| ᠵᠠᠮ ᠬᠠᠷᠢᠯᠴᠠᠭᠠᠨ ᠤ ᠠᠮᠤᠷ ᠲᠦᠪᠰᠢᠨ ᠤ ᠡ᠊ᠨᠳᠡᠯ ᠭᠠᠷᠬᠤ ᠶᠢ ᠪᠦᠲᠦᠮᠵᠢᠲᠡᠶ ᠬᠤᠷᠢᠭᠯᠠᠬᠤ ᠪᠠ ᠪᠠᠭᠠᠰᠬᠠᠵᠤ᠂ | ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ | 10 ᠰᠠᠷ᠎ᠠ ᠶᠢᠨ 8 ᠤ ᠡᠳᠦᠷ ᠠᠴᠠ 12 ᠰᠠᠷ᠎ᠠ ᠶᠢᠨ 31 ᠤ ᠡᠳᠦᠷ ᠪᠣᠯᠲᠠᠯ᠎ᠠ᠂ ᠤᠯᠠᠭᠠᠨᠬᠤᠲᠠ ᠶᠢᠨ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠨᠠᠮᠤᠷ | ᠡᠪᠦᠯ ᠤᠨ ᠤᠯᠠᠷᠢᠯ ᠤᠨ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠲᠣᠪᠤᠶᠢᠮ᠎ᠠ ᠠᠵᠢᠯᠯᠠᠭ᠎ᠠ ᠳᠤ | ᠴᠢᠭᠯᠡᠭᠦᠯᠦᠨ᠂ ᠪᠥᠬᠦ ᠬᠤᠲᠠ ᠶᠢᠨ ᠬᠡᠪᠴᠢᠶᠡᠨ ᠳᠤ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ᠃ | | ᠠᠵᠢᠯᠯᠠᠭ᠎ᠠ ᠶᠢᠨ ᠳᠤᠮᠳᠠ᠂ ᠡ᠊ᠨᠳᠡᠯ ᠣᠯᠠᠨ ᠭᠠᠷᠳᠠᠭ᠂ ᠳᠠᠯᠳᠠ ᠬᠡᠮ ᠲᠣᠪᠤᠶᠢᠮ᠎ᠠ ᠵᠠᠮ ᠤᠨ ᠠᠭᠤᠯᠵᠠᠷ᠂ | ᠳᠤᠮᠳᠠᠳᠤ ᠪᠠᠭ᠎ᠠ ᠰᠤᠷᠭᠠᠭᠤᠯᠢ ᠶᠢᠨ ᠡᠷᠬᠢᠨ ᠲᠣᠭᠤᠷᠢᠨ ᠤ ᠵᠠᠮ᠂ ᠭᠤᠤᠯᠳᠠᠯᠭ᠎ᠠ ᠲᠠᠢ ᠲᠡᠷᠭᠡ ᠬᠥᠰᠬᠡ ᠪᠠ | ᠵᠢᠯᠣᠭᠤᠴᠢ ᠵᠡᠷᠭᠡ ᠳᠤ ᠴᠢᠭᠯᠡᠭᠦᠯᠦᠨ ᠡᠬᠢ ᠡᠭᠦᠰᠦᠯ ᠠᠴᠠ ᠨᠢ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ | ᠪᠠᠶᠢᠴᠠᠭᠠᠵᠤ ᠵᠠᠰᠠᠬᠤ ᠠᠵᠢᠯ ᠢ ᠥᠷᠨᠢᠭᠦᠯᠪᠡ᠃ ᠡᠭᠦᠨ ᠤ ᠬᠠᠮᠲᠤ ᠠᠷᠢᠬᠢ ᠤᠤᠭᠤᠨ ᠲᠡᠷᠭᠡ ᠵᠢᠯᠣᠭᠤᠳᠬᠤ᠂ | ᠰᠣᠭᠲᠣᠭᠤ ᠪᠠᠷ ᠲᠡᠷᠭᠡ ᠵᠢᠯᠣᠭᠤᠳᠬᠤ᠂ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ᠂ ᠰᠥᠷᠭᠡᠦ ᠴᠢᠭᠯᠡᠯ ᠢᠶᠠᠷ | ᠶᠠᠪᠤᠬᠤ᠂ ᠮᠠᠰᠢᠨᠲᠤ ᠲᠡᠷᠭᠡᠨ ᠤ ᠵᠠᠮ ᠢ ᠡᠵᠡᠯᠡᠨ ᠶᠠᠪᠤᠬᠤ᠂ ᠴᠠᠬᠢᠯᠭᠠᠨ ᠬᠥᠳᠡᠯᠭᠡᠭᠦᠷᠲᠦ ᠲᠡᠷᠭᠡ ᠪᠠ ᠮᠣᠲ᠋ᠣᠷ ᠲᠡᠷᠭᠡ | ᠤᠨᠤᠵᠤ ᠪᠠᠶᠢᠭᠠᠳ ᠳᠤᠭᠤᠯᠠᠭ᠎ᠠ ᠵᠡᠭᠦᠬᠦ ᠥᠬᠡᠶ᠂ ᠲᠠᠷᠢᠶᠠᠯᠠᠩ ᠳᠤ ᠬᠡᠷᠡᠭᠯᠡᠬᠦ ᠲᠡᠷᠭᠡ ᠬᠠᠤᠯᠢ ᠠᠴᠠ ᠵᠥᠷᠢᠴᠡᠨ | ᠬᠥᠮᠦᠨ ᠲᠡᠭᠡᠭᠡᠬᠦ᠂ ᠮᠢᠶᠠᠨᠪᠣᠤ ᠲᠡᠷᠭᠡᠨ ᠤ ᠬᠠᠤᠯᠢ ᠠᠴᠠ ᠵᠥᠷᠢᠴᠡᠨ ᠬᠥᠮᠦᠨ ᠤ ᠲᠤᠭ᠎ᠠ ᠠᠴᠠ ᠬᠡᠲᠦᠷᠡᠭᠰᠡᠨ ᠵᠡᠷᠭᠡ | ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠤᠶᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠪᠥᠬᠦ | ᠬᠤᠲᠠ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠤ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠥᠬᠦ | ᠬᠦᠴᠦᠨ ᠢᠶᠠᠷ ᠢᠶᠠᠨ ᠪᠠᠲᠤᠯᠠᠪᠠ᠃ |