| ᠤᠯᠠᠭᠠᠨᠬᠤᠲᠠ ᠶᠢᠨ ᠣᠷᠣᠨ ᠪᠦᠰᠡ ᠶᠢᠨ ᠬᠠᠮᠲᠤᠷᠠᠯᠴᠠᠭᠠᠨ ᠤ ᠲᠥᠪ ᠤᠨ ᠲᠤᠭ᠎ᠠ ᠪᠠᠷᠢᠮᠲᠠ ᠳᠤ ᠢᠯᠡᠷᠡᠬᠦᠯᠦᠭᠰᠡᠨ | ᠢᠶᠠᠷ᠂ 2024 ᠣᠨ ᠳᠤ᠂ ᠤᠯᠠᠭᠠᠨᠬᠤᠲᠠ ᠶᠢᠨ ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠤᠨ ᠠᠪᠴᠢᠷᠠᠬᠤ | ᠠᠵᠢᠯ ᠰᠢᠪᠲᠤᠯᠤᠯᠲᠠ ᠲᠠᠢ ᠪᠣᠯᠵᠣ 1 - 10 ᠰᠠᠷ᠎ᠠ ᠳᠤ᠂ ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠤᠨ | ᠠᠪᠴᠢᠷᠠᠬᠤ ᠲᠥᠷᠥᠯ ᠵᠦᠢᠯ ᠤᠨ ᠵᠣᠭᠤᠰ ᠤᠨ ᠲᠤᠭ᠎ᠠ 32.7 ᠳ᠋ᠦᠩᠰᠢᠭᠤᠷ ᠲᠥᠭᠦᠷᠢᠭ ᠲᠤ ᠬᠦᠷᠴᠡᠶ᠃ | ᠡᠨᠡ ᠵᠢᠯ ᠠᠴᠠ ᠨᠠᠰᠢ᠂ ᠤᠯᠠᠭᠠᠨᠬᠤᠲᠠ ᠠᠷᠠᠯᠵᠢᠶᠠᠴᠢᠨ ᠤᠷᠢᠬᠤ ᠬᠡᠪᠴᠢᠶ᠎ᠡ ᠪᠠᠨ ᠢᠳᠡᠪᠬᠢᠲᠡᠢ ᠥᠷᠭᠡᠳᠬᠡᠵᠦ᠂ | ᠤᠯᠠᠭᠠᠨᠬᠤᠲᠠ ᠶᠢᠨ ᠤᠳᠤᠷᠢᠳᠤᠯᠭ᠎ᠠ ᠪᠦᠯᠬᠦᠮ ᠳᠠᠭᠠᠭᠤᠯᠤᠨ ᠪᠡᠭᠡᠵᠢᠩ᠂ ᠾᠧᠪᠸᠢ᠂ ᠲᠢᠶᠠᠨᠵᠢᠨ ᠵᠡᠷᠭᠡ ᠭᠠᠵᠠᠷ ᠢᠶᠠᠷ | ᠬᠦᠷᠴᠦ᠂ ᠤᠯᠠᠨ ᠠᠵᠤ ᠠᠬᠤᠶᠢᠯᠠᠯ ᠲᠠᠢ ᠡᠨᠧᠷᠭᠢ ᠬᠠᠳᠠᠭᠠᠯᠠᠬᠤ ᠴᠠᠬᠢᠯᠭᠠᠨ ᠦᠷᠳᠡᠭᠡ᠂ ᠬᠢᠲᠠᠳ ᠡᠪᠡᠰᠦᠨ ᠡᠮ | ᠲᠠᠷᠢᠵᠤ ᠡᠳ᠋ᠰᠢᠭᠦᠯᠬᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠵᠡᠷᠭᠡ ᠲᠦᠷᠦᠯ ᠵᠦᠢᠯ ᠢ ᠵᠣᠯᠭᠠᠭᠤᠯᠪᠠ᠃ | ᠣᠶᠢᠷ᠎ᠠ ᠳᠤ᠂ ᠤᠯᠠᠭᠠᠨᠬᠤᠲᠠ ᠣᠲᠣ ᠦᠶ᠎ᠡ ᠶᠢᠨ ᠲᠦᠬᠦᠭᠡᠷᠦᠮᠵᠢᠲᠦ ᠲᠠᠷᠢᠶᠠᠯᠠᠩ᠂ ᠲᠠᠷᠢᠶᠠᠯᠠᠩ ᠤᠨ ᠪᠦᠲᠦᠭᠡᠭᠳᠡᠬᠦᠨ | ᠮᠠᠯ ᠤᠨ ᠠᠰᠢᠭ ᠰᠢᠮ᠎ᠡ ᠢ ᠡᠳ᠋ᠰᠢᠭᠦᠯᠬᠦ᠂ ᠲᠠᠷᠢᠶᠠᠯᠠᠩ ᠵᠢᠭᠤᠯᠴᠢᠯᠠᠯ ᠢ ᠤᠶᠠᠯᠳᠤᠭᠤᠯᠬᠤ ᠵᠡᠷᠭᠡ ᠠᠵᠤ ᠦᠢᠯᠡᠰ ᠤᠨ | ᠲᠣᠭᠤᠷᠢᠨ ᠳᠤ᠂ 15 ᠵᠤᠷᠪᠤᠰ ᠠᠷᠠᠯᠵᠢᠶᠠᠴᠢᠨ ᠤᠷᠢᠬᠤ ᠮᠡᠳᠡᠭᠡ ᠵᠠᠩᠭᠢ ᠶᠢ ᠴᠤᠭᠯᠠᠭᠤᠯᠵᠤ᠂ 21 ᠲᠥᠷᠥᠯ | ᠵᠦᠢᠯ ᠢ ᠵᠥᠪᠳᠡᠯᠴᠡᠨ ᠵᠣᠯᠭᠠᠭᠤᠯᠵᠤ᠂ 18.84 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠰᠠᠨᠠᠮᠵᠢ ᠲᠠᠢ | 6 ᠲᠥᠷᠥᠯ ᠵᠦᠢᠯ ᠢ ᠠᠮᠵᠢᠯᠲᠠ ᠲᠠᠢ ᠪᠠᠷ ᠨᠠᠶᠢᠳᠠᠪᠤᠷᠢᠵᠢᠭᠤᠯᠪᠠ᠃ | ᠬᠤᠶᠢᠰᠢᠳᠠ᠂ ᠤᠯᠠᠭᠠᠨᠬᠤᠲᠠ ᠠᠵᠢᠯ ᠢᠶᠠᠨ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠨᠡᠮᠡᠭᠳᠡᠯ ᠤᠨ | ᠬᠡᠮᠵᠢᠶ᠎ᠡ ᠪᠠᠨ ᠥᠷᠭᠡᠳᠬᠡᠵᠦ᠂ ᠠᠷᠠᠯᠵᠢᠶᠠᠴᠢᠨ ᠤᠷᠢᠵᠤ ᠪᠠᠯᠠ ᠮᠦᠩᠬᠦ ᠤᠷᠤᠭᠤᠯᠤᠨ ᠠᠪᠴᠢᠷᠠᠬᠤ ᠵᠣᠭᠤᠰ ᠤᠨ | ᠲᠤᠭ᠎ᠠ ᠶᠢ 35.45 ᠳ᠋ᠦᠩᠰᠢᠭᠤᠷ ᠲᠥᠭᠦᠷᠢᠭ ᠪᠡᠶᠡᠯᠡᠭᠦᠯᠬᠦ ᠪᠠᠷ ᠴᠢᠷᠮᠠᠶᠢᠨ᠎ᠠ᠃ | |