ᠤᠯᠠᠭᠠᠨᠬᠤᠲᠠ ᠶᠢᠨ ᠳᠤᠯᠠᠭᠠᠯᠠᠭ᠎ᠠ ᠶᠢᠨ ᠢᠨᠵᠧᠨᠧᠷᠢᠩ ᠨᠢ ᠠᠷᠠᠳ ᠣᠯᠠᠨ ᠳᠤ ᠬᠠᠨᠤᠮᠵᠢᠳᠠᠢ ᠬᠠᠷᠢᠭᠤᠯᠳᠠ  ᠶᠢᠨ ᠬᠠᠭᠤᠳᠠᠰᠤ ᠲᠤᠰᠢᠶᠠᠭᠰᠠᠨ ᠲᠤᠬᠠᠢ ​ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2024/11/14
  ᠥᠷᠭᠡᠨ ᠣᠯᠠᠨ ᠰᠠᠭᠤᠭᠠᠯᠢ ᠠᠷᠠᠳ ᠤᠨ ᠡᠪᠦᠯ ᠤᠨ ᠤᠯᠠᠷᠢᠯ ᠳᠠᠬᠢ ᠬᠡᠷ ᠪᠦᠯᠢ ᠶᠢᠨ ᠬᠠᠯᠠᠭᠤᠨ ᠳᠤᠯᠠᠭᠠᠨ ᠢ ᠪᠠᠲᠤᠯᠠᠬᠤ ᠶᠢᠨ ᠲᠥᠯᠥᠭᠡ᠂ ᠣᠶᠢᠷ᠎ᠠ ᠶᠢᠨ ᠡᠳᠦᠷ ᠤᠳ ᠲᠤ᠂ ᠤᠯᠠᠭᠠᠨᠬᠤᠲᠠ ᠶᠢᠨ ᠠᠳᠠᠯ ᠠᠬᠤᠶ ᠶᠢᠨ ᠦᠢᠯᠡᠴᠢᠯᠡᠭᠡᠨ ᠤ ᠲᠥᠪ ᠨᠡᠶᠢᠭᠡᠮ ᠲᠣᠭᠤᠷᠢᠭ ᠤᠨ ᠲᠤᠤᠷᠵᠢᠭᠤᠯᠤᠭᠴᠢ ᠲᠠᠢ ᠬᠠᠮᠲᠤᠷᠠᠨ ︽ᠲᠤᠯᠠᠭᠠᠯᠠᠭ᠎ᠠ ᠶᠢᠨ ᠢᠨᠵᠧᠨᠧᠷᠢᠩ︾ ᠤᠨ ᠬᠠᠷᠢᠭᠤ ᠰᠤᠷᠪᠤᠯᠵᠢᠯᠠᠬᠤ ᠠᠵᠢᠯ ᠢ ᠦᠷᠭᠦᠯᠵᠢᠯᠡᠨ ᠥᠷᠨᠢᠭᠦᠯᠵᠦ᠂ ︽ᠲᠤᠯᠠᠭᠠᠯᠠᠭ᠎ᠠ ᠶᠢᠨ ᠢᠨᠵᠧᠨᠧᠷᠢᠩ︾ ᠢ ᠠᠷᠠᠳ ᠤᠨ ᠰᠡᠳᠬᠢᠯ ᠢ ᠦᠨᠡᠨ ᠬᠦ ᠳᠤᠯᠠᠭᠠᠴᠠᠭᠤᠯᠬᠤ ᠢᠨᠵᠧᠨᠧᠷᠢᠩ ᠪᠣᠯᠭᠠᠪᠠ᠃ 
33.jpg     ᠦ᠋ ᠢ ᠵᠡᠭᠡᠯᠢ ᠶᠢᠨ ᠲᠢᠶᠠᠨ ᠶᠤᠸᠠᠨ ᠨᠡᠶᠢᠭᠡᠮ ᠲᠣᠭᠤᠷᠢᠭ ᠤᠨ ᠱᠧᠩ ᠶᠤᠸᠠᠨ ᠪᠠᠭ᠎ᠠ ᠲᠣᠭᠤᠷᠢᠭ ᠢᠶᠠᠷ ᠬᠦᠷᠬᠦ
 ᠳᠤ᠂ ᠠᠵᠢᠯᠲᠠᠳ ᠶᠠᠭ ᠰᠠᠭᠤᠭᠠᠯᠢ ᠠᠷᠠᠳ ᠤᠨ ᠭᠡᠷ ᠤᠨ ᠳᠤᠯᠠᠭᠠᠯᠠᠭ᠎ᠠ ᠶᠢᠨ ᠬᠡᠮᠵᠢᠶ᠎ᠡ ᠪᠠᠷᠢᠮᠵᠢᠶ᠎ᠠ ᠳᠤ ᠬᠦᠷᠦᠭᠰᠡᠨ ᠡᠰᠡᠬᠦ᠂ ᠢᠯᠴᠢ ᠬᠠᠩᠭᠠᠬᠤ ᠨᠢ ᠲᠤᠭᠳᠠᠪᠤᠷᠢᠳᠠᠢ ᠪᠠᠶᠢᠬᠤ ᠡᠰᠡᠬᠦ ᠵᠡᠷᠭᠡ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠪᠠ ᠰᠠᠨᠠᠭᠤᠯᠭ᠎ᠠ ᠶᠢ ᠬᠦᠯᠢᠴᠡᠩᠭᠦᠶ ᠪᠠᠷ ᠰᠣᠨᠣᠰᠬᠤ ᠶᠢᠨ ᠬᠠᠮᠲᠤ ᠬᠠᠷᠢᠭᠤᠯᠲᠠ ᠥᠭᠴᠦ ᠪᠠᠶᠢᠪᠠ᠃  ︽ᠡᠨᠡ ᠵᠢᠯ ᠤᠨ ᠳᠤᠯᠠᠭᠠᠮᠵᠢ ᠶᠢᠨ ᠥᠭᠡᠷᠡᠴᠢᠯᠡᠯᠲᠡ ᠮᠠᠰᠢ ᠰᠠᠶᠢᠨ ᠪᠠᠶᠢᠨ᠎ᠠ᠂ ᠣᠲᠣ ᠬᠡᠷ ᠲᠤ ᠪᠠᠨ ᠬᠠᠨᠵᠢᠶᠠᠷᠢ ᠡᠮᠤᠰᠪᠡᠯ ᠪᠣᠯᠴᠢᠬᠠᠨ᠎ᠠ᠂ ᠡᠨᠡ ᠡᠪᠦᠯ ᠳᠠᠭᠠᠷᠠᠬᠤ ᠠᠴᠠ ᠠᠶᠤᠬᠤ ᠥᠬᠡᠶ ᠪᠤᠯᠵᠠᠢ᠂ ᠮᠠᠨᠠᠶᠢᠬᠢᠨ ᠴᠥᠮ ᠮᠠᠰᠢ ᠰᠡᠳᠬᠢᠯ ᠬᠠᠨᠤᠮᠵᠢᠲᠠᠶ ᠪᠠᠶᠢᠨ᠎ᠠ︾ ᠭᠡᠵᠤ ᠱᠧᠩ ᠶᠤᠸᠠᠨ ᠪᠠᠭ᠎ᠠ ᠲᠤᠭᠤᠷᠢᠭ ᠤᠨ ᠰᠠᠭᠤᠭᠠᠯᠢ ᠠᠷᠠᠳ ᠵᠠᠩ ᠶᠠᠨ ᠬᠡᠯᠡᠵᠠᠢ᠃
22.jpg   ᠬᠢᠩᠭᠠᠨ ᠵᠡᠭᠡᠯᠢ ᠶᠢᠨ ᠹᠦ᠋ ᠮᠢᠨ ᠨᠡᠶᠢᠭᠡᠮ ᠲᠣᠭᠤᠷᠢᠭ ᠤᠨ ᠸᠧᠨᠵᠸᠤ ᠪᠠᠭ᠎ᠠ ᠲᠣᠭᠤᠷᠢᠭ ᠲᠤ᠂ ᠠᠵᠢᠯᠲᠠᠳ
ᠰᠠᠭᠤᠭᠠᠯᠢ ᠠᠷᠠᠳ ᠤᠨ ᠬᠡᠷ ᠪᠦᠯᠢ ᠶᠢᠨ ᠳᠤᠯᠠᠭᠠᠯᠠᠭ᠎ᠠ ᠶᠢᠨ ᠪᠠᠶᠢᠳᠠᠯ ᠢ ᠭᠦᠨᠵᠡᠭᠡᠶ ᠣᠶᠢᠯᠠᠭᠠᠵᠤ᠂ ᠬᠠᠷᠢᠭᠤ ᠰᠤᠷᠪᠤᠯᠵᠢᠯᠠᠨ ᠪᠠᠶᠢᠴᠠᠭᠠᠬᠤ ᠶᠠᠪᠤᠴᠠ ᠳᠤ᠂ ᠨᠡᠶᠢᠭᠡᠮ ᠲᠣᠭᠤᠷᠢᠭ ᠤᠨ ᠲᠤᠤᠷᠵᠢᠭᠤᠯᠤᠭᠴᠢ ᠪᠠᠰᠠ ᠰᠠᠭᠤᠭᠠᠯᠢ ᠠᠷᠠᠳ ᠲᠤ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠢᠳᠡᠪᠬᠢᠲᠡᠶ ᠲᠦᠭᠡᠮᠡᠯᠵᠢᠭᠦᠯᠵᠦ᠂ ᠰᠠᠭᠤᠭᠠᠯᠢ ᠠᠷᠠᠳ ᠤᠨ ︽ᠳᠤᠯᠠᠭᠠᠯᠠᠭ᠎ᠠ ᠶᠢᠨ ᠢᠨᠵᠧᠨᠧᠷᠢᠩ︾ ᠤᠨ ᠲᠤᠬᠠᠶ ᠢᠲᠡᠭᠡᠯ ᠪᠠ ᠬᠠᠨᠤᠮᠵᠢ ᠶᠢᠨ ᠬᠡᠮᠵᠢᠶ᠎ᠡ ᠶᠢ ᠪᠦᠲᠦᠮᠵᠢᠲᠡᠶ ᠨᠡᠮᠡᠭᠳᠡᠭᠦᠯᠪᠡ᠃
11.jpg   ︽ᠡᠨᠡ ᠵᠢᠯ ᠤᠨ ᠳᠥᠷᠪᠡᠳᠦᠭᠡᠷ ᠰᠠᠷ᠎ᠠ ᠠᠴᠠ ᠡᠬᠢᠯᠡᠨ᠂ ᠪᠢᠳᠡ ᠪᠥᠬᠦ ᠬᠤᠲᠠ ᠶᠢᠨ ᠬᠡᠪᠴᠢᠶᠡᠨ ᠳᠤ ︿
ᠳᠤᠯᠠᠭᠠᠯᠠᠭ᠎ᠠ ᠶᠢᠨ ᠢᠨᠵᠧᠨᠧᠷᠢᠩ﹀ ᠤᠨ ᠲᠥᠷᠥᠯ ᠵᠦᠢᠯ ᠤᠨ ᠬᠡᠷᠡᠭᠵᠢᠭᠦᠯᠦᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ 78 ᠪᠠᠭ᠎ᠠ ᠲᠤᠭᠤᠷᠢᠭ ᠤᠨ ᠢᠯᠴᠢ ᠬᠠᠩᠭᠠᠬᠤ ᠬᠤᠭᠤᠯᠠᠶ ᠶᠢᠨ ᠲᠣᠤᠷ ᠤᠨ ᠥᠭᠡᠷᠡᠴᠢᠯᠡᠯᠲᠡ ᠳᠤ ᠬᠤᠯᠪᠣᠭᠳᠠᠵᠤ᠂ ᠬᠤᠶᠠᠳᠤᠭᠠᠷ ᠤᠳᠠᠭ᠎ᠠ ᠶᠢᠨ ᠬᠤᠭᠤᠯᠠᠶ ᠶᠢᠨ ᠲᠣᠤᠷ ᠢ ᠨᠡᠶᠢᠲᠡ 76 ᠺᠢᠯᠣᠮᠧᠲᠷ ᠥᠭᠡᠷᠡᠴᠢᠯᠡᠪᠡ︾ ᠃  ᠤᠯᠠᠭᠠᠨᠬᠤᠲᠠ ᠶᠢᠨ ᠠᠳᠠᠯ ᠠᠬᠤᠶ ᠶᠢᠨ ᠦᠢᠯᠡᠴᠢᠯᠡᠭᠡᠨ ᠤ ᠲᠥᠪ ᠤᠨ ᠢᠨᠵᠧᠨᠧᠷᠢᠩ ᠤᠨ ᠲᠠᠰᠤᠭ ᠤᠨ ᠬᠠᠷᠢᠭᠤᠴᠠᠯᠭᠠᠲᠠᠨ ᠯᠢᠦᠶ ᠱᠤᠸᠠᠢ᠂ ︽ᠵᠠᠯᠭᠠᠭᠠᠳ ᠪᠢᠳᠡ ᠣᠯᠠᠨ ᠲᠦᠮᠡᠨ ᠯᠦᠭᠡ ᠶᠢᠨ ᠨᠡᠪᠲᠡᠷᠡᠯᠴᠡᠭᠡ ᠰᠣᠯᠢᠯᠴᠠᠭ᠎ᠠ ᠪᠠᠨ ᠲᠠᠰᠤᠷᠠᠯᠲᠠ ᠥᠬᠡᠶ ᠴᠢᠩᠭᠠᠳᠬᠠᠵᠤ᠂ ᠡᠨᠡ ᠬᠦ ᠠᠷᠠᠳ ᠲᠤ ᠠᠰᠢᠭᠲᠠᠶ ᠢᠨᠵᠧᠨᠧᠷᠢᠩ ᠢ ᠦᠨᠡᠨ ᠬᠦ ᠪᠣᠳᠠᠲᠠᠶ ᠪᠠᠷ ᠪᠡᠶᠡᠯᠡᠭᠦᠯᠵᠦ᠂ ᠥᠷᠭᠡᠨ ᠣᠯᠠᠨ ᠬᠤᠲᠠ ᠶᠢᠨ ᠠᠷᠠᠳ ᠲᠤ ᠨᠠᠩ ᠴᠢᠨᠠᠷ ᠰᠠᠶᠢᠲᠠᠶ ᠢᠯᠴᠢ ᠬᠠᠩᠭᠠᠬᠤ ᠦᠢᠯᠡᠴᠢᠯᠡᠭᠡ ᠬᠦᠷᠲᠡᠭᠡᠨ᠎ᠡ︾ ᠭᠡᠵᠦ ᠢᠯᠡᠷᠬᠡᠶᠢᠯᠡᠵᠡᠢ᠃
 
ᠢᠷᠡᠯᠲᠡ᠄ ᠤᠯᠠᠭᠠᠨᠬᠤᠳᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号