| 2 ᠰᠠᠷ᠎ᠠ ᠶᠢᠨ 2 ᠤᠨ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠬᠠᠶ ᠵᠢᠶᠠᠩ ᠠᠷᠠᠳ ᠤᠨ ᠡᠵᠡᠩᠨᠡᠯᠲᠡ ᠶᠢᠨ | ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠲᠠᠩᠰᠠᠨ ᠳᠠᠬᠢ ᠵᠣᠭᠤᠰ ᠢ ᠢᠯᠭᠠᠷᠠᠭᠤᠯᠤᠨ ᠳᠢᠭᠯᠡᠬᠦ ᠵᠣᠬᠢᠴᠠᠭᠤᠯᠬᠤ ᠬᠤᠷᠠᠯ ᠢ | ᠡᠷᠭᠢᠯᠡᠨ ᠬᠤᠷᠠᠯᠳᠤᠭᠤᠯᠪᠠ᠃ ᠪᠠᠢ ᠢ ᠡᠮ ᠤᠨ ᠦᠢᠯᠡᠳᠪᠤᠷᠢ᠂ ᠨᠡᠶᠢᠲᠡ ᠶᠢᠨ ᠮᠠᠰᠢᠨ ᠲᠡᠷᠭᠡᠨ ᠤ ᠺᠣᠮᠫᠠᠨᠢ ᠵᠡᠷᠭᠡ | ᠨᠢᠭᠡᠳᠦᠭᠡᠷ ᠹᠷᠣᠨᠲ ᠤᠨ ᠠᠵᠤ ᠠᠬᠤᠶᠢᠯᠠᠯ ᠪᠠ ᠪᠠᠶᠢᠭᠤᠯᠭ᠎ᠠ ᠨᠢᠭᠡᠴᠢ ᠶᠢ ᠪᠣᠯᠭᠤᠭᠠᠨ ᠲᠣᠬᠤᠨᠢᠭᠤᠯᠪᠠ᠃ | 2 ᠰᠠᠷ᠎ᠠ ᠶᠢᠨ 4 ᠤ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠬᠠᠶ ᠵᠢᠶᠠᠩ ᠪᠥᠬᠦ ᠠᠶᠢᠮᠠᠭ ᠤᠨ ᠺᠠᠳ᠋ᠷᠴᠤᠳ ᠤᠨ | ᠶᠡᠭᠡ ᠬᠤᠷᠠᠯ ᠤᠨ ᠸᠢᠳᠢᠣ᠋ ᠬᠤᠷᠠᠯ ᠳᠤ ᠣᠷᠣᠯᠴᠠᠪᠠ᠃ | 2 ᠰᠠᠷ᠎ᠠ ᠶᠢᠨ 5 ᠤ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠬᠠᠶ ᠵᠢᠶᠠᠩ ᠳᠤᠮᠳᠠᠳᠤ ᠤᠯᠤᠰ ᠤᠨ ᠡᠪ ᠬᠠᠮᠲᠤ | ᠨᠠᠮ ᠤᠨ ᠬᠢᠩᠭᠠᠨ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ︵ᠥᠷᠭᠡᠳᠬᠡᠭᠰᠡᠨ︶ ᠶᠢᠨ ᠸᠢᠳᠢᠣ᠋ ᠬᠤᠷᠠᠯ ᠳᠤ | ᠣᠷᠣᠯᠴᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠤᠲᠠ ᠶᠢᠨ ᠠᠷᠪᠠᠨ ᠬᠤᠶᠠᠳᠤᠭᠠᠷ ᠬᠤᠭᠤᠴᠠᠭᠠᠨ ᠤ | ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ 80 ᠳ᠋ᠤᠭᠠᠷ ᠤᠳᠠᠭᠠᠨ ᠤ ᠬᠤᠷᠠᠯ ᠳᠤ ᠣᠷᠣᠯᠴᠠᠪᠠ᠃ | 2 ᠰᠠᠷ᠎ᠠ ᠶᠢᠨ 6 ᠤ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠬᠠᠶ ᠵᠢᠶᠠᠩ ᠤᠯᠠᠭᠠᠨᠬᠤᠲᠠ ᠶᠢᠨ ᠠᠷᠪᠠᠨ | ᠳᠥᠷᠪᠡᠳᠦᠭᠡᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠬᠤᠷᠢᠨ ᠳᠣᠯᠣᠳᠤᠭᠠᠷ ᠤᠳᠠᠭᠠᠨ ᠤ ᠪᠠᠶᠢᠩᠭᠤ ᠶᠢᠨ | ᠬᠤᠷᠠᠯ ᠳᠤ ᠣᠷᠣᠯᠴᠠᠵᠠᠢ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠤᠲᠠ ᠶᠢᠨ ᠠᠷᠪᠠᠨ ᠬᠤᠶᠠᠳᠤᠭᠠᠷ | ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠳᠤ ᠣᠷᠣᠯᠴᠠᠪᠠ᠃ | ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ ᠾᠧ ᠸᠧᠶ ᠯᠢ ᠪᠠᠷ᠎ᠠ ᠪᠣᠯᠵᠤ ᠲᠦᠩ ᠷᠧᠨ ᠲᠠᠩ ᠡᠮ ᠤᠨ ᠳᠡᠯᠭᠡᠭᠦᠷ᠂ ᠾᠧ | ᠫᠢᠩ ᠵᠠᠬ᠎ᠠ ᠳᠡᠯᠭᠡᠭᠦᠷ᠂ ᠧᠦ ᠶᠠ ᠬᠤᠳᠠᠯᠳᠤᠭᠠᠨ ᠤ ᠲᠥᠪ᠂ ᠰᠢᠨ ᠶᠦᠩ ᠹᠧᠩ ᠢᠳᠡᠭᠡᠨ ᠤᠮᠳᠠᠭᠠᠨ ᠤ ᠲᠣᠬᠢᠷᠠᠭᠤᠯᠤᠨ | ᠬᠦᠷᠭᠡᠬᠦ ᠲᠥᠪ ᠵᠡᠷᠭᠡ ᠭᠤᠤᠯᠳᠠᠯᠭ᠎ᠠ ᠲᠠᠢ ᠲᠠᠯᠠᠪᠤᠷ ᠢᠶᠠᠷ ᠬᠦᠷᠴᠦ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠢᠳᠡᠭᠡᠨ | ᠪᠠ ᠡᠮ ᠤᠨ ᠵᠤᠶᠢᠯᠡᠰ ᠤᠨ ᠠᠮᠤᠷ ᠲᠦᠪᠰᠢᠨ᠂ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠬᠠᠩᠭᠠᠯᠭ᠎ᠠ ᠶᠢ | ᠪᠠᠲᠤᠯᠠᠬᠤ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠦᠨ᠎ᠡ ᠬᠠᠩᠰᠢ ᠶᠢ ᠲᠣᠭᠲᠠᠭᠤᠨ ᠪᠠᠶᠢᠯᠭᠠᠬᠤ ᠵᠡᠷᠭᠡ ᠲᠠᠯ᠎ᠠ ᠶᠢᠨ | ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃ | 2 ᠰᠠᠷ᠎ᠠ ᠶᠢᠨ 7 ᠤ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠬᠠᠶ ᠵᠢᠶᠠᠩ ᠬᠢᠩᠭᠠᠨ ᠠᠶᠢᠮᠠᠭ ᠤᠨ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ | ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠤᠨ ᠳ᠋ᠦᠩᠨᠡᠯᠲᠡ ᠶᠢᠨ ᠸᠢᠳᠢᠣ᠋ ᠬᠤᠷᠠᠯ ᠳᠤ ᠣᠷᠣᠯᠴᠠᠪᠠ᠃ | 2 ᠰᠠᠷ᠎ᠠ ᠶᠢᠨ 19 ᠤ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠬᠠᠶ ᠵᠢᠶᠠᠩ ᠵᠢᠩ ᠶᠧ ᠪᠦᠯᠦᠭᠯᠡᠯ ᠤᠨ ᠬᠡᠷᠡᠭ | ᠮᠡᠳᠡᠭᠴᠢᠳ ᠤᠨ ᠳᠠᠷᠤᠭ᠎ᠠ ᠯᠢ ᠭᠠᠨ ᠫᠦᠸᠧ ᠳᠤ ᠪᠠᠷ᠎ᠠ ᠪᠣᠯᠵᠣ ᠤᠯᠠᠭᠠᠨᠬᠤᠲᠠ ᠪᠣᠯᠣᠳ ᠲᠡᠮᠦᠷ ᠤᠨ ᠪᠦᠯᠦᠭᠯᠡᠯ ᠤᠨ | ᠦᠢᠯᠡᠳᠪᠦᠷᠢᠯᠡᠯ ᠤᠨ ᠠᠵᠢᠯᠯᠠᠭᠠᠨ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠡᠷᠭᠡ ᠲᠠᠯ᠎ᠠ ᠶᠢᠨ ᠪᠠᠶᠢᠳᠠᠯ ᠢ | ᠪᠠᠶᠢᠴᠠᠭᠠᠨ ᠰᠤᠳᠤᠯᠪᠠ᠃ | 2 ᠰᠠᠷ᠎ᠠ ᠶᠢᠨ 22 ᠤᠨ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠬᠠᠶ ᠵᠢᠶᠠᠩ 2024 ᠣᠨ ᠤ | ᠭᠤᠤᠯᠳᠠᠯᠭ᠎ᠠ ᠲᠠᠢ ᠲᠥᠷᠥᠯ ᠵᠦᠢᠯ ᠢ ᠠᠬᠢᠭᠤᠯᠬᠤ ᠬᠤᠷᠠᠯ ᠳᠤ ᠣᠷᠣᠯᠴᠠᠪᠠ᠃ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤ ᠪᠠᠷ ᠬᠦᠷᠴᠦ ᠶᠦᠩ ᠯᠢᠶᠠᠨ ᠶᠡᠭᠡ ᠬᠥᠭᠦᠷᠭᠡ ᠶᠢᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷ | ᠭᠦᠢᠴᠡᠳᠬᠡᠯ ᠤᠨ ᠬᠠᠮᠢᠶ᠎ᠠ ᠪᠦᠬᠦᠢ ᠤᠴᠢᠷ ᠶᠠᠪᠤᠳᠠᠯ ᠢ ᠵᠣᠯᠭᠠᠭᠤᠯᠪᠠ᠃ | 2 ᠰᠠᠷ᠎ᠠ ᠶᠢᠨ 23 ᠤ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠬᠠᠶ ᠵᠢᠶᠠᠩ ᠪᠥᠬᠦ ᠬᠤᠲᠠ ᠶᠢᠨ ᠠᠵᠤ | ᠠᠬᠤᠶ ᠶᠢᠨ ᠬᠦᠷᠢᠶᠡᠨ ᠳᠠᠬᠢ ᠴᠢᠨᠠᠷ ᠰᠠᠶᠢᠲᠠᠶ ᠬᠥᠭᠵᠢᠯᠲᠡ ᠶᠢ ᠨᠠᠶᠢᠳᠠᠪᠤᠷᠢᠵᠢᠭᠤᠯᠬᠤ ᠲᠥᠷᠥ ᠶᠢᠨ ᠪᠣᠳᠣᠯᠭ᠎ᠠ ᠶᠢᠨ | ᠰᠤᠳᠤᠯᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠠᠶᠢᠮᠠᠭ ᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ | ᠠᠰᠢᠭ ᠰᠢᠮ᠎ᠡ ᠶᠢᠨ ᠪᠠᠷᠠᠭᠠᠨ ᠤ ᠭᠦᠢᠯᠭᠡᠭᠡᠨ ᠤ ᠲᠣᠭᠤᠷᠢᠭ ᠤᠨ 2024 ᠣᠨ ᠤ ᠭᠤᠤᠯᠳᠠᠯᠭ᠎ᠠ ᠲᠠᠢ ᠠᠵᠢᠯ ᠤᠨ | ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | 2 ᠰᠠᠷ᠎ᠠ ᠶᠢᠨ 27 ᠤ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠬᠠᠶ ᠵᠢᠶᠠᠩ ᠪᠣᠬᠢᠷᠲᠤᠯ ᠥᠬᠡᠶ ᠠᠵᠤ ᠤᠶᠢᠯᠡᠰ | ᠤᠨ ᠬᠦᠷᠢᠶᠡᠯᠡᠩ ᠤᠨ ᠢᠳᠡᠭᠡᠨ ᠡᠳ᠋ᠰᠢᠭᠦᠯᠬᠦ ᠲᠣᠭᠤᠷᠢᠭ ᠢᠶᠠᠷ ᠬᠦᠷᠴᠦ᠂ ᠥᠪᠡᠷᠲᠡᠭᠡᠨ ᠵᠠᠰᠠᠬᠤ ᠣᠷᠣᠨ ᠤ ᠢᠳᠡᠭᠡᠨ | ᠤᠶᠢᠯᠡᠳᠪᠤᠷᠢᠯᠠᠵᠤ ᠡᠳ᠋ᠰᠢᠭᠦᠯᠬᠦ ᠪᠠᠭ᠎ᠠ ᠤᠶᠢᠯᠡᠳᠭᠡᠯ ᠤᠨ ᠵᠢᠱᠢᠶ᠎ᠡ ᠦᠵᠡᠭᠦᠯᠬᠦ ᠲᠣᠭᠤᠷᠢᠭ ᠢ ᠡᠭᠦᠳᠦᠨ ᠪᠠᠶᠢᠭᠤᠯᠬᠤ ᠬᠠᠮᠢᠶ᠎ᠠ | ᠪᠥᠬᠦᠶ ᠵᠤᠶᠢᠯᠡᠰ ᠢ ᠰᠤᠳᠤᠯᠪᠠ᠃ ᠳ᠋ᠠ ᠾᠧ ᠪᠠᠷᠠᠭᠠᠨ ᠤ ᠭᠦᠢᠯᠭᠡᠭᠡᠨ ᠤ ᠬᠥᠮᠥᠷᠭᠡᠯᠡᠨ ᠬᠠᠳᠠᠭᠠᠯᠠᠬᠤ᠂ ᠶᠢᠦ ᠰᠢᠨ ᠡᠭᠦᠳᠡ | ᠴᠣᠩᠬᠤ ᠡᠳ᠋ᠰᠢᠭᠦᠯᠬᠦ᠂ ᠵᠢᠶᠠ ᠶᠣᠣ ᠬᠠᠭᠤᠴᠢᠨ ᠮᠠᠰᠢᠨ ᠲᠡᠷᠭᠡ ᠶᠢ ᠲᠠᠰ ᠳᠡᠪᠰᠢᠭᠦᠯᠦᠨ ᠥᠭᠡᠷᠡᠴᠢᠯᠡᠬᠦ᠂ ᠶᠧ ᠲᠦᠩ | ᠮᠠᠰᠢᠨ ᠲᠡᠷᠭᠡᠨ ᠤ ᠠᠷᠠᠯᠵᠢᠶ᠎ᠠ ᠵᠡᠷᠭᠡ 4S ᠳᠡᠯᠭᠡᠭᠦᠷ ᠢ ᠰᠢᠨ᠎ᠡ ᠪᠠᠷ ᠪᠠᠶᠢᠭᠤᠯᠬᠤ᠂ ᠹᠠᠩ ᠶᠢᠨ ᠡᠳ᠋ ᠪᠣᠳᠠᠰ ᠬᠥᠮᠥᠷᠭᠡᠯᠡᠨ | ᠬᠠᠳᠠᠭᠠᠯᠠᠬᠤ᠂ ᠵᠢᠶᠧ ᠴᠧᠩ ᠠᠮᠤ ᠪᠤᠳᠠᠭᠠᠨ ᠤ ᠬᠥᠮᠥᠷᠭᠡ ᠶᠢ ᠳᠡᠭᠡᠭᠰᠢᠯᠡᠭᠦᠯᠦᠨ ᠥᠭᠡᠷᠡᠴᠢᠯᠡᠬᠦ᠂ ᠶᠢᠨ ᠯᠦ ᠲᠡᠭᠡᠭᠡᠪᠦᠷᠢ ᠶᠢᠨ | ᠤᠶᠢᠯᠡᠰ ᠤᠨ ᠬᠤᠳᠠᠯᠳᠤᠭᠠᠨ ᠤ ᠬᠥᠮᠥᠷᠭᠡᠯᠡᠨ ᠬᠠᠳᠠᠭᠠᠯᠠᠬᠤ᠂ ᠲᠠᠢ ᠬᠤᠸᠠ ᠵᠠᠬ᠎ᠠ ᠳᠡᠯᠭᠡᠭᠦᠷ ᠵᠡᠷᠭᠡ ᠠᠵᠤ ᠠᠬᠤᠶᠢᠯᠠᠯ ᠪᠠ | ᠲᠥᠷᠥᠯ ᠵᠤᠶᠢᠯ ᠢ ᠰᠤᠳᠤᠯᠤᠨ ᠪᠠᠶᠢᠴᠠᠭᠠᠪᠠ᠃ |