| ᠬᠡᠷᠡᠭᠯᠡᠭᠴᠢᠳ ᠲᠤ ᠨᠠᠩ ᠠᠮᠤᠷ ᠲᠦᠪᠰᠢᠨ᠂ ᠳᠥᠭᠦᠮ ᠳᠥᠲᠡ᠂ ᠨᠠᠶᠢᠳᠠᠪᠤᠷᠢᠲᠠᠶ ᠰᠦᠯᠵᠢᠶᠡᠨ ᠤ ᠬᠡᠷᠡᠭᠯᠡᠭᠡᠨ ᠤ | ᠣᠷᠴᠢᠨ ᠲᠣᠭᠤᠷᠢᠨ ᠢ ᠬᠠᠩᠭᠠᠵᠤ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠪᠤᠷᠤᠯᠠᠭᠤᠯᠬᠤ ᠠᠵᠢᠯ ᠲᠥᠷᠥᠯ ᠤᠨ | ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠯᠲᠡ ᠶᠢ ᠠᠬᠢᠭᠤᠯᠬᠤ ᠪᠠᠷ᠂ ᠤᠯᠠᠭᠠᠨᠬᠤᠳᠠ ᠡᠯ᠎ᠡ ᠰᠦᠯᠵᠢᠶᠡᠨ ᠤ | ᠰᠢᠭᠤᠳ ᠨᠡᠪᠲᠡᠷᠡᠭᠦᠯᠭᠡ ᠶᠢᠨ ᠡᠵᠡᠩᠨᠡᠨ ᠪᠣᠷᠣᠯᠠᠭᠤᠯᠬᠤ ᠭᠤᠤᠯ ᠴᠣᠭᠴᠠ ᠶᠢ ᠢᠳᠡᠪᠬᠢᠲᠡᠶ ᠲᠠᠶᠢᠴᠢᠯᠡᠨ | ᠵᠢᠯᠣᠭᠤᠳᠴᠤ ᠪᠠᠶᠢᠭᠠᠳ ᠦᠨᠡᠨᠴᠢ ᠢᠲᠡᠭᠡᠮᠵᠢ ᠲᠠᠢ ᠪᠠᠶᠢᠬᠤ ᠶᠢ ᠰᠢᠭᠤᠳ ᠨᠡᠪᠲᠡᠷᠡᠭᠦᠯᠭᠡ ᠪᠠᠷ ᠪᠠᠷᠠᠭ᠎ᠠ | ᠪᠤᠷᠤᠯᠠᠭᠤᠯᠬᠤ ︽ᠠᠮᠢᠨ ᠰᠤᠳᠠᠰᠤ︾ ᠪᠣᠯᠭᠠᠵᠤ᠂ ᠰᠣᠩᠭᠤᠯᠲᠠ ᠶᠢᠨ ᠪᠠᠷᠢᠮᠵᠢᠶ᠎ᠠ ᠶᠢ ᠲᠠᠰᠤᠷᠠᠯᠲᠠ ᠥᠬᠡᠶ | ᠳᠡᠭᠡᠭᠰᠢᠯᠡᠭᠦᠯᠦᠨ᠂ ᠰᠣᠩᠭᠤᠯᠲᠠ ᠶᠢᠨ ᠶᠠᠪᠤᠴᠠ ᠶᠢ ᠵᠢᠷᠤᠮᠵᠢᠭᠤᠯᠵᠤ᠂ ᠢᠯᠡ ᠲᠣᠳᠣ᠂ ᠲᠥᠪ ᠭᠤᠤᠯᠴᠢ᠂ | ᠮᠥᠷᠳᠡᠵᠦ ᠪᠣᠯᠬᠤ ᠬᠠᠩᠭᠠᠯᠭ᠎ᠠ ᠶᠢᠨ ᠬᠡᠯᠬᠢᠶ᠎ᠡ ᠶᠢᠨ ᠰᠢᠰᠲ᠋ᠧᠮ ᠢ ᠪᠦᠷᠢᠨᠰᠢᠬᠦᠯᠵᠦ᠂ ᠬᠡᠷᠡᠭᠯᠡᠭᠴᠢᠳ ᠤᠨ ᠡᠷᠬᠡ | ᠠᠰᠢᠭ ᠢ ᠭᠦᠢᠴᠡᠳ ᠪᠠᠲᠤᠯᠠᠵᠤ ᠪᠠᠶᠢᠨ᠎ᠠ᠃ | ᠥᠪᠥᠷ ᠮᠣᠩᠭᠤᠯ ᠤᠨ ᠺᠧ ᠴᠢᠨ ᠸᠠᠨ ᠵᠢᠶᠠ ᠢᠳᠡᠭᠡᠨ ᠤ ᠬᠢᠵᠠᠭᠠᠷᠲᠤ ᠺᠣᠮᠫᠠᠨᠢ ᠶᠢᠨ ᠰᠢᠭᠤᠳ | ᠨᠡᠪᠲᠡᠷᠡᠭᠦᠯᠭᠡ ᠶᠢᠨ ᠲᠠᠰᠤᠭ ᠲᠤ᠂ ᠭᠤᠣᠯ ᠨᠡᠪᠲᠡᠷᠡᠭᠦᠯᠭᠡ ᠠᠴᠠ ᠶᠠᠭ ᠰᠠᠶ᠋ᠢᠬᠠᠨ ᠦᠵᠡᠭᠴᠢᠳ ᠲᠤ ᠺᠣᠮᠫᠠᠨᠢ ᠶᠢᠨ | ᠬᠠᠮᠤᠭ ᠤᠨ ᠰᠢᠨ᠎ᠡ ᠦᠢᠯᠡᠳᠬᠦᠨ— ᠠᠮᠲᠠ ᠣᠷᠣᠭᠤᠯᠬᠤ ᠡᠳ᠋ ᠢᠶᠠᠨ ᠲᠠᠨᠢᠯᠴᠠᠭᠤᠯᠵᠤ ᠪᠠᠶᠢᠯ᠎ᠠ᠃ ᠬᠢᠩᠭᠠᠨ | ᠠᠶᠢᠮᠠᠭ ᠤᠨ ᠲᠠᠭᠠᠭᠤᠯᠤᠭᠴᠢ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠺᠧ ᠴᠢᠨ ᠸᠠᠨ ᠵᠢᠶᠠ ᠣᠶᠢᠷ᠎ᠠ ᠶᠢᠨ | ᠵᠢᠯ ᠳᠤ ᠴᠤᠤᠷᠢᠶ᠎ᠠ᠂ ᠲᠤᠤ ᠪᠦᠦ᠂ ᠲᠢᠶᠠᠨ ᠮᠤᠤ ᠵᠡᠷᠭᠡ ᠰᠦᠯᠵᠢᠶᠡᠨ ᠳᠡᠭᠡᠷᠡᠬᠢ ᠲᠠᠪᠴᠠᠩ ᠢ ᠠᠰᠢᠭᠯᠠᠨ ᠰᠢᠭᠤᠳ | ᠨᠡᠪᠲᠡᠷᠡᠭᠦᠯᠦᠨ ᠪᠣᠷᠣᠯᠠᠭᠤᠯᠬᠤ ᠶᠢᠨ ᠬᠠᠮᠲᠤ ᠦᠢᠯᠡᠳᠬᠦᠨ ᠤ ᠶᠠᠰᠤ ᠴᠢᠨᠠᠷ ᠪᠠ ᠪᠣᠷᠣᠯᠠᠭᠤᠯᠭ᠎ᠠ ᠶᠢᠨ ᠳᠠᠷᠠᠭᠠᠬᠢ | ᠤᠶᠢᠯᠡᠴᠢᠯᠡᠭᠡ ᠶᠢ ᠴᠢᠩᠭ᠎ᠠ ᠡᠵᠡᠮᠳᠡᠵᠦ᠂ ᠠᠰᠠᠭᠤᠳᠠᠯ ᠲᠠᠢ ᠲᠠᠸᠠᠷ ᠢ ᠰᠢᠭᠤᠳ ᠨᠡᠪᠲᠡᠷᠡᠭᠦᠯᠭᠡ ᠶᠢᠨ ᠨᠠᠷᠢᠨ | ᠲᠠᠩᠰᠠ ᠳᠤ ᠣᠷᠣᠭᠤᠯᠬᠤ ᠶᠢ ᠬᠤᠷᠢᠭᠯᠠᠵᠤ᠂ ᠬᠡᠷᠡᠭᠯᠡᠭᠴᠢᠳ ᠢ ᠠᠮᠤᠷ ᠲᠦᠪᠰᠢᠨ ᠪᠥᠭᠡᠳ ᠰᠠᠨᠠᠭ᠎ᠠ ᠠᠮᠤᠷ ᠣᠷᠴᠢᠨ | ᠲᠣᠭᠤᠷᠢᠨ ᠳᠤ ᠬᠡᠷᠡᠭᠯᠡᠭᠡ ᠶᠢᠨ ᠣᠶᠢᠯᠠᠭᠠᠯᠲᠠ ᠶᠢ ᠨᠢ ᠳᠡᠭᠡᠭᠰᠢᠯᠡᠭᠦᠯᠦᠭᠰᠡᠨ ᠪᠠᠶᠢᠨ᠎ᠠ᠃ | ︽ᠮᠠᠨ ᠤ ᠪᠣᠶ ᠪᠥᠬᠦᠶ ᠦᠢᠯᠡᠳᠭᠦᠨ ᠢ ᠴᠥᠮ ᠰᠦᠢᠳᠬᠡᠯ ᠬᠤᠷᠢᠶᠠᠬᠤ ᠥᠬᠡᠶ ᠪᠠᠷ ᠲᠤᠷᠰᠢᠨ ᠢᠳᠡᠵᠦ | ᠪᠣᠯᠤᠨ᠎ᠠ᠂ ᠲᠡᠭᠡᠭᠡᠪᠦᠷᠢ ᠶᠢᠨ ᠰᠤᠶᠢᠳᠭᠡᠯ ᠬᠦᠷᠭᠡᠬᠦ ᠳᠠᠭᠠᠳᠬᠠᠯ ᠢ ᠪᠠᠭᠳᠠᠭᠠᠭᠰᠠᠨ 7 ᠡᠳᠦᠷ ᠤᠨ ᠰᠢᠯᠲᠠᠭᠠᠨ | ᠥᠬᠡᠶ ᠪᠠᠷ ᠪᠠᠷᠠᠭ᠎ᠠ ᠪᠠᠨ ᠪᠤᠴᠠᠭᠠᠬᠤ᠂ ᠬᠥᠮᠦᠨ ᠤ ᠬᠦᠴᠦᠨ ᠤ ᠦᠢᠯᠡᠴᠢᠯᠡᠭᠡ ᠶᠢ ᠡᠳᠦᠷ ᠪᠦᠷᠢ 16 ᠴᠠᠭ | ᠰᠦᠯᠵᠢᠶᠡᠨ ᠳᠡᠭᠡᠷ᠎ᠡ ᠴᠠᠭ ᠲᠤᠬᠠᠶ ᠳᠤᠨᠢ ᠮᠠᠳᠠᠭ ᠲᠠᠢ ᠠᠰᠠᠭᠤᠳᠠᠯ ᠢ ᠬᠠᠷᠢᠭᠤᠯᠵᠤ᠂ ᠬᠡᠷᠡᠭᠯᠡᠭᠴᠢᠳ ᠢ ᠰᠠᠨᠠᠭ᠎ᠠ | ᠠᠮᠤᠷ ᠢᠳᠡᠭᠦᠯᠵᠦ᠂ ᠰᠠᠨᠠᠭ᠎ᠠ ᠠᠮᠤᠷ ᠬᠤᠳᠠᠯᠳᠤᠨ ᠠᠪᠤᠭᠤᠯᠤᠨ᠎ᠠ︾ ᠭᠡᠵᠤ ᠥᠪᠥᠷ ᠮᠣᠩᠭᠤᠯ ᠤᠨ ᠺᠧ ᠴᠢᠨ ᠸᠠᠨ | ᠵᠢᠶᠠ ᠢᠳᠡᠭᠡᠨ ᠤ ᠬᠢᠵᠠᠭᠠᠷᠲᠤ ᠺᠣᠮᠫᠠᠨᠢ ᠶᠢᠨ ᠡᠯᠧᠺᠲᠷᠤᠨ ᠬᠤᠳᠠᠯᠳᠤᠭᠠᠨ ᠤ ᠬᠠᠷᠢᠭᠤᠴᠠᠯᠭᠠᠲᠠᠨ ᠸᠠᠩ ᠴᠠᠩ ᠱᠧᠩ | ᠬᠡᠯᠡᠪᠡ᠃ | ︽ᠰᠢᠭᠤᠳ ᠨᠡᠪᠲᠡᠷᠡᠭᠦᠯᠭᠡ ᠪᠠᠷ ᠪᠠᠷᠠᠭ᠎ᠠ ᠪᠤᠷᠤᠯᠠᠭᠤᠯᠬᠤ ᠨᠢ ᠮᠠᠨ ᠤ ᠠᠵᠤ ᠠᠬᠤᠶᠢᠯᠠᠯ ᠳᠤ ᠰᠢᠨ᠎ᠡ ᠠᠵᠠ | ᠲᠣᠬᠢᠶᠠᠯ ᠠᠪᠴᠢᠷᠠᠬᠤ ᠶᠢᠨ ᠬᠠᠮᠳᠤ ᠪᠠᠰᠠ ᠨᠡᠩ ᠶᠡᠭᠡ ᠬᠠᠷᠢᠭᠤᠴᠠᠯᠭ᠎ᠠ ᠡᠭᠦᠷᠭᠡᠯᠡᠵᠡᠢ᠃ ᠪᠢᠳᠡ ᠦᠨᠡᠨᠴᠢ | ᠢᠲᠡᠭᠡᠮᠵᠢ ᠪᠠᠷ ᠦᠨᠳᠦᠰᠦ ᠪᠣᠯᠭᠠᠵᠤ᠂ ᠦᠢᠯᠡᠳᠬᠦᠨ ᠤ ᠶᠠᠰᠤ ᠴᠢᠨᠠᠷ ᠪᠠ ᠦᠢᠯᠡᠴᠢᠯᠡᠭᠡᠨ ᠤ ᠬᠢᠷᠢ ᠲᠦᠪᠰᠢᠨ ᠢᠶᠠᠨ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠦᠬᠦ ᠤᠯᠤᠰ ᠤᠨ ᠡᠯ᠎ᠡ ᠭᠠᠵᠠᠷ ᠤᠨ ᠬᠡᠷᠡᠭᠯᠡᠭᠴᠢᠳ ᠲᠤ ᠮᠠᠨ ᠤ ᠨᠤᠲᠤᠭ | ᠤᠨ ᠭᠤᠯᠢᠷ ᠢ ᠰᠠᠨᠠᠭ᠎ᠠ ᠠᠮᠤᠷ ᠠᠮᠲᠠᠯᠠᠭᠤᠯᠤᠨ᠎ᠠ︾ ᠭᠡᠵᠤ ᠤᠯᠠᠭᠠᠨᠬᠤᠲᠠ ᠶᠢᠨ ᠰᠢᠤᠸᠠᠢ ᠹᠧᠩ ᠭᠤᠯᠢᠷ ᠤᠨ ᠪᠦᠷᠢᠨ | ᠪᠤᠰᠤ ᠬᠠᠷᠢᠭᠤᠴᠠᠯᠭᠠᠲᠤ ᠺᠣᠮᠫᠠᠨᠢ ᠶᠢᠨ ᠵᠠᠰᠠᠭ ᠵᠠᠬᠢᠷᠭᠠᠨ ᠤ ᠳᠠᠭᠠᠭᠠᠮᠠᠯ ᠭᠤᠤ ᠰᠢᠨ ᠮᠧᠶ ᠬᠡᠯᠡᠪᠡ᠃ | ᠰᠦᠯᠵᠢᠶᠡᠨ ᠤ ᠰᠢᠭᠤᠳ ᠨᠡᠪᠳᠡᠷᠡᠬᠦᠯᠭᠡ ᠶᠢᠨ ᠡᠵᠡᠩᠨᠡᠯᠳᠡ ᠪᠣᠷᠣᠯᠠᠭᠤᠯᠤᠯᠳᠠ ᠶᠢᠨ ᠭᠤᠣᠯ ᠴᠣᠭᠴᠠ ᠶᠢᠨ | ᠦᠨᠡᠨᠴᠢ ᠢᠲᠡᠭᠡᠮᠵᠢ ᠶᠢᠨ ᠤᠬᠠᠮᠰᠠᠷ ᠲᠠᠰᠤᠷᠠᠯᠲᠠ ᠦᠭᠡᠢ ᠴᠢᠩᠭᠠᠷᠠᠬᠤ ᠶᠢ ᠳᠠᠭᠠᠯᠳᠤᠨ᠂ ᠬᠡᠷᠡᠭᠯᠡᠭᠴᠢᠳ ᠤᠨ | ᠰᠢᠭᠤᠳ ᠨᠡᠪᠲᠡᠷᠡᠭᠦᠯᠭᠡ ᠪᠠᠷ ᠪᠠᠷᠠᠭ᠎ᠠ ᠪᠤᠷᠤᠯᠠᠭᠤᠯᠬᠤ ᠶᠠᠪᠤᠳᠠᠯ ᠳᠠᠬᠢ ᠢᠲᠡᠭᠡᠯ ᠨᠢ ᠴᠦ ᠲᠠᠰᠤᠷᠠᠯᠲᠠ ᠦᠭᠡᠢ | ᠨᠡᠮᠡᠭᠳᠡᠵᠦ ᠪᠠᠶᠢᠨ᠎ᠠ᠃ 2024 ᠣᠨ ᠳᠤ ᠪᠥᠬᠦ ᠬᠤᠲᠠ ᠶᠢᠨ ᠡᠯᠧᠺᠲᠷᠤᠨ ᠬᠤᠳᠠᠯᠳᠤᠭᠠᠨ ᠤ ᠶᠠᠪᠤᠳᠠᠯ ᠤᠨ | ᠠᠷᠠᠯᠵᠢᠶᠠᠨ ᠤ ᠲᠤᠭ᠎ᠠ ᠵᠢᠱᠢᠯᠲᠡ ᠪᠠᠷ 20 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 15% ᠪᠠᠷ ᠨᠡᠮᠡᠭᠳᠡᠨ᠎ᠠ᠃ |