| ᠮᠠᠯ ᠤᠨᠤᠭ᠎ᠠ ᠶᠢᠨ ᠰᠢᠭᠤᠳ ᠰᠢᠯᠤᠭᠤᠨ ᠢᠶᠠᠷ ᠡᠪᠦᠯᠵᠢᠬᠦ ᠶᠢ ᠪᠠᠲᠤᠯᠠᠬᠤ ᠶᠢᠨ ᠲᠥᠯᠥᠭᠡ᠂ ᠣᠶᠢᠷ᠎ᠠ ᠶᠢᠨ | ᠡᠳᠦᠷ ᠤᠳ ᠲᠤ᠂ ᠤᠯᠠᠭᠠᠨᠬᠤᠲᠠ ᠶᠢᠨ ᠡᠯ᠎ᠡ ᠰᠢᠶᠠᠩ ᠪᠠᠯᠭᠠᠰᠤ᠂ ᠵᠡᠭᠡᠯᠢ ᠶᠢᠨ ᠬᠢᠨ ᠡᠷᠲᠡ ᠬᠥᠳᠡᠯᠦᠯᠴᠡᠨ᠂ ᠡᠷᠲᠡ | ᠲᠣᠬᠢᠷᠠᠭᠤᠯᠵᠤ᠂ ᠡᠷᠲᠡ ᠪᠠᠶᠢᠷᠢᠯᠠᠭᠤᠯᠵᠤ᠂ ᠡᠪᠡᠰᠦ ᠪᠣᠷᠳᠤᠭ᠎ᠠ ᠨᠥᠭᠡᠴᠡᠯᠡᠬᠦ ᠠᠵᠢᠯ ᠢ ᠢᠳᠡᠪᠬᠢᠲᠡᠢ ᠰᠠᠶᠢᠲᠤᠷ ᠬᠢᠵᠦ | ᠂ ᠡᠰᠢ ᠰᠦᠷᠡᠯ ᠢ ᠲᠡᠬᠦᠵᠤ ᠬᠤᠷᠢᠶᠠᠬᠤ᠂ ᠪᠣᠯᠪᠠᠰᠤᠷᠠᠭᠤᠯᠬᠤ᠂ ᠬᠠᠳᠠᠭᠠᠯᠠᠬᠤ ᠵᠡᠷᠭᠡ ᠤᠯᠠᠨ ᠠᠷᠭ᠎ᠠ ᠪᠠᠷ ᠳᠠᠮᠵᠢᠨ᠂ | ᠮᠠᠯ ᠤᠨᠤᠭ᠎ᠠ ᠶᠢᠨ ᠡᠪᠤᠯ ᠬᠠᠪᠤᠷ ᠢ ᠦᠩᠭᠡᠷᠡᠭᠡᠬᠦ ᠳᠤ ᠡᠳ᠋ ᠪᠣᠳᠠᠰ ᠤᠨ ᠪᠠᠲᠤᠯᠠᠭ᠎ᠠ ᠬᠠᠩᠭᠠᠵᠤ ᠪᠠᠶᠢᠨ᠎ᠠ᠃ | ᠮᠠᠯ ᠢᠶᠠᠨ ᠮᠡᠨᠳᠤ ᠡᠪᠤᠯᠵᠢᠬᠦᠯᠬᠦ ᠶᠢᠨ ᠲᠦᠯᠦᠭᠡ᠂ ᠨᠣᠭᠤᠭᠠᠨ ᠳᠠᠷᠤᠰᠢ ᠶᠢᠨ ᠡᠷᠳᠡᠨᠢ ᠰᠢᠰᠢ ᠶᠢ ᠬᠡᠷᠴᠢᠵᠦ᠂ | ᠡᠳ᠋ᠰᠢᠭᠦᠯᠦᠭᠰᠡᠨ ᠤ ᠳᠠᠷᠠᠭ᠎ᠠ᠂ ᠢᠰᠬᠡᠬᠦ ᠠᠷᠭ᠎ᠠ ᠪᠠᠷ ᠨᠣᠭᠤᠭᠠᠨ ᠳᠠᠷᠤᠰᠢ ᠶᠢᠨ ᠪᠣᠷᠳᠤᠭ᠎ᠠ ᠪᠣᠯᠭᠠᠨ ᠦᠢᠯᠡᠳᠴᠦ᠂ | ᠬᠠᠭᠤᠷᠠᠢ ᠪᠣᠳᠠᠰ ᠪᠠ ᠴᠠᠷᠳᠠᠭᠤᠯ ᠤᠨ ᠠᠭᠤᠯᠤᠭᠳᠠᠴᠠ ᠥᠨᠳᠥᠷ᠂ ᠰᠢᠮ᠎ᠡ ᠲᠡᠵᠢᠭᠡᠯ ᠰᠠᠶᠢᠨ᠂ ᠦᠨᠦᠷ ᠠᠮᠲᠠ ᠨᠢ | ᠬᠦᠴᠢᠯᠯᠢᠭ ᠠᠮᠲᠠ᠂ ᠰᠢᠮᠡᠯᠢᠭ ᠴᠢᠨᠠᠷ ᠨᠢ ᠰᠠᠶᠢᠨ᠂ ᠤᠷᠲᠤ ᠬᠤᠭᠤᠴᠠᠭ᠎ᠠ ᠪᠠᠷ ᠬᠠᠳᠠᠭᠠᠯᠠᠬᠤ ᠳᠤ ᠠᠰᠢᠭᠲᠠᠶ ᠵᠡᠷᠭᠡ | ᠳᠠᠪᠠᠭᠤᠯᠢᠭ ᠲᠠᠢ ᠪᠠᠶᠢᠵᠤ᠂ ᠴᠢᠨᠠᠷ ᠰᠠᠶᠢᠲᠠᠶ ᠲᠡᠵᠢᠭᠡᠨ ᠦᠷᠡᠵᠢᠭᠦᠯᠬᠦ ᠪᠣᠷᠳᠤᠭ᠎ᠠ ᠪᠠᠶᠢᠵᠤ᠂ ᠮᠠᠯ ᠳᠤ ᠭᠦᠢᠴᠡᠳ ︽ | ᠬᠦᠨᠡᠰᠦᠨ ᠠᠮᠲᠠ︾ ᠬᠠᠩᠭᠠᠬᠤ ᠶᠢᠨ ᠬᠠᠮᠲᠤ ᠪᠠᠰᠠ ᠡᠷᠳᠡᠨᠢ ᠰᠢᠰᠢ ᠶᠢᠨ ᠡᠰᠢ ᠰᠦᠷᠡᠯ ᠰᠢᠲᠠᠭᠠᠬᠤ ᠠᠴᠠ | ᠪᠣᠯᠤᠭᠰᠠᠨ ᠣᠷᠴᠢᠨ ᠲᠣᠭᠤᠷᠢᠨ ᠤ ᠪᠣᠬᠢᠷᠲᠤᠯ ᠢ ᠪᠠᠭᠠᠰᠬᠠᠭᠰᠠᠨ ᠪᠠᠶᠢᠨ᠎ᠠ᠃ | ᠣᠶᠢᠯᠠᠭᠠᠭᠰᠠᠨ ᠢᠶᠠᠷ᠂ ᠡᠨᠡ ᠵᠢᠯ ᠪᠥᠬᠦ ᠬᠤᠲᠠ ᠶᠢᠨ ᠨᠥᠭᠡᠴᠡ ᠡᠪᠡᠰᠦ ᠪᠣᠷᠳᠣᠭᠠᠨ ᠤ ᠶᠡᠷᠦᠩᠬᠡᠶ ᠬᠡᠮᠵᠢᠶ᠎ᠡ | 86.64 ᠲᠦᠮᠡᠨ ᠲᠣᠨ ᠳᠤ ᠬᠦᠷᠴᠡᠶ᠃ ᠤᠯᠠᠭᠠᠨᠬᠤᠲᠠ ᠶᠢᠨ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ | ᠪᠣᠳᠠᠲᠠᠶ ᠠᠴᠠ ᠡᠭᠦᠰᠴᠦ᠂ ᠤᠷᠢᠳᠴᠢᠯᠠᠨ ᠠᠷᠭ᠎ᠠ ᠰᠦᠪᠡᠭᠴᠢᠯᠡᠵᠦ᠂ ᠡᠷᠲᠡᠬᠡᠨ ᠭᠠᠷ ᠬᠥᠳᠡᠯᠵᠦ᠂ ᠲᠡᠵᠢᠭᠡᠨ | ᠦᠷᠡᠵᠢᠭᠦᠯᠬᠦ ᠡᠷᠦᠬᠡ ᠶᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ ᠪᠠᠶᠢᠭᠠᠳ ᠡᠪᠡᠰᠦ ᠪᠣᠷᠳᠤᠭ᠎ᠠ ᠨᠥᠭᠡᠴᠡᠯᠡᠬᠦ | ᠠᠵᠢᠯ ᠢ ᠰᠠᠶᠢᠲᠤᠷ ᠬᠢᠵᠦ᠂ ᠮᠠᠯ ᠣᠨᠤᠭ᠎ᠠ ᠡᠪᠦᠯ ᠤᠨ ᠤᠯᠠᠷᠢᠯ ᠳᠤ ᠬᠡᠷᠡᠭᠰᠡᠬᠦ ᠡᠪᠡᠰᠦ ᠪᠣᠷᠳᠤᠭ᠎ᠠ ᠶᠢ ᠭᠦᠢᠴᠡᠳ | ᠪᠡᠯᠡᠳᠬᠡᠵᠦ᠂ ᠮᠠᠯ ᠤᠨ ᠠᠮᠤᠷ ᠲᠦᠪᠰᠢᠨ ᠢᠶᠠᠷ ᠡᠪᠦᠯᠵᠢᠬᠦ ᠶᠢ ᠪᠠᠲᠤᠯᠠᠪᠠ᠃ |