| ᠣᠶᠢᠷ᠎ᠠ ᠳᠤ᠂ ᠤᠯᠠᠭᠠᠨᠬᠤᠲᠠ ᠶᠢᠨ ᠲᠠᠪᠢᠨ ᠥᠷᠲᠡᠭᠡ ᠪᠠᠯᠭᠠᠰᠤᠨ ᠤ ᠪᠥᠬᠦ ᠪᠠᠯᠭᠠᠰᠤ ᠲᠣᠰᠬᠤᠨ | ᠬᠤᠯᠪᠤᠭᠠᠯᠠᠨ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ ᠤᠨ ᠠᠵᠢᠯ ᠢᠶᠠᠨ ᠡᠬᠢᠯᠡᠬᠦᠯᠵᠤ᠂ ᠤᠰᠤ ᠬᠠᠩᠭᠠᠬᠤ | ᠪᠠᠶᠢᠷᠢᠰᠢᠯ ᠢ ᠰᠢᠯᠢᠳᠡᠭᠵᠢᠭᠦᠯᠬᠦ᠂ ᠤᠰᠤ ᠬᠠᠩᠭᠠᠬᠤ ᠨᠥᠬᠦᠴᠡᠯ ᠢ ᠰᠠᠶᠢᠵᠢᠷᠠᠭᠤᠯᠬᠤ ᠪᠠᠷ ᠳᠠᠮᠵᠢᠭᠤᠯᠤᠨ ᠣᠯᠠᠨ | ᠲᠦᠮᠡᠨ ᠳᠤ ᠠᠷᠢᠭᠤᠨ ᠴᠡᠪᠡᠷ ᠲᠦᠭᠡᠭᠡᠯ ᠤᠰᠤ ᠬᠡᠷᠡᠭᠯᠡᠭᠦᠯᠪᠡ᠃ | ᠰᠤᠷᠪᠤᠯᠵᠢᠯᠠᠭᠴᠢ ᠤᠶᠢᠷ᠎ᠠ ᠳᠤ ᠲᠠᠪᠢᠨ ᠥᠷᠲᠡᠭᠡ ᠪᠠᠯᠭᠠᠰᠤᠨ ᠤ ᠪᠥᠬᠦ ᠪᠠᠯᠭᠠᠰᠤ ᠲᠣᠰᠬᠤᠨ ᠬᠤᠯᠪᠤᠭᠠᠯᠠᠨ | ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ ᠤᠨ ᠲᠤᠬᠠᠶ ᠶᠢᠨ ᠲᠠᠯᠠᠪᠠᠶ ᠪᠠᠷ ᠬᠦᠷᠬᠦ ᠳᠤ᠂ ᠲᠡᠭᠡᠭᠡᠪᠦᠷᠢ ᠶᠢᠨ | ᠲᠡᠷᠭᠡ ᠨᠠᠰᠢ ᠴᠠᠰᠢ ᠰᠦᠯᠵᠢᠯᠳᠦᠵᠦ᠂ ᠰᠢᠷᠣᠶ ᠲᠦᠯᠬᠢᠬᠦ ᠮᠠᠰᠢᠨ ᠲᠠᠰᠤᠷᠠᠯᠲᠠ ᠥᠬᠡᠶ ᠠᠵᠢᠯᠯᠠᠵᠤ᠂ ᠮᠠᠰᠢᠨ | ᠬᠦᠩᠭᠢᠨᠡᠬᠦ ᠳᠠᠭᠤᠨ ᠡ᠊ᠨᠳᠡ ᠲᠠᠨᠳᠠ ᠦᠭᠡᠢ ᠴᠤᠤᠷᠢᠶᠠᠲᠤᠵᠤ᠂ ᠠᠵᠢᠯᠴᠢᠳ ᠲᠣᠰ ᠲᠣᠰ ᠤᠨ ᠡᠭᠦᠷᠭᠡ | ᠲᠤᠰᠢᠶᠠᠯ ᠢᠶᠠᠨ ᠬᠦᠢᠴᠡᠳᠬᠡᠵᠦ ᠪᠠᠶᠢᠯ᠎ᠠ᠃ | ︽ᠤᠳᠤ ᠮᠠᠨ ᠤ ᠲᠣᠰᠬᠤᠨ ᠤ ᠠᠷᠠᠳ ᠲᠤᠭᠳᠠᠪᠤᠷᠢᠳᠠᠢ ᠭᠦᠢᠴᠡᠳ ᠲᠦᠭᠡᠭᠡᠯ ᠤᠰᠤᠨ ᠤ ᠬᠠᠩᠭᠠᠯᠭ᠎ᠠ ᠶᠢ | ᠬᠦᠷᠲᠡᠵᠦ᠂ ᠦᠨᠡᠨ ᠪᠣᠳᠠᠲᠠᠢ ᠵᠣᠯ ᠵᠢᠷᠭᠠᠯᠲᠤ ᠠᠮᠢᠳᠤᠷᠠᠯ ᠢ ᠡᠳ᠋ᠯᠡᠵᠤ ᠪᠠᠶᠢᠨ᠎ᠠ︾ ᠭᠡᠵᠤ ᠲᠠᠪᠢᠨ ᠦᠷᠲᠡᠭᠡ | ᠪᠠᠯᠭᠠᠰᠤᠨ ᠤ ᠰᠢᠨᠬᠤᠸᠠ ᠲᠣᠰᠬᠤᠨ ᠤ ᠠᠷᠠᠳ ᠯᠢ ᠬᠠᠢ ᠶᠠᠨ ᠰᠤᠷᠪᠤᠯᠵᠢᠯᠠᠭᠴᠢ ᠳᠤ ᠬᠡᠯᠡᠪᠡ᠃ | ︽ᠣᠳᠣᠬᠠᠨ ᠳᠤ᠂ ᠠᠯᠪᠠᠯᠠᠬᠤ ᠤᠶᠢᠯᠡᠳᠪᠤᠷᠢ ᠶᠢᠨ ᠬᠡᠷ ᠪᠠᠶᠢᠰᠢᠩ ᠪᠣᠯᠤᠨ ᠤᠰᠤ ᠬᠠᠩᠭᠠᠬᠤ | ᠦᠢᠯᠡᠳᠪᠦᠷᠢ ᠶᠢᠨ ᠬᠡᠷ ᠪᠠᠶᠢᠰᠢᠩ ᠢ ᠶᠠᠭ ᠪᠥᠲᠥᠭᠡᠨ ᠪᠠᠶᠢᠭᠤᠯᠵᠤ ᠪᠠᠶᠢᠨ᠎ᠠ᠂ ᠨᠠᠮᠤᠷ ᠤᠨ ᠬᠤᠷᠢᠶᠠᠯᠲᠠ | ᠳᠠᠭᠤᠰᠤᠭᠰᠠᠨ ᠤ ᠳᠠᠷᠠᠭ᠎ᠠ᠂ ᠪᠢᠳᠡ ᠳᠠᠷᠤᠶ ᠤᠰᠤ ᠳᠠᠮᠵᠢᠭᠤᠯᠬᠤ ᠬᠤᠭᠤᠯᠠᠶ ᠶᠢᠨ ᠲᠣᠤᠷ ᠢ ᠳᠡᠪᠢᠰᠴᠦ᠂ ᠠᠷᠠᠳ | ᠣᠯᠠᠨ ᠤ ᠤᠷᠢᠳᠴᠢᠯᠠᠨ ᠤᠰᠤ ᠬᠡᠷᠡᠭᠯᠡᠬᠦ᠂ ᠰᠠᠶᠢᠨ ᠤᠰᠤ ᠬᠡᠷᠡᠭᠯᠡᠬᠦ ᠶᠢ ᠪᠥᠬᠦ ᠬᠦᠴᠦᠨ ᠢᠶᠠᠷ ᠢᠶᠠᠨ ᠪᠠᠲᠤᠯᠠᠵᠤ | ᠪᠠᠶᠢᠨ᠎ᠠ︾ ᠭᠡᠵᠤ ᠲᠠᠪᠢᠨ ᠥᠷᠲᠡᠭᠡ ᠪᠠᠯᠭᠠᠰᠤᠨ ᠤ ᠪᠦᠬᠦ᠋ᠢᠯᠡ ᠪᠠᠯᠭᠠᠰᠤ ᠲᠤᠰᠬᠤᠨ ᠬᠤᠯᠪᠤᠭᠠᠯᠠᠨ ᠤᠰᠤ ᠬᠠᠩᠭᠠᠬᠤ | ᠪᠠᠲᠤᠯᠠᠭ᠎ᠠ ᠶᠢᠨ ᠢᠨᠵᠧᠨᠧᠷᠢᠩ ᠤᠨ ᠲᠥᠷᠥᠯ ᠵᠦᠢᠯ ᠤᠨ ᠮᠡᠷᠭᠡᠵᠢᠯ ᠤᠨ ᠬᠠᠷᠢᠭᠤᠴᠠᠯᠭᠠᠲᠠᠨ ᠭᠤᠤ ᠵᠢᠶᠦ᠋ᠨ ᠶᠢᠩ | ᠭᠡᠯᠡᠵᠠᠢ᠃ | ᠣᠶᠢᠯᠠᠭᠠᠭᠰᠠᠨ ᠢᠶᠠᠷ᠂ ᠲᠠᠪᠢᠨ ᠥᠷᠲᠡᠭᠡ ᠪᠠᠯᠭᠠᠰᠤᠨ ᠤ ᠪᠥᠬᠦ ᠪᠠᠯᠭᠠᠰᠤ ᠲᠤᠰᠬᠤᠨ ᠬᠤᠯᠪᠣᠭᠠᠯᠠᠨ ᠤᠰᠤ | ᠬᠠᠩᠭᠠᠬᠤ ᠪᠠᠲᠤᠯᠠᠭ᠎ᠠ ᠶᠢᠨ ᠢᠨᠵᠧᠨᠧᠷᠢᠩ ᠨᠢ ᠭᠤᠤᠯᠳᠠᠭᠤ ᠤᠰᠤᠨ ᠰᠤᠷᠪᠤᠯᠵᠢ ᠶᠢᠨ ᠬᠤᠳᠳᠤᠭ᠂ ᠤᠰᠤ | ᠬᠠᠩᠭᠠᠬᠤ ᠲᠠᠰᠤᠭ᠂ ᠨᠡᠷᠡᠨ ᠤ ᠡᠨᠧᠷᠭᠢ ᠶᠢᠨ ᠬᠡᠷᠡᠯ ᠸᠣᠯᠲ ᠵᠢᠴᠢ ᠴᠠᠬᠢᠯᠭᠠᠨ ᠲᠣᠤᠷ ᠤᠨ ᠴᠠᠬᠢᠯᠭᠠᠨ ᠬᠠᠩᠭᠠᠬᠤ | ᠢᠨᠵᠧᠨᠧᠷᠢᠩ ᠵᠡᠷᠭᠡ ᠬᠡᠰᠡᠭ ᠢᠶᠠᠷ ᠪᠦᠷᠢᠯᠳᠦᠵᠦ᠂ ᠢᠨᠵᠧᠨᠧᠷᠢᠩ ᠤᠨ ᠶᠡᠷᠦᠩᠬᠡᠶ ᠪᠠᠯᠠ ᠣᠷᠣᠭᠤᠯᠤᠯᠲᠠ ᠨᠢ 1979 | ᠲᠦᠮᠡᠨ ᠲᠥᠭᠦᠷᠢᠭ ᠪᠠᠶᠢᠵᠤ᠂ ᠲᠥᠷᠥᠯ ᠵᠦᠢᠯ ᠢ ᠬᠡᠷᠡᠭᠵᠢᠭᠦᠯᠦᠭᠰᠡᠨ ᠤ ᠳᠠᠷᠠᠭ᠎ᠠ 24 ᠴᠠᠭ ᠲᠠᠰᠤᠷᠠᠯᠲᠠ ᠥᠬᠡᠶ | ᠤᠰᠤ ᠬᠠᠩᠭᠠᠬᠤ ᠶᠢ ᠪᠡᠶᠡᠯᠡᠭᠦᠯᠵᠦ᠂ ᠲᠣᠰᠬᠤᠨ ᠤ ᠠᠷᠠᠳ ᠤᠨ ︽ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ︾ | ᠪᠠᠶᠢᠭ᠎ᠠ ᠤᠰᠤ ᠬᠡᠷᠡᠭᠯᠡᠬᠦ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠪᠣᠯᠤᠨ᠎ᠠ᠃ |