ᠬᠤᠳᠠ ᠶᠢᠨ ᠲᠡᠳ᠋ ᠲᠠᠷᠤᠭ᠎ᠠ ᠸᠠᠩ ᠬᠠᠢ ᠵᠢᠶᠠᠩ ᠤᠨ 2024 ᠤᠨ ᠤ 1 ᠳ᠋ᠤᠭᠡᠷ ᠰᠠᠷ᠎ᠠ ᠶᠢᠨ ᠴᠢᠬᠤᠯᠠ ᠶᠠᠪᠤᠳᠠᠯ ᠤᠨ ᠲᠡᠮᠳᠡᠭᠯᠡᠯ
ᠨᠡᠶᠢᠲᠡᠯᠡᠭᠰᠡᠨ ᠴᠠᠭ᠄
2024/10/8
   1 ᠰᠠᠷ᠎ᠠ ᠶᠢᠨ 3 ᠤ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠬᠠᠶ ᠵᠢᠶᠠᠩ ᠤᠯᠠᠭᠠᠨᠬᠤᠲᠠ ᠪᠤᠯᠤᠳ ᠲᠡᠮᠤᠷ ᠤᠨ ᠺᠣᠮᠫᠠᠨᠢ᠂ ᠮᠧᠩ ᠨᠢᠦ ᠰᠦ ᠶᠢᠨ ᠦᠢᠯᠡᠰ᠂ ᠰᠢᠤᠸᠠᠢ ᠬᠤᠸᠠ ᠫᠢᠸᠤ᠋᠂ ᠪᠠᠶ ᠢ ᠡᠮ ᠤᠨ ᠦᠢᠯᠡᠳᠪᠤᠷᠢ᠂ ᠤᠲᠠᠴᠢ ᠮᠣᠩᠭᠤᠯ ᠡᠮ ᠵᠡᠷᠭᠡ ᠠᠵᠤ ᠠᠬᠤᠶᠢᠯᠠᠯ ᠢᠶᠠᠷ ᠬᠦᠷᠴᠦ᠂ ᠦᠢᠯᠡᠳᠪᠦᠷᠢᠯᠡᠯ ᠤᠨ ᠠᠵᠢᠯᠯᠠᠭᠠᠨ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠦᠢᠯᠡᠳᠬᠦᠨ ᠤ ᠰᠤᠳᠤᠯᠤᠨ ᠨᠡᠭᠡᠭᠡᠯᠲᠡ ᠵᠢᠴᠢ ᠠᠶᠤᠯᠭᠦᠶ ᠦᠢᠯᠡᠳᠪᠦᠷᠢᠯᠡᠯ ᠵᠡᠷᠭᠡ ᠲᠠᠯ᠎ᠠ ᠶᠢᠨ ᠪᠠᠶᠢᠳᠠᠯ ᠢ ᠪᠠᠶᠢᠴᠠᠭᠠᠨ ᠦᠵᠡᠪᠡ᠃    1 ᠰᠠᠷ᠎ᠠ ᠶᠢᠨ 7 ᠤ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠬᠠᠶ ᠵᠢᠶᠠᠩ ᠧᠦ ᠶᠠ ᠬᠤᠳᠠᠯᠳᠤᠭᠠᠨ ᠤ ᠲᠥᠪ᠂ ᠸᠠᠨ ᠳ᠋ᠠ ᠠᠭᠤᠳᠠᠮ ᠲᠠᠯᠠᠪᠠᠶ᠂ ᠰᠧᠨ ᠬᠤᠶ ᠬᠡᠪᠯᠡᠯ ᠤᠨ ᠶᠠᠪᠤᠳᠠᠯ᠂ ᠸᠧ ᠯᠠᠢ ᠲᠧ ᠡᠷᠳᠡᠨᠢ ᠰᠢᠰᠢ ᠶᠢᠨ ᠦᠷ᠎ᠡ ᠶᠢ ᠰᠤᠳᠤᠯᠤᠨ ᠨᠡᠭᠡᠭᠡᠵᠦ ᠦᠢᠯᠡᠳᠪᠦᠷᠢᠯᠡᠬᠦ᠂ ᠱᠦᠨ ᠶᠤᠸᠠᠨ ᠲᠠᠷᠢᠶᠠᠯᠠᠩ ᠤᠨ ᠮᠠᠰᠢᠨ᠂ ᠰᠢᠨ ᠶᠤᠸᠠᠨ ᠢᠳᠡᠭᠡᠨ᠂ ᠯᠠᠩ ᠷᠦᠨ ᠢᠳᠡᠭᠡᠨ᠂ ᠬᠤᠸᠠ ᠨᠧᠩ ᠬᠢᠩᠭᠠᠨ ᠢᠯᠴᠢ ᠴᠠᠬᠢᠯᠭᠠᠨ ᠵᠡᠷᠭᠡ ᠠᠵᠤ ᠦᠢᠯᠡᠳᠪᠦᠷᠢ ᠠᠷᠠᠯᠵᠢᠶᠠᠨ ᠤ ᠠᠵᠤ ᠠᠬᠤᠶᠢᠯᠠᠯ ᠪᠣᠯᠤᠨ ᠲᠥᠷᠥᠯ ᠵᠦᠢᠯ ᠤᠨ ᠲᠤᠬᠠᠶ ᠶᠢᠨ ᠲᠠᠯᠠᠪᠠᠶ ᠪᠠᠷ ᠬᠦᠷᠴᠦ᠂ ᠦᠢᠯᠡᠳᠪᠦᠷᠢᠯᠡᠯ ᠤᠨ ᠠᠵᠢᠯᠯᠠᠭᠠᠨ᠂ ᠲᠥᠷᠥᠯ ᠵᠦᠢᠯ ᠤᠨ ᠠᠬᠢᠴᠠ᠂ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠵᠢᠴᠢ ᠠᠶᠤᠯᠭᠦᠶ ᠦᠢᠯᠡᠳᠪᠦᠷᠢᠯᠡᠯ ᠵᠡᠷᠭᠡ ᠲᠠᠯ᠎ᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃    1 ᠰᠠᠷ᠎ᠠ ᠶᠢᠨ 8 ᠤ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠬᠠᠶ ᠵᠢᠶᠠᠩ ᠤᠯᠠᠭᠠᠨᠬᠤᠲᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ 77 ᠳ᠋ᠤᠭᠠᠷ ᠤᠳᠠᠭᠠᠨ ᠤ ᠬᠤᠷᠠᠯ ᠳᠤ ᠣᠷᠣᠯᠴᠠᠪᠠ᠃    1 ᠰᠠᠷ᠎ᠠ ᠶᠢᠨ 10 ᠤ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠬᠠᠶ ᠵᠢᠶᠠᠩ ᠰᠢᠶᠠᠩᠭᠠᠩ ᠤᠨ ᠸᠠᠨ ᠶᠤᠸᠠᠨ ᠪᠠᠯᠠ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠲᠠᠢ ᠬᠠᠮᠲᠤᠷᠠᠨ ᠠᠵᠢᠯᠯᠠᠵᠤ ᠬᠥᠭᠵᠢᠭᠦᠯᠬᠦ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃    1 ᠰᠠᠷ᠎ᠠ ᠶᠢᠨ 15 ᠤ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠬᠠᠶ ᠵᠢᠶᠠᠩ ᠬᠢᠩᠭᠠᠨ ᠠᠶᠢᠮᠠᠭ ᠬᠢᠭᠡᠳ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ ᠲᠠᠢ ᠵᠣᠯᠭᠠᠭᠤᠯᠬᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠬᠤᠷᠠᠯ ᠳᠤ ᠣᠷᠣᠯᠴᠠᠪᠠ᠃    1 ᠰᠠᠷ᠎ᠠ ᠶᠢᠨ 16 ᠤ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠬᠠᠶ ᠵᠢᠶᠠᠩ ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠵᠢᠴᠢ ᠪᠥᠬᠦ ᠠᠶᠢᠮᠠᠭ ᠤᠨ ᠠᠵᠤ ᠠᠬᠤᠶ ᠶᠢᠨ ᠠᠵᠢᠯ ᠤᠨ ᠬᠤᠷᠠᠯ ᠳᠤ ᠣᠷᠣᠯᠴᠠᠪᠠ  ᠃  ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ ᠤᠨ ᠲᠦᠷᠭᠡᠨ ᠤ ᠵᠠᠮ ᠤᠨ ᠠᠵᠤ ᠦᠢᠯᠡᠰ ᠤᠨ ᠬᠢᠵᠠᠭᠠᠷᠲᠤ ᠺᠣᠮᠫᠠᠨᠢ ᠶᠢᠨ ᠴᠠᠬᠢᠯᠭᠠᠨ ᠴᠡᠨᠡᠭᠯᠡᠬᠦ ᠪᠠᠭᠠᠨ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ ᠤᠨ 2024 ᠣᠨ ᠤ ᠠᠵᠢᠯᠯᠠᠭᠠᠨ ᠤ ᠭᠦᠢᠴᠡᠳᠬᠡᠯ ᠲᠤᠭ᠎ᠠ ᠶᠢ ᠲᠣᠬᠢᠷᠠᠭᠤᠯᠬᠤ ᠬᠤᠷᠠᠯ ᠬᠤᠷᠠᠯᠳᠤᠭᠤᠯᠪᠠ᠃     1 ᠰᠠᠷ᠎ᠠ ᠶᠢᠨ 17 ᠤ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠬᠠᠶ ᠵᠢᠶᠠᠩ ᠤᠯᠠᠭᠠᠨᠬᠤᠲᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ 78 ᠳ᠋ᠤᠭᠠᠷ ᠤᠳᠠᠭᠠᠨ ᠤ ᠬᠤᠷᠠᠯ ᠳᠤ ᠣᠷᠣᠯᠴᠠᠪᠠ  ᠃ ᠬᠤᠲᠠ ᠶᠢᠨ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠳᠥᠷᠪᠡᠳᠦᠭᠡᠷ ᠬᠤᠭᠤᠴᠠᠭᠠᠨ ᠤ ᠨᠣᠮ ᠤᠩᠰᠢᠬᠤ ᠠᠩᠭᠢ ᠵᠢᠴᠢ ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠯᠭ᠎ᠠ ︵ᠥᠷᠭᠡᠳᠬᠡᠭᠰᠡᠨ︶ ᠶᠢᠨ ᠬᠤᠷᠠᠯ ᠳᠤ ᠣᠷᠣᠯᠴᠠᠪᠠ᠃     1 ᠰᠠᠷ᠎ᠠ ᠶᠢᠨ 18 ᠤ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠬᠠᠶ ᠵᠢᠶᠠᠩ ᠱᠧᠨᠵᠧᠨ ᠤ ᠢᠦᠶ ᠾᠧ ᠲᠢᠶᠠᠨ ᠣᠷᠴᠢᠨ ᠲᠣᠭᠤᠷᠢᠨ ᠤ ᠬᠥᠭᠵᠢᠯᠲᠡ ᠶᠢᠨ ᠪᠦᠯᠦᠭᠯᠡᠯ ᠲᠠᠢ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ  ᠠᠷᠠᠯᠵᠢᠶᠠᠴᠢᠨ ᠤᠷᠢᠬᠤ ᠵᠥᠪᠳᠡᠯᠴᠡᠬᠡᠷ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠺᠧ ᠴᠢᠨ ᠸᠠᠨ ᠵᠢᠶᠠ᠂ ᠱᠦᠨ ᠶᠤᠸᠠᠨ ᠲᠠᠷᠢᠶᠠᠯᠠᠩ ᠤᠨ ᠮᠠᠰᠢᠨ᠂ ᠯᠢᠩ ᠨᠠᠨ ᠰᠢᠶᠠᠩ ᠠᠮᠤ ᠪᠤᠳᠠᠭᠠᠨ ᠤ ᠦᠢᠯᠡᠰ᠂ ᠲᠠᠯ᠎ᠠ ᠨᠤᠲᠤᠭ ᠤᠨ ᠰᠠᠨ ᠡᠾᠧ᠂ ᠵᠢᠦ ᠵᠧᠦ ᠳ᠋ᠠ ᠳ᠋ᠢ ᠵᠡᠷᠭᠡ ᠬᠡᠪᠴᠢᠶᠡᠵᠢᠯ ᠠᠴᠠ ᠳᠡᠭᠡᠭᠰᠢᠬᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠡᠳ᠋ᠰᠢᠭᠦᠯᠬᠦ ᠠᠵᠤ ᠠᠬᠤᠶᠢᠯᠠᠯ ᠢᠶᠠᠷ ᠬᠦᠷᠴᠦ᠂ ᠦᠢᠯᠡᠳᠪᠦᠷᠢᠯᠡᠯ ᠤᠨ ᠠᠵᠢᠯᠯᠠᠭᠠᠨ ᠤ ᠪᠠᠶᠢᠳᠠᠯ ᠢ ᠪᠠᠶᠢᠴᠠᠭᠠᠨ ᠦᠵᠡᠪᠡ᠃     1 ᠰᠠᠷ᠎ᠠ ᠶᠢᠨ 19 ᠤ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠬᠠᠶ ᠵᠢᠶᠠᠩ ᠤᠯᠠᠭᠠᠨᠬᠤᠲᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠬᠤᠷᠢᠨ ᠵᠢᠷᠭᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠳᠤ ᠣᠷᠣᠯᠴᠠᠪᠠ᠃     1 ᠰᠠᠷ᠎ᠠ ᠶᠢᠨ 20 ᠤ ᠡᠳᠦᠷ᠂ ᠬᠤᠳᠠ ᠶᠢᠨ ᠳᠡᠳ᠋ ᠳᠠᠷᠤᠭ᠎ᠠ ᠸᠠᠩ ᠬᠠᠢ ᠵᠢᠶᠠᠩ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠣᠷᠣᠯᠴᠠᠪᠠ᠃ ᠤᠯᠠᠭᠠᠨᠬᠤᠲᠠ ᠪᠤᠯᠤᠳ ᠲᠡᠮᠤᠷ ᠤᠨ  ᠺᠤᠮᠫᠠᠨᠢ ᠪᠠᠷ ᠬᠦᠷᠴᠤ ᠭᠤᠣᠯᠳᠠᠯᠭ᠎ᠠ ᠲᠠᠢ ᠲᠦᠷᠦᠯ ᠵᠦᠢᠯ ᠤᠨ ᠠᠬᠢᠴᠠ ᠶᠢᠨ ᠪᠠᠶᠢᠳᠠᠯ ᠢ ᠪᠠᠶᠢᠴᠠᠭᠠᠨ ᠦᠵᠡᠪᠡ᠃      1 ᠰᠠᠷ᠎ᠠ ᠶᠢᠨ 21 ᠤ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠬᠠᠶ ᠵᠢᠶᠠᠩ ᠤᠯᠠᠭᠠᠨᠬᠤᠲᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ 79 ᠳ᠋ᠦ᠋ᠭᠡᠷ ᠤᠳᠠᠭᠠᠨ ᠤ ᠬᠤᠷᠠᠯ ᠳᠤ ᠣᠷᠣᠯᠴᠠᠪᠠ᠃    1 ᠰᠠᠷ᠎ᠠ ᠶᠢᠨ 22 ᠤᠨ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠬᠠᠶ ᠵᠢᠶᠠᠩ ᠰᠢᠨ ᠶᠤᠸᠠᠢ ᠬᠤᠢ ᠬᠡᠷᠡᠭᠯᠡᠭᠡ ᠶᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠨᠡᠶᠢᠲᠡ ᠶᠢᠨ ᠮᠠᠰᠢᠨ ᠲᠡᠷᠭᠡᠨ ᠤ ᠺᠣᠮᠫᠠᠨᠢ᠂ ᠸᠠᠨ ᠳ᠋ᠠ ᠠᠭᠤᠳᠠᠮ ᠲᠠᠯᠠᠪᠠᠢ᠂ ᠶᠢᠨ ᠯᠦ ᠲᠡᠭᠡᠭᠡᠪᠦᠷᠢ ᠶᠢᠨ ᠦᠢᠯᠡᠰ ᠵᠡᠷᠭᠡ ᠠᠵᠤ ᠠᠬᠤᠶᠢᠯᠠᠯ ᠢᠶᠠᠷ ᠬᠦᠷᠴᠦ᠂ ᠵᠠᠮ ᠲᠡᠭᠡᠭᠡᠪᠦᠷᠢ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠬᠦᠷᠢᠶᠡᠨ ᠤ ᠠᠶᠤᠯᠭᠦᠢ ᠦᠢᠯᠡᠳᠪᠦᠷᠢᠯᠡᠯ ᠢ ᠬᠢᠨᠠᠨ ᠵᠢᠯᠣᠭᠤᠳᠴᠤ ᠪᠠᠶᠢᠴᠠᠭᠠᠪᠠ    1 ᠰᠠᠷ᠎ᠠ ᠶᠢᠨ 23 ᠤ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠬᠠᠶ ᠵᠢᠶᠠᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠤᠲᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠶᠢᠨ ᠵᠢᠷᠭᠤᠳᠤᠭᠠᠷ ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠳᠤ ᠣᠷᠣᠯᠴᠠᠪᠠ᠃ ᠱᠧᠩ ᠱᠧᠩ ᠬᠡᠢ ᠨᠡᠮᠡᠵᠦ ᠲᠣᠰᠣ ᠨᠡᠮᠡᠬᠦ ᠦᠷᠳᠡᠭᠡ᠂ ᠵᠢᠶᠠ ᠶᠢᠨ ᠴᠠᠬᠢᠯᠭᠠᠨ ᠱᠠᠲᠤ ᠤᠭᠰᠠᠷᠠᠬᠤ ᠺᠣᠮᠫᠠᠨᠢ᠂ ᠰᠢᠩ ᠪᠧᠢ ᠰᠢᠩᠭᠡᠨᠵᠢᠮᠡᠯ ᠬᠡᠢ ᠶᠢᠨ ᠥᠷᠲᠡᠭᠡ ᠵᠡᠷᠭᠡ ᠠᠵᠤ ᠠᠬᠤᠶᠢᠯᠠᠯ ᠢᠶᠠᠷ ᠬᠦᠷᠴᠦ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠬᠦᠷᠢᠶᠡᠨ ᠳᠠᠬᠢ ᠠᠶᠤᠯᠭᠦᠶ ᠦᠢᠯᠡᠳᠪᠦᠷᠢᠯᠡᠯ ᠤᠨ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ᠃     1 ᠰᠠᠷ᠎ᠠ ᠶᠢᠨ 24 ᠤ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠬᠠᠶ ᠵᠢᠶᠠᠩ ᠤᠯᠤᠰ ᠲᠥᠷᠥ ᠶᠢᠨ ᠵᠥᠪᠯᠡᠯᠭᠡᠨ ᠤ ᠤᠯᠠᠭᠠᠨᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠤᠳᠠᠭᠠᠨ ᠤ ᠬᠤᠷᠠᠯ ᠤᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃     1 ᠰᠠᠷ᠎ᠠ ᠶᠢᠨ 25 ᠤ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠬᠠᠶ ᠵᠢᠶᠠᠩ ᠤᠯᠠᠭᠠᠨᠬᠤᠲᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠭᠤᠷᠪᠠᠳᠤᠭᠠᠷ ᠤᠳᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠤ ᠣᠷᠣᠯᠴᠠᠪᠠ᠃ ᠶᠢᠰᠦᠳᠦᠭᠡᠷ ᠤᠳᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠦᠯᠬᠦᠮ ᠤᠨ ᠬᠤᠷᠠᠯ ᠳᠤ ᠣᠷᠣᠯᠴᠠᠪᠠ᠃     1 ᠰᠠᠷ᠎ᠠ ᠶᠢᠨ 26 ᠤ ᠡᠳᠦᠷ᠂ ᠬᠤᠳᠠ ᠶᠢᠨ ᠳᠡᠳ᠋ ᠳᠠᠷᠤᠭ᠎ᠠ ᠸᠠᠩ ᠬᠠᠢ ᠵᠢᠶᠠᠩ ᠪᠦᠬᠦ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠳᠤ ᠣᠷᠣᠯᠴᠠᠪᠠ᠃ ᠤᠯᠠᠭᠠᠨᠬᠤᠲᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠭᠤᠷᠪᠠᠳᠤᠭᠠᠷ ᠤᠳᠠᠭ᠎ᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯ ᠳᠤ ᠣᠷᠣᠯᠴᠠᠪᠠ᠃     1 ᠰᠠᠷ᠎ᠠ ᠶᠢᠨ 27 ᠤ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠬᠠᠶ ᠵᠢᠶᠠᠩ ᠤᠯᠠᠭᠠᠨᠬᠤᠲᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠭᠤᠷᠪᠠᠳᠤᠭᠠᠷ ᠤᠳᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ  ᠤᠳᠠᠭᠠᠨ ᠤ ᠬᠤᠷᠠᠯ ᠳᠤ ᠣᠷᠣᠯᠴᠠᠪᠠ᠃ ᠤᠯᠠᠭᠠᠨᠬᠤᠲᠠ ᠪᠤᠯᠤᠳ ᠲᠡᠮᠤᠷ ᠤᠨ ᠺᠤᠮᠫᠠᠨᠢ᠂ ᠮᠧᠩ ᠨᠧᠩ ᠬᠢᠩᠭᠠᠨ ᠢᠯᠴᠢ ᠴᠠᠬᠢᠯᠭᠠᠨ᠂ ᠾᠧ ᠳ᠋ᠦᠩ ᠴᠠᠬᠢᠯᠭᠠᠨ ᠴᠡᠨᠡᠭᠯᠡᠬᠦ ᠥᠷᠲᠡᠭᠡ᠂ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠵᠡᠷᠭᠡ ᠲᠠᠯᠠᠪᠤᠷ ᠢᠶᠠᠷ ᠬᠦᠷᠴᠦ ᠠᠶᠤᠯᠭᠦᠶ ᠦᠢᠯᠡᠳᠪᠦᠷᠢᠯᠡᠯ ᠤᠨ ᠠᠵᠢᠯ ᠢ ᠱᠠᠯᠠᠪᠳᠠᠭᠤᠯᠤᠨ ᠵᠢᠯᠣᠭᠤᠳᠪᠠ᠃     1 ᠰᠠᠷ᠎ᠠ ᠶᠢᠨ 29 ᠤ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠬᠠᠶ ᠵᠢᠶᠠᠩ ᠠᠶᠢᠮᠠᠭ ᠤᠨ ᠵᠠᠬᠢᠷᠭ᠎ᠠ ᠶᠢᠨ ᠠᠶᠢᠮᠠᠭ ᠤᠨ ᠳᠡᠳ᠋ ᠳᠠᠷᠤᠭ᠎ᠠ ᠯᠢᠶᠠᠩ ᠶᠠᠨ ᠵᠢᠶᠦ᠋ᠨ ᠳᠤ ᠪᠠᠷ᠎ᠠ ᠪᠣᠯᠵᠣ ᠤᠯᠠᠭᠠᠨᠬᠤᠲᠠ ᠪᠤᠯᠤᠳ ᠲᠡᠮᠤᠷ ᠤᠨ ᠺᠤᠮᠫᠠᠨᠢ᠂ ᠱᠦᠨ ᠶᠤᠸᠠᠨ ᠲᠠᠷᠢᠶᠠᠯᠠᠩ ᠤᠨ ᠮᠠᠰᠢᠨ᠂ ᠪᠠᠢ ᠢ ᠡᠮ ᠤᠨ ᠦᠢᠯᠡᠳᠪᠤᠷᠢ᠂ ᠮᠧᠩ ᠨᠢᠦ ᠰᠦ ᠶᠢᠨ ᠦᠢᠯᠡᠰ᠂ ᠤᠲᠠᠴᠢ ᠮᠣᠩᠭᠤᠯ ᠡᠮ᠂ ᠰᠢᠤᠸᠠᠢ ᠬᠤᠸᠠ ᠫᠢᠸᠤ᠋᠂ ᠪᠥᠸᠧ ᠶᠤᠸᠠᠨ ᠬᠢᠮᠢ ᠵᠡᠷᠭᠡ ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠪᠣᠯᠭᠤᠭᠠᠨ ᠲᠣᠬᠤᠨᠢᠭᠤᠯᠪᠠ᠃
 
ᠢᠷᠡᠯᠲᠡ᠄ ᠤᠯᠠᠭᠠᠨᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号