ᠤᠯᠠᠭᠠᠨᠬᠤᠲᠠ ᠶᠢᠨ ᠣᠶ ᠰᠢᠭᠤᠶ ᠨᠤᠳᠤᠭ ᠪᠡᠯᠴᠢᠭᠡᠷ ᠤᠨ ᠲᠣᠪᠴᠢᠶ᠎ᠠ 2024 ᠣᠨ ᠤ ᠨᠤᠲᠤᠭ ᠪᠡᠯᠴᠢᠭᠡᠷ ᠤᠨ ᠥᠯᠢᠭᠡᠷ ᠭᠠᠵᠠᠷ ᠤᠨ ᠬᠢᠨᠠᠨ ᠬᠡᠮᠵᠢᠯᠲᠡ ᠶᠢᠨ ᠠᠵᠢᠯ ᠢ ᠡᠮᠬᠢ ᠵᠢᠷᠤᠮ ᠲᠠᠢ ᠶᠠᠪᠤᠭᠳᠠᠭᠤᠯᠪᠠ
ᠨᠡᠶᠢᠲᠡᠯᠡᠭᠰᠡᠨ ᠴᠠᠭ᠄
2024/11/1
   ᠤᠯᠠᠭᠠᠨᠬᠤᠲᠠ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ  ᠪᠠᠶᠢᠳᠠᠯ᠂ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠣᠷᠭᠤᠯᠳᠠ ᠵᠢᠴᠢ ᠬᠠᠮᠠᠭᠠᠯᠠᠨ ᠰᠡᠷᠭᠦᠭᠡᠵᠦ ᠠᠰᠢᠭᠯᠠᠬᠤ ᠵᠡᠷᠭᠡ ᠬᠥᠳᠡᠯᠦᠩᠭᠦᠶ ᠬᠤᠪᠢᠷᠠᠯᠲᠠ ᠶᠢᠨ ᠪᠠᠶᠢᠳᠠᠯ ᠢ ᠪᠥᠬᠦ ᠲᠠᠯ᠎ᠠ ᠪᠠᠷ ᠡᠵᠡᠮᠰᠢᠬᠦ ᠶᠢᠨ ᠲᠥᠯᠥᠭᠡ᠂ ᠤᠶᠢᠷ᠎ᠠ ᠳᠤ᠂ ᠤᠯᠠᠭᠠᠨᠬᠤᠲᠠ ᠶᠢᠨ ᠣᠶ ᠰᠢᠭᠤᠶ ᠨᠤᠳᠤᠭ ᠪᠡᠯᠴᠢᠭᠡᠷ ᠤᠨ ᠲᠣᠪᠴᠢᠶ᠎ᠠ 2024 ᠣᠨ ᠤ ᠨᠤᠲᠤᠭ ᠪᠡᠯᠴᠢᠭᠡᠷ ᠤᠨ ᠥᠯᠢᠭᠡᠷ ᠭᠠᠵᠠᠷ ᠤᠨ ᠬᠢᠨᠠᠨ ᠬᠡᠮᠵᠢᠯᠲᠡ ᠶᠢᠨ ᠠᠵᠢᠯ ᠢ ᠡᠮᠬᠢ ᠵᠢᠷᠤᠮ ᠲᠠᠢ  ᠶᠠᠪᠤᠭᠳᠠᠭᠤᠯᠪᠠ᠃       ᠲᠣᠰ ᠤᠳᠠᠭᠠᠨ ᠤ ᠪᠠᠶᠢᠴᠠᠭᠠᠯᠲᠠ ᠨᠢ ᠪᠡᠯᠴᠢᠭᠡᠷ ᠤᠨ ᠡᠬᠢ ᠪᠠᠶᠠᠯᠢᠭ ᠤᠨ ᠲᠥᠷᠥᠯ ᠵᠦᠢᠯ᠂ ᠲᠤᠭ᠎ᠠ ᠬᠡᠮᠵᠢᠶ᠎ᠡ᠂ ᠶᠠᠰᠤ ᠴᠢᠨᠠᠷ᠂ ᠪᠦᠲᠦᠴᠡ᠂ ᠲᠠᠷᠬᠠᠯᠲᠠ ᠶᠢ ᠤᠯᠠᠮ ᠨᠢᠭᠡ ᠠᠯᠬᠤᠮ ᠪᠠᠶᠢᠴᠠᠭᠠᠨ ᠲᠣᠳᠣᠯᠠᠵᠤ᠂ ᠤᠯᠠᠭᠠᠨᠬᠤᠲᠠ ᠶᠢᠨ ᠨᠤᠲᠤᠭ ᠪᠡᠯᠴᠢᠭᠡᠷ ᠤᠨ ᠡᠬᠢ ᠪᠠᠶᠠᠯᠢᠭ ᠵᠢᠴᠢ ᠠᠮᠢ ᠠᠬᠤᠶ ᠶᠢᠨ ᠪᠠᠶᠢᠳᠠᠯ ᠢ ᠪᠥᠬᠦ ᠲᠠᠯ᠎ᠠ ᠪᠠᠷ ᠡᠵᠡᠮᠰᠢᠵᠦ᠂ ᠠᠮᠢ ᠠᠬᠤᠶ ᠶᠢᠨ ᠪᠣᠯᠪᠠᠰᠤᠨ ᠢ ᠠᠬᠢᠭᠤᠯᠬᠤ ᠳᠤ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃
 
ᠢᠷᠡᠯᠲᠡ᠄ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号