ᠤᠯᠠᠭᠠᠨᠬᠤᠲᠠ ᠠᠷᠪᠠᠳᠤᠭᠠᠷ ᠪᠦᠯᠦᠭ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ ᠢ ᠲᠠᠨᠢᠯᠴᠠᠭᠤᠯᠤᠨ ᠮᠡᠳᠡᠭᠦᠯᠵᠦ ᠬᠢᠨᠠᠨ ᠲᠣᠭᠲᠠᠭᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/11/1
         ᠤᠯᠠᠭᠠᠨᠬᠤᠲᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠠᠵᠢᠯ ᠢ ᠪᠥᠬᠦ ᠲᠠᠯ᠎ᠠ ᠪᠠᠷ ᠠᠬᠢᠭᠤᠯᠵᠤ᠂ ᠪᠣᠳᠠᠰ ᠤᠨ ᠪᠤᠰᠤ ᠰᠣᠶᠣᠯ ᠤᠨ ᠥᠪ ᠤᠨ ᠨᠡᠷᠡᠰ ᠤᠨ ᠵᠢᠭᠰᠠᠭᠠᠯᠲᠠ ᠶᠢᠨ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠠᠵᠢᠯ ᠤᠨ ᠡᠷᠡᠭᠦᠯ ᠪᠥᠭᠡᠳ ᠪᠦᠲᠦᠮᠵᠢᠲᠡᠶ ᠬᠥᠭᠵᠢᠬᠦ ᠶᠢ ᠠᠬᠢᠭᠤᠯᠬᠤ ᠶᠢᠨ ᠲᠥᠯᠥᠭᠡ᠂ 10 ᠰᠠᠷ᠎ᠠ ᠶᠢᠨ 29 ᠤ ᠡᠳᠦᠷ᠂ ᠤᠯᠠᠭᠠᠨᠬᠤᠲᠠ ᠠᠷᠪᠠᠳᠤᠭᠠᠷ ᠪᠦᠯᠦᠭ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ ᠢ ᠲᠠᠨᠢᠯᠴᠠᠭᠤᠯᠤᠨ ᠬᠢᠨᠠᠨ ᠲᠣᠭᠲᠠᠭᠠᠬᠤ ᠬᠤᠷᠠᠯ ᠡᠷᠭᠢᠯᠡᠪᠡ᠃ ᠤᠯᠠᠭᠠᠨᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠤᠯᠠᠭᠠᠨᠬᠤᠲᠠ ᠶᠢᠨ ᠰᠣᠶᠣᠯ ᠤᠨ ᠥᠪ ᠤᠨ ᠬᠠᠮᠠᠭᠠᠯᠠᠯᠲᠠ ᠶᠢᠨ ᠲᠥᠪ ᠤᠨ ᠭᠤᠤᠯ ᠤᠳᠤᠷᠢᠳᠤᠯᠭ᠎ᠠ᠂ ᠬᠢᠩᠭᠠᠨ ᠠᠶᠢᠮᠠᠭ ᠤᠨ ᠪᠣᠳᠠᠰ ᠤᠨ ᠪᠤᠰᠤ ᠰᠣᠶᠣᠯ ᠤᠨ ᠥᠪ ᠤᠨ ᠲᠤᠰᠬᠠᠶ ᠮᠡᠷᠭᠡᠵᠢᠯᠲᠡᠨ ᠤ ᠬᠥᠮᠥᠷᠭᠡ ᠶᠢᠨ ᠲᠤᠰᠬᠠᠶ ᠮᠡᠷᠭᠡᠵᠢᠯᠲᠡᠨ ᠵᠢᠴᠢ ᠪᠣᠳᠠᠰ ᠤᠨ ᠪᠤᠰᠤ ᠰᠣᠶᠣᠯ ᠤᠨ ᠥᠪ ᠤᠨ ᠠᠵᠢᠯᠲᠠᠨ ᠨᠡᠶᠢᠲᠡ 10 ᠭᠠᠷᠤᠶ ᠬᠥᠮᠦᠨ ᠲᠣᠰ ᠤᠳᠠᠭᠠᠨ ᠤ ᠬᠢᠨᠠᠨ ᠲᠣᠭᠲᠠᠭᠠᠬᠤ ᠬᠤᠷᠠᠯ ᠳᠤ ᠣᠷᠣᠯᠴᠠᠵᠠᠶ᠃
 
ᠢᠷᠡᠯᠲᠡ᠄ ᠤᠯᠠᠭᠠᠨᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号