| ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠡ ᠠᠴᠠ ᠲᠤᠷᠠᠳᠴᠤ᠂ ᠪᠦᠬᠦ ᠤᠷᠤᠨ ᠤ ᠦᠨᠳᠤᠰᠤᠳᠡᠨ ᠨᠦᠭᠦᠳ | ᠤᠨ ᠤᠯᠠᠨ ᠲᠦᠮᠡᠨ ᠤ ᠲᠤᠮᠳᠠ ᠦᠷᠭᠡᠨ ᠢᠶᠠᠷ ᠤᠯᠠᠮᠵᠢᠯᠠᠭᠳᠠᠭᠰᠠᠨ ︽ ᠵᠢᠷᠭᠤᠭᠠᠨ ᠦᠬᠦᠯᠡᠪᠤᠷᠢ︾ ᠶᠢᠨ ᠪᠤᠳᠠᠳᠤ | ᠶᠠᠪᠤᠳᠠᠯ ᠪᠠ ᠶᠤᠰᠤ ᠤᠴᠢᠷ ᠲᠠᠬᠢ ᠲᠦᠷᠤᠬᠦᠤ ᠨᠢᠭᠡ ᠦᠬᠦᠯᠡᠪᠤᠷᠢ ᠪᠤᠯ ᠲᠠᠷᠤᠢ ︽ ᠦᠪᠤᠷ ᠮᠤᠩᠭᠤᠯ ᠤᠷᠤᠨ ᠪᠤᠯ | ᠲᠤᠮᠳᠠᠳᠤ ᠤᠯᠤᠰ ᠤᠨ ᠡᠪ ᠬᠠᠮᠳᠤ ᠨᠠᠮ ᠤᠨ ᠬᠠᠮᠤᠭ ᠤᠨ ᠡᠷᠳᠡ ᠨᠠᠮ ᠤᠨ ᠵᠤᠬᠢᠶᠠᠨ ᠪᠠᠶᠢᠭᠤᠯᠤᠯᠳᠠ ᠪᠠᠶᠢᠭᠤᠯᠤᠭᠰᠠᠨ | ᠦᠨᠳᠤᠰᠤᠳᠡᠨ ᠤ ᠤᠷᠤᠨ︾ ᠪᠤᠯᠤᠨ᠎ᠠ᠃ | ᠡᠨᠡ ᠦᠭᠡ ᠨᠢ ᠨᠢᠭᠡᠨ ᠴᠢᠬᠤᠯᠠ ᠲᠡᠤᠭᠡᠨ ᠪᠤᠳᠠᠳᠤ ᠬᠡᠷᠡᠭ ᠢ ᠰᠡᠷᠭᠦᠭᠡᠪᠡ᠂ ᠲᠠᠷᠤᠢ ᠦᠪᠤᠷ ᠮᠤᠩᠭᠤᠯ ᠤᠷᠤᠨ ᠨᠢ | ᠬᠤᠪᠢᠰᠬᠠᠯ ᠤᠨ ᠰᠢᠨ᠎ᠠ ᠬᠡᠪ ᠰᠤᠷᠳᠠᠯ ᠢ ᠲᠡᠯᠭᠡᠷᠡᠬᠦᠯᠬᠦ ᠶᠢ ᠬᠤᠰᠢᠭᠤᠴᠢᠯᠠᠭᠰᠠᠨ ᠶᠤᠮ᠃ ᠦᠨᠤᠳᠤᠷ ᠤᠨ ᠲᠠᠪᠤᠨ ᠮᠤᠵᠢ | ᠶᠢᠨ ᠱᠠᠳᠤᠨ ᠤ ᠴᠦᠬᠡᠨ ᠲᠤᠭᠠᠳᠤ ᠦᠨᠳᠤᠰᠤᠳᠡᠨ ᠤ ᠦᠪᠡᠷᠳᠡᠭᠡᠨ ᠵᠠᠰᠠᠬᠤ ᠤᠷᠤᠨ ᠤ ᠲᠤᠳᠤᠷ᠎ᠠ᠂ ᠦᠪᠤᠷ ᠮᠤᠩᠭᠤᠯ | 1925 ᠤᠨ ᠤ ᠬᠠᠪᠤᠷ ᠬᠠᠮᠤᠭ ᠤᠨ ᠲᠦᠷᠦᠬᠦᠨ ᠳᠤ ᠲᠤᠮᠳᠠᠳᠤ ᠤᠯᠤᠰ ᠤᠨ ᠡᠪ ᠬᠠᠮᠳᠤ ᠨᠠᠮ ᠤᠨ ᠵᠤᠬᠢᠶᠠᠨ | ᠪᠠᠶᠢᠭᠤᠯᠤᠯᠳᠠ ᠶᠢ ᠪᠠᠶᠢᠭᠤᠯᠪᠠ᠂ ᠲᠤᠬᠠᠶᠢᠯᠠᠪᠠᠯ ᠲᠤᠮᠳᠠᠳᠤ ᠤᠯᠤᠰ ᠤᠨ ᠡᠪ ᠬᠠᠮᠳᠤ ᠨᠠᠮ ᠤᠨ ᠦᠪᠤᠷ ᠮᠤᠩᠭᠤᠯ ᠤᠨ | ᠲᠡᠤᠭᠡᠨ ᠳᠤ ᠨᠡᠷ᠎ᠡ ᠠᠯᠳᠠᠷᠰᠢᠭᠰᠠᠨ ᠴᠠᠬᠠᠷ᠂ ᠿᠧᠾᠧ᠂ ᠰᠤᠶᠢᠶᠤᠸᠠᠨ ᠪᠤᠯᠤᠨ ᠪᠤᠭᠤᠳᠤ ᠶᠢᠨ ︽ ᠲᠦᠷᠪᠡᠨ ᠠᠵᠢᠯᠯᠠᠬᠤ | ᠬᠤᠷᠢᠶ᠎ᠠ︾ ᠨᠢ ᠨᠠᠮ ᠠᠴᠠ ᠦᠪᠤᠷ ᠮᠤᠩᠭᠤᠯ ᠤᠨ ᠬᠤᠪᠢᠰᠬᠠᠯ ᠢ ᠤᠳᠤᠷᠢᠳᠬᠤ ᠵᠤᠬᠢᠶᠠᠨ ᠪᠠᠶᠢᠭᠤᠯᠤᠯᠳᠠ ᠶᠢᠨ ᠰᠠᠭᠤᠷᠢ | ᠶᠢ ᠲᠠᠯᠪᠢᠭᠰᠠᠨ ᠢ ᠬᠠᠷᠠᠭᠤᠯᠵᠤ ᠪᠤᠢ᠃ ᠰᠢᠨ᠎ᠠ ᠲᠤᠮᠳᠠᠳᠤ ᠤᠯᠤᠰ ᠤᠨ ᠪᠤᠰᠤᠳ ᠮᠤᠵᠢ ᠶᠢᠨ ᠱᠠᠳᠤᠨ ᠤ ᠠᠬ᠎ᠠ ᠲᠡᠬᠦᠤ | ᠴᠦᠬᠡᠨ ᠲᠤᠭᠠᠳᠤ ᠦᠨᠳᠤᠰᠤᠳᠡᠨ ᠤ ᠦᠪᠡᠷᠳᠡᠭᠡᠨ ᠵᠠᠰᠠᠬᠤ ᠤᠷᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢ | ᠪᠠᠶᠢᠭᠤᠯᠤᠭᠰᠠᠨ ᠴᠠᠭ ᠨᠢ ᠪᠦᠷ ᠦᠪᠤᠷ ᠮᠤᠩᠭᠤᠯ ᠤᠨ ᠬᠢ ᠠᠴᠠ ᠤᠷᠤᠶᠢᠳᠠᠪᠠ᠃ 1925 ᠤᠨ ᠤ 10 ᠳ᠋ᠤᠭᠠᠷ ᠰᠠᠷ᠎ᠠ | ᠳᠤ ᠲᠤᠮᠳᠠᠳᠤ ᠤᠯᠤᠰ ᠤᠨ ᠡᠪ ᠬᠠᠮᠳᠤ ᠨᠠᠮ ᠤᠨ ᠭᠤᠸᠠᠩᠳᠦ᠋ᠩ ᠤᠷᠤᠨ ᠤ ᠬᠤᠷᠢᠶ᠎ᠠ ᠠᠴᠠ ᠲᠤᠮᠳᠠᠳᠤ ᠤᠯᠤᠰ ᠤᠨ ᠡᠪ | ᠬᠠᠮᠳᠤ ᠨᠠᠮ ᠤᠨ ᠦᠵᠸᠤ ᠶᠢᠨ ᠨᠠᠮ ᠤᠨ ᠡᠭᠦᠷ ᠪᠠᠶᠢᠭᠤᠯᠬᠤ ᠶᠢ ᠵᠦᠪᠰᠢᠶᠡᠷᠡᠪᠡ᠂ ᠡᠨᠡ ᠨᠢ ᠨᠠᠮ ᠤᠨ ᠭᠤᠸᠠᠩᠰᠢ ᠳᠤ | ᠪᠠᠶᠢᠭᠤᠯᠤᠭᠰᠠᠨ ᠠᠩᠬᠠᠨ ᠤ ᠵᠤᠬᠢᠶᠠᠨ ᠪᠠᠶᠢᠭᠤᠯᠤᠯᠳᠠ ᠪᠤᠯᠤᠨ᠎ᠠ᠃ 1926 ᠤᠨ ᠤ ᠰᠡᠭᠦᠯᠴᠢ ᠪᠠᠷ ᠦᠶᠤᠸᠠᠨ ᠳᠤ | ᠲᠠᠩᠭᠠᠷᠢᠭᠯᠠᠭᠰᠠᠨ ᠤ ᠲᠠᠷᠠᠭ᠎ᠠ ᠹᠧᠩ ᠢᠤᠢ ᠰᠢᠶᠠᠩ ᠤᠨ ᠢᠷᠭᠡᠨ ᠤ ᠴᠡᠷᠢᠭ ᠨᠢᠩᠰᠢᠶᠠ ᠬᠤᠳᠠ ᠳᠤ ᠬᠦᠷᠦᠭᠰᠡᠨ ᠳᠤ᠂ | ᠴᠡᠷᠢᠭ ᠠᠩᠭᠢ ᠶᠢᠨ ᠲᠤᠳᠤᠷᠠᠬᠢ ᠲᠤᠮᠳᠠᠳᠤ ᠤᠯᠤᠰ ᠤᠨ ᠡᠪ ᠬᠠᠮᠳᠤ ᠨᠠᠮ ᠤᠨ ᠭᠡᠰᠢᠬᠦᠨ ᠤᠷᠤᠨ ᠨᠤᠳᠤᠭ ᠲᠤ ᠰᠢᠯᠵᠢᠵᠤ | ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠨᠢᠩᠰᠢᠶᠠ ᠶᠢᠨ ᠤᠨᠴᠠᠭᠠᠢ ᠡᠭᠦᠷ ᠢ ᠪᠠᠶᠢᠭᠤᠯᠵᠠᠢ᠂ ᠡᠨᠡ ᠪᠤᠯ ᠨᠠᠮ ᠤᠨ | ᠨᠢᠩᠰᠢᠶᠠ ᠳᠤ ᠪᠠᠶᠢᠭᠤᠯᠤᠭᠰᠠᠨ ᠠᠩᠬᠠᠳᠠᠭᠴᠢ ᠵᠤᠬᠢᠶᠠᠨ ᠪᠠᠶᠢᠭᠤᠯᠤᠯᠳᠠ ᠶᠤᠮ᠃ ᠲᠡᠭᠡᠷ᠎ᠡ ᠵᠠᠭᠤᠨ ᠤ ᠭᠤᠴᠢᠭᠠᠳ ᠤᠨ ᠤ | ᠦᠶ᠎ᠡ ᠳᠤ ᠢᠤᠢ ᠰᠢᠤ ᠰᠦᠩ ᠵᠡᠷᠭᠡ ᠵᠦᠪᠯᠡᠯᠳᠤ ᠶᠢᠨ ᠬᠠᠮᠢᠶᠠᠷᠤᠯᠳᠠ ᠶᠢ ᠬᠦᠯᠢᠶᠡᠵᠤ ᠪᠠᠶᠢᠭᠰᠠᠨ ᠲᠤᠮᠳᠠᠳᠤ ᠤᠯᠤᠰ ᠤᠨ | ᠡᠪ ᠬᠠᠮᠳᠤ ᠨᠠᠮ ᠤᠨ ᠭᠡᠰᠢᠬᠦᠨ᠂ ᠵᠠᠯᠠᠭᠤᠴᠤᠳ ᠤᠨ ᠡᠪᠯᠡᠯ ᠤᠨ ᠭᠡᠰᠢᠬᠦᠨ᠂ ᠵᠦᠪᠯᠡᠯᠳᠤ ᠶᠢᠨ ᠡᠪ ᠬᠠᠮᠳᠤ ᠨᠠᠮ ᠤᠨ | ᠭᠡᠰᠢᠬᠦᠨ ᠰᠢᠨᠵᠢᠶᠠᠩ ᠳᠤ ᠠᠵᠢᠯᠯᠠᠭ᠎ᠠ ᠦᠷᠨᠢᠬᠦᠯᠦᠭᠰᠡᠨ ᠪᠤᠯᠪᠠᠴᠤ ᠵᠤᠬᠢᠶᠠᠨ ᠪᠠᠶᠢᠭᠤᠯᠤᠯᠳᠠ ᠪᠠᠶᠢᠭᠤᠯᠤᠭᠰᠠᠨ ᠦᠭᠡᠢ | ᠪᠦᠭᠡᠳ ᠨᠠᠮ ᠤᠨ ᠭᠡᠰᠢᠬᠦᠨ ᠡᠯᠰᠡᠭᠰᠡᠨ ᠦᠭᠡᠢ᠂ ᠲᠦᠴᠢᠭᠡᠳ ᠤᠨ ᠤ ᠦᠶ᠎ᠡ ᠳᠤ ᠬᠤᠶᠠᠷ ᠪᠠᠭ᠎ᠠ ᠬᠡᠪᠴᠢᠶᠡᠨ ᠤ ᠨᠠᠮ | ᠤᠨ ᠨᠢᠭᠤᠴᠡ ᠵᠤᠬᠢᠶᠠᠨ ᠪᠠᠶᠢᠭᠤᠯᠤᠯᠳᠠ ᠪᠤᠢ ᠪᠤᠯᠵᠤ᠂ 1949 ᠤᠨ ᠤ 11 ᠳ᠋ᠤᠭᠡᠷ ᠰᠠᠷ᠎ᠠ ᠳᠤ ᠲᠤᠮᠳᠠᠳᠤ ᠤᠯᠤᠰ ᠤᠨ | ᠡᠪ ᠬᠠᠮᠳᠤ ᠨᠠᠮ ᠤᠨ ᠲᠦᠪ ᠬᠤᠷᠢᠶ᠎ᠡ ᠠᠴᠠ ︽ ᠰᠢᠨᠵᠢᠶᠠᠩ ᠤᠨ ᠨᠠᠮ ᠪᠠᠶᠢᠭᠤᠯᠬᠤ ᠲᠤᠬᠠᠢ ᠵᠢᠭᠠᠪᠤᠷᠢ︾ ᠭᠠᠷᠭᠠᠵᠤ᠂ | 12 ᠳ᠋ᠤᠭᠠᠷ ᠰᠠᠷ᠎ᠠ ᠳᠤ ᠰᠢᠨᠵᠢᠶᠠᠩ ᠤᠨ ᠲᠤᠰ ᠭᠠᠵᠠᠷ ᠤᠨ ᠦᠨᠳᠤᠰᠤᠳᠡᠨ ᠨᠦᠭᠦᠳ ᠤᠨ ᠲᠤᠮᠳᠠ ᠠᠴᠠ ᠠᠩᠬᠠᠨ ᠤ | ᠪᠦᠯᠦᠭ ᠨᠠᠮ ᠤᠨ ᠭᠡᠰᠢᠬᠦᠨ ᠢ ᠡᠯᠰᠡᠨ᠂ ᠰᠢᠨᠵᠢᠶᠠᠩ ᠤᠨ ᠠᠩᠬᠠᠨ ᠤ ᠪᠦᠯᠦᠭ ᠨᠠᠮ ᠤᠨ ᠵᠢᠩᠬᠢᠨᠢ ᠵᠤᠬᠢᠶᠠᠨ | ᠪᠠᠶᠢᠭᠤᠯᠤᠯᠳᠠ ᠶᠢ ᠪᠦᠷᠢᠯᠳᠤᠬᠦᠯᠵᠠᠢ᠃ 1950 ᠤᠨ ᠤ 1 ᠳ᠋ᠤᠭᠡᠷ ᠰᠠᠷ᠎ᠠ ᠳᠤ ᠲᠤᠮᠳᠠᠳᠤ ᠤᠯᠤᠰ ᠤᠨ ᠡᠪ ᠬᠠᠮᠳᠤ ᠨᠠᠮ | ᠤᠨ ᠲᠦᠪᠡᠳ ᠤᠨ ᠠᠵᠢᠯᠯᠠᠬᠤ ᠬᠤᠷᠢᠶ᠎ᠠ ᠰᠧᠴᠤᠸᠠᠨ ᠤ ᠯᠧᠱᠠᠨ ᠳᠤ ᠪᠠᠶᠢᠭᠤᠯᠤᠭᠳᠠᠵᠤ᠂ ᠨᠠᠮ ᠤᠨ ᠵᠤᠬᠢᠶᠠᠨ | ᠪᠠᠶᠢᠭᠤᠯᠤᠯᠳᠠ ᠴᠡᠷᠢᠭ ᠠᠩᠭᠢ ᠶᠢ ᠲᠠᠭᠠᠵᠤ ᠲᠦᠪᠡᠳ ᠲᠤ ᠤᠷᠤᠪᠠ᠃ ᠲᠤᠬᠠᠢ ᠶᠢᠨ ᠦᠶ᠎ᠡ ᠶᠢᠨ ᠲᠡᠯᠡᠬᠡᠢ ᠶᠢᠨ ᠪᠠ | ᠤᠯᠤᠰ ᠤᠨ ᠲᠤᠳᠤᠭᠠᠳᠤ ᠶᠢᠨ ᠤᠷᠴᠢᠨ ᠲᠤᠭᠤᠷᠢᠨ ᠤ ᠬᠢᠵᠠᠭᠠᠷᠯᠠᠯ ᠠᠴᠠ ᠪᠤᠯᠵᠤ᠂ 1951 ᠤᠨ ᠳᠤ ᠲᠦᠪᠡᠳ ᠢ | ᠨᠠᠶᠢᠷᠠᠮᠳᠠᠯ ᠢᠶᠠᠷ ᠴᠢᠯᠦᠭᠡᠯᠡᠭᠰᠡᠨ ᠢ ᠲᠤᠩᠬᠠᠭᠯᠠᠬᠤ ᠠᠴᠠ ᠡᠮᠤᠨ᠎ᠡ ᠲᠦᠪᠡᠳ ᠲᠤ ᠤᠷᠤᠭᠰᠠᠨ ᠨᠠᠮ ᠤᠨ ᠵᠤᠬᠢᠶᠠᠨ | ᠪᠠᠶᠢᠭᠤᠯᠤᠯᠳᠠ ᠶᠢ ᠪᠠᠰᠠ ᠨᠡᠶᠢᠭᠡᠮ ᠳᠤ ᠢᠯᠠ ᠪᠤᠯᠭᠠᠵᠤ ᠴᠢᠳᠠᠬᠤ ᠦᠭᠡᠢ ᠪᠠᠶᠢᠵᠤ᠂ ᠭᠠᠳᠠᠭᠰᠢ ᠪᠠᠨ ᠴᠦᠮ ᠠᠷᠠᠳ ᠤᠨ | ᠴᠢᠯᠦᠭᠡᠯᠡᠬᠦ ᠴᠡᠷᠢᠭ ᠤᠨ ᠴᠡᠷᠢᠭ ᠠᠩᠭᠢ ᠶᠢᠨ ᠳ᠋ᠤᠭᠠᠷᠯᠠᠯ ᠢᠶᠠᠷ ᠤᠷᠤᠯᠠᠬᠤ ᠳ᠋ᠤᠭᠠᠷ ᠪᠤᠯᠭᠠᠨ ᠠᠵᠢᠯ ᠢᠶᠠᠨ ᠦᠷᠨᠢᠬᠦᠯᠵᠤ | ᠪᠠᠶᠢᠪᠠ᠃ ᠬᠠᠷᠢᠴᠠᠭᠤᠯᠵᠤ ᠦᠵᠡᠪᠡᠯ ᠦᠪᠤᠷ ᠮᠤᠩᠭᠤᠯ ᠪᠤᠯ ᠮᠠᠨ ᠤ ᠨᠠᠮ ᠤᠨ ᠬᠠᠮᠤᠭ ᠤᠨ ᠲᠦᠷᠦᠬᠦᠨ ᠳᠤ | ᠪᠠᠶᠢᠷᠢᠰᠢᠭᠤᠯᠤᠭᠰᠠᠨ᠂ ᠬᠠᠮᠤᠭ ᠤᠨ ᠡᠷᠳᠡ ᠬᠤᠪᠢᠰᠬᠠᠯ ᠤᠨ ᠠᠵᠢᠯᠯᠠᠭ᠎ᠠ ᠶᠢ ᠠᠬᠢᠭᠤᠯᠤᠭᠰᠠᠨ ᠦᠨᠳᠤᠰᠤᠳᠡᠨ ᠤ ᠤᠷᠤᠨ | ᠪᠤᠯᠤᠨ᠎ᠠ᠃ | ᠡᠨᠡ ᠦᠭᠡ ᠨᠢ ᠪᠠᠰᠠ ᠡᠳᠤᠢ ᠲᠡᠳᠤᠢ ᠴᠢᠬᠤᠯᠠ ᠶᠤᠰᠤ ᠤᠴᠢᠷ ᠢ ᠭᠦᠨᠵᠡᠬᠡᠢ ᠢᠯᠡᠷᠡᠬᠦᠯᠪᠡ᠃ ᠭᠤᠤᠯᠳᠠᠭᠤ ᠦᠪᠤᠷ | ᠮᠤᠩᠭᠤᠯ ᠨᠢ ᠮᠠᠨ ᠤ ᠨᠠᠮ ᠤᠨ ᠬᠠᠮᠤᠭ ᠤᠨ ᠡᠷᠳᠡ ᠵᠤᠬᠢᠶᠠᠨ ᠪᠠᠶᠢᠭᠤᠯᠤᠯᠳᠠ ᠪᠠᠶᠢᠭᠤᠯᠤᠭᠰᠠᠨ ᠦᠨᠳᠤᠰᠤᠳᠡᠨ ᠤ ᠤᠷᠤᠨ | ᠪᠤᠯᠤᠭᠰᠠᠨ ᠨᠢ ᠨᠠᠮ ᠠᠴᠠ ᠦᠪᠤᠷ ᠮᠤᠩᠭᠤᠯ ᠤᠨ ᠬᠤᠪᠢᠰᠬᠠᠯ ᠢ ᠠᠩᠬᠠᠷᠤᠨ ᠬᠠᠯᠠᠮᠵᠢᠯᠠᠵᠤ ᠪᠠᠶᠢᠬᠤ ᠶᠢ ᠬᠠᠷᠠᠭᠤᠯᠵᠤ᠂ | ᠦᠪᠤᠷ ᠮᠤᠩᠭᠤᠯ ᠤᠨ ᠨᠠᠮ ᠤᠨ ᠤᠳᠤᠷᠢᠳᠤᠭᠰᠠᠨ ᠬᠤᠪᠢᠰᠬᠠᠯ ᠢ ᠢᠳᠡᠪᠬᠢᠳᠠᠢ ᠴᠤᠤᠷᠢᠶᠠᠳᠤᠨ ᠲᠠᠭᠠᠵᠤ ᠪᠠᠶᠢᠬᠤ ᠶᠢ | ᠲᠤᠰᠬᠠᠵᠤ ᠪᠠᠶᠢᠭ᠎ᠠ ᠪᠦᠭᠡᠳ ᠡᠨᠡ ᠬᠦ ᠲᠡᠤᠭᠡᠨ ᠪᠤᠳᠠᠳᠤ ᠬᠡᠷᠡᠭ ᠤᠨ ᠦᠪᠤᠷ ᠮᠤᠩᠭᠤᠯ ᠤᠨ ᠬᠤᠶᠢᠰᠢᠳᠡ ᠶᠢᠨ ᠬᠦᠭᠵᠢᠯᠳᠡ | ᠳᠤ ᠦᠵᠡᠬᠦᠯᠦᠭᠰᠡᠨ ᠲᠡᠤᠭᠡᠳᠤ ᠴᠢᠨᠠᠷᠳᠠᠢ ᠨᠦᠯᠦᠡ ᠶᠢ ᠢᠯᠡᠷᠡᠬᠦᠯᠦᠭᠰᠡᠨ ᠶᠤᠮ᠃ ᠦᠨᠤᠳᠤᠷ ᠤᠨ ᠬᠠᠷᠠᠭᠠᠰᠤ ᠠᠴᠠ | ᠲᠡᠤᠭᠡᠨ ᠶᠠᠪᠤᠳᠠᠯ ᠢ ᠡᠷᠬᠢᠴᠡᠬᠦᠯᠵᠤ ᠦᠵᠡᠪᠡᠯ ᠵᠠᠭᠤᠨ ᠵᠢᠯ ᠤᠨ ᠨᠠᠮ ᠤᠨ ᠲᠡᠤᠭᠡ ᠶᠢᠨ ᠶᠡᠭᠡ ᠬᠡᠮᠵᠢᠬᠦᠷ ᠲᠡᠭᠡᠷ᠎ᠡ ᠡᠨᠡ ᠬᠦ | ᠲᠡᠤᠭᠡᠨ ᠪᠤᠳᠠᠳᠤ ᠬᠡᠷᠡᠭ ᠨᠢ ᠨᠠᠭᠠᠳᠤ ᠵᠠᠬ᠎ᠠ ᠳᠠᠭᠠᠨ ᠭᠤᠷᠪᠠᠨ ᠲᠠᠯ᠎ᠠ ᠶᠢᠨ ᠴᠢᠬᠤᠯᠠ ᠦᠨ᠎ᠡ ᠦᠷᠳᠡᠭ ᠢ ᠲᠤᠪᠤᠶᠢᠯᠭᠠᠪᠠ᠃ | ︵ᠦᠷᠬᠦᠯᠵᠢᠯᠡᠯ ᠪᠤᠢ︶ | |