ᠤᠯᠠᠭᠠᠨᠬᠤᠲᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠨᠠᠮᠤᠷ ᠡᠪᠦᠯ ᠤᠨ ᠤᠯᠠᠷᠢᠯ  ᠳᠠᠬᠢ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠴᠡᠭᠴᠡᠯᠡᠨ ᠵᠠᠰᠠᠭᠰᠠᠨ ᠲᠤᠬᠠᠢ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2024/11/1
  ᠵᠠᠮ ᠬᠠᠷᠢᠯᠴᠠᠭᠠᠨ ᠤ ᠠᠮᠤᠷ ᠲᠦᠪᠰᠢᠨ ᠤ ᠡ᠊ᠨᠳᠡᠯ ᠭᠠᠷᠬᠤ ᠶᠢ ᠪᠦᠲᠦᠮᠵᠢᠲᠡᠶ ᠬᠤᠷᠢᠭᠯᠠᠬᠤ ᠪᠠ ᠪᠠᠭᠠᠰᠬᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ 10 ᠰᠠᠷ᠎ᠠ ᠶᠢᠨ 8 ᠤ ᠡᠳᠦᠷ ᠠᠴᠠ 12 ᠰᠠᠷ᠎ᠠ ᠶᠢᠨ 31 ᠤ ᠡᠳᠦᠷ ᠪᠣᠯᠲᠠᠯ᠎ᠠ᠂ ᠤᠯᠠᠭᠠᠨᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠨᠠᠮᠤᠷ ᠡᠪᠦᠯ ᠤᠨ ᠤᠯᠠᠷᠢᠯ ᠤᠨ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠲᠣᠪᠤᠶᠢᠮ᠎ᠠ ᠠᠵᠢᠯᠯᠠᠭ᠎ᠠ ᠳᠤ ᠴᠢᠭᠯᠡᠭᠦᠯᠦᠨ᠂ ᠪᠥᠬᠦ ᠬᠤᠲᠠ ᠶᠢᠨ ᠬᠡᠪᠴᠢᠶᠡᠨ ᠳᠤ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ᠃  ᠠᠵᠢᠯᠯᠠᠭ᠎ᠠ ᠶᠢᠨ ᠳᠤᠮᠳᠠ᠂ ᠡ᠊ᠨᠳᠡᠯ ᠣᠯᠠᠨ ᠭᠠᠷᠳᠠᠭ᠂ ᠳᠠᠯᠳᠠ ᠬᠡᠮ ᠲᠣᠪᠤᠶᠢᠮ᠎ᠠ ᠵᠠᠮ ᠤᠨ ᠠᠭᠤᠯᠵᠠᠷ᠂ ᠳᠤᠮᠳᠠᠳᠤ ᠪᠠᠭ᠎ᠠ ᠰᠤᠷᠭᠠᠭᠤᠯᠢ ᠶᠢᠨ ᠡᠷᠬᠢᠨ ᠲᠣᠭᠤᠷᠢᠨ ᠤ ᠵᠠᠮ᠂ ᠭᠤᠤᠯᠳᠠᠯᠭ᠎ᠠ ᠲᠠᠢ ᠲᠡᠷᠭᠡ ᠬᠥᠰᠬᠡ ᠪᠠ ᠵᠢᠯᠣᠭᠤᠴᠢ ᠵᠡᠷᠭᠡ ᠳᠤ ᠴᠢᠭᠯᠡᠭᠦᠯᠦᠨ ᠡᠬᠢ ᠡᠭᠦᠰᠦᠯ ᠠᠴᠠ ᠨᠢ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠠᠵᠢᠯ ᠢ ᠥᠷᠨᠢᠭᠦᠯᠪᠡ᠃ ᠡᠭᠦᠨ ᠤ ᠬᠠᠮᠲᠤ ᠠᠷᠢᠬᠢ ᠤᠤᠭᠤᠨ ᠲᠡᠷᠭᠡ ᠵᠢᠯᠣᠭᠤᠳᠬᠤ᠂ ᠰᠣᠭᠲᠣᠭᠤ ᠪᠠᠷ ᠲᠡᠷᠭᠡ ᠵᠢᠯᠣᠭᠤᠳᠬᠤ᠂ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ᠂ ᠰᠥᠷᠭᠡᠦ ᠴᠢᠭᠯᠡᠯ ᠢᠶᠠᠷ  ᠶᠠᠪᠤᠬᠤ᠂ ᠮᠠᠰᠢᠨᠲᠤ ᠲᠡᠷᠭᠡᠨ ᠤ ᠵᠠᠮ ᠢ ᠡᠵᠡᠯᠡᠨ ᠶᠠᠪᠤᠬᠤ᠂ ᠴᠠᠬᠢᠯᠭᠠᠨ ᠬᠥᠳᠡᠯᠭᠡᠭᠦᠷᠲᠦ ᠲᠡᠷᠭᠡ ᠪᠠ ᠮᠣᠲ᠋ᠣᠷ ᠲᠡᠷᠭᠡ ᠤᠨᠤᠵᠤ ᠪᠠᠶᠢᠭᠠᠳ ᠳᠤᠭᠤᠯᠠᠭ᠎ᠠ ᠵᠡᠭᠦᠬᠦ ᠥᠬᠡᠶ᠂ ᠲᠠᠷᠢᠶᠠᠯᠠᠩ ᠳᠤ ᠬᠡᠷᠡᠭᠯᠡᠬᠦ ᠲᠡᠷᠭᠡ ᠬᠠᠤᠯᠢ ᠠᠴᠠ ᠵᠥᠷᠢᠴᠡᠨ ᠬᠥᠮᠦᠨ ᠲᠡᠭᠡᠭᠡᠬᠦ᠂ ᠮᠢᠶᠠᠨᠪᠣᠤ ᠲᠡᠷᠭᠡᠨ ᠤ ᠬᠠᠤᠯᠢ ᠠᠴᠠ ᠵᠥᠷᠢᠴᠡᠨ ᠬᠥᠮᠦᠨ ᠤ ᠲᠤᠭ᠎ᠠ ᠠᠴᠠ ᠬᠡᠲᠦᠷᠡᠭᠰᠡᠨ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠤᠶᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠪᠥᠬᠦ ᠬᠤᠲᠠ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠤ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃
 
ᠢᠷᠡᠯᠲᠡ᠄ ᠠᠮᠤᠷ ᠠᠮᠤᠭᠤᠯᠠᠩ ᠤᠯᠠᠭᠠᠨᠬᠤᠲᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号