪᠢᠯᠠᠬᠤ ᠤᠷ᠎ᠠ ᠮᠡᠷᠭᠡᠵᠢᠯ ᠢ ᠤᠯᠠᠮᠵᠢᠯᠠᠪᠠ᠃                                                ︵ᠱᠠ ᠯᠤ᠋ ᠨᠠ    ᡁᠢ ᠮᠢᠨ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号