| ᠠᠶᠤᠯᠭᠦᠢ ᠦᠢᠯᠡᠳᠪᠦᠷᠢᠯᠡᠯ ᠢ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ | ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠤᠯᠠᠮ ᠨᠢᠭᠡ ᠠᠯᠬᠤᠮ ᠠᠬᠢᠭᠤᠯᠵᠤ᠂ ᠠᠵᠤ | ᠦᠢᠯᠡᠳᠪᠦᠷᠢ ᠠᠷᠠᠯᠵᠢᠶᠠᠨ ᠤ ᠬᠦᠷᠢᠶᠡᠨ ᠤ ᠣᠳᠣᠬᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠦᠨᠡᠨ | ᠬᠦ ᠪᠣᠳᠠᠲᠠᠢ ᠰᠠᠶᠢᠲᠤᠷ ᠠᠳᠬᠤᠬᠤ ᠶᠢᠨ ᠲᠥᠯᠥᠭᠡ᠂ 11 ᠰᠠᠷ᠎ᠠ ᠶᠢᠨ 4 ᠤ ᠡᠳᠦᠷ ᠠᠴᠠ 12 ᠤᠨ ᠡᠳᠦᠷ | ᠪᠣᠯᠲᠠᠯ᠎ᠠ᠂ ᠤᠯᠠᠭᠠᠨᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠤᠪᠴᠢᠶ᠎ᠠ 2 ᠪᠠᠶᠢᠴᠠᠭᠠᠬᠤ | ᠳᠤᠭᠤᠶᠢᠯᠠᠩ ᠪᠠᠶᠢᠭᠤᠯᠵᠤ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠤ ᠠᠬᠤᠶᠢᠯᠠᠯ ᠪᠠ | ᠠᠵᠢᠯ ᠲᠦᠷᠦᠯ ᠤᠨ ᠬᠠᠮᠢᠶᠠᠷᠤᠯᠲᠠ ᠶᠢᠨ ᠭᠤᠣᠯᠳᠠᠯᠭ᠎ᠠ ᠲᠠᠢ ᠠᠵᠤ ᠠᠬᠤᠶᠢᠯᠠᠯ ᠢᠶᠠᠷ ᠭᠦᠨᠵᠡᠭᠡᠶᠢᠷᠡᠨ ᠠᠶᠤᠯᠭᠦᠢ | ᠦᠢᠯᠡᠳᠪᠦᠷᠢᠯᠡᠯ ᠢ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ᠂ | ᠡᠪᠦᠯ ᠤᠨ ᠤᠯᠠᠷᠢᠯ ᠤᠨ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠵᠡᠷᠭᠡ ᠲᠤᠰᠬᠠᠢ ᠴᠡᠭᠴᠡᠯᠡᠨ ᠵᠠᠰᠠᠬᠤ ᠠᠵᠢᠯ ᠢ | ᠥᠷᠨᠢᠭᠦᠯᠪᠡ᠃ | ᠲᠣᠰ ᠤᠳᠠᠭᠠᠨ ᠤ ᠪᠠᠶᠢᠴᠠᠭᠠᠯᠲᠠ ᠨᠢ ᠡᠯ᠎ᠡ ᠠᠵᠤ ᠠᠬᠤᠶᠢᠯᠠᠯ ᠤᠨ ᠭᠤᠤᠯ ᠴᠣᠭᠴᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠦᠨᠳᠦ ᠲᠤᠮᠤ | ᠡ᠊ᠨᠳᠡᠯ ᠤᠨ ᠳᠠᠯᠳᠠ ᠬᠡᠮ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢᠨ ᠪᠣᠯᠪᠠᠰᠤᠷᠠᠯ᠂ ᠢᠯᠡ ᠨᠡᠶᠢᠲᠡᠯᠡᠬᠦ᠂ ᠪᠠᠴᠢᠮ | ᠪᠠᠶᠢᠳᠠᠯ ᠢ ᠠᠷᠭᠠᠴᠠᠭᠠᠬᠤ ᠰᠣᠷᠢᠯᠲᠠ᠂ ᠳᠠᠯᠳᠠ ᠬᠡᠮ ᠢ ᠥᠪᠡᠰᠦᠪᠡᠨ ᠪᠠᠶᠢᠴᠠᠭᠠᠵᠤ ᠴᠡᠭᠴᠡᠯᠡᠨ ᠵᠠᠰᠠᠬᠤ᠂ | ᠬᠢᠵᠠᠭᠠᠷ ᠲᠠᠢ ᠣᠷᠣᠨ ᠵᠠᠶ ᠶᠢ ᠢᠯᠭᠠᠨ ᠲᠠᠨᠢᠬᠤ᠂ ᠪᠣᠯᠪᠠᠰᠤᠷᠠᠯ ᠵᠢᠴᠢ ᠠᠮᠤᠷ ᠲᠦᠪᠰᠢᠨ ᠤ ᠲᠤᠨᠤᠭ | ᠲᠥᠬᠦᠭᠡᠷᠦᠮᠵᠢ ᠶᠢᠨ ᠠᠵᠢᠯᠯᠠᠭᠠᠨ ᠵᠡᠷᠭᠡ ᠠᠭᠤᠯᠭ᠎ᠠ ᠶᠢ ᠭᠤᠤᠯᠳᠠᠯᠭ᠎ᠠ ᠲᠠᠢ ᠪᠠᠶᠢᠴᠠᠭᠠᠪᠠ᠃ ᠨᠡᠶᠢᠲᠡ 50 ᠠᠵᠤ | ᠠᠬᠤᠶᠢᠯᠠᠯ ᠢ ᠪᠠᠶᠢᠴᠠᠭᠠᠵᠤ᠂ 47 ᠵᠦᠢᠯ ᠤᠨ ᠳᠠᠯᠳᠠ ᠬᠡᠮ ᠢ ᠢᠯᠡᠷᠡᠭᠦᠯᠵᠦ᠂ ᠣᠯᠵᠤ ᠮᠡᠳᠡᠭᠰᠡᠨ ᠠᠮᠤᠷ | ᠲᠦᠪᠰᠢᠨ ᠤ ᠳᠠᠯᠳᠠ ᠬᠡᠮ ᠳᠤ ᠴᠢᠭᠯᠡᠭᠦᠯᠦᠨ᠂ ᠲᠤᠬᠠᠶ ᠶᠢᠨ ᠲᠠᠯᠠᠪᠠᠶ ᠳᠤ ᠠᠵᠤ ᠠᠬᠤᠶᠢᠯᠠᠯ ᠤᠨ | ᠬᠠᠷᠢᠭᠤᠴᠠᠯᠭᠠᠲᠠᠨ ᠲᠠᠢ ᠰᠠᠨᠠᠯ ᠪᠤᠳᠤᠯ ᠢᠶᠠᠨ ᠰᠣᠯᠢᠯᠴᠠᠨ ᠬᠠᠷᠢᠭᠤ ᠲᠤᠰᠬᠠᠵᠤ᠂ ᠬᠤᠭᠤᠴᠠᠭ᠎ᠠ ᠬᠢᠵᠠᠭᠠᠷᠯᠠᠨ | ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠵᠤ᠂ ︽ᠠᠰᠠᠭᠤᠳᠠᠯ ᠲᠠᠢ ᠪᠠᠶᠢᠬᠤ︾ ᠠᠵᠢᠯᠯᠠᠭᠠᠨ ᠢ ᠡᠷᠡᠰ ᠬᠤᠷᠢᠭᠯᠠᠪᠠ᠃ | |