| ᠤᠶᠢᠷ᠎ᠠ ᠳᠤ᠂ ᠬᠦᠳᠡᠭᠡ ᠠᠵᠦ ᠠᠬᠤᠢ ᠬᠦᠳᠡᠭᠡ ᠲᠤᠰᠬᠤᠨ ᠤ ᠶᠠᠮᠤᠨ ᠠᠴᠠ ︽2024 ᠤᠨ ᠤ ᠬᠦᠳᠡᠭᠡ | ᠠᠵᠦ ᠠᠬᠤᠢ ᠶᠢᠨ ᠲᠦᠷᠦᠯ ᠲᠡᠮᠳᠡᠭ ᠤᠨ ᠰᠤᠳᠤᠨ ᠪᠦᠳᠦᠭᠡᠭᠳᠡᠬᠦᠨ ᠢ ᠪᠤᠶᠢᠵᠢᠭᠤᠯᠬᠤ ᠲᠦᠯᠦᠪᠯᠡᠭᠡᠨ ᠤ ᠨᠡᠷᠡᠰ︾ ᠢ | ᠢᠯᠡ ᠨᠡᠶᠢᠳᠡᠯᠡᠵᠦ᠂ ᠨᠡᠶᠢᠳᠡ 82 ᠬᠦᠳᠡᠭᠡ ᠠᠵᠦ ᠠᠬᠤᠢ ᠶᠢᠨ ᠲᠦᠷᠦᠯ ᠲᠡᠮᠳᠡᠭ ᠲᠤᠰ ᠨᠡᠷᠡᠰ ᠤᠨ | ᠵᠢᠭᠰᠠᠭᠠᠯᠳᠠ ᠳᠤ ᠰᠤᠩᠭᠤᠭᠳᠠᠪᠠ᠃ ᠡᠬᠦᠨ ᠳᠤ ︽ᠬᠢᠩᠭᠠᠨ ᠠᠶᠢᠮᠠᠭ ᠤᠨ ᠦᠭᠡᠷ ᠤᠨ ᠮᠢᠬ᠎ᠠ︾ ᠲᠤᠰ ᠨᠡᠷᠡᠰ ᠤᠨ | ᠵᠢᠭᠰᠠᠭᠠᠯᠳᠠ ᠳᠤ ᠤᠷᠤᠭᠰᠠᠨ ᠪᠠᠶᠢᠨ᠎ᠠ᠃ | 2024 ᠤᠨ ᠠᠴᠠ ᠨᠠᠭᠠᠰᠢ᠂ ᠬᠢᠩᠭᠠᠨ ᠠᠶᠢᠮᠠᠭ ᠤᠨᠴᠠᠯᠢᠬᠳᠦ ᠡᠬᠢ ᠪᠠᠶᠠᠯᠢᠭ᠂ ᠤᠷᠤᠨ ᠨᠤᠳᠤᠭ ᠤᠨ | ᠲᠠᠪᠠᠭᠤᠯᠢᠭ ᠲᠤ ᠲᠥᠰᠢᠭᠯᠡᠵᠥ᠂ ᠬᠦᠭᠵᠢᠯᠳᠡ ᠶᠢᠨ ᠰᠠᠭᠤᠷᠢ ᠪᠠᠷ ᠬᠦᠨ ᠵᠤᠵᠠᠭᠠᠨ ᠲᠠᠷᠢᠶᠠᠯᠠᠩ ᠮᠠᠯ ᠠᠵᠦ | ᠠᠬᠤᠢ ᠶᠢᠨ ᠨᠡᠷᠡᠳᠦ ᠲᠡᠮᠳᠡᠭ ᠢ ᠤᠷᠢᠳᠠᠪᠡᠷ ᠪᠤᠶᠢᠵᠢᠭᠤᠯᠵᠦ᠂ ᠨᠡᠷᠡᠳᠦ ᠲᠦᠷᠦᠯ ᠲᠡᠮᠳᠡᠭ ᠤᠨ ᠪᠠᠶᠢᠭᠤᠯᠤᠯᠳᠠ ᠶᠢ | ᠠᠬᠢᠭᠤᠯᠬᠤ ᠲᠤᠭᠳᠠᠴᠠ᠂ ᠪᠠᠷᠢᠮᠵᠢᠶ᠎ᠠ ᠵᠢᠷᠦᠮᠵᠢᠯ ᠪᠠ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ | ᠲᠡᠬᠦᠯᠳᠡᠷᠵᠢᠬᠦᠯᠬᠦ ᠪᠠᠷ ᠲᠠᠮᠵᠢᠭᠤᠯᠤᠨ᠂ ᠲᠠᠷᠢᠶᠠᠯᠠᠩ ᠤᠨ ᠨᠡᠷᠡᠳᠦ ᠲᠦᠷᠦᠯ ᠲᠡᠮᠳᠡᠭ ᠢ ᠬᠦᠴᠦᠷᠭᠡᠭᠵᠢᠬᠦᠯᠬᠦ᠂ | ᠲᠠᠷᠢᠶᠠᠯᠠᠩ ᠤᠨ ᠶᠠᠰᠦ ᠴᠢᠨᠠᠷ ᠦᠷ᠎ᠠ ᠠᠰᠢᠭ ᠪᠠ ᠦᠷᠢᠰᠦᠯᠳᠦᠬᠦ ᠬᠦᠴᠦᠨ ᠢ ᠲᠡᠭᠡᠭᠰᠢᠯᠡᠬᠦᠯᠬᠦ ᠪᠠᠷ ᠭᠤᠤᠯᠳᠠᠭᠤᠯᠪᠠ᠃ | ᠨᠡᠷᠡᠳᠦ ᠲᠦᠷᠦᠯ ᠲᠡᠮᠳᠡᠭ ᠤᠨ ᠪᠠᠶᠢᠭᠤᠯᠤᠯᠳᠠ ᠶᠢ ᠤᠷᠤᠭᠰᠢᠳᠠᠢ ᠶᠠᠪᠤᠭᠳᠠᠬᠤ ᠶᠢ ᠪᠠᠳᠤᠯᠠᠬᠤ ᠶᠢᠨ ᠲᠦᠯᠦᠭᠡ᠂ | ᠬᠢᠩᠭᠠᠨ ᠠᠶᠢᠮᠠᠭ ᠤᠨ ᠲᠠᠷᠢᠶᠠᠯᠠᠩ ᠮᠠᠯ ᠠᠵᠦ ᠠᠬᠤᠢ ᠶᠢᠨ ᠲᠤᠪᠴᠢᠶ᠎ᠠ ᠠᠴᠠ ︽ᠬᠢᠩᠭᠠᠨ ᠠᠶᠢᠮᠠᠭ ᠤᠨ ᠦᠭᠡᠷ ᠤᠨ | ᠮᠢᠬᠠᠨ ᠤ ᠭᠠᠵᠠᠷ ᠵᠦᠢ ᠶᠢᠨ ᠪᠡᠯᠭᠡ ᠲᠡᠮᠳᠡᠭ ᠤᠨ ᠪᠦᠳᠦᠭᠡᠭᠳᠡᠬᠦᠨ ᠢ ᠬᠠᠮᠠᠭᠠᠯᠠᠬᠤ ᠱᠠᠭᠠᠷᠳᠠᠯᠭ᠎ᠠ︾ ︽ | ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠶ ᠶᠢᠨ ᠪᠡᠯᠭᠡ ᠲᠡᠮᠳᠡᠭ ᠤᠨ ᠶᠠᠰᠤ ᠴᠢᠨᠠᠷ ᠢ ᠡᠵᠡᠮᠳᠡᠬᠦ ᠮᠡᠷᠭᠡᠵᠢᠯ ᠤᠨ | ᠲᠦᠷᠢᠮᠵᠢᠯ︾ ᠵᠡᠷᠭᠡ ᠲᠤᠰᠬᠠᠶ ᠲᠦᠷᠢᠮ ᠢ ᠲᠣᠭᠲᠠᠭᠠᠵᠤ᠂ ᠬᠢᠩᠭᠠᠨ ᠠᠶᠢᠮᠠᠭ ᠤᠨ ᠦᠭᠡᠷ ᠤᠨ ᠮᠢᠬᠠᠨ ᠤ ᠶᠠᠰᠦ | ᠴᠢᠨᠠᠷ ᠢ ᠪᠠᠳᠤᠯᠠᠵᠠᠢ᠃ | ᠤᠶᠢᠷ᠎ᠠ ᠶᠢᠨ ᠵᠢᠯ ᠠᠴᠠ ᠨᠠᠭᠠᠰᠢ᠂ ︽ᠬᠢᠩᠭᠠᠨ ᠠᠶᠢᠮᠠᠭ ᠤᠨ ᠦᠬᠡᠷ ᠤᠨ ᠮᠢᠬ᠎ᠠ︾ ᠨᠢ ᠰᠢᠯᠢᠳᠡᠭ ᠴᠢᠨᠠᠷ | ᠴᠢᠨᠰᠠᠭ᠎ᠠ ᠪᠠ ᠨᠠᠷᠠᠲᠤ ᠲᠥᠷᠥᠯ ᠲᠡᠮᠳᠡᠭ ᠤᠨ ᠳᠦᠷᠢ ᠲᠥᠷᠬᠦ ᠪᠠᠷ ᠢᠶᠠᠨ ᠣᠯᠠᠨ ᠵᠦᠢᠯ ᠤᠨ ᠢᠷᠠᠭᠤ ᠠᠯᠳᠠᠷ ᠢ | ᠬᠦᠷᠳᠡᠵᠡᠢ᠃ ︽ᠬᠢᠩᠭᠠᠨ ᠠᠶᠢᠮᠠᠭ ᠤᠨ ᠦᠬᠡᠷ ᠤᠨ ᠮᠢᠬ᠎ᠠ︾ ᠤᠷᠤᠨ ᠪᠦᠰᠡ ᠶᠢᠨ ᠨᠡᠶᠢᠳᠡ ᠶᠢᠨ ᠬᠡᠷᠡᠭᠯᠡᠭᠡᠨ ᠤ | ᠨᠡᠷᠡᠳᠦ ᠲᠡᠮᠳᠡᠭ ᠢ ᠬᠡᠷᠡᠭᠯᠡᠬᠦ ᠠᠵᠦ ᠠᠬᠤᠶᠢᠯᠠᠯ ᠤᠳ ᠶᠠᠫᠣᠨ ᠤ ᠲᠣᠤᠺᠢᠣ᠋ ᠶᠢᠨ ᠤᠯᠠᠨ ᠤᠯᠤᠰ ᠤᠨ ᠢᠳᠡᠭᠡᠨ | ᠤᠮᠳᠠᠭᠠᠨ ᠤ ᠦᠵᠡᠰᠬᠦᠯᠡᠩ᠂ ᠰᠢᠩᠭᠠᠫᠣᠷ ᠤᠨ ᠣᠯᠠᠨ ᠤᠯᠤᠰ ᠤᠨ ᠢᠳᠡᠭᠡᠨ ᠤᠮᠳᠠᠭᠠᠨ ᠤ ᠦᠵᠡᠰᠬᠦᠯᠡᠩ ᠵᠡᠷᠭᠡ | ᠤᠯᠤᠰ ᠤᠨ ᠲᠤᠳᠤᠭᠠᠳᠦ ᠭᠠᠳᠠᠭᠠᠳᠦ ᠶᠢᠨ ᠦᠵᠡᠰᠬᠦᠯᠡᠩ ᠳᠤ ᠤᠯᠠᠨ ᠤᠳᠠᠭ᠎ᠠ ᠤᠷᠤᠯᠴᠠᠵᠦ᠂ ᠤᠯᠠᠨ ᠠᠷᠪᠢᠨ | ᠢᠷᠠᠭᠤ ᠠᠯᠳᠠᠷ ᠬᠦᠷᠳᠡᠪᠡ᠃ ︵ᠲᠤᠯᠭᠠᠭᠤᠷᠢ︶ |