ᠤᠯᠠᠭᠠᠨᠬᠤᠲᠠ ᠠᠷᠠᠯᠵᠢᠶᠠᠴᠢᠨ ᠤᠷᠢᠬᠤ ᠲᠥᠷᠥᠯ ᠵᠦᠢᠯ ᠳᠤ 32.7 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠤᠷᠤᠭᠤᠯᠪᠠ
ᠨᠡᠶᠢᠲᠡᠯᠡᠭᠰᠡᠨ ᠴᠠᠭ᠄
2024/11/13
   ᠤᠯᠠᠭᠠᠨᠬᠤᠲᠠ ᠶᠢᠨ ᠣᠷᠣᠨ ᠪᠦᠰᠡ ᠶᠢᠨ ᠬᠠᠮᠲᠤᠷᠠᠯᠴᠠᠭᠠᠨ ᠤ ᠲᠥᠪ ᠤᠨ ᠲᠤᠭ᠎ᠠ ᠪᠠᠷᠢᠮᠲᠠ ᠳᠤ ᠢᠯᠡᠷᠡᠬᠦᠯᠦᠭᠰᠡᠨ ᠢᠶᠠᠷ᠂ 2024 ᠣᠨ ᠳᠤ᠂ ᠤᠯᠠᠭᠠᠨᠬᠤᠲᠠ ᠶᠢᠨ ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠤᠨ ᠠᠪᠴᠢᠷᠠᠬᠤ ᠠᠵᠢᠯ ᠰᠢᠪᠲᠤᠯᠤᠯᠲᠠ ᠲᠠᠢ ᠪᠣᠯᠵᠣ 1 - 10 ᠰᠠᠷ᠎ᠠ ᠳᠤ᠂ ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠤᠨ ᠠᠪᠴᠢᠷᠠᠬᠤ ᠲᠥᠷᠥᠯ ᠵᠦᠢᠯ ᠤᠨ ᠵᠣᠭᠤᠰ ᠤᠨ ᠲᠤᠭ᠎ᠠ 32.7 ᠳ᠋ᠦᠩᠰᠢᠭᠤᠷ ᠲᠥᠭᠦᠷᠢᠭ ᠲᠤ ᠬᠦᠷᠴᠡᠶ᠃  ᠡᠨᠡ ᠵᠢᠯ ᠠᠴᠠ ᠨᠠᠰᠢ᠂ ᠤᠯᠠᠭᠠᠨᠬᠤᠲᠠ ᠠᠷᠠᠯᠵᠢᠶᠠᠴᠢᠨ ᠤᠷᠢᠬᠤ ᠬᠡᠪᠴᠢᠶ᠎ᠡ ᠪᠠᠨ ᠢᠳᠡᠪᠬᠢᠲᠡᠢ ᠥᠷᠭᠡᠳᠬᠡᠵᠦ᠂ ᠤᠯᠠᠭᠠᠨᠬᠤᠲᠠ ᠶᠢᠨ ᠤᠳᠤᠷᠢᠳᠤᠯᠭ᠎ᠠ ᠪᠦᠯᠬᠦᠮ ᠳᠠᠭᠠᠭᠤᠯᠤᠨ ᠪᠡᠭᠡᠵᠢᠩ᠂ ᠾᠧᠪᠸᠢ᠂ ᠲᠢᠶᠠᠨᠵᠢᠨ ᠵᠡᠷᠭᠡ ᠭᠠᠵᠠᠷ  ᠢᠶᠠᠷ ᠬᠦᠷᠴᠦ᠂ ᠤᠯᠠᠨ ᠠᠵᠤ ᠠᠬᠤᠶᠢᠯᠠᠯ ᠲᠠᠢ ᠡᠨᠧᠷᠭᠢ ᠬᠠᠳᠠᠭᠠᠯᠠᠬᠤ ᠴᠠᠬᠢᠯᠭᠠᠨ ᠦᠷᠳᠡᠭᠡ᠂ ᠬᠢᠲᠠᠳ ᠡᠪᠡᠰᠦᠨ ᠡᠮ ᠲᠠᠷᠢᠵᠤ ᠡᠳ᠋ᠰᠢᠭᠦᠯᠬᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠵᠡᠷᠭᠡ ᠲᠦᠷᠦᠯ ᠵᠦᠢᠯ ᠢ ᠵᠣᠯᠭᠠᠭᠤᠯᠪᠠ᠃ ᠣᠶᠢᠷ᠎ᠠ ᠳᠤ᠂ ᠤᠯᠠᠭᠠᠨᠬᠤᠲᠠ ᠣᠲᠣ ᠦᠶ᠎ᠡ ᠶᠢᠨ ᠲᠦᠬᠦᠭᠡᠷᠦᠮᠵᠢᠲᠦ ᠲᠠᠷᠢᠶᠠᠯᠠᠩ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ  ᠢ ᠡᠳ᠋ᠰᠢᠭᠦᠯᠬᠦ᠂ ᠲᠠᠷᠢᠶᠠᠯᠠᠩ ᠵᠢᠭᠤᠯᠴᠢᠯᠠᠯ ᠢ ᠤᠶᠠᠯᠳᠤᠭᠤᠯᠬᠤ ᠵᠡᠷᠭᠡ ᠠᠵᠤ ᠦᠢᠯᠡᠰ ᠤᠨ ᠲᠣᠭᠤᠷᠢᠨ ᠳᠤ᠂ 15 ᠵᠤᠷᠪᠤᠰ ᠠᠷᠠᠯᠵᠢᠶᠠᠴᠢᠨ ᠤᠷᠢᠬᠤ ᠮᠡᠳᠡᠭᠡ ᠵᠠᠩᠭᠢ ᠶᠢ ᠴᠤᠭᠯᠠᠭᠤᠯᠵᠤ᠂ 21 ᠲᠥᠷᠥᠯ ᠵᠦᠢᠯ ᠢ ᠵᠥᠪᠳᠡᠯᠴᠡᠨ ᠵᠣᠯᠭᠠᠭᠤᠯᠵᠤ᠂ 18.84 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠰᠠᠨᠠᠮᠵᠢ ᠲᠠᠢ 6 ᠲᠥᠷᠥᠯ ᠵᠦᠢᠯ ᠢ ᠠᠮᠵᠢᠯᠲᠠ ᠲᠠᠢ ᠪᠠᠷ ᠨᠠᠶᠢᠳᠠᠪᠤᠷᠢᠵᠢᠭᠤᠯᠪᠠ᠃    ᠬᠤᠶᠢᠰᠢᠳᠠ᠂ ᠤᠯᠠᠭᠠᠨᠬᠤᠲᠠ ᠠᠵᠢᠯ ᠢᠶᠠᠨ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠨᠡᠮᠡᠭᠳᠡᠯ ᠤᠨ ᠬᠡᠮᠵᠢᠶ᠎ᠡ ᠪᠠᠨ ᠥᠷᠭᠡᠳᠬᠡᠵᠦ᠂ ᠠᠷᠠᠯᠵᠢᠶᠠᠴᠢᠨ ᠤᠷᠢᠵᠤ ᠪᠠᠯᠠ ᠮᠦᠩᠬᠦ ᠤᠷᠤᠭᠤᠯᠤᠨ ᠠᠪᠴᠢᠷᠠᠬᠤ ᠵᠣᠭᠤᠰ ᠤᠨ ᠲᠤᠭ᠎ᠠ ᠶᠢ 35.45 ᠳ᠋ᠦᠩᠰᠢᠭᠤᠷ ᠲᠥᠭᠦᠷᠢᠭ ᠪᠡᠶᠡᠯᠡᠭᠦᠯᠬᠦ ᠪᠠᠷ ᠴᠢᠷᠮᠠᠶᠢᠨ᠎ᠠ᠃
 
ᠢᠷᠡᠯᠲᠡ᠄ ᠰᠢᠨᠬᠤᠸᠠ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号