| 3 ᠰᠠᠷ᠎ᠠ ᠶᠢᠨ 1 ᠤ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠬᠠᠶ ᠵᠢᠶᠠᠩ ᠥᠪᠡᠷᠲᠡᠭᠡᠨ ᠵᠠᠰᠠᠬᠤ ᠣᠷᠣᠨ ᠤ ︽ | ᠮᠥᠩᠭᠦᠨ ᠭᠦᠢᠯᠭᠡᠭᠡᠨ ᠤ ᠬᠦᠴᠦᠷᠬᠡᠭ ᠤᠯᠤᠰ ᠤᠨ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ | ᠬᠥᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠬᠤ︾ ᠲᠥᠪᠯᠡᠷᠡᠩᠭᠦᠶ ᠸᠢᠳᠢᠣ᠋ ᠪᠣᠯᠪᠠᠰᠤᠷᠠᠯ ᠤᠨ ᠬᠤᠷᠠᠯ ᠳᠤ ᠣᠷᠣᠯᠴᠠᠪᠠ᠃ | ᠪᠥᠬᠦ ᠠᠶᠢᠮᠠᠭ ᠤᠨ 2024 ᠣᠨ ᠤ ᠵᠠᠰᠠᠮᠠᠯ ᠵᠠᠮ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ | ᠡᠬᠢᠯᠡᠯᠲᠡ ᠶᠢᠨ ᠬᠤᠷᠠᠯ ᠳᠤ ᠣᠷᠣᠯᠴᠠᠪᠠ᠃ | 3 ᠰᠠᠷ᠎ᠠ ᠶᠢᠨ 4 ᠤ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠬᠠᠶ ᠵᠢᠶᠠᠩ ᠠᠶᠢᠮᠠᠭ ᠤᠨ ᠵᠠᠬᠢᠷᠭ᠎ᠠ ᠶᠢᠨ | ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠤᠯᠠᠭᠠᠨᠬᠤᠲᠠ ᠪᠣᠯᠣᠳ ᠲᠡᠮᠦᠷ᠂ ᠪᠠᠢ ᠢ ᠡᠮ ᠤᠨ ᠦᠢᠯᠡᠳᠪᠤᠷᠢ᠂ ᠰᠧᠨ | ᠬᠤᠶ ᠬᠡᠪᠯᠡᠯ ᠤᠨ ᠶᠠᠪᠤᠳᠠᠯ᠂ ᠸᠧ ᠯᠠᠢ ᠲᠧ ᠡᠷᠳᠡᠨᠢ ᠰᠢᠰᠢ ᠶᠢᠨ ᠦᠷ᠎ᠡ ᠶᠢ ᠰᠤᠳᠤᠯᠤᠨ ᠨᠡᠭᠡᠭᠡᠵᠦ ᠦᠢᠯᠡᠳᠪᠦᠷᠢᠯᠡᠬᠦ᠂ ᠵᠧᠩ | ᠴᠧᠨ ᠰᠣᠶᠣᠯ ᠵᠢᠭᠤᠯᠴᠢᠯᠠᠯ ᠤᠨ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠪᠠᠶᠢᠴᠠᠭᠠᠨ ᠦᠵᠡᠪᠡ᠃ ᠪᠥᠬᠦ | ᠠᠶᠢᠮᠠᠭ ᠤᠨ ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠤᠨ ᠠᠪᠴᠢᠷᠠᠬᠤ ︽ᠡᠪᠦᠯ ᠬᠠᠪᠤᠷ ᠤᠨ ᠰᠢᠪᠲᠤᠯᠤᠯᠲᠠ︾ | ᠵᠢᠴᠢ ᠰᠣᠶᠣᠯ ᠵᠢᠭᠤᠯᠴᠢᠯᠠᠯ ᠤᠨ ᠲᠥᠷᠥᠯ ᠵᠦᠢᠯ ᠤᠨ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠱᠠᠯᠠᠪᠳᠠᠭᠤᠯᠤᠨ | ᠪᠠᠶᠢᠴᠠᠭᠠᠬᠤ ᠠᠵᠢᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠪᠠ᠃ | 3 ᠰᠠᠷ᠎ᠠ ᠶᠢᠨ 7 ᠤ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠬᠠᠶ ᠵᠢᠶᠠᠩ ᠪᠥᠬᠦ ᠬᠤᠲᠠ ᠶᠢᠨ ︽ | ᠬᠠᠮᠢᠶᠠᠷᠤᠯᠲᠠ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠵᠦ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ︾ | ᠭᠤᠤᠯᠳᠠᠯᠭ᠎ᠠ ᠲᠠᠢ ᠠᠵᠤ ᠦᠢᠯᠡᠳᠪᠦᠷᠢ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ ᠤᠨ | ᠬᠤᠭᠤᠷᠣᠨᠳᠣᠬᠢ ᠲᠣᠭᠤᠷᠢᠨ ᠦᠵᠡᠵᠦ ᠰᠣᠯᠢᠯᠴᠠᠬᠤ ᠠᠵᠢᠯᠯᠠᠭ᠎ᠠ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ | ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠭᠦᠢᠯᠭᠡᠭᠡᠨ ᠤ ᠭᠠᠵᠠᠷ ᠤᠨ ᠳᠡᠳ᠋ ᠳᠠᠷᠤᠭ᠎ᠠ ᠸᠠᠩ ᠶᠠ ᠮᠢᠩ ᠬᠤᠰᠢᠭᠤ | ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮ ᠤᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠪᠠᠶᠢᠴᠠᠭᠠᠨ | ᠰᠤᠳᠤᠯᠪᠠ᠃ ᠠᠵᠤ ᠦᠢᠯᠡᠳᠪᠦᠷᠢ ᠶᠢᠨ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠵᠠᠮ ᠤᠨ ᠲᠥᠷᠥᠯ ᠵᠦᠢᠯ ᠤᠨ | ᠡᠮᠦᠨᠡᠬᠢ ᠬᠤᠭᠤᠴᠠᠭᠠᠨ ᠤ ᠭᠠᠷᠳᠠᠮ ᠢ ᠵᠣᠬᠢᠴᠠᠭᠤᠯᠬᠤ ᠬᠤᠷᠠᠯ ᠢ ᠡᠷᠬᠢᠯᠡᠨ ᠬᠤᠷᠠᠯᠳᠤᠭᠤᠯᠪᠠ᠃ | 3 ᠰᠠᠷ᠎ᠠ ᠶᠢᠨ 12 ᠤᠨ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠬᠠᠶ ᠵᠢᠶᠠᠩ ᠳᠤᠮᠳᠠᠳᠤ ᠤᠯᠤᠰ ᠤᠨ ᠡᠪ | ᠬᠠᠮᠲᠤ ᠨᠠᠮ ᠤᠨ ᠤᠯᠠᠭᠠᠨᠬᠤᠲᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ | 81 ᠳ᠋ᠦ᠋ᠭᠡᠷ ᠤᠳᠠᠭᠠᠨ ᠤ ᠬᠤᠷᠠᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠪᠥᠬᠦ ᠤᠯᠤᠰ ᠤᠨ ᠬᠤᠶᠠᠷ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠲᠤᠭᠤᠰᠢᠯᠠᠭᠤᠯᠬᠤ ᠺᠠᠳ᠋ᠷᠴᠤᠳ ᠤᠨ ᠶᠡᠭᠡ ᠬᠤᠷᠠᠯ ᠳᠤ ᠣᠷᠣᠯᠴᠠᠪᠠ᠃ | 3 ᠰᠠᠷ᠎ᠠ ᠶᠢᠨ 14 ᠤ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠬᠠᠶ ᠵᠢᠶᠠᠩ ᠥᠪᠡᠷᠲᠡᠭᠡᠨ ᠵᠠᠰᠠᠬᠤ ᠣᠷᠣᠨ ᠤ | ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠲᠣᠬᠢᠷᠠᠭᠤᠯᠤᠯᠲᠠ ᠵᠢᠴᠢ ᠲᠤᠰᠬᠠᠶ ᠰᠡᠳᠦᠪᠲᠦ | ᠮᠡᠳᠡᠭᠦᠯᠦᠯᠲᠡ ᠶᠢᠨ ᠸᠢᠳᠢᠤ᠋ ᠬᠤᠷᠠᠯ ᠳᠤ ᠣᠷᠣᠯᠴᠠᠪᠠ᠃ | 3 ᠰᠠᠷ᠎ᠠ ᠶᠢᠨ 15 ᠤ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠬᠠᠶ ᠵᠢᠶᠠᠩ ︽3 · 15︾ ᠤ ᠣᠯᠠᠨ | ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠡᠳᠦᠷ ᠤᠨ ᠤᠬᠠᠭᠤᠯᠤᠨ ᠳᠤᠷᠠᠰᠬᠠᠬᠤ ᠠᠵᠢᠯᠯᠠᠭ᠎ᠠ ᠳᠤ | ᠣᠷᠣᠯᠴᠠᠪᠠ᠃ ᠢ ᠱᠧᠩ ᠲᠠᠩ ᠡᠮ ᠤᠨ ᠦᠢᠯᠡᠰ᠂ ᠸᠧᠨ ᠹᠦ᠋ ᠵᠠᠰᠠᠯ ᠴᠢᠮᠡᠭᠯᠡᠯ ᠲᠠᠢ ᠬᠢᠲᠠᠳ ᠡᠮ ᠤᠨ ᠴᠢᠨᠠᠬᠤ ᠡᠮ᠂ | ᠪᠣᠭᠤᠳᠠᠯᠯᠠᠨ ᠬᠡᠪᠯᠡᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠤᠴᠢᠷ ᠶᠠᠪᠤᠳᠠᠯ ᠢ ᠶᠠᠷᠢᠯᠴᠠᠪᠠ᠃ | 3 ᠰᠠᠷ᠎ᠠ ᠶᠢᠨ 18 ᠤ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠬᠠᠶ ᠵᠢᠶᠠᠩ ᠬᠤᠲᠠ ᠶᠢᠨ ᠠᠷᠪᠠᠨ ᠳᠥᠷᠪᠡᠳᠦᠭᠡᠷ | ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠬᠤᠷᠢᠨ ᠨᠠᠢᠮᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠳᠤ | ᠣᠷᠣᠯᠴᠠᠪᠠ᠃ 2024 ᠣᠨ ᠤ ᠠᠩᠬᠠᠳᠤᠭᠠᠷ ᠤᠳᠠᠭᠠᠨ ᠤ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ ᠬᠤᠷᠠᠯ ᠳᠤ ᠣᠷᠣᠯᠴᠠᠪᠠ᠃ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ ᠯᠢᠶᠠᠩ ᠶᠠᠨ ᠵᠢᠶᠦ᠋ᠨ ᠳᠤ ᠪᠠᠷ᠎ᠠ | ᠪᠣᠯᠵᠤ ᠤᠯᠠᠭᠠᠨᠬᠤᠲᠠ ᠪᠤᠯᠤᠳ ᠲᠡᠮᠤᠷ ᠤᠨ ᠺᠤᠮᠫᠠᠨᠢ᠂ ᠬᠤᠸᠠ ᠨᠧᠩ ᠬᠢᠩᠭᠠᠨ ᠢᠯᠴᠢ ᠴᠠᠬᠢᠯᠭᠠᠨ ᠤ ᠦᠢᠯᠡᠳᠪᠦᠷᠢᠯᠡᠯ ᠤᠨ | ᠠᠵᠢᠯᠯᠠᠭᠠᠨ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠢᠴᠢ ᠠᠶᠤᠯᠭᠦᠶ ᠦᠢᠯᠡᠳᠪᠦᠷᠢᠯᠡᠯ ᠤᠨ ᠠᠵᠢᠯ ᠢ ᠪᠠᠶᠢᠴᠠᠭᠠᠨ | ᠰᠤᠳᠤᠯᠪᠠ᠃ | 3 ᠰᠠᠷ᠎ᠠ ᠶᠢᠨ 19 ᠤ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠬᠠᠶ ᠵᠢᠶᠠᠩ ᠪᠥᠬᠦ ᠠᠶᠢᠮᠠᠭ ᠤᠨ ᠢᠳᠡᠭᠡᠨ ᠤ | ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢᠨ ᠪᠣᠯᠪᠠᠰᠤᠷᠠᠯ ᠤᠨ ᠬᠤᠷᠠᠯ ᠳᠤ ᠣᠷᠣᠯᠴᠠᠪᠠ᠃ ᠵᠢᠩ ᠨᠧᠩ | ᠪᠣᠬᠢᠷᠲᠤᠯ ᠦᠭᠡᠢ ᠴᠠᠬᠢᠯᠭᠠᠨ ᠢᠶᠠᠷ ᠤᠰᠤᠲᠥ᠋ᠷᠥᠭᠴᠢ ᠦᠢᠯᠡᠳᠬᠦ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ | ᠭᠠᠷᠳᠠᠮ ᠢ ᠵᠣᠬᠢᠴᠠᠭᠤᠯᠬᠤ ᠬᠤᠷᠠᠯ ᠢ ᠡᠷᠬᠢᠯᠡᠨ ᠬᠤᠷᠠᠯᠳᠤᠭᠤᠯᠪᠠ᠃ | 3 ᠰᠠᠷ᠎ᠠ ᠶᠢᠨ 20 ᠤ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠬᠠᠶ ᠵᠢᠶᠠᠩ ᠪᠥᠬᠦ ᠠᠶᠢᠮᠠᠭ ᠤᠨ ᠶᠡᠭᠡ | ᠬᠡᠮᠵᠢᠶᠡᠨ ᠤ ᠠᠵᠤ ᠦᠢᠯᠡᠳᠪᠦᠷᠢ ᠶᠢᠨ ᠦᠢᠯᠡᠳᠬᠦᠨ ᠤ ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠬᠤᠷᠠᠯ ᠳᠤ | ᠣᠷᠣᠯᠴᠠᠪᠠ᠃ ᠨᠢᠭᠡᠳᠦᠭᠡᠷ ᠤᠯᠠᠷᠢᠯ ᠤᠨ ᠪᠥᠬᠦ ᠠᠶᠢᠮᠠᠭ ᠤᠨ ᠠᠵᠤ ᠦᠢᠯᠡᠳᠪᠦᠷᠢ ᠶᠢᠨ ᠠᠵᠤ ᠠᠬᠤᠶ ᠶᠢᠨ | ᠲᠣᠬᠢᠷᠠᠭᠤᠯᠤᠯᠲᠠ ᠶᠢᠨ ᠬᠤᠷᠠᠯ ᠳᠤ ᠣᠷᠣᠯᠴᠠᠪᠠ᠃ ᠰᠢ ᠠᠨ ᠤ ᠶᠢᠨ ᠳ᠋ᠢᠩ ᠰᠢᠨᠵᠢᠯᠡᠬᠦ ᠤᠬᠠᠭᠠᠨ ᠮᠡᠷᠭᠡᠵᠢᠯ ᠤᠨ | ᠬᠢᠵᠠᠭᠠᠷᠲᠤ ᠺᠣᠮᠫᠠᠨᠢ ᠲᠠᠢ ᠠᠷᠠᠯᠵᠢᠶᠠᠴᠢᠨ ᠤᠷᠢᠬᠤ ᠵᠥᠪᠳᠡᠯᠴᠡᠬᠡᠷ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ | 3 ᠰᠠᠷ᠎ᠠ ᠶᠢᠨ 21 ᠤ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠬᠠᠶ ᠵᠢᠶᠠᠩ 2024 ᠣᠨ ᠤ ᠪᠥᠬᠦ ᠠᠶᠢᠮᠠᠭ ᠤᠨ | ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠤᠨ ᠠᠪᠴᠢᠷᠠᠬᠤ ᠵᠢᠴᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ | ᠬᠤᠷᠠᠯ ᠳᠤ ᠣᠷᠣᠯᠴᠠᠪᠠ᠃ ᠵᠢᠩ ᠨᠧᠩ ᠪᠣᠬᠢᠷᠲᠤᠯ ᠦᠭᠡᠢ ᠴᠠᠬᠢᠯᠭᠠᠨ ᠢᠶᠠᠷ ᠤᠰᠤᠲᠥ᠋ᠷᠥᠭᠴᠢ ᠦᠢᠯᠡᠳᠬᠦ ᠲᠥᠷᠥᠯ | ᠵᠦᠢᠯ ᠤᠨ ᠰᠠᠯᠬᠢᠨ ᠬᠦᠴᠦᠨ ᠤ ᠮᠠᠰᠢᠨ ᠤ ᠤᠷᠤᠨ ᠪᠠᠶᠢᠷᠢ ᠪᠠ ᠴᠠᠬᠢᠯᠭᠠᠨ ᠬᠤᠷᠢᠶᠠᠭᠤᠷ ᠤᠨ ᠭᠠᠵᠠᠷ ᠰᠣᠩᠭᠤᠬᠤ | ᠶᠠᠪᠤᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠪᠠ᠃ | 3 ᠰᠠᠷ᠎ᠠ ᠶᠢᠨ 26 ᠤ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠬᠠᠶ ᠵᠢᠶᠠᠩ ᠪᠠᠢ ᠢ ᠡᠮ ᠤᠨ ᠦᠢᠯᠡᠳᠪᠤᠷᠢ | ᠲᠦᠭᠦᠬᠡᠶ ᠮᠠᠲ᠋ᠧᠷᠢᠶᠠᠯ ᠤᠨ ᠡᠮ ᠤᠨ ᠤᠶᠢᠯᠡᠳᠪᠤᠷᠢ ᠶᠢ ᠥᠷᠭᠡᠳᠬᠡᠨ ᠪᠠᠶᠢᠭᠤᠯᠬᠤ᠂ ᠯᠠᠩ ᠷᠦᠨ ᠦᠬᠡᠷ ᠤᠨ ᠪᠣᠷᠴᠠ | ᠡᠳ᠋ᠰᠢᠭᠦᠯᠬᠦ᠂ ᠰᠢᠨ ᠶᠤᠸᠠᠨ ᠪᠤᠷᠴᠠᠭ ᠤᠨ ᠪᠦᠲᠦᠭᠡᠭᠳᠡᠬᠦᠨ ᠢ ᠡᠳ᠋ᠰᠢᠭᠦᠯᠬᠦ᠂ ᠤᠯᠠᠭᠠᠨᠬᠤᠲᠠ ᠶᠢᠨ ᠤᠯᠠᠭᠠᠨ ᠴᠠᠨ᠎ᠠ ᠶᠢᠨ | ᠠᠵᠤ ᠦᠢᠯᠡᠰ ᠤᠨ ᠲᠥᠪ᠂ ᠬᠤᠸᠠᠨ ᠶᠤᠸᠠᠨ ᠠᠮᠢᠳᠤ ᠪᠣᠳᠠᠰ ᠤᠨ ᠨᠣᠭᠤᠭ᠎ᠠ ᠶᠢᠨ ᠦᠷ᠎ᠡ ᠲᠣᠰᠣ ᠵᠡᠷᠭᠡ ᠲᠥᠷᠥᠯ ᠵᠦᠢᠯ ᠢ | ᠰᠤᠷᠪᠤᠯᠵᠢᠯᠠᠵᠤ᠂ ᠲᠤᠬᠠᠶ ᠶᠢᠨ ᠲᠠᠯᠠᠪᠠᠶ ᠳᠤ ᠠᠵᠢᠯᠯᠠᠵᠤ ᠬᠠᠮᠢᠶ᠎ᠠ ᠪᠥᠬᠦᠶ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠪᠡ᠃ | 3 ᠰᠠᠷ᠎ᠠ ᠶᠢᠨ 28 ᠤ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠬᠠᠶ ᠵᠢᠶᠠᠩ ᠪᠠᠷᠠᠭᠠᠨ ᠤ ᠭᠦᠢᠯᠭᠡᠭᠡᠨ ᠤ | ᠲᠣᠭᠤᠷᠢᠭ ᠤᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠪᠠᠷᠠᠭᠠᠨ ᠤ ᠭᠦᠢᠯᠭᠡᠭᠡᠨ ᠤ | ᠲᠣᠭᠤᠷᠢᠭ ᠤᠨ ᠳᠣᠲᠣᠷᠠᠬᠢ ᠠᠵᠤ ᠠᠬᠤᠶᠢᠯᠠᠯ ᠤᠨ ᠬᠠᠮᠢᠶ᠎ᠠ ᠪᠥᠬᠦᠶ ᠠᠰᠠᠭᠤᠳᠠᠯ ᠢ ᠰᠢᠢᠳᠪᠤᠷᠢᠯᠡᠬᠦ ᠵᠣᠬᠢᠴᠠᠭᠤᠯᠬᠤ | ᠬᠤᠷᠠᠯ ᠢ ᠡᠷᠭᠢᠯᠡᠨ ᠬᠤᠷᠠᠯᠳᠤᠭᠤᠯᠪᠠ᠃ ᠮᠠᠨᠵᠤᠤᠷ ᠪᠣᠭᠤᠮᠲᠠ ᠶᠢᠨ ᠳᠠᠷᠤᠭ᠎ᠠ ᠴᠢᠦᠶ ᠭᠠᠩ᠂ ᠺᠧ ᠴᠢᠨ ᠸᠠᠨ ᠵᠢᠶᠠ᠂ | ᠣᠷᠳᠣᠰ ᠤᠨ ᠢᠮᠠᠭᠠᠨ ᠨᠣᠯᠤᠤᠷ ᠤᠨ ᠪᠦᠲᠦᠭᠡᠭᠳᠡᠬᠦᠨ ᠵᠡᠷᠭᠡ ᠭᠠᠵᠠᠷ ᠤᠨ ᠬᠠᠮᠢᠶ᠎ᠠ ᠪᠦᠬᠦᠢ ᠬᠦᠮᠤᠰ ᠲᠤ ᠪᠠᠷ᠎ᠠ ᠪᠣᠯᠵᠣ᠂ | ᠭᠠᠳᠠᠭᠠᠳᠤ ᠠᠵᠤ ᠠᠬᠤᠶ ᠠᠷᠠᠯᠵᠢᠶᠠᠨ ᠤ ᠠᠵᠤ ᠤᠶᠢᠯᠡᠰ ᠤᠨ ᠬᠥᠭᠵᠢᠯᠲᠡ᠂ ᠲᠠᠷᠢᠶᠠᠯᠠᠩ ᠤᠨ ᠪᠦᠲᠦᠭᠡᠭᠳᠡᠬᠦᠨ ᠪᠠ | ᠢᠮᠠᠭᠠᠨ ᠨᠣᠯᠤᠤᠷ ᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ᠂ ᠪᠣᠳᠠᠰ ᠤᠨ ᠪᠤᠰᠤ ᠰᠣᠶᠣᠯ ᠤᠨ | ᠦᠵᠡᠭᠦᠯᠭᠡ ᠵᠡᠷᠭᠡ ᠲᠠᠯ᠎ᠠ ᠶᠢᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃ |