ᠤᠯᠠᠭᠠᠨᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠡᠪᠦᠯ ᠤᠨ ᠤᠯᠠᠷᠢᠯ ᠤᠨ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠬᠢᠭᠰᠡᠨ ᠲᠤᠬᠠᠢ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2024/11/15
  ᠠᠶᠤᠯᠭᠦᠢ ᠦᠢᠯᠡᠳᠪᠦᠷᠢᠯᠡᠯ ᠢ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠤᠯᠠᠮ ᠨᠢᠭᠡ ᠠᠯᠬᠤᠮ ᠠᠬᠢᠭᠤᠯᠵᠤ᠂ ᠠᠵᠤ ᠦᠢᠯᠡᠳᠪᠦᠷᠢ ᠠᠷᠠᠯᠵᠢᠶᠠᠨ ᠤ ᠬᠦᠷᠢᠶᠡᠨ ᠤ ᠣᠳᠣᠬᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠦᠨᠡᠨ ᠬᠦ ᠪᠣᠳᠠᠲᠠᠢ ᠰᠠᠶᠢᠲᠤᠷ ᠠᠳᠬᠤᠬᠤ ᠶᠢᠨ ᠲᠥᠯᠥᠭᠡ᠂ 11 ᠰᠠᠷ᠎ᠠ ᠶᠢᠨ 4 ᠤ ᠡᠳᠦᠷ ᠠᠴᠠ 12 ᠤᠨ ᠡᠳᠦᠷ ᠪᠣᠯᠲᠠᠯ᠎ᠠ᠂ ᠤᠯᠠᠭᠠᠨᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠤᠪᠴᠢᠶ᠎ᠠ 2 ᠪᠠᠶᠢᠴᠠᠭᠠᠬᠤ ᠳᠤᠭᠤᠶᠢᠯᠠᠩ ᠪᠠᠶᠢᠭᠤᠯᠵᠤ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠤ ᠠᠬᠤᠶᠢᠯᠠᠯ ᠪᠠ ᠠᠵᠢᠯ ᠲᠦᠷᠦᠯ ᠤᠨ ᠬᠠᠮᠢᠶᠠᠷᠤᠯᠲᠠ ᠶᠢᠨ ᠭᠤᠣᠯᠳᠠᠯᠭ᠎ᠠ ᠲᠠᠢ ᠠᠵᠤ ᠠᠬᠤᠶᠢᠯᠠᠯ ᠢᠶᠠᠷ ᠭᠦᠨᠵᠡᠭᠡᠶᠢᠷᠡᠨ ᠠᠶᠤᠯᠭᠦᠢ ᠦᠢᠯᠡᠳᠪᠦᠷᠢᠯᠡᠯ ᠢ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ᠂ ᠡᠪᠦᠯ ᠤᠨ ᠤᠯᠠᠷᠢᠯ ᠤᠨ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠵᠡᠷᠭᠡ ᠲᠤᠰᠬᠠᠢ ᠴᠡᠭᠴᠡᠯᠡᠨ ᠵᠠᠰᠠᠬᠤ ᠠᠵᠢᠯ ᠢ ᠥᠷᠨᠢᠭᠦᠯᠪᠡ᠃
      ᠲᠣᠰ ᠤᠳᠠᠭᠠᠨ ᠤ ᠪᠠᠶᠢᠴᠠᠭᠠᠯᠲᠠ ᠨᠢ ᠡᠯ᠎ᠡ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠦᠨᠳᠦ ᠲᠤᠮᠤ ᠡ᠊ᠨᠳᠡᠯ ᠤᠨ ᠳᠠᠯᠳᠠ ᠬᠡᠮ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢᠨ ᠪᠣᠯᠪᠠᠰᠤᠷᠠᠯ᠂ ᠢᠯᠡ ᠨᠡᠶᠢᠲᠡᠯᠡᠬᠦ᠂ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ᠂ ᠳᠠᠯᠳᠠ ᠬᠡᠮ ᠢ ᠥᠪᠡᠰᠦᠪᠡᠨ ᠪᠠᠶᠢᠴᠠᠭᠠᠵᠤ ᠴᠡᠭᠴᠡᠯᠡᠨ ᠵᠠᠰᠠᠬᠤ᠂ ᠬᠢᠵᠠᠭᠠᠷ ᠲᠠᠢ ᠣᠷᠣᠨ ᠵᠠᠶ ᠶᠢ ᠢᠯᠭᠠᠨ ᠲᠠᠨᠢᠬᠤ᠂ ᠪᠣᠯᠪᠠᠰᠤᠷᠠᠯ ᠵᠢᠴᠢ ᠠᠮᠤᠷ ᠲᠦᠪᠰᠢᠨ ᠤ ᠲᠤᠨᠤᠭ ᠲᠥᠬᠦᠭᠡᠷᠦᠮᠵᠢ ᠶᠢᠨ ᠠᠵᠢᠯᠯᠠᠭᠠᠨ ᠵᠡᠷᠭᠡ ᠠᠭᠤᠯᠭ᠎ᠠ ᠶᠢ ᠭᠤᠤᠯᠳᠠᠯᠭ᠎ᠠ ᠲᠠᠢ ᠪᠠᠶᠢᠴᠠᠭᠠᠪᠠ᠃ ᠨᠡᠶᠢᠲᠡ 50 ᠠᠵᠤ ᠠᠬᠤᠶᠢᠯᠠᠯ ᠢ ᠪᠠᠶᠢᠴᠠᠭᠠᠵᠤ᠂ 47 ᠵᠦᠢᠯ ᠤᠨ ᠳᠠᠯᠳᠠ ᠬᠡᠮ ᠢ ᠢᠯᠡᠷᠡᠭᠦᠯᠵᠦ᠂ ᠣᠯᠵᠤ ᠮᠡᠳᠡᠭᠰᠡᠨ ᠠᠮᠤᠷ ᠲᠦᠪᠰᠢᠨ ᠤ ᠳᠠᠯᠳᠠ ᠬᠡᠮ ᠳᠤ ᠴᠢᠭᠯᠡᠭᠦᠯᠦᠨ᠂ ᠲᠤᠬᠠᠶ ᠶᠢᠨ ᠲᠠᠯᠠᠪᠠᠶ ᠳᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠪᠤᠳᠤᠯ ᠢᠶᠠᠨ ᠰᠣᠯᠢᠯᠴᠠᠨ ᠬᠠᠷᠢᠭᠤ ᠲᠤᠰᠬᠠᠵᠤ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠵᠤ᠂ ︽ᠠᠰᠠᠭᠤᠳᠠᠯ ᠲᠠᠢ ᠪᠠᠶᠢᠬᠤ︾ ᠠᠵᠢᠯᠯᠠᠭᠠᠨ ᠢ ᠡᠷᠡᠰ ᠬᠤᠷᠢᠭᠯᠠᠪᠠ᠃
 
ᠢᠷᠡᠯᠲᠡ᠄ ᠤᠯᠠᠭᠠᠨᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号