ᠠᠷᠪᠠᠳᠤᠭᠠᠷ ᠪᠦᠯᠦᠭ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ ᠢ ᠲᠠᠨᠢᠯᠴᠠᠭᠤᠯᠤᠨ ᠬᠢᠨᠠᠨ ᠲᠣᠭᠲᠠᠭᠠᠬᠤ ᠬᠤᠷᠠᠯ ᠡᠷᠭᠢᠯᠡᠭᠰᠡᠨ ᠤᠯᠠᠭᠠᠨᠬᠤᠳᠠ
ᠨᠡᠶᠢᠲᠡᠯᠡᠭᠰᠡᠨ ᠴᠠᠭ᠄
2024/11/1
 ᠤᠯᠠᠭᠠᠨᠬᠤᠲᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠠᠵᠢᠯ ᠢ ᠪᠥᠬᠦ ᠲᠠᠯ᠎ᠠ ᠪᠠᠷ ᠠᠬᠢᠭᠤᠯᠵᠤ᠂ ᠪᠣᠳᠠᠰ ᠤᠨ ᠪᠤᠰᠤ ᠰᠣᠶᠣᠯ ᠤᠨ ᠥᠪ ᠤᠨ ᠨᠡᠷᠡᠰ ᠤᠨ ᠵᠢᠭᠰᠠᠭᠠᠯᠲᠠ ᠶᠢᠨ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠠᠵᠢᠯ ᠤᠨ ᠡᠷᠡᠭᠦᠯ ᠪᠥᠭᠡᠳ ᠪᠦᠲᠦᠮᠵᠢᠲᠡᠶ ᠬᠥᠭᠵᠢᠬᠦ ᠶᠢ ᠠᠬᠢᠭᠤᠯᠬᠤ ᠶᠢᠨ ᠲᠥᠯᠥᠭᠡ᠂ 10 ᠰᠠᠷ᠎ᠠ ᠶᠢᠨ 29 ᠤ ᠡᠳᠦᠷ᠂ ᠤᠯᠠᠭᠠᠨᠬᠤᠲᠠ ᠠᠷᠪᠠᠳᠤᠭᠠᠷ ᠪᠦᠯᠦᠭ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ ᠢ ᠲᠠᠨᠢᠯᠴᠠᠭᠤᠯᠤᠨ ᠬᠢᠨᠠᠨ ᠲᠣᠭᠲᠠᠭᠠᠬᠤ ᠬᠤᠷᠠᠯ ᠡᠷᠭᠢᠯᠡᠪᠡ᠃ ᠤᠯᠠᠭᠠᠨᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠤᠯᠠᠭᠠᠨᠬᠤᠲᠠ ᠶᠢᠨ ᠰᠣᠶᠣᠯ ᠤᠨ ᠥᠪ ᠤᠨ ᠬᠠᠮᠠᠭᠠᠯᠠᠯᠲᠠ ᠶᠢᠨ ᠲᠥᠪ ᠤᠨ ᠭᠤᠤᠯ ᠤᠳᠤᠷᠢᠳᠤᠯᠭ᠎ᠠ᠂ ᠬᠢᠩᠭᠠᠨ ᠠᠶᠢᠮᠠᠭ ᠤᠨ ᠪᠣᠳᠠᠰ ᠤᠨ ᠪᠤᠰᠤ ᠰᠣᠶᠣᠯ ᠤᠨ ᠥᠪ ᠤᠨ ᠲᠤᠰᠬᠠᠶ ᠮᠡᠷᠭᠡᠵᠢᠯᠲᠡᠨ ᠤ ᠬᠥᠮᠥᠷᠭᠡ ᠶᠢᠨ ᠲᠤᠰᠬᠠᠶ ᠮᠡᠷᠭᠡᠵᠢᠯᠲᠡᠨ ᠵᠢᠴᠢ ᠪᠣᠳᠠᠰ ᠤᠨ ᠪᠤᠰᠤ ᠰᠣᠶᠣᠯ ᠤᠨ ᠥᠪ ᠤᠨ ᠠᠵᠢᠯᠲᠠᠨ ᠨᠡᠶᠢᠲᠡ 10 ᠭᠠᠷᠤᠶ ᠬᠥᠮᠦᠨ ᠲᠣᠰ ᠤᠳᠠᠭᠠᠨ ᠤ ᠬᠢᠨᠠᠨ ᠲᠣᠭᠲᠠᠭᠠᠬᠤ ᠬᠤᠷᠠᠯ ᠳᠤ ᠣᠷᠣᠯᠴᠠᠵᠠᠶ᠃
    ᠬᠤᠷᠠᠯ ᠳᠡᠭᠡᠷ᠎ᠡ᠂ ᠤᠯᠠᠭᠠᠨᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠯᠢ ᠫᠧᠩ ︽ᠤᠯᠠᠭᠠᠨᠬᠤᠲᠠ ᠶᠢᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ ᠤᠨ ᠲᠤᠰᠬᠠᠶ ᠮᠡᠷᠭᠡᠵᠢᠯᠲᠡᠨ ᠤ ᠬᠢᠨᠠᠨ ᠲᠣᠭᠲᠠᠭᠠᠬᠤ ᠪᠠᠷᠢᠮᠵᠢᠶ᠎ᠠ︾ ᠶᠢ ᠤᠩᠰᠢᠨ ᠨᠡᠶᠢᠲᠡᠯᠡᠭᠰᠡᠨ ᠪᠥᠭᠡᠳ ᠬᠢᠨᠠᠨ ᠲᠣᠭᠲᠠᠭᠠᠬᠤ ᠰᠠᠬᠢᠯᠭ᠎ᠠ ᠪᠠᠲᠤ ᠶᠢ ᠭᠤᠤᠯᠳᠠᠯᠭ᠎ᠠ ᠲᠠᠢ ᠴᠢᠬᠤᠯᠠᠴᠢᠯᠠᠵᠤ᠂ ᠡᠷᠬᠡ ᠲᠡᠭᠰᠢ ᠲᠥᠪ ᠭᠤᠤᠯᠴᠢ ᠪᠠᠶᠢᠬᠤ᠂ ᠬᠠᠤᠯᠢ ᠲᠣᠭᠲᠠᠭᠠᠯ ᠶᠣᠰᠣᠭᠠᠷ ᠬᠢᠨᠠᠨ ᠲᠣᠭᠲᠠᠭᠠᠬᠤ ᠵᠠᠷᠴᠢᠮ ᠢ ᠵᠢᠷᠤᠮᠯᠠᠨ ᠬᠢᠨᠠᠨ ᠬᠠᠷᠭᠤᠭᠤᠯᠵᠤ ᠦᠨᠡᠯᠡᠨ ᠲᠣᠭᠲᠠᠭᠠᠬᠤ ᠶᠢ ᠱᠠᠭᠠᠷᠳᠠᠪᠠ᠃     ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠢᠯᠡ ᠲᠤᠳᠤ ᠪᠥᠭᠡᠳ ᠲᠥᠪ ᠭᠤᠤᠯᠴᠢ ᠪᠠᠶᠢᠬᠤ ᠵᠠᠷᠴᠢᠮ ᠢ ᠪᠠᠷᠢᠮᠲᠠᠯᠠᠵᠤ᠂ ᠪᠣᠳᠠᠰ ᠤᠨ ᠪᠤᠰᠤ ᠰᠣᠶᠣᠯ ᠤᠨ ᠥᠪ ᠢ ᠭᠤᠶᠤᠴᠢᠯᠠᠨ ᠮᠡᠳᠡᠭᠦᠯᠬᠦ ᠬᠠᠮᠢᠶ᠎ᠠ ᠪᠥᠬᠦᠶ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠲᠤᠬᠠᠶ ᠶᠢᠨ ᠲᠠᠯᠠᠪᠤᠷ ᠠᠴᠠ ᠲᠥᠷᠥᠯ ᠵᠦᠢᠯ ᠤᠨ ᠲᠠᠨᠢᠯᠴᠠᠭᠤᠯᠭ᠎ᠠ ᠶᠢ ᠰᠣᠨᠣᠰᠬᠤ᠂ ᠭᠤᠶᠤᠴᠢᠯᠠᠨ ᠮᠡᠳᠡᠭᠦᠯᠬᠦ ᠹᠢᠯᠢᠮ ᠢ ᠦᠵᠡᠬᠦ᠂ ᠰᠤᠳᠤᠯᠤᠨ ᠰᠤᠳᠤᠯᠬᠤ ᠵᠡᠷᠭᠡ ᠭᠤᠭᠴᠤᠭ᠎ᠠ ᠪᠠᠷ ᠳᠠᠮᠵᠢᠭᠤᠯᠤᠨ᠂ ᠰᠢᠯᠭᠠᠷᠠᠭᠤᠯᠤᠯᠲᠠ ᠳᠤ ᠣᠷᠣᠯᠴᠠᠬᠤ ᠲᠥᠷᠥᠯ ᠵᠦᠢᠯ ᠳᠤ ᠨᠢᠭᠡᠳ ᠨᠢᠭᠡ ᠪᠠᠷ ᠦᠨᠡᠯᠡᠯᠲᠡ ᠬᠢᠵᠦ᠂ ᠬᠠᠨᠳᠤᠯᠭᠠᠲᠤ ᠴᠢᠨᠠᠷᠲᠠᠶ ᠬᠢᠨᠠᠨ ᠲᠣᠭᠲᠠᠭᠠᠬᠤ ᠰᠠᠨᠠᠯ ᠳᠤᠷᠠᠳᠪᠠ᠃ ᠬᠠᠮᠤᠭ ᠰᠡᠭᠦᠯ ᠳᠤ᠂ ᠬᠢᠨᠠᠨ ᠲᠣᠭᠲᠠᠭᠠᠭᠰᠠᠨ ᠦᠷ᠎ᠡ ᠳ᠋ᠦᠩ ᠳᠤ ᠳ᠋ᠦᠩᠨᠡᠯᠲᠡ ᠬᠢᠪᠡ᠃
 ᠲᠣᠰ ᠤᠳᠠᠭᠠᠨ ᠤ ᠬᠢᠨᠠᠨ ᠲᠣᠭᠲᠠᠭᠠᠬᠤ ᠬᠤᠷᠠᠯ ᠢ ᠡᠷᠭᠢᠯᠡᠬᠦ ᠪᠠᠷ ᠳᠡᠮᠵᠢᠨ᠂ ᠮᠠᠨ ᠤ ᠬᠤᠲᠠ ᠶᠢᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠠᠵᠢᠯ ᠤᠯᠠᠮ ᠨᠢᠭᠡ ᠠᠯᠬᠤᠮ ᠲᠡᠭᠦᠯᠳᠡᠷᠵᠢᠵᠦ᠂ ᠠᠶᠢᠮᠠᠭ ᠂ ᠣᠷᠣᠨ᠂ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ ᠢ ᠠᠮᠵᠢᠯᠲᠠ ᠲᠠᠢ ᠭᠤᠶᠤᠴᠢᠯᠠᠨ ᠮᠡᠳᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃
 
ᠢᠷᠡᠯᠲᠡ᠄ ᠤᠯᠠᠭᠠᠨᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号